ᠠᠵᠤ ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 31 ᠤ | ᠡᠳᠦᠷ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠦᠩᠬᠡᠵᠢᠯ | ᠵᠠᠮ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠣᠭᠤᠷᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠪᠠ ᠡᠮᠦᠨ᠎ᠡ ᠲᠡᠭᠦᠷᠭᠡ ᠶᠢᠨ ᠬᠠᠮᠲᠤᠷᠠᠭᠰᠠᠨ ᠬᠤᠷᠰᠢᠶ᠎ᠠ ᠶᠢᠨ ᠵᠢᠶᠠ ᠡᠯ ᠪᠠ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠤᠪᠢᠶᠠᠷᠢ ᠬᠤᠷᠰᠢᠶ᠎ᠠ ᠲᠠᠢ ᠬᠠᠮᠲᠤᠷᠠᠨ᠂ ᠬᠠᠷᠢᠶ᠎ᠠ ᠣᠷᠣᠨ ᠤ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠠᠳᠠᠯ ᠦᠢᠯᠡᠰ ᠴᠣᠭᠴᠠᠯᠠᠬᠤ ᠲᠠᠭᠠᠭᠠᠯᠳᠠᠳᠤ ᠳᠠᠭᠠᠭᠠᠯᠲᠠ ᠶᠢᠨ | ᠵᠢᠭᠡᠯᠡᠯᠭᠡ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠠᠷᠢᠯᠴᠠᠭᠠᠨ ᠤ ᠬᠤᠷᠠᠯ ᠬᠤᠷᠠᠯᠳᠤᠭᠤᠯᠪᠠ᠃ | ᠬᠤᠷᠠᠯ ᠤᠨ ᠠᠬᠤᠢ ᠲᠠᠯᠠᠪᠠᠶ ᠳᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠲᠥᠷᠥ ᠶᠢᠨ ᠪᠣᠳᠣᠯᠭ᠎ᠠ᠂ ᠵᠢᠭᠡᠯᠡᠯᠭᠡ ᠶᠢᠨ ᠲᠥᠷᠥᠯ ᠵᠦᠢᠯ᠂ ᠵᠢᠭᠡᠯᠡᠯᠭᠡ ᠳᠤ ᠬᠡᠷᠡᠭᠰᠡᠬᠦ ᠮᠠᠲ᠋ᠧᠷᠢᠶᠠᠯ ᠵᠢᠴᠢ | ᠵᠢᠭᠡᠯᠡᠯᠭᠡ ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠠᠶᠢᠯᠪᠤᠷᠢᠯᠠᠪᠠ᠃ ᠮᠦᠩᠬᠡᠵᠢᠯ ᠵᠠᠮ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠭᠠᠵᠠᠷ ᠠᠵᠤ ᠠᠬᠤᠶᠢᠯᠠᠯ ᠪᠠᠩᠬᠢ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠠᠰᠠᠭᠤᠨ ᠯᠠᠪᠯᠠᠵᠤ᠂ ᠲᠤᠬᠠᠢ ᠶᠢᠨ ᠲᠠᠯᠠᠪᠤᠷ ᠲᠤ ᠨᠢᠭᠤᠷᠲᠠᠨ ᠭᠠᠷ ᠤᠨ | ᠥᠰᠥᠭ ᠵᠢᠷᠤᠬᠤ ᠶᠢ ᠭᠦᠢᠴᠡᠳᠬᠡᠵᠡᠢ᠃ | ᠲᠣᠰ ᠤᠳᠠᠭᠠᠨ ᠤ ᠬᠤᠷᠠᠯᠳᠤᠭᠠᠨ ᠠᠴᠠ ᠠᠵᠤ ᠠᠬᠤᠶᠢᠯᠠᠯ ᠳᠤ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠠᠵᠤ ᠠᠬᠤᠶᠢᠯᠠᠯ ᠢ ᠬᠠᠪᠰᠤᠷᠤᠨ | ᠵᠢᠭᠡᠯᠡᠯᠭᠡ ᠶᠢᠨ ᠬᠦᠴᠢᠷᠳᠡᠯ ᠤᠨ ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠲᠠᠷᠠᠭᠠᠴᠢ ᠶᠢᠨ ᠠᠯᠬᠤᠮ ᠳᠤ᠂ ᠴᠢᠩᠱᠠᠨ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠣᠷᠳᠣ ᠬᠤᠭᠤᠴᠠᠭ᠎ᠠ ᠪᠠᠷ ᠵᠣᠯᠭᠠᠭᠤᠯᠵᠤ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠵᠢᠭᠡᠯᠡᠯᠭᠡ ᠶᠢᠨ | ᠲᠠᠯ᠎ᠠ ᠪᠠᠷ ᠬᠢ ᠪᠣᠳᠠᠲᠠᠢ ᠬᠦᠴᠢᠷᠳᠡᠯ ᠢ ᠪᠥᠬᠦ ᠲᠠᠯ᠎ᠠ ᠪᠠᠷ ᠣᠶᠢᠯᠠᠭᠠᠨ᠂ ᠵᠣᠬᠢᠴᠠᠩᠭᠤᠢ ᠵᠢᠭᠡᠯᠡᠯᠭᠡ ᠶᠢᠨ ᠲᠥᠰᠥᠯ | ᠲᠣᠭᠲᠠᠭᠠᠵᠤ᠂ ᠣᠷᠴᠢᠯ ᠵᠢᠭᠡᠯᠡᠯᠭᠡ ᠶᠢᠨ ᠲᠥᠬᠦᠮ ᠨᠥᠬᠦᠴᠡᠯ ᠢ ᠬᠠᠮᠲᠤ ᠪᠠᠷ ᠠᠬᠢᠭᠤᠯᠤᠨ᠂ ᠬᠠᠷᠢᠶ᠎ᠠ ᠣᠷᠣᠨ ᠤ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ | ᠬᠠᠮᠲᠤ ᠪᠠᠷ ᠪᠣᠶ ᠪᠣᠯᠭᠠᠨ᠎ᠠ᠃ | |