ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠠᠩᠬᠠᠳᠠᠭᠴᠢ ᠣᠶᠤᠨᠴᠢ ᠮᠠᠯᠲᠠᠭᠤᠷ ᠮᠠᠰᠢᠨ ᠠᠮᠵᠢᠯᠲᠠ ᠲᠠᠢ ᠬᠤᠯᠪᠤᠭᠠᠯᠠᠨ ᠲᠣᠬᠢᠷᠠᠭᠤᠯᠵᠤ ᠬᠤᠯᠪᠤᠭᠠᠯᠠᠨ ᠲᠤᠷᠰᠢᠪᠠ
ᠨᠡᠶᠢᠲᠡᠯᠡᠭᠰᠡᠨ ᠴᠠᠭ᠄
2023/4/3
      ᠣᠶᠢᠷ᠎ᠠ ᠳᠤ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ  ᠠᠩᠬᠠᠳᠠᠭᠴᠢ ᠣᠶᠤᠨᠲᠤ ᠮᠠᠯᠲᠠᠭᠤᠷ ᠮᠠᠰᠢᠨ EBZ260 ᠶᠢ  ᠠᠮᠵᠢᠯᠲᠠ ᠲᠠᠢ ᠬᠤᠯᠪᠤᠭᠠᠯᠠᠨ ᠲᠣᠬᠢᠷᠠᠭᠤᠯᠵᠤ ᠬᠤᠯᠪᠤᠭᠠᠯᠠᠨ ᠲᠤᠷᠰᠢᠪᠠ᠃      EBZ260 ᠣᠶᠤᠨᠲᠤ ᠮᠠᠯᠲᠠᠭᠤᠷ ᠮᠠᠰᠢᠨ ᠨᠢ ᠴᠠᠬᠢᠯᠭᠠᠨ ᠰᠢᠩᠭᠡᠨ ᠢ ᠡᠵᠡᠮᠳᠡᠬᠦ ᠰᠢᠰᠲ᠋ᠧᠮ᠂ ᠠᠯᠤᠰ ᠠᠴᠠ ᠡᠵᠡᠮᠳᠡᠬᠦ ᠰᠢᠰᠲ᠋ᠧᠮ ᠲᠠᠢ ᠪᠠᠶᠢᠵᠤ᠂ ᠪᠡᠶ᠎ᠡ ᠪᠠᠨ ᠳᠠᠭᠠᠭᠠᠵᠤ ᠠᠶᠠᠯᠠᠯ ᠵᠠᠯᠠᠬᠤ᠂ ᠠᠵᠢᠯ ᠤᠨ ᠪᠠᠶᠢᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠭᠡᠮᠲᠦᠯ ᠢ ᠣᠨᠣᠰᠢᠯᠠᠬᠤ᠂ ᠮᠠᠯᠲᠠᠯᠲᠠ ᠶᠢᠨ ᠠᠵᠢᠯ ᠤᠨ ᠣᠷᠴᠢᠨ ᠲᠣᠭᠤᠷᠢᠨ ᠤ ᠣᠶᠤᠨᠴᠢ ᠬᠢᠨᠠᠨ ᠬᠡᠮᠵᠢᠯᠲᠡ᠂ ᠣᠶᠤᠨᠴᠢ ᠵᠠᠳᠠᠯᠤᠯᠲᠠ ᠵᠡᠷᠭᠡ ᠶᠢ ᠪᠡᠶᠡᠯᠡᠭᠦᠯᠵᠦ᠂ ᠮᠠᠯᠲᠠᠯᠲᠠ ᠶᠢᠨ ᠬᠤᠭᠤᠴᠠᠭᠠᠨ ᠳᠤ ᠭᠤᠳᠤᠮᠵᠢ ᠶᠢᠨ ᠵᠠᠮ ᠳᠤ ᠬᠥᠮᠥᠨ ᠦᠭᠡᠢ ᠪᠤᠶᠤ ᠴᠥᠭᠡᠨ ᠬᠥᠮᠥᠨ ᠠᠵᠢᠯᠯᠠᠵᠤ᠂ ᠠᠵᠢᠯᠴᠢᠨ ᠤ ᠬᠥᠳᠡᠯᠮᠦᠷᠢ ᠶᠢᠨ ᠡᠷᠴᠢᠮ ᠪᠠ ᠠᠶᠤᠯ ᠲᠦᠭᠰᠢᠭᠦᠷᠢ ᠶᠢ ᠪᠠᠭᠠᠰᠬᠠᠵᠤ᠂ ᠠᠭᠤᠷᠬᠠᠢ ᠶᠢᠨ ᠬᠤᠳᠳᠤᠭ ᠤᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃      ᠬᠤᠶᠢᠰᠢᠳᠠ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠳᠠᠰᠤᠷᠠᠯᠳᠠ ᠦᠭᠡᠢ ᠵᠣᠬᠢᠴᠠᠵᠤ᠂ ᠣᠶᠤᠨᠴᠢᠯᠠᠭᠰᠠᠨ ᠲᠤᠨᠤᠭ ᠲᠥᠬᠦᠭᠡᠷᠦᠮᠵᠢ ᠶᠢᠨ ᠪᠠᠶᠢᠭᠤᠯᠤᠯᠲᠠ ᠪᠣᠯᠣᠨ ᠦᠢᠯᠡᠳᠪᠦᠷᠢᠯᠡᠯ ᠤᠨ ᠴᠢᠳᠠᠪᠤᠷᠢ ᠶᠢ ᠢᠳᠡᠪᠬᠢᠲᠡᠢ ᠰᠦᠪᠡᠭᠴᠢᠯᠡᠵᠦ᠂ ᠣᠶᠤᠨᠴᠢᠯᠠᠭᠰᠠᠨ ᠦᠢᠯᠡᠳᠪᠦᠷᠢᠯᠡᠯ ᠤᠨ ᠳᠤᠮᠳᠠᠬᠢ ᠲᠤᠷᠰᠢᠯᠭ᠎ᠠ ᠪᠣᠯᠣᠨ ᠠᠰᠠᠭᠤᠳᠠᠯ ᠢ ᠬᠤᠷᠠᠮᠳᠤᠭᠤᠯᠬᠤ ᠶᠢᠨ ᠬᠠᠮᠲᠤ ᠳ᠋ᠦᠩᠨᠡᠵᠦ᠂ ᠪᠣᠳᠠᠲᠠᠢ ᠳᠤ ᠰᠠᠭᠤᠷᠢᠯᠠᠵᠤ᠂ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号