ᠴᠢᠩᠱᠠᠨ ᠲᠣᠭᠤᠷᠢᠭ 2023 ᠣᠨ ᠤ ︽ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠡ︾ ︽ᠥᠨᠳᠥᠰᠥᠳᠡᠨ ᠤ ᠬᠠᠣᠯᠢ ᠪᠠᠷ ᠵᠠᠰᠠᠬᠤ ᠣᠬᠠᠭᠤᠯᠭ᠎ᠠ ᠶᠢᠨ ᠭᠠᠷᠠᠭ︾ ᠤᠨ ᠡᠬᠢᠯᠡᠯᠳᠡ ᠶᠢᠨ ᠶᠣᠰᠣᠯᠠᠯ ᠵᠢᠴᠢ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠭᠤᠣᠯ ᠰᠡᠳᠣᠪᠳᠣ ᠣᠷᠠᠯᠢᠭ ᠤᠨ ᠥᠵᠡᠰᠭᠦᠯᠡᠩ ᠢ ᠡᠷᠬᠢᠯᠡᠨ ᠶᠨᠪᠣᠭᠳᠠᠭᠤᠯᠪᠠ
ᠨᠡᠶᠢᠲᠡᠯᠡᠭᠰᠡᠨ ᠴᠠᠭ᠄
2023/4/23
      4 ᠰᠠᠷ᠎ᠠ ᠶᠢᠨ 20 ᠤ ᠡᠳᠣᠷ᠂ ᠴᠢᠩᠱᠠᠨ ᠲᠣᠭᠤᠷᠢᠭ ᠤᠨ ᠬᠢᠨ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠵᠣ᠂ ︿ᠵᠢᠱᠢᠶᠡᠴᠢ ᠥᠪᠡᠷᠳᠡᠭᠡᠨ ᠵᠠᠰᠠᠬᠤ ᠣᠷᠣᠨ﹀ ᠢ ᠪᠥᠬᠦ ᠲᠠᠯ᠎ᠠ  ᠪᠠᠷ ᠪᠥᠳᠥᠭᠡᠨ ᠪᠠᠶᠢᠭᠤᠯᠬᠤ︾ ᠪᠠᠷ ᠭᠤᠣᠯ ᠰᠡᠳᠣᠪ ᠪᠣᠯᠭᠠᠭᠰᠠᠨ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠣᠬᠠᠭᠤᠯᠬᠤ ᠭᠡᠯᠳᠡᠰ᠂ ᠴᠢᠩᠱᠠᠨ ᠲᠣᠭᠤᠷᠢᠭ ‍ᠤᠨ‌ᠨᠠᠮ ᠤᠨ ᠬᠤᠷᠢᠶᠠᠨ ᠤ ᠨᠢᠬᠡᠳᠣᠮᠡᠯ ᠹᠷᠥᠨᠲ ᠤᠨ ᠭᠡᠯᠳᠡᠰ᠂ ᠲᠣᠭᠤᠷᠢᠭ ᠤᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ᠂ ᠲᠣᠭᠤᠷᠢᠭ ᠤᠨ ᠬᠠᠣᠯᠢ ᠴᠠᠭᠠᠵᠠ ᠶᠢᠨ ᠲᠣᠪᠴᠢᠶ᠎ᠡ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠡᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠬᠢᠯᠡᠵᠣ᠂ ᠲᠣᠭᠤᠷᠢᠭ ᠤᠨ ᠰᠣᠶᠣᠯ ᠤᠨ ᠣᠷᠳᠣᠨ᠂ ᠣᠷᠠᠨ ᠵᠢᠷᠤᠭ ᠤᠨ ᠣᠷᠳᠣᠨ ᠠᠴᠠ ᠬᠠᠪᠰᠣᠷᠣᠨ ᠡᠷᠬᠢᠯᠡᠭᠰᠡᠨ ᠴᠢᠩᠱᠠᠨ ᠲᠣᠭᠤᠷᠢᠭ 2023 ᠣᠨ ᠤ ︽ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠡ︾ ︽ᠥᠨᠳᠥᠰᠥᠳᠡᠨ ᠤ ᠬᠠᠣᠯᠢ ᠪᠠᠷ ᠵᠠᠰᠠᠬᠤ ᠣᠬᠠᠭᠤᠯᠭ᠎ᠠ ᠶᠢᠨ ᠭᠠᠷᠠᠭ︾ ᠤᠨ ᠡᠬᠢᠯᠡᠯᠳᠡ ᠶᠢᠨ ᠶᠣᠰᠣᠯᠠᠯ ᠵᠢᠴᠢ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠭᠤᠣᠯ ᠰᠡᠳᠣᠪᠳᠣ ᠣᠷᠠᠯᠢᠭ ᠤᠨ ᠥᠵᠡᠰᠭᠦᠯᠡᠩ ᠢ ᠠᠮᠵᠢᠯᠳᠠ ᠲᠠᠢ ᠡᠬᠢᠯᠡᠭᠦᠯᠪᠡ᠃ ᠡᠬᠢᠯᠡᠯᠳᠡ ᠶᠢᠨ ᠶᠣᠰᠣᠯᠠᠯ ᠳᠤ ᠪᠣᠭᠤᠳᠣ ᠬᠤᠳᠠ ᠶᠢᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠤᠨ ᠨᠠᠮ ᠤᠨ ᠣᠳᠣᠷᠢᠳᠬᠤ ᠲᠣᠭᠤᠶᠢᠯᠠᠩ ᠤᠨ ᠪᠥᠷᠢᠯᠳᠥᠭᠦᠨ ᠲᠡᠳ᠋ ᠡᠷᠬᠢᠯᠡᠭᠴᠢ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠲᠡᠳ᠋ ᠱᠥᠵᠢ ᠣᠯᠣᠰ ᠲᠥᠷᠣ ᠬᠠᠣᠯᠢ ᠴᠠᠭᠠᠵᠨ ᠤ ᠬᠤᠷᠢᠶ᠎ᠠ ᠶᠢᠨ ᠱᠥᠵᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠠᠷᠠᠳ ᠤᠨ ᠵᠡᠪᠰᠡᠭᠲᠦ ᠬᠥᠴᠥᠨ ᠤ  ᠬᠡᠯᠳᠡᠰ  ᠤᠨ ᠲᠠᠷᠤᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ᠂ ᠲᠣᠭᠤᠷᠢᠭ ᠤᠨ ᠵᠠᠰᠠᠭ ᠤᠨ ᠣᠷᠳᠣᠨ ᠤ ᠲᠡᠳ᠋ ᠲᠠᠷᠤᠭ᠎ᠠ ᠵᠡᠷᠭᠡ ᠣᠳᠣᠷᠢᠳᠣᠯᠭ᠎ᠠ ᠵᠢᠴᠢ ᠲᠣᠭᠤᠷᠢᠭ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢ ︽ᠨᠠᠢᠮᠠ ᠳᠤ ᠣᠷᠣᠭᠤᠯᠬᠤ︾ ᠶᠢᠨ ᠲᠥᠷᠥᠬᠦᠯᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠳᠡᠨ᠂ ᠡᠯ᠎ᠡ ᠵᠡᠭᠡᠯᠢ ᠭᠤᠳᠣᠮᠵᠢ ᠪᠠᠯᠭᠠᠰᠣ ᠶᠢᠨ ᠣᠳᠣᠷᠢᠳᠣᠯᠭ᠎ᠠ᠂ ᠥᠨᠳᠥᠰᠥᠳᠡᠨ ᠭᠡᠷᠡᠭ ᠡᠷᠬᠢᠯᠡᠬᠦ ᠵᠥᠪᠯᠡᠯ ᠤᠨ ᠬᠡᠰᠢᠭᠦᠨ᠂ ᠪᠥᠬᠦ ᠲᠣᠭᠤᠷᠢᠭ ᠤᠨ ᠥᠨᠳᠥᠰᠥᠳᠡᠨ ᠤ ᠠᠵᠢᠯ ᠤᠨ ᠲᠣᠰᠠᠯᠠᠭᠴᠢ ᠵᠢᠴᠢ ᠡᠯ᠎ᠡ ᠬᠥᠷᠢᠶ᠎ᠡ ᠴᠠᠷᠠᠭ᠎ᠠ ᠶᠢᠨ ᠵᠢᠱᠢᠶ᠎ᠡ ᠥᠵᠡᠬᠦᠯᠬᠦ ᠨᠡᠶᠢᠳᠡᠯᠢᠭ ᠤᠨ ᠲᠥᠯᠥᠭᠡᠯᠡᠭᠴᠢ ᠵᠡᠷᠭᠡ 150 ᠭᠠᠷᠣᠢ ᠭᠥᠮᠥᠰ ᠣᠷᠣᠯᠴᠠᠵᠣ᠂ ᠲᠣᠭᠤᠷᠢᠭ ᠤᠨ ᠵᠠᠰᠠᠭ ᠤᠨ ᠣᠷᠳᠣᠨ ᠤ ᠲᠡᠳ᠋ ᠲᠠᠷᠤᠭ᠎ᠠ ᠡᠬᠢᠯᠡᠯᠳᠡ ᠶᠢᠨ ᠶᠣᠰᠣᠯᠠᠯ ᠢ ᠡᠷᠬᠢᠯᠡᠵᠣ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠲᠡᠳ᠋ ᠱᠥᠵᠢ ᠣᠯᠣᠰ ᠲᠥᠷᠣ ᠬᠠᠣᠯᠢ ᠴᠠᠭᠠᠵᠨ ᠤ ᠬᠤᠷᠢᠶ᠎ᠠ ᠶᠢᠨ ᠱᠥᠵᠢ ᠠᠴᠠ ᠴᠢᠬᠤᠯᠠ ᠶᠠᠷᠢᠶ᠎ᠠ ᠲᠠᠯᠪᠢᠪᠠ᠃       ᠶᠠᠷᠢᠶᠠᠨ ᠳᠠᠭᠠᠨ᠂ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠶᠢᠨ ᠬᠢᠨ ᠨᠠᠮ ᠤᠨ ᠬᠤᠷᠢᠳᠣᠭᠠᠷ ᠶᠡᠭᠡ ᠬᠤᠷᠡᠯ ᠤᠨ ᠵᠣᠷᠢᠭ ᠰᠠᠨᠠᠭ᠎ᠠ ᠶᠢ ᠭᠥᠨᠵᠡᠭᠡᠢ ᠰᠣᠷᠣᠯᠴᠡᠨ ᠲᠣᠭᠤᠰᠢᠯᠠᠭᠤᠯᠵᠣ᠂ ᠶᠡᠷᠣᠩᠬᠡᠢ ᠱᠥᠵᠢ ᠰᠢ ᠶᠢᠨ ᠫᠢᠩ ᠤᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠶᠢ ᠪᠥᠬᠦ ᠲᠠᠯ᠎ᠠ ᠪᠠᠷ ᠪᠥᠷᠢᠨ ᠪᠥᠳᠥᠨ ᠣᠨᠣᠪᠴᠢᠳᠠᠢ ᠲᠣᠭᠤᠰᠢᠯᠠᠭᠤᠯᠵᠣ ᠨᠠᠶᠢᠳᠠᠪᠣᠷᠢᠵᠢᠭᠤᠯᠣᠨ᠂ ᠴᠢᠩᠱᠠᠨ ᠲᠣᠭᠤᠷᠢᠭ ᠤᠨ ᠪᠣᠳᠠᠳᠣ ᠪᠠᠶᠢᠳᠠᠯ ᠳᠤ ᠰᠠᠭᠤᠷᠢᠯᠠᠵᠣ᠂ ᠡᠭᠦᠳᠥᠨ ᠪᠠᠶᠢᠭᠤᠯᠣᠯᠳᠠ ᠶᠢᠨ ᠠᠵᠢᠯ ᠢ ᠪᠥᠬᠦ ᠲᠣᠭᠤᠷᠢᠭ ᠤᠨ ᠭᠤᠣᠯ ᠠᠵᠢᠯ ᠪᠠ ᠡᠳᠣᠷ ᠲᠣᠳᠣᠮ ᠤᠨ ᠠᠵᠢᠯ ᠳᠤ ᠠᠭᠤᠰᠣᠯᠴᠠᠭᠤᠯᠵᠣ᠂ ︽ᠠᠭᠤᠰᠣᠯᠴᠠᠭᠤᠯᠬᠤ︾ ᠪᠠᠷ ︽ᠬᠠᠮᠳᠣ︾ ᠶᠢ ᠠᠬᠢᠭᠤᠯᠣᠨ᠂ ᠡᠯ᠎ᠡ ᠭᠥᠷᠢᠶ᠎ᠡ ᠴᠠᠷᠠᠭ᠎ᠠ ᠳᠤ ᠵᠢᠱᠢᠶ᠎ᠡ ᠥᠵᠡᠬᠦᠯᠬᠦ ᠨᠡᠶᠢᠳᠡᠯᠢᠭ ᠢ ᠪᠣᠢ ᠪᠣᠯᠭᠠᠵᠣ᠂ ᠣᠬᠠᠭᠤᠯᠭ᠎ᠠ ᠬᠥᠮᠥᠵᠢᠯ ᠢ ᠣᠯᠠᠨ ᠲᠥᠮᠡᠨᠴᠢᠯᠡᠬᠦ᠂ ᠰᠣᠶᠣᠯ ᠢᠷᠭᠡᠨᠰᠢᠯᠠᠯᠳᠠ ᠶᠢ ᠢᠳᠡᠪᠬᠢᠳᠠᠢ ᠠᠬᠢᠭᠤᠯᠵᠣ᠂ ᠰᠥᠯᠵᠢᠶᠡᠨ ᠲᠡᠭᠡᠷᠡᠬᠢ ᠪᠠ ᠰᠥᠯᠵᠢᠶᠡᠨ ᠭᠠᠳᠠᠨᠠᠬᠢ ᠪᠥᠬᠦ ᠲᠠᠯ᠎ᠠ ᠶᠢᠨ᠂ ᠪᠣᠰᠤᠭ᠎ᠠ ᠴᠣᠭᠴᠠᠳᠣ ᠭᠡᠯᠪᠡᠷᠢ ᠶᠢᠨ ᠣᠬᠠᠭᠤᠯᠭ᠎ᠠ ᠶᠢᠨ ᠠᠭᠤᠷ ᠠᠮᠢᠰᠬᠤᠯ ᠢ ᠪᠥᠷᠢᠯᠳᠥᠭᠦᠯᠣᠨ᠂ ᠥᠨᠳᠥᠰᠥᠳᠡᠨ ᠤ ᠣᠨᠣᠯ ᠪᠠ ᠥᠨᠳᠥᠰᠥᠳᠡᠨ ᠤ ᠲᠥᠷᠣ ᠶᠢᠨ ᠪᠣᠳᠣᠯᠭ᠎ᠠ ᠶᠢ ᠨᠡᠩ ᠥᠷᠭᠡᠨ ᠭᠥᠷᠢᠶ᠎ᠡ ᠴᠠᠷᠠᠭ᠎ᠠ᠂ ᠨᠡᠩ ᠭᠥᠨ ᠲᠠᠪᠬᠤᠷᠭ᠎ᠠ ᠲᠡᠰᠢ ᠣᠬᠠᠭᠤᠯᠵᠣ᠂ ᠪᠡᠶ᠎ᠡ ᠶᠢᠨ ᠬᠠᠵᠠᠭᠤᠳᠡᠬᠢ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠥᠯᠢᠭᠡᠷ ᠢ ᠰᠠᠶᠢᠳᠣᠷ ᠶᠠᠷᠢᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠬᠠᠮᠤᠭ ᠶᠡᠭᠡ ᠨᠡᠮᠡᠭᠳᠡᠯ ᠢ ᠪᠡᠶᠡᠯᠡᠬᠦᠯᠬᠦ ᠭᠡᠷᠡᠭᠳᠡᠢ᠃ ︽ᠨᠢᠬᠡ ᠰᠢᠨ᠎ᠡ ᠶᠢ ᠡᠭᠦᠳᠴᠣ᠂ ᠭᠤᠷᠪᠠ ᠶᠢ ᠪᠠᠶᠠᠯᠡᠬᠦᠯᠬᠦ︾ ᠴᠢᠬᠤᠯᠨ ᠵᠢᠭᠠᠪᠣᠷᠢ ᠶᠢ ᠬᠥᠨᠵᠡᠭᠡᠢ ᠲᠣᠭᠤᠰᠢᠯᠠᠭᠤᠯᠵᠣ ᠨᠠᠶᠢᠳᠠᠪᠣᠷᠢᠵᠢᠭᠤᠯᠣᠨ᠂ ᠪᠥᠯᠬᠦᠮᠳᠡᠨ ᠲᠠᠮᠡᠴᠡᠬᠦ ᠴᠠᠭ ᠥᠶ᠎ᠡ ᠶᠢᠨ ᠱᠠᠭᠠᠷᠳᠠᠯᠭ᠎ᠠ ᠶᠢ ᠪᠠᠳᠣ ᠡᠵᠡᠮᠳᠡᠨ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠥᠨ ᠪᠠᠶᠢᠭᠤᠯᠣᠯᠳᠠ ᠶᠢᠨ ᠠᠵᠢᠯ ᠤᠨ ᠲᠠᠰ ᠲᠠᠪᠰᠢᠭ᠍ᠰᠡᠨ ᠭᠡᠪ ᠵᠠᠭᠪᠣᠷ ᠢ ᠡᠭᠦᠳᠥᠨ ᠪᠠᠶᠢᠭᠤᠯᠵᠣ᠂ ᠬᠤᠪᠢᠰᠬᠠᠯᠳᠣ ᠴᠡᠷᠢᠭ ᠤᠨ ᠥᠢᠯᠡᠳᠪᠥᠷᠢ ᠶᠢᠨ ᠰᠣᠶᠣᠯ ᠤᠨ ᠣᠨᠴᠠᠶᠢᠯᠭ ᠲᠠᠢ ᠬᠠᠮᠳᠣ ᠶᠢᠨ ᠣᠶᠣᠨ ᠰᠠᠨᠠᠭᠠᠨ ᠤ ᠭᠡᠷ ᠣᠷᠣᠨ ᠢᠶᠠᠨ ᠴᠣᠭᠴᠠᠯᠠᠨ ᠪᠠᠶᠢᠭᠤᠯᠵᠣ᠂ ᠥᠨᠳᠥᠰᠥᠳᠡᠨ ᠤ ᠪᠥᠯᠬᠦᠮᠳᠠᠯ ᠤᠨ ᠶᠡᠭᠡ ᠲᠠᠯ᠎ᠠ ᠶᠢ ᠲᠠᠰᠣᠷᠠᠯᠳᠠ ᠥᠭᠡᠢ ᠪᠠᠬᠢᠵᠢᠬᠦᠯᠥᠨ ᠬᠥᠭᠵᠢᠬᠦᠯᠵᠣ᠂ ᠪᠥᠬᠦ ᠣᠯᠣᠰ ᠤᠨ ᠥᠨᠳᠥᠰᠥᠳᠡᠨ ᠤ ᠪᠥᠯᠬᠦᠮᠳᠠᠯ ᠲᠠᠪᠰᠢᠯᠳᠠ ᠶᠢᠨ ᠵᠢᠱᠢᠶ᠎ᠡ ᠥᠵᠡᠭᠦᠯᠬᠦ ᠬᠤᠳᠠ ᠶᠢ ᠡᠭᠦᠳᠥᠨ ᠪᠠᠶᠢᠭᠤᠯᠬᠤ ᠳᠤ ᠬᠥᠴᠥᠨ ᠨᠡᠮᠡᠷᠢᠯᠡᠨ᠂ ︽ᠵᠢᠱᠢᠶᠡᠴᠢ ᠥᠪᠡᠷᠳᠡᠭᠡᠨ ᠵᠠᠰᠠᠬᠤ ᠣᠷᠣᠨ︾ ᠢ ᠪᠥᠭᠦ ᠲᠠᠯ᠎ᠠ ᠪᠠᠷ ᠪᠥᠳᠥᠭᠡᠨ ᠪᠠᠶᠢᠭᠤᠯᠬᠤ ᠳᠤ ᠨᠡᠩ ᠣᠯᠠᠨ ᠴᠢᠩᠱᠠᠨ ᠤ ᠬᠥᠴᠥᠨ ᠴᠢᠳᠠᠯ ᠢᠶᠠᠨ ᠡᠷᠭᠦᠭᠦ ᠭᠡᠷᠡᠭᠳᠡᠢ ᠬᠡᠵᠣ ᠴᠢᠬᠤᠯᠴᠢᠯᠠᠭᠰᠠᠨ ᠪᠠᠶᠢᠨ᠎ᠠ᠃      ᠬᠤᠳᠠ ᠲᠣᠭᠤᠷᠢᠭ ᠤᠨ ᠬᠤᠶᠠᠷ ᠱᠠᠳᠣᠨ ᠤ ᠣᠳᠣᠷᠢᠳᠣᠯᠭ᠎ᠠ ᠬᠠᠮᠳᠣ ᠪᠠᠷ ᠡᠬᠢᠯᠡᠯᠳᠡ ᠶᠢᠨ ᠲᠠᠷᠣᠪᠴᠢ ᠶᠢ ᠲᠠᠷᠣᠵᠣ᠂ ᠴᠢᠩᠱᠠᠨ ᠲᠣᠭᠤᠷᠢᠭ ᠤᠨ 2023 ᠣᠨ ᠤ ︽ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠷ᠎ᠡ︾ ︽ᠥᠨᠳᠥᠰᠥᠳᠡᠨ ᠤ ᠬᠠᠣᠯᠢ ᠪᠠᠷ ᠵᠠᠰᠠᠬᠤ ᠣᠬᠠᠭᠤᠯᠭ᠎ᠠ ᠶᠢᠨ ᠭᠠᠷᠠᠭ︾ ᠤᠨ ᠡᠬᠢᠯᠡᠯᠳᠡ ᠶᠢᠨ ᠶᠣᠰᠣᠯᠠᠯ ᠤᠨ  ᠭᠥᠰᠢᠭᠡ ᠶᠢ ᠨᠡᠬᠡᠬᠡᠪᠡ᠃ ᠡᠭᠦᠨ ᠤ ᠬᠠᠮᠳᠣ᠂ ᠴᠢᠩᠱᠠᠨ ᠲᠣᠭᠤᠷᠢᠭ ᠤᠨ ︽1+10︾ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠠᠨᠠᠷ ᠤᠨ ᠬᠡᠣᠭᠡᠳ ᠤᠨ IP ᠲᠥᠷᠢ ᠲᠥᠷᠬᠦ ᠶᠢ ᠵᠢᠩᠬᠢᠨᠢ ᠪᠠᠷ ᠨᠡᠶᠢᠳᠡᠯᠡᠨ᠂ ᠴᠢᠩᠱᠠᠨ ᠲᠣᠭᠤᠷᠢᠭ ᠵᠢᠴᠢ ᠠᠷᠪᠠᠨ ᠵᠡᠭᠡᠯᠢ ᠭᠤᠳᠣᠮᠵᠢ ᠪᠠᠯᠭᠠᠰᠣ ᠶᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠲᠥᠯᠥᠭᠡᠯᠡᠭᠰᠡᠨ ᠠᠷᠪᠠᠨ ᠬᠤᠶᠠᠷ IP ᠲᠥᠷᠢ ᠲᠥᠷᠬᠦ  ᠵᠢᠨ‌ᠠᠨᠠᠷ ᠤᠨ ᠭᠡᠣᠭᠡᠳ ᠬᠠᠮᠳᠣ ᠶᠢᠨ ᠴᠣᠭᠴᠨ ᠶᠢᠨ ᠣᠶᠢᠯᠠᠭᠠᠭᠳᠠᠬᠤᠨ ᠢ ᠠᠮᠢᠳᠣ ᠴᠣᠪᠣᠭᠤᠯᠢᠭ ᠣᠬᠠᠭᠤᠯᠭ᠎ᠠ ᠶᠢᠨ ᠲᠥᠷᠢ ᠪᠣᠯᠭᠠᠵᠣ ᠬᠤᠪᠢᠷᠠᠭᠤᠯᠣᠨ ᠰᠥᠯᠵᠢᠶᠡᠨ ᠲᠡᠭᠡᠷ᠎ᠡ ᠪᠠ ᠰᠥᠯᠵᠢᠶᠡᠨ ᠭᠠᠳᠠᠨᠠᠬᠢ ᠥᠷᠭᠡᠨ ᠲᠡᠯᠭᠡᠷ ᠠᠭᠤᠯᠭ᠎ᠠ ᠳᠤ ᠠᠭᠤᠰᠣᠯᠴᠠᠭᠤᠯᠵᠣ᠂ ᠥᠨᠳᠥᠰᠥᠳᠡᠨ ᠤ ᠪᠥᠯᠬᠦᠮᠳᠠᠯ ᠲᠠᠪᠰᠢᠯᠳᠠ ᠶᠢᠨ ᠬᠥᠨ ᠵᠣᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠪᠠ᠃      ᠡᠬᠢᠨᠯᠡᠯᠳᠡ ᠶᠢᠨ ᠶᠣᠰᠣᠯᠠᠯ ᠳᠤ᠂ 75  ᠪᠣᠭᠤᠳᠣ ᠬᠤᠳᠠ ᠶᠢᠨ ᠥᠨᠳᠥᠰᠥᠳᠡᠨ ᠤ ᠪᠥᠯᠬᠦᠮᠳᠠᠯ ᠲᠠᠪᠰᠢᠯᠳᠠ ᠶᠢᠨ ᠵᠢᠱᠢᠶᠡᠴᠢ ᠪᠠᠶᠢᠭᠤᠯᠣᠯᠭ᠎ᠠ ᠶᠢᠨ  ᠲᠥᠯᠥᠭᠡᠯᠡᠭᠴᠢ᠂ 9 ᠪᠣᠭᠤᠳᠣ ᠬᠤᠳᠠ ᠶᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠬᠥᠮᠥᠵᠢᠯ ᠤᠨ ᠥᠢᠯᠡᠳᠥᠯᠭᠡ ᠶᠢᠨ ᠰᠠᠭᠤᠷᠢᠨ ᠭᠠᠵᠠᠷ᠂ 5 ︽ᠣᠯᠠᠭᠠᠨ ᠠᠨᠠᠷ ᠤᠨ ᠭᠡᠷ ᠣᠷᠣᠨ︾᠂ 3 ︽ᠣᠯᠠᠭᠠᠨ ᠠᠨᠠᠷ ᠤᠨ ᠰᠣᠶᠣᠯ ᠤᠨ ᠶᠡᠭᠡ ᠬᠥᠷᠢᠶ᠎ᠡ︾᠂ 6 ︽ᠣᠯᠠᠭᠠᠨ ᠠᠨᠠᠷ ᠤᠨ ᠠᠵᠢᠯ ᠣᠯᠭᠤᠵᠣ ᠥᠢᠯᠡᠰ ᠪᠣᠰᠬᠠᠬᠤ ᠪᠣᠯᠪᠠᠰᠣᠷᠠᠯ ᠤᠨ ᠲᠠᠰᠤᠭ︾ ᠳᠤ ᠲᠣᠰᠪᠣᠷᠢ ᠫᠠᠶᠢᠰᠠ ᠣᠯᠭᠤᠪᠠ᠃ ᠡᠭᠦᠨ ᠤ ᠬᠠᠮᠳᠣ᠂ ᠴᠢᠩᠱᠠᠨ ᠲᠣᠭᠤᠷᠢᠭ ᠤᠨ ︽ᠠᠨᠠᠷ ᠤᠨ ᠥᠷ᠎ᠡ︾ ᠰᠠᠶᠢᠨ ᠲᠣᠷ᠎ᠡ ᠶᠢᠨ ᠥᠢᠯᠡᠴᠢᠯᠡᠭᠡᠨ ᠤ ᠠᠩᠬᠢ ᠵᠢᠴᠢ 20 ᠬᠤᠪᠢᠶᠡᠷᠢ ᠠᠩᠬᠢ ᠳᠤ ᠲᠤᠭ ᠣᠯᠭᠤᠨ ᠭᠠᠷᠳᠠᠭᠤᠯᠵᠣ᠂ ᠲᠠᠳᠡᠨᠣᠰ ᠢ ︽ᠠᠨᠠᠷ ᠤᠨ ᠥᠷ᠎ᠡ︾ ᠶᠢᠨ ᠰᠠᠶᠢᠨ ᠲᠣᠷ᠎ᠡ ᠶᠢᠨ ᠥᠢᠯᠡᠴᠢᠯᠡᠭᠡᠨ ᠢ ᠥᠷᠭᠡᠨ ᠢᠶᠠᠷ ᠥᠷᠨᠢᠬᠦᠯᠥᠨ᠂ ᠥᠨᠳᠥᠰᠥᠳᠡᠨ ᠨᠦᠭᠦᠳ ᠤᠨ ᠺᠠᠳ᠋ᠷ ᠣᠯᠠᠨ ᠲᠥᠮᠡᠨ ᠢ ᠢᠳᠡᠪᠬᠢᠳᠡᠢ ᠪᠠᠷ ᠬᠥᠳᠥᠯᠥᠨ ᠵᠢᠯᠣᠭᠤᠳᠴᠣ ᠪᠠᠶᠢᠭᠠᠳ ᠣᠬᠠᠮᠰᠠᠷ ᠠᠴᠠ ᠪᠠᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢᠨ ᠣᠬᠠᠭᠤᠯᠣᠭᠴᠢ᠂ ᠥᠢᠯᠡᠳᠥᠯᠬᠡᠵᠢᠭᠦᠯᠥᠭᠴᠢ ᠪᠠ ᠠᠬᠢᠭᠤᠯᠣᠭᠴᠢ ᠪᠣᠯᠬᠤ ᠬᠡᠷᠡᠭᠳᠡᠢ ᠭᠡᠵᠣ ᠱᠠᠭᠠᠷᠳᠠᠪᠠ᠃      ᠶᠣᠰᠣᠯᠠᠯ ᠤᠨ ᠠᠬᠤᠢ ᠲᠠᠯᠠᠪᠠᠢ ᠳᠤ᠂ 20 ᠭᠠᠷᠣᠢ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠰᠠᠮᠪᠠᠷ᠎ᠡ ᠶᠢ ᠲᠡᠯᠭᠡᠨ ᠥᠵᠡᠭᠦᠯᠵᠣ᠂ ᠥᠨᠳᠥᠰᠥᠳᠡᠨ ᠨᠦᠭᠦᠳ ᠤᠨ ᠣᠯᠠᠨ ᠲᠥᠮᠡᠨ ᠳᠤ 3000 ᠭᠠᠷᠣᠢ ᠣᠬᠠᠭᠤᠯᠭ᠎ᠠ ᠶᠢᠨ ᠲᠡᠪᠳᠡᠷ 1500 ᠭᠠᠷᠣᠢ ᠣᠬᠠᠭᠤᠯᠭ᠎ᠠ ᠶᠢᠨ ᠪᠣᠳᠠᠰ ᠢ ᠲᠠᠷᠬᠠᠭᠠᠵᠣ᠂ 50 ᠭᠠᠷᠣᠢ ᠬᠥᠮᠥᠨ ᠤ ᠥᠨᠳᠥᠰᠥᠳᠡᠨ ᠤ ᠲᠥᠷᠣ ᠶᠢᠨ ᠪᠣᠳᠣᠯᠭ᠎ᠠ ᠶᠢᠨ ᠯᠠᠪᠯᠠᠯᠳᠠ ᠳᠤ ᠬᠠᠷᠢᠭᠤᠯᠳᠠ ᠥᠭᠴᠦ᠂ ᠣᠯᠠᠨ ᠶᠠᠩᠵᠣ ᠶᠢᠨ ᠭᠡᠯᠪᠡᠷᠢ ᠶᠢᠨ ᠣᠬᠠᠭᠤᠯᠭ᠎ᠠ ᠪᠠᠷ ᠲᠠᠮᠵᠢᠭᠤᠯᠣᠨ᠂ ᠥᠷᠭᠡᠨ ᠣᠯᠡᠨ ᠺᠠᠳ᠋ᠷ ᠣᠯᠡᠨ ᠲᠥᠮᠡᠨ ᠢ ᠭᠥᠳᠥᠯᠥᠨ ᠵᠢᠯᠣᠭᠤᠳᠴᠣ ᠨᠠᠮ ᠤᠨ ᠥᠨᠳᠥᠰᠥᠳᠡᠨ ᠤ ᠲᠥᠷᠣ ᠶᠢᠨ ᠪᠣᠳᠣᠯᠭ᠎ᠠ ᠪᠣᠯᠣᠨ ᠬᠠᠣᠯᠢ ᠴᠠᠭᠠᠵᠨ ᠬᠠᠣᠯᠢ ᠲᠣᠭᠳᠠᠭᠠᠯ ᠢ ᠬᠥᠨᠵᠡᠭᠡᠢ ᠰᠣᠷᠣᠯᠴᠡᠨ ᠣᠬᠠᠭᠤᠯᠵᠣ᠂ ᠣᠬᠠᠮᠰᠠᠷ ᠠᠴᠠ ᠪᠠᠨ ᠥᠨᠳᠥᠰᠥᠳᠡᠨ ᠤ ᠪᠥᠯᠬᠦᠮᠳᠡᠯ ᠢ ᠬᠠᠮᠠᠭᠠᠯᠠᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号