ᠲᠤᠰ ᠲᠦᠷᠦᠯ ᠵᠦᠢᠯ ᠨᠢ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ ᠣᠷᠤᠭᠤᠯᠤᠯᠲᠠ ᠨᠢ | 148 ᠳ᠋ᠦᠩᠰᠢᠭᠤᠷ ᠲᠥᠭᠦᠷᠢᠭ ᠲᠤ ᠬᠦᠷᠴᠦ᠂ 800 ᠮᠦ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 81 | ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠭᠤᠣᠯᠳᠠᠭᠤ ᠲᠠᠩ ᠲᠠᠯᠠᠰᠲᠤ ᠶᠢᠨ ᠶᠡᠷᠦᠩᠬᠡᠶᠢᠯᠡᠭᠰᠡᠨ | ᠦᠢᠯᠡᠳᠪᠦᠷᠢ ᠶᠢᠨ ᠭᠡᠷ ᠪᠠᠶᠢᠰᠢᠩ᠂ ᠬᠡᠷᠴᠢᠮ ᠤᠨ ᠶᠡᠷᠦᠩᠬᠡᠶᠢᠯᠡᠭᠰᠡᠨ ᠦᠢᠯᠡᠳᠪᠦᠷᠢ ᠶᠢᠨ ᠭᠡᠷ ᠪᠠᠶᠢᠰᠢᠩ᠂ | ᠦᠢᠯᠡᠳᠪᠦᠷᠢᠯᠡᠯ ᠤᠨ ᠲᠠᠰᠤᠭ᠂ ᠪᠦᠲᠦᠭᠡᠭᠳᠡᠬᠦᠨ ᠤ ᠬᠥᠮᠥᠷᠭᠡ᠂ ᠬᠡᠷᠴᠢᠮ ᠤᠨ ᠬᠠᠶᠠᠭᠳᠠᠮᠠᠯ ᠤᠰᠤ ᠶᠢ ᠰᠢᠢᠳᠪᠦᠷᠢᠯᠡᠬᠦ | ᠥᠷᠲᠡᠭᠡ᠂ 220KV ᠬᠦᠴᠦᠳᠡᠯ ᠥᠭᠡᠷᠡᠴᠢᠯᠡᠬᠦ ᠥᠷᠲᠡᠭᠡ᠂ ᠠᠵᠢᠯᠯᠠᠬᠤ ᠪᠠ ᠰᠤᠳᠤᠯᠤᠨ ᠨᠡᠭᠡᠭᠡᠬᠦ ᠲᠣᠮᠣ ᠠᠰᠠᠷ | ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠦᠢᠯᠡᠳᠪᠦᠷᠢ ᠶᠢᠨ ᠲᠠᠰᠤᠭ ᠢ ᠪᠦᠲᠦᠭᠡᠨ ᠪᠠᠶᠢᠭᠤᠯᠤᠨ᠎ᠠ᠃ ᠡᠯ᠎ᠡ | ᠲᠥᠷᠥᠯ ᠤᠨ ᠲᠥᠬᠦᠭᠡᠷᠦᠮᠵᠢ ᠶᠢ 4892 ᠰᠠᠤᠷᠢ ︵ᠢᠵᠢ︶ ᠰᠢᠨ᠎ᠡ ᠪᠠᠷ ᠨᠡᠮᠡᠭᠳᠡᠭᠦᠯᠵᠦ᠂ ᠭᠤᠣᠯᠳᠠᠭᠤ ᠲᠠᠩ | ᠲᠠᠯᠠᠰᠲᠤ ᠵᠤᠤᠬ᠎ᠠ᠂ ᠸᠴᠢᠷ ᠱᠤᠭᠤᠮ ᠤᠨ ᠬᠡᠷᠴᠢᠬᠦ ᠮᠠᠰᠢᠨ᠂ ᠳᠥᠷᠪᠡᠯᠵᠢᠨ ᠬᠡᠷᠴᠢᠬᠦ ᠮᠠᠰᠢᠨ᠂ ᠲᠡᠭᠡᠷᠮ᠎ᠡ ᠶᠢᠨ | ᠲᠣᠩᠭᠤᠷᠤᠤ ᠥᠨᠴᠥᠭ ᠤᠨ ᠨᠢᠭᠡ ᠴᠣᠭᠴᠠᠲᠤ ᠮᠠᠰᠢᠨ᠂ ᠬᠡᠷᠴᠢᠬᠦ ᠮᠠᠰᠢᠨ ᠵᠡᠷᠭᠡ ᠶᠢ ᠪᠠᠭᠲᠠᠭᠠᠵᠤ᠂ ᠵᠢᠯ ᠳᠤ | 40GW ᠲᠠᠩ ᠲᠠᠯᠠᠰᠲᠤ ᠴᠠᠬᠢᠭᠤᠷ ᠤᠨ ᠰᠠᠪᠠᠭ᠎ᠠ᠂ 20GW ᠲᠠᠩ ᠲᠠᠯᠠᠰᠲᠤ ᠬᠡᠷᠴᠢᠬᠦ ᠮᠠᠰᠢᠨ ᠵᠢᠴᠢ ᠬᠡᠷᠡᠯ | ᠴᠡᠨᠡᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠢᠵᠢ ᠪᠦᠷᠢᠳᠦᠭᠦᠯᠬᠦ ᠦᠢᠯᠡᠳᠪᠦᠷᠢᠯᠡᠬᠦ ᠴᠢᠳᠠᠪᠤᠷᠢ ᠶᠢ ᠪᠣᠶ | ᠪᠣᠯᠭᠠᠨ᠎ᠠ᠃ | ᠲᠣᠰ ᠲᠥᠷᠥᠯ ᠵᠦᠢᠯ ᠢ ᠨᠢᠭᠡᠨᠲᠡ 3 ᠰᠠᠷ᠎ᠠ ᠶᠢᠨ ᠡᠬᠢ ᠪᠠᠷ ᠠᠵᠢᠯ ᠡᠬᠢᠯᠡᠭᠦᠯᠵᠦ᠂ ᠣᠲᠣ ᠶᠠᠭ ᠪᠧᠲ᠋ᠣᠨ | ᠬᠤᠭᠤᠯᠠᠢ ᠶᠢᠨ ᠪᠤᠯᠠᠭᠠᠷᠢ ᠶᠢᠨ ᠪᠠᠷᠢᠯᠭ᠎ᠠ ︵ᠨᠢᠭᠡᠨᠲᠡ 85% ᠶᠢ ᠪᠡᠶᠡᠯᠡᠭᠦᠯᠪᠡ︶ ᠬᠢᠵᠦ ᠪᠠᠶᠢᠨ᠎ᠠ᠂ ᠰᠢᠷᠣᠢ ᠶᠢᠨ | ᠪᠠᠷᠢᠯᠭ᠎ᠠ ᠶᠢᠨ ᠠᠵᠢᠯ ᠢ ᠨᠢᠭᠡᠨᠲᠡ ᠡᠬᠢᠯᠡᠭᠦᠯᠵᠦ᠂ 5 ᠰᠠᠷ᠎ᠠ ᠳᠤ ᠭᠤᠣᠯ ᠴᠣᠭᠴᠠ ᠶᠢᠨ ᠦᠢᠯᠡᠳᠪᠦᠷᠢ ᠶᠢᠨ ᠪᠠᠶᠢᠰᠢᠩ | ᠪᠠᠷᠢᠵᠤ᠂ 7 ᠰᠠᠷ᠎ᠠ ᠶᠢᠨ ᠰᠡᠭᠦᠯᠴᠢ ᠪᠠᠷ ᠲᠣᠨᠤᠭ ᠲᠥᠬᠦᠭᠡᠷᠦᠮᠵᠢ ᠤᠭᠰᠠᠷᠠᠬᠤ ᠪᠠ ᠲᠤᠷᠰᠢᠨ ᠲᠣᠬᠢᠷᠠᠭᠤᠯᠵᠤ᠂ 8 | ᠰᠠᠷ᠎ᠠ ᠳᠤ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠢ ᠪᠦᠬᠦᠨ ᠢ | ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 350 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠵᠢᠯ ᠤᠨ ᠭᠠᠶᠢᠯᠢ ᠶᠢᠨ ᠣᠷᠣᠯᠭ᠎ᠠ ᠶᠢ 10 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 7000 ︱ 8000 ᠬᠥᠮᠥᠨ ᠳᠤ ᠰᠢᠨ᠎ᠡ ᠪᠠᠷ ᠠᠵᠢᠯ ᠣᠯᠭᠤᠨ᠎ᠠ᠃ |