ᠬᠤᠩ ᠶᠤᠸᠠᠨ ᠤ ᠳᠥᠷᠪᠡᠳᠦᠭᠡᠷ ᠬᠤᠭᠤᠴᠠᠭᠠᠨ ᠤ 40GW ᠲᠠᠩ ᠲᠠᠯᠠᠰᠲᠤ ᠶᠢᠨ ᠯᠠᠲ᠋ᠢᠨ ᠲᠠᠯᠠᠰᠲᠤ ᠵᠢᠴᠢ ᠢᠵᠢ ᠪᠦᠷᠢᠳᠦᠭᠦᠯᠬᠦ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2023/4/28
      ᠲᠤᠰ ᠲᠦᠷᠦᠯ ᠵᠦᠢᠯ ᠨᠢ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ ᠣᠷᠤᠭᠤᠯᠤᠯᠲᠠ ᠨᠢ 148 ᠳ᠋ᠦᠩᠰᠢᠭᠤᠷ ᠲᠥᠭᠦᠷᠢᠭ ᠲᠤ ᠬᠦᠷᠴᠦ᠂ 800 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 81 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠭᠤᠣᠯᠳᠠᠭᠤ ᠲᠠᠩ ᠲᠠᠯᠠᠰᠲᠤ ᠶᠢᠨ ᠶᠡᠷᠦᠩᠬᠡᠶᠢᠯᠡᠭᠰᠡᠨ ᠦᠢᠯᠡᠳᠪᠦᠷᠢ ᠶᠢᠨ ᠭᠡᠷ ᠪᠠᠶᠢᠰᠢᠩ᠂ ᠬᠡᠷᠴᠢᠮ ᠤᠨ ᠶᠡᠷᠦᠩᠬᠡᠶᠢᠯᠡᠭᠰᠡᠨ ᠦᠢᠯᠡᠳᠪᠦᠷᠢ ᠶᠢᠨ ᠭᠡᠷ ᠪᠠᠶᠢᠰᠢᠩ᠂ ᠦᠢᠯᠡᠳᠪᠦᠷᠢᠯᠡᠯ ᠤᠨ ᠲᠠᠰᠤᠭ᠂ ᠪᠦᠲᠦᠭᠡᠭᠳᠡᠬᠦᠨ ᠤ ᠬᠥᠮᠥᠷᠭᠡ᠂ ᠬᠡᠷᠴᠢᠮ ᠤᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠥᠷᠲᠡᠭᠡ᠂ 220KV ᠬᠦᠴᠦᠳᠡᠯ ᠥᠭᠡᠷᠡᠴᠢᠯᠡᠬᠦ ᠥᠷᠲᠡᠭᠡ᠂ ᠠᠵᠢᠯᠯᠠᠬᠤ ᠪᠠ ᠰᠤᠳᠤᠯᠤᠨ ᠨᠡᠭᠡᠭᠡᠬᠦ ᠲᠣᠮᠣ ᠠᠰᠠᠷ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠦᠢᠯᠡᠳᠪᠦᠷᠢ ᠶᠢᠨ ᠲᠠᠰᠤᠭ ᠢ ᠪᠦᠲᠦᠭᠡᠨ ᠪᠠᠶᠢᠭᠤᠯᠤᠨ᠎ᠠ᠃ ᠡᠯ᠎ᠡ ᠲᠥᠷᠥᠯ ᠤᠨ ᠲᠥᠬᠦᠭᠡᠷᠦᠮᠵᠢ ᠶᠢ 4892 ᠰᠠᠤᠷᠢ ︵ᠢᠵᠢ︶ ᠰᠢᠨ᠎ᠡ ᠪᠠᠷ ᠨᠡᠮᠡᠭᠳᠡᠭᠦᠯᠵᠦ᠂ ᠭᠤᠣᠯᠳᠠᠭᠤ ᠲᠠᠩ ᠲᠠᠯᠠᠰᠲᠤ ᠵᠤᠤᠬ᠎ᠠ᠂ ᠸᠴᠢᠷ ᠱᠤᠭᠤᠮ ᠤᠨ ᠬᠡᠷᠴᠢᠬᠦ ᠮᠠᠰᠢᠨ᠂ ᠳᠥᠷᠪᠡᠯᠵᠢᠨ ᠬᠡᠷᠴᠢᠬᠦ ᠮᠠᠰᠢᠨ᠂ ᠲᠡᠭᠡᠷᠮ᠎ᠡ ᠶᠢᠨ ᠲᠣᠩᠭᠤᠷᠤᠤ ᠥᠨᠴᠥᠭ ᠤᠨ ᠨᠢᠭᠡ ᠴᠣᠭᠴᠠᠲᠤ ᠮᠠᠰᠢᠨ᠂ ᠬᠡᠷᠴᠢᠬᠦ ᠮᠠᠰᠢᠨ ᠵᠡᠷᠭᠡ ᠶᠢ ᠪᠠᠭᠲᠠᠭᠠᠵᠤ᠂ ᠵᠢᠯ ᠳᠤ 40GW ᠲᠠᠩ ᠲᠠᠯᠠᠰᠲᠤ ᠴᠠᠬᠢᠭᠤᠷ ᠤᠨ ᠰᠠᠪᠠᠭ᠎ᠠ᠂ 20GW ᠲᠠᠩ ᠲᠠᠯᠠᠰᠲᠤ ᠬᠡᠷᠴᠢᠬᠦ ᠮᠠᠰᠢᠨ ᠵᠢᠴᠢ ᠬᠡᠷᠡᠯ ᠴᠡᠨᠡᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠢᠵᠢ ᠪᠦᠷᠢᠳᠦᠭᠦᠯᠬᠦ ᠦᠢᠯᠡᠳᠪᠦᠷᠢᠯᠡᠬᠦ ᠴᠢᠳᠠᠪᠤᠷᠢ ᠶᠢ ᠪᠣᠶ ᠪᠣᠯᠭᠠᠨ᠎ᠠ᠃      ᠲᠣᠰ ᠲᠥᠷᠥᠯ ᠵᠦᠢᠯ ᠢ ᠨᠢᠭᠡᠨᠲᠡ 3 ᠰᠠᠷ᠎ᠠ ᠶᠢᠨ ᠡᠬᠢ ᠪᠠᠷ ᠠᠵᠢᠯ ᠡᠬᠢᠯᠡᠭᠦᠯᠵᠦ᠂ ᠣᠲᠣ ᠶᠠᠭ ᠪᠧᠲ᠋ᠣᠨ ᠬᠤᠭᠤᠯᠠᠢ ᠶᠢᠨ ᠪᠤᠯᠠᠭᠠᠷᠢ ᠶᠢᠨ ᠪᠠᠷᠢᠯᠭ᠎ᠠ ︵ᠨᠢᠭᠡᠨᠲᠡ 85%᠎ ᠶᠢ ᠪᠡᠶᠡᠯᠡᠭᠦᠯᠪᠡ︶ ᠬᠢᠵᠦ ᠪᠠᠶᠢᠨ᠎ᠠ᠂ ᠰᠢᠷᠣᠢ ᠶᠢᠨ ᠪᠠᠷᠢᠯᠭ᠎ᠠ ᠶᠢᠨ ᠠᠵᠢᠯ ᠢ ᠨᠢᠭᠡᠨᠲᠡ ᠡᠬᠢᠯᠡᠭᠦᠯᠵᠦ᠂ 5 ᠰᠠᠷ᠎ᠠ ᠳᠤ ᠭᠤᠣᠯ ᠴᠣᠭᠴᠠ ᠶᠢᠨ ᠦᠢᠯᠡᠳᠪᠦᠷᠢ ᠶᠢᠨ ᠪᠠᠶᠢᠰᠢᠩ ᠪᠠᠷᠢᠵᠤ᠂ 7 ᠰᠠᠷ᠎ᠠ ᠶᠢᠨ ᠰᠡᠭᠦᠯᠴᠢ ᠪᠠᠷ ᠲᠣᠨᠤᠭ ᠲᠥᠬᠦᠭᠡᠷᠦᠮᠵᠢ ᠤᠭᠰᠠᠷᠠᠬᠤ ᠪᠠ ᠲᠤᠷᠰᠢᠨ ᠲᠣᠬᠢᠷᠠᠭᠤᠯᠵᠤ᠂ 8 ᠰᠠᠷ᠎ᠠ ᠳᠤ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 350 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠵᠢᠯ ᠤᠨ ᠭᠠᠶᠢᠯᠢ ᠶᠢᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7000 ︱ 8000 ᠬᠥᠮᠥᠨ ᠳᠤ ᠰᠢᠨ᠎ᠡ ᠪᠠᠷ ᠠᠵᠢᠯ ᠣᠯᠭᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号