ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠥᠮᠡᠨ ᠡᠪᠡᠳᠴᠢᠨ ᠢ ᠰᠡᠷᠭᠡᠶᠢᠯᠡᠨ ᠵᠠᠰᠠᠬᠤ | ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠲᠦᠯᠬᠢᠨ ᠠᠬᠢᠭᠤᠯᠵᠦ᠂ ᠡᠷᠡᠭᠦᠯ | ᠮᠡᠨᠳᠦ ᠳᠤᠮᠳᠠᠳᠤ ᠤᠯᠤᠰ ᠤᠨ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠴᠢᠨᠠᠷ ᠰᠠᠶᠢᠲᠠᠢ | ᠠᠬᠢᠭᠤᠯᠵᠤ᠂ ᠪᠦᠬᠦ ᠨᠡᠶᠢᠭᠡᠮ ᠤᠨ ᠥᠮᠡᠨ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠵᠦ᠂ | ᠠᠷᠠᠳ ᠨᠡᠶᠢᠲᠡ ᠶᠢᠨ ᠥᠮᠡᠨ ᠢ ᠰᠡᠷᠭᠡᠶᠢᠯᠡᠨ ᠥᠮᠡᠨ ᠢ ᠬᠢᠵᠠᠭᠠᠷᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠤᠯᠭᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ | ᠤᠮᠠᠷᠠᠲᠤ ᠶᠢᠨ ᠡᠮᠨᠡᠯᠭᠡ ᠶᠢᠨ ᠬᠤᠷᠢᠶ᠎ᠠ᠂ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ᠂ ᠴᠢᠯᠦᠭᠡᠲᠦ | ᠵᠠᠮ ᠤᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠵᠤᠯ ᠵᠢᠷᠭᠠᠯ ᠵᠠᠮ ᠤᠨ ᠬᠡᠷᠡᠭ ᠡᠷᠬᠢᠯᠡᠬᠦ ᠭᠠᠵᠠᠷ ᠤᠨ ᠴᠠᠬᠢᠯᠭᠠᠨ ᠤ ᠪᠠᠶᠢᠭᠤᠯᠤᠯᠲᠠ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠴᠢᠩᠱᠠᠨ ᠴᠡᠴᠡᠷᠯᠢᠭ ᠲᠤ ︽ᠥᠮᠡᠨ ᠡᠪᠡᠳᠴᠢᠨ ᠢ | ᠰᠡᠷᠭᠡᠶᠢᠯᠡᠨ ᠵᠠᠰᠠᠬᠤ ᠪᠥᠬᠦ ᠲᠠᠯ᠎ᠠ ᠶᠢᠨ ᠠᠵᠢᠯᠯᠠᠭ᠎ᠠ ︱ ᠪᠥᠬᠦ ᠬᠥᠮᠥᠰ ᠪᠥᠬᠦ ᠦᠶᠡᠯᠡᠯ ᠤᠨ ᠬᠤᠭᠤᠴᠠᠭ᠎ᠠ ᠪᠥᠬᠦ | ᠨᠡᠶᠢᠭᠡᠮ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ᠂ ᠠᠵᠢᠯᠲᠠᠳ ᠰᠠᠭᠤᠭᠠᠯᠢ ᠠᠷᠠᠳ ᠲᠤ ᠤᠯᠤᠰ ᠤᠨ ᠥᠮᠡᠨ ᠡᠪᠡᠳᠴᠢᠨ ᠢ | ᠰᠡᠷᠭᠡᠶᠢᠯᠡᠨ ᠵᠠᠰᠠᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠬᠦᠯᠢᠴᠡᠩᠭᠦᠢ ᠪᠠᠷ ᠤᠬᠠᠭᠤᠯᠤᠨ ᠲᠠᠶᠢᠯᠪᠤᠷᠢᠯᠠᠵᠤ᠂ | ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠪᠠᠷ ᠥᠮᠡᠨ ᠡᠪᠡᠳᠴᠢᠨ ᠤ ᠣᠶᠢᠯᠠᠭᠠᠭᠳᠠᠬᠤᠨ ᠢ ᠵᠥᠪ ᠣᠨᠣᠪᠴᠢᠲᠠᠢ | ᠲᠠᠨᠢᠵᠤ᠂ ᠥᠮᠡᠨ ᠤ ᠭᠡᠯᠮᠡᠭᠳᠡᠯ ᠢ ᠠᠷᠢᠯᠭᠠᠵᠤ᠂ ᠰᠠᠭᠤᠭᠠᠯᠢ ᠠᠷᠠᠳ ᠲᠤ ᠥᠮᠡᠨ ᠡᠪᠡᠳᠴᠢᠨ ᠪᠣᠯ ᠨᠢᠭᠡ ᠵᠦᠢᠯ ᠤᠨ | ᠰᠡᠷᠭᠡᠶᠢᠯᠡᠨ ᠵᠠᠰᠠᠵᠤ ᠪᠣᠯᠬᠤ ᠤᠳᠠᠭᠠᠨ ᠴᠢᠨᠠᠷᠲᠠᠢ ᠡᠪᠡᠳᠴᠢᠨ ᠮᠥᠨ ᠭᠡᠳᠡᠭ ᠢ ᠲᠠᠨᠢᠭᠤᠯᠵᠠᠢ᠃ ᠲᠣᠰ ᠤᠳᠠᠭᠠᠨ ᠤ | ᠠᠵᠢᠯᠯᠠᠭ᠎ᠠ ᠳᠤ ᠬᠠᠪᠤᠳᠠᠷ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠢ ᠨᠡᠶᠢᠲᠡ 1000 | ᠬᠤᠪᠢ᠂ ᠤᠳᠠᠭᠠᠨ ᠴᠢᠨᠠᠷᠲᠠᠢ ᠡᠪᠡᠳᠴᠢᠨ ᠤ ᠤᠬᠠᠭᠤᠯᠭ᠎ᠠ ᠶᠢᠨ ᠪᠢᠴᠢᠭ ᠢ 100 ᠬᠤᠪᠢ᠂ ᠤᠬᠠᠭᠤᠯᠭ᠎ᠠ ᠶᠢᠨ ᠪᠥᠰ | ᠤᠭᠤᠲᠠ 700᠂ ᠲᠣᠰᠣᠨ ᠳᠡᠪᠦᠷ᠎ᠡ 430᠂ ᠳᠠᠪᠤᠰᠤ ᠬᠢᠵᠠᠭᠠᠷᠯᠠᠬᠤ ᠳᠡᠪᠦᠷ᠎ᠡ 100᠂ ᠪᠡᠶ᠎ᠡ ᠮᠠᠬᠠᠪᠤᠳ ᠤᠨ | ᠵᠢᠭᠠᠯᠲᠠ ᠲᠤᠭ᠎ᠠ ᠶᠢᠨ ᠲᠠᠪᠠᠭ 300᠂ ᠪᠦᠰᠡᠯᠡᠭᠦᠷ ᠤᠨ ᠱᠤᠭᠤᠮ 200᠂ ᠢᠳᠡᠭᠡᠨ ᠤ ᠡᠷᠳᠡᠨᠢ ᠶᠢᠨ ᠰᠤᠪᠤᠷᠭ᠎ᠠ | 150᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠬᠠᠭᠤᠳᠠᠰᠤ ᠶᠢ 400 ᠬᠤᠪᠢ ᠲᠠᠷᠬᠠᠭᠠᠵᠠᠢ᠃ | |