ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠴᠢᠯᠠᠭᠤᠨ ᠲᠣᠰᠣᠨ ᠤ ᠮᠠᠰᠢᠨ ᠮᠧᠬᠠᠨᠢᠭ ᠤᠨ ᠺᠣᠮᠫᠠᠨᠢ ᠮᠢᠩᠭᠠᠨ ᠲᠦᠮᠡ ᠭᠠᠷᠤᠢ ᠵᠤᠭᠤᠰ ᠤᠨ ᠲᠥᠷᠥᠯ ᠵᠦᠢᠯ ᠤᠨ ᠵᠠᠬᠢᠶᠠᠯᠠᠭ᠎ᠠ ᠶᠢᠨ ᠬᠠᠭᠤᠳᠠᠰᠤ ᠶᠢ ᠣᠯᠪᠠ
ᠨᠡᠶᠢᠲᠡᠯᠡᠭᠰᠡᠨ ᠴᠠᠭ᠄
2023/4/26
      ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠴᠢᠯᠠᠭᠤᠨ ᠲᠣᠰᠣᠨ ᠤ ᠮᠠᠰᠢᠨ ᠮᠧᠬᠠᠨᠢᠭ ᠤᠨ ᠺᠣᠮᠫᠠᠨᠢ ᠱᠠᠨᠰᠢ ᠶᠢᠨ ᠶᠠᠨ ᠴᠠᠩ ᠴᠢᠯᠠᠭᠤᠨ ᠲᠣᠰᠣᠨ ᠤ ᠡᠳ᠋ ᠪᠠᠷᠠᠭᠠᠨ ᠤ ᠪᠦᠯᠦᠭᠯᠡᠯ ᠤᠨ ᠣᠨ ᠤ ᠭᠤᠷᠪᠠᠨᠲᠠ ᠲᠠᠲᠠᠬᠤ ᠲᠥᠬᠦᠭᠡᠷᠦᠮᠵᠢ — ᠲᠣᠰᠣ ᠰᠣᠷᠣᠬᠤ ᠡᠰᠢ ᠶᠢᠨ ᠲᠥᠷᠥᠯ ᠵᠦᠢᠯ ᠤᠨ ᠡᠯᠧᠺᠲᠷᠣᠨ ᠢᠶᠠᠷ ᠦᠨ᠎ᠡ ᠥᠷᠢᠰᠦᠯᠳᠦᠨ ᠳᠠᠭᠠᠭᠠᠴᠢᠯᠠᠯᠲᠠ ᠵᠠᠷᠯᠠᠬᠤ ᠳᠠᠭᠠᠨ᠂ D ᠳᠡᠰ ᠤᠨ ᠲᠣᠰᠣ ᠰᠣᠷᠣᠬᠤ ᠡᠰᠢ ᠶᠢᠨ ᠳᠠᠭᠠᠭᠠᠴᠢᠯᠠᠯᠲᠠ  ᠶᠢ ᠠᠮᠵᠢᠯᠲᠠ ᠎ ᠲᠠᠢ ᠣᠯᠵᠤ᠂ ᠭᠡᠷ᠎ᠡ ᠶᠢᠨ ᠵᠣᠭᠤᠰ ᠤᠨ ᠲᠤᠭ᠎ᠠ ᠨᠢ 1400 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃      12 ᠠᠳᠠᠯᠢ ᠠᠵᠢᠯ ᠲᠥᠷᠥᠯ ᠤᠨ ᠠᠵᠤ ᠠᠬᠤᠶᠢᠯᠠᠯ ᠲᠠᠢ ᠰᠢᠷᠦᠭᠦᠨ ᠥᠷᠢᠰᠦᠯᠳᠦᠬᠦ ᠪᠠᠷ ᠳᠡᠮᠵᠢᠨ᠂ ᠴᠢᠯᠠᠭᠤᠨ ᠲᠣᠰᠣᠨ ᠤ ᠮᠠᠰᠢᠨ ᠮᠧᠬᠠᠨᠢᠭ ᠤᠨ ᠺᠣᠮᠫᠠᠨᠢ ᠱᠠᠨᠰᠢ ᠶᠢᠨ ᠶᠠᠨ ᠴᠠᠩ ᠪᠦᠯᠦᠭᠯᠡᠯ ᠤᠨ ᠳᠠᠭᠠᠭᠠᠴᠢᠯᠠᠯᠲᠠ ᠵᠠᠷᠯᠠᠬᠤ ᠲᠥᠷᠥᠯ ᠵᠦᠢᠯ ᠳᠤ ᠴᠢᠭᠯᠡᠭᠦᠯᠦᠨ ᠨᠠᠷᠢᠨ ᠨᠢᠮᠪᠠᠢ ᠪᠡᠯᠡᠳᠬᠡᠯ ᠬᠢᠵᠦ᠂ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠂ ᠮᠡᠷᠭᠡᠵᠢᠯ ᠤᠨ ᠱᠠᠭᠠᠷᠳᠠᠯᠭ᠎ᠠ᠂ ᠬᠤᠳᠠᠯᠳᠤᠭᠠᠨ ᠤ ᠶᠠᠪᠤᠳᠠᠯ ᠤᠨ ᠵᠦᠢᠯ ᠵᠤᠷᠪᠤᠰ ᠵᠡᠷᠭᠡ ᠶᠢ ᠨᠠᠷᠢᠯᠢᠭᠵᠢᠭᠤᠯᠵᠤ᠂ ᠣᠯᠠᠨ ᠡᠭᠡᠯᠵᠢ ᠶᠢᠨ ᠥᠷᠢᠰᠦᠯᠳᠦᠭᠡᠨ ᠢᠶᠠᠷ ᠳᠡᠮᠵᠢᠨ᠂ ᠡᠴᠦᠰ ᠲᠡᠭᠡᠨ ᠪᠦᠷᠢᠨ ᠲᠡᠭᠦᠯᠳᠡᠷ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ᠂ ᠵᠦᠢ ᠵᠣᠬᠢᠰᠲᠠᠢ ᠦᠨ᠎ᠡ ᠮᠡᠳᠡᠭᠦᠯᠬᠦ᠂ ᠰᠢᠯᠢᠳᠡᠭ ᠰᠠᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠪᠠᠷ ᠢᠶᠠᠨ ᠬᠡᠷᠡᠭᠯᠡᠭᠴᠢᠳ ᠤᠨ ᠨᠤᠲᠠᠯᠠᠯᠲᠠ ᠶᠢ ᠤᠯᠵᠠᠢ᠃ ᠭᠡᠷ᠎ᠡ ᠲᠣᠭᠲᠠᠭᠰᠠᠨ ᠨᠢ ᠴᠢᠯᠠᠭᠤᠨ ᠲᠣᠰᠣᠨ ᠤ ᠮᠧᠬᠠᠨᠢᠭ ᠤᠨ ᠺᠣᠮᠫᠠᠨᠢ ᠳᠤ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠨᠡᠭᠡᠭᠡᠨ ᠥᠭᠴᠦ᠂ ︽ᠬᠤᠶᠠᠷ ᠢ ᠬᠠᠭᠠᠰ ᠢᠶᠠᠷ ᠥᠩᠭᠡᠷᠡᠭᠦᠯᠬᠦ︾ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号