ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠥᠷᠭᠡᠨ ᠣᠯᠠᠨ | ᠬᠤᠲᠠ ᠶᠢᠨ ᠠᠷᠠᠳ ᠢ ᠵᠢᠯᠣᠭᠤᠳᠤᠨ ᠪᠣᠯᠪᠠᠰᠤᠨ ᠪᠠᠷ᠂ ᠡᠮᠬᠢ ᠵᠢᠷᠤᠮ ᠲᠠᠢ᠂ ᠠᠮᠤᠷ ᠲᠦᠪᠰᠢᠨ᠂ ᠡᠶ᠎ᠡ ᠵᠣᠬᠢᠴᠠᠯ ᠲᠠᠢ | ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠨᠠᠩ ᠰᠠᠶᠢᠲᠤᠷ ᠪᠣᠶ ᠪᠣᠯᠭᠠᠵᠤ᠂ ᠪᠣᠯᠪᠠᠰᠤᠨ ᠳᠦᠷᠢ ᠲᠥᠷᠬᠦ ᠶᠢ | ᠳᠡᠯᠭᠡᠨ ᠦᠵᠡᠭᠦᠯᠵᠦ᠂ ᠪᠣᠯᠪᠠᠰᠤᠨ ᠨᠢᠭᠡᠴᠡ ᠶᠢᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠤᠨ᠂ ᠪᠣᠯᠪᠠᠰᠤᠨ ᠬᠡᠪ ᠰᠤᠷᠲᠠᠯ ᠢ ᠤᠯᠠᠮᠵᠢᠯᠠᠬᠤ ᠶᠢ ᠳᠠᠶᠢᠴᠢᠯᠠᠵᠤ᠂ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ︽ᠪᠢ | ᠪᠤᠭᠤᠲᠤ ᠪᠠᠨ ᠬᠠᠶᠢᠷᠠᠯᠠᠵᠤ ᠪᠣᠯᠪᠠᠰᠤᠨ ᠢᠶᠠᠷ ᠭᠠᠳᠠᠭᠰᠢ ᠭᠠᠷᠬᠤ︾ ᠪᠣᠯᠪᠠᠰᠤᠨ ᠵᠠᠮ ᠬᠠᠷᠢᠯᠴᠠᠭᠠᠨ ᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠪᠡ᠃ | 4 ᠳ᠋ᠤᠭᠡᠷ ᠰᠠᠷ᠎ᠠ ᠠᠴᠠ ᠡᠬᠢᠯᠡᠨ᠂ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ︽ᠪᠢ | ᠪᠤᠭᠤᠲᠤ ᠪᠠᠨ ᠬᠠᠶᠢᠷᠠᠯᠠᠵᠤ ᠪᠣᠯᠪᠠᠰᠤᠨ ᠢᠶᠠᠷ ᠭᠠᠳᠠᠭᠰᠢ ᠭᠠᠷᠬᠤ︾ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷ᠎ᠠ | ᠶᠢᠨ ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠠᠭᠤᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ | ᠴᠠᠭ ᠨᠢ ᠡᠷᠲᠡ ᠣᠷᠣᠢ ᠶᠢᠨ ᠵᠠᠮ ᠬᠠᠷᠢᠯᠴᠠᠭᠠᠨ ᠤ ᠣᠷᠭᠢᠯ ᠦᠶ᠎ᠡ ᠪᠣᠯᠣᠨ᠎ᠠ᠂ ᠲᠣᠰ ᠡᠭᠡᠯᠵᠢ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ 6 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠬᠦ ᠪᠣᠯᠣᠨ᠎ᠠ᠃ | ᠠᠵᠢᠯᠯᠠᠭ᠎ᠠ ᠶᠢᠨ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠵᠠᠮ ᠬᠠᠷᠢᠯᠴᠠᠭᠠᠨ ᠤ ᠰᠠᠶᠢᠨ ᠳᠤᠷᠠᠴᠤᠤᠯ ᠢ ᠴᠢᠩᠱᠠᠨ ᠲᠣᠭᠤᠷᠢᠭ ᠤᠨ ᠴᠢᠯᠦᠭᠡᠲᠦ ᠵᠠᠮ ᠪᠣᠯᠣᠨ | ᠨᠥᠬᠦᠷᠯᠡᠯ ᠶᠡᠭᠡ ᠵᠡᠭᠡᠯᠢ ᠶᠢᠨ ᠠᠭᠤᠯᠵᠠᠷ ᠳᠡᠭᠡᠷ᠎ᠡ ᠲᠣᠬᠢᠷᠠᠭᠤᠯᠵᠤ᠂ ᠰᠠᠶᠢᠨ ᠳᠤᠷᠠᠴᠤᠤᠯ ︽ᠪᠢ ᠪᠤᠭᠤᠲᠤ ᠪᠠᠨ | ᠬᠠᠶᠢᠷᠠᠯᠠᠵᠤ ᠪᠣᠯᠪᠠᠰᠤᠨ ᠢᠶᠠᠷ ᠭᠠᠳᠠᠭᠰᠢ ᠭᠠᠷᠬᠤ︾ ᠤᠯᠠᠭᠠᠨ ᠬᠤᠪᠴᠠᠰᠦ ᠡᠮᠦᠰᠴᠦ᠂ ᠭᠠᠷ ᠲᠠᠭᠠᠨ ᠵᠢᠵᠢᠭ ᠤᠯᠠᠭᠠᠨ | ᠲᠤᠭ ᠪᠠᠷᠢᠵᠤ᠂ ᠡᠰᠡᠷᠬᠦ ᠴᠢᠭᠯᠡᠯ ᠢᠶᠠᠷ ᠶᠠᠪᠤᠬᠤ᠂ ᠤᠯᠠᠭᠠᠨ ᠳ᠋ᠧᠩ ᠢ ᠵᠥᠷᠢᠴᠡᠬᠦ᠂ ᠮᠠᠰᠢᠨ ᠪᠤᠰᠤ ᠲᠡᠷᠭᠡ ᠪᠠᠷ ᠮᠠᠰᠢᠨ | ᠲᠡᠷᠭᠡᠨ ᠤ ᠵᠠᠮ ᠢᠶᠠᠷ ᠶᠠᠪᠤᠬᠤ᠂ ᠶᠠᠪᠠᠭᠠᠨ ᠬᠥᠮᠥᠨ ᠶᠠᠪᠠᠭᠠᠨ ᠬᠥᠮᠥᠨ ᠤ ᠬᠥᠨᠳᠡᠯᠡᠨ ᠵᠠᠮ ᠢᠶᠠᠷ ᠶᠠᠪᠤᠬᠤ ᠦᠭᠡᠢ ᠵᠡᠷᠭᠡ | ᠪᠣᠯᠪᠠᠰᠤᠨ ᠪᠤᠰᠤ ᠠᠵᠢᠯᠯᠠᠭ᠎ᠠ ᠶᠢ ᠢᠳᠡᠪᠬᠢᠲᠡᠢ ᠢᠳᠬᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠵᠠᠮ | ᠬᠠᠷᠢᠯᠴᠠᠭᠠᠨ ᠤ ᠳᠦᠷᠢᠮ ᠢ ᠵᠢᠷᠤᠮᠯᠠᠵᠤ᠂ ᠪᠣᠯᠪᠠᠰᠤᠨ ᠢᠶᠠᠷ ᠶᠠᠪᠤᠵᠤ ᠰᠠᠭᠤᠬᠤ ᠶᠢ ᠰᠠᠨᠠᠭᠠᠴᠢᠯᠠᠪᠠ᠃ | ᠮᠠᠨ ᠤ ᠲᠣᠪᠴᠢᠶ᠎ᠠ ᠳᠡᠭᠡᠳᠦ ᠱᠠᠲᠤᠨ ᠤ ᠱᠠᠭᠠᠷᠳᠠᠯᠭ᠎ᠠ ᠶᠢ ᠦᠷᠭᠦᠯᠵᠢᠯᠡᠨ ᠳᠠᠭᠠᠵᠤ᠂ ᠡᠯ᠎ᠡ ᠲᠥᠷᠥᠯ ᠤᠨ | ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳ ᠢᠯᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠬᠤᠲᠠ ᠶᠢᠨ | ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠨ ᠤ | ᠬᠤᠲᠠ ᠶᠢᠨ ᠪᠣᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃ | |