ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ︽ᠴᠢᠩᠱᠠᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023—2025 ᠣᠨ︶︾᠎ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/30
      ᠴᠢᠩᠱᠠᠨ ᠵᠠᠰᠠᠭ ᠲᠠᠷᠬᠠᠭᠠᠭᠰᠠᠨ〔2023〕5 ᠳ᠋ᠤᠭᠠᠷ ᠲᠣᠭᠠᠲᠤ      ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ︽ᠴᠢᠩᠱᠠᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023—2025 ᠣᠨ︶︾᠎ ᠤᠨ ᠲᠤᠬᠠᠢ ᠮᠡᠳᠡᠭᠳᠡᠯ      ᠲᠤᠭᠤᠷᠢᠭ ᠤᠨ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠲᠤ᠄       ︽ᠴᠢᠩᠱᠠᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023 ︱ 2025 ᠣᠨ︶︾᠎ ᠢ ᠲᠤᠭᠤᠷᠢᠭ ᠎ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ        2023 ᠣᠨ ᠤ 3 ᠰᠠᠷ᠎ᠠ ᠶᠢᠨ 30᠎ ᠤ ᠡᠳᠦᠷ           ᠴᠢᠩᠱᠠᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023—2025 ᠣᠨ︶      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ᠂ ᠲᠠᠪᠤᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ᠂ ᠰᠦᠨ ᠱᠣᠸ ᠴᠧᠩ ᠱᠦᠵᠢ ᠶᠢᠨ ᠪᠤᠭᠤᠲᠤ ᠶᠢᠨ ︽ᠡᠬᠢ ᠰᠤᠷᠪᠤᠯᠵᠢ ᠶᠢ ᠨᠡᠭᠡᠭᠡᠬᠦ︾ ᠪᠠ ︽ᠤᠷᠤᠰᠬᠠᠯ ᠢ ᠠᠷᠪᠢᠯᠠᠬᠤ︾᠎ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠣᠭᠤᠮᠢ ᠶᠢ ᠬᠦᠴᠦᠯᠡᠨ ᠰᠢᠢᠳᠪᠦᠷᠢᠯᠡᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠂ ᠪᠥᠬᠦ ᠲᠤᠭᠤᠷᠢᠭ ᠤᠨ ᠬᠥᠭᠵᠢᠯᠲᠡ ᠶᠢᠨ ᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠤᠭᠤᠳᠬᠤ ᠦᠵᠡᠯ ᠰᠠᠨᠠᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠳᠤ ᠭᠠᠷᠭᠠᠭᠰᠠᠨ ︽ᠨᠢᠭᠡ ᠰᠢᠨ᠎ᠡ  ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠪᠠᠷᠢᠮᠲᠠᠯᠠᠵᠤ᠂ ︽ᠤᠰᠤ ᠪᠠᠷ ᠳᠥᠷᠪᠡ ᠶᠢ ᠲᠣᠭᠲᠠᠭᠠᠬᠤ︾᠎ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ︽ᠰᠢᠢᠳᠪᠦᠷᠢᠯᠡᠬᠦ ᠰᠡᠳᠬᠢᠬᠦᠢ︾᠎ ᠶᠢ ᠲᠣᠭᠲᠠᠭᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠲᠠᠷᠢᠶᠠᠯᠠᠩ᠂ ᠠᠵᠤ ᠦᠢᠯᠡᠳᠪᠦᠷᠢ ᠶᠢᠨ ᠬᠡᠷᠡᠭᠯᠡᠬᠦ ᠤᠰᠤ ᠵᠡᠷᠭᠡ ᠪᠠᠷ ᠭᠤᠣᠯᠳᠠᠯᠭ᠎ᠠ ᠪᠣᠯᠭᠠᠵᠤ᠂ ᠳᠠᠬᠢᠯᠲᠠ ᠤᠰᠤ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠪᠠᠷ ᠭᠠᠷᠳᠠᠴᠠ ᠪᠣᠯᠭᠠᠵᠤ᠂ ᠡᠬᠢ ᠰᠤᠷᠪᠤᠯᠵᠢ ᠶᠢ ᠨᠡᠭᠡᠭᠡᠬᠦ᠂ ᠤᠷᠤᠰᠬᠠᠯ ᠢ ᠠᠷᠪᠢᠯᠠᠬᠤ᠂ ᠳᠠᠯᠳᠠ ᠬᠦᠴᠦᠨ ᠢ ᠠᠭᠤᠳᠠᠯᠬᠤ᠂ ᠲᠠᠬᠢᠨ ᠠᠰᠢᠭᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠰᠤᠨ ᠤ ᠡᠷᠬᠡ᠂ ᠤᠰᠤᠨ ᠤ ᠦᠨ᠎ᠡ ᠵᠡᠷᠭᠡ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠶᠢ ᠭᠦᠨ ᠠᠷᠪᠢᠯᠠᠵᠤ ᠤᠰᠤ ᠶᠢ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃      ︵ᠬᠤᠶᠠᠷ︶ ᠦᠨᠳᠦᠰᠦᠨ ᠵᠠᠷᠴᠢᠮ      ᠨᠢᠭᠡ ᠳᠤ ᠤᠰᠤᠨ ᠤ ᠬᠡᠮᠵᠢᠶ᠎ᠡ ᠶᠢ ᠦᠵᠡᠵᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠨ᠎ᠠ᠃ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠣᠢ ᠶᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ ᠬᠢᠵᠠᠭᠠᠷᠯᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠠᠶᠢᠭᠰᠠᠨ ᠠᠴᠠ ᠨᠢ ᠠᠷᠪᠢᠲᠠᠢ ᠡᠷᠴᠢᠮᠯᠢᠭ ᠬᠡᠯᠪᠡᠷᠢ ᠳᠠᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃       ᠬᠤᠶᠠᠷ ᠲᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠨᠥᠬᠦᠴᠡᠯ᠂ ᠤᠰᠤᠨ ᠤ ᠣᠷᠴᠢᠨ ᠲᠣᠭᠤᠷᠢᠨ ᠤ ᠳᠠᠭᠠᠭᠠᠴᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠳᠠᠬᠢᠯᠲᠠ ᠤᠰᠤ ᠵᠡᠷᠭᠡ ᠡᠯ᠎ᠡ ᠲᠥᠷᠥᠯ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠬᠤᠲᠠ ᠪᠠ ᠬᠥᠳᠡᠭᠡ ᠲᠣᠰᠬᠤᠨ᠂ ᠠᠵᠤ ᠦᠢᠯᠡᠳᠪᠦᠷᠢ ᠪᠠ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢ ᠲᠥᠷᠥᠯ ᠬᠤᠪᠢᠶᠠᠨ ᠠᠬᠢᠭᠤᠯᠤᠨ᠎ᠠ᠃       ᠭᠤᠷᠪᠠ ᠳᠤ᠂ ᠬᠤᠣᠰ ᠴᠢᠭᠯᠡᠯ ᠢᠶᠠᠷ ᠬᠦᠴᠦᠯᠡᠵᠦ᠂ ᠥᠨᠳᠥᠷ ᠪᠦᠲᠦᠮᠵᠢᠲᠡᠢ ᠪᠠᠷ ᠠᠰᠢᠭᠯᠠᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠨ ᠡᠬᠢ ᠪᠠᠶᠠᠯᠢᠭ ᠢ ᠲᠣᠬᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠵᠠᠰᠠᠭ ᠤᠨ ᠣᠷᠳᠣᠨ ᠤ ᠲᠣᠬᠢᠷᠠᠭᠤᠯᠬᠤ ᠪᠠ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠪᠠᠳᠠᠷᠠᠭᠤᠯᠤᠨ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠲᠦᠷᠦ ᠶᠢᠨ ᠪᠣᠳᠣᠯᠭ᠎ᠠ ᠪᠠᠷ ᠪᠦᠲᠦᠮᠵᠢᠲᠡᠶ ᠪᠠᠷ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠬᠦᠴᠦᠲᠡᠢ ᠭᠡᠳᠡᠷᠬᠦ ᠰᠢᠬᠠᠬᠤ ᠠᠷᠪᠢᠲᠠᠢ ᠪᠥᠭᠡᠳ ᠥᠨᠳᠥᠷ ᠪᠦᠲᠦᠮᠵᠢᠲᠡᠶ ᠪᠠᠷ ᠤᠰᠤ ᠬᠡᠷᠡᠭᠯᠡᠬᠦ ᠲᠣᠭᠲᠠᠴᠠ ᠶᠢ ᠪᠠᠶᠢᠭᠤᠯᠤᠨ᠎ᠠ᠃       ᠳᠥᠷᠪᠡ ᠳᠤ ᠪᠦᠬᠦᠯᠢ ᠴᠣᠭᠴᠠ ᠪᠠᠷ ᠨᠢ ᠠᠬᠢᠭᠤᠯᠵᠤ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠨ᠎ᠡ᠃ ᠨᠢᠭᠡᠳᠦᠯᠲᠡᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠪᠠᠶᠢᠷᠢᠰᠢᠭᠤᠯᠵᠤ᠂ ᠤᠰᠤ ᠠᠷᠪᠢᠯᠠᠬᠤ ᠢᠨᠵᠧᠨᠧᠷᠢᠩ᠂ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠪᠠ ᠬᠠᠮᠢᠶ᠎ᠠ ᠪᠦᠬᠦᠢ ᠳᠦᠷᠢᠮ ᠢ ᠢᠵᠢ ᠪᠦᠷᠢᠳᠦᠭᠦᠯᠬᠦ ᠶᠢ ᠬᠠᠮᠵᠢᠯᠴᠠᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠤᠰᠤ ᠬᠡᠷᠡᠭᠯᠡᠬᠦ ᠨᠢᠭᠡᠴᠡ ᠳᠤ ᠠᠩᠬᠠᠷᠤᠯ ᠢᠶᠠᠨ ᠲᠥᠪᠯᠡᠷᠡᠭᠦᠯᠦᠨ᠂ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃      ︵ᠭᠤᠷᠪᠠ︶ ᠬᠠᠷᠠᠯᠲᠠ ᠶᠢᠨ ᠡᠭᠦᠷᠭᠡ      ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠶᠢ ᠳᠡᠰ ᠳᠡᠪᠰᠢᠭᠦᠯᠬᠦ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠤᠰᠤ ᠬᠠᠳᠠᠭᠠᠯᠠᠨ ᠲᠣᠬᠢᠷᠠᠭᠤᠯᠬᠤ ᠢᠨᠵᠧᠨᠧᠷᠢᠩ ᠤᠨ ᠳᠤᠲᠠᠭᠤᠳᠠᠯ ᠢ ᠠᠯᠬᠤᠮ ᠠᠯᠬᠤᠮ ᠢᠶᠠᠷ ᠨᠥᠬᠦᠪᠦᠷᠢᠯᠡᠵᠦ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠬᠢᠭᠡᠳ ᠴᠢᠨᠠᠷ ᠰᠠᠶᠢᠲᠠᠢ ᠬᠥᠭᠵᠢᠯᠲᠡ ᠶᠢ ᠬᠠᠷᠢᠯᠴᠠᠨ ᠵᠣᠬᠢᠴᠠᠭᠤᠯᠤᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃       2023 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠣᠭᠲᠠᠭᠠᠭᠰᠠᠨ ︽ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠲᠤᠬᠠᠢ ᠪᠤᠭᠤᠲᠤ ᠬᠤᠲᠠ ᠶᠢᠨ ᠬᠡᠷᠡᠭᠵᠢᠭᠦᠯᠬᠦ ᠰᠠᠨᠠᠯ︾ ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ᠂ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠤᠨ ᠤᠰᠤ ᠬᠡᠷᠡᠭᠯᠡᠬᠦ ᠳᠤ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠠᠷᠴᠢᠮ ᠶᠣᠰᠣᠭᠠᠷ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠡᠷᠬᠡ ᠶᠢ ᠣᠯᠣᠨ᠎ᠠ᠃       2024 ᠣᠨ ᠳᠤ᠂ ︽ᠪᠤᠭᠤᠲᠤ ᠬᠤᠲᠠ ᠶᠢᠨ ᠤᠰᠤ ᠬᠠᠩᠭᠠᠬᠤ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠣᠲᠣ ᠦᠶ᠎ᠡ ᠶᠢᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠳᠠᠬᠢᠯᠲᠠ ᠤᠰᠤ ᠶᠢ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠤ ᠡᠷᠬᠡ ᠶᠢᠨ ᠳᠦᠷᠢᠮ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠤᠰᠤ ᠬᠡᠷᠡᠭᠯᠡᠬᠦ ᠡᠷᠬᠡ ᠶᠢ ᠡᠷᠭᠢᠯᠳᠦᠭᠦᠯᠬᠦ ᠪᠠ ᠠᠷᠠᠯᠵᠢᠶᠠᠯᠠᠬᠤ ᠶᠢ ᠠᠬᠢᠭᠤᠯᠤᠨ᠎ᠠ᠃       2025 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ ᠰᠢᠨ᠎ᠡ ᠪᠠᠷ ᠨᠡᠮᠡᠭᠳᠡᠭᠰᠡᠨ ᠳᠠᠬᠢᠯᠲᠠ ᠤᠰᠤ ᠶᠢ ᠠᠰᠢᠭᠯᠠᠬᠤ ᠠᠵᠢᠯ ᠢ ᠰᠠᠶᠢᠲᠤᠷ ᠬᠢᠨ᠎ᠡ᠃ ᠬᠠᠷᠢᠶᠠᠯᠠᠯ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠡᠷᠭᠢᠯᠲᠡ ᠨᠢ ᠢᠯᠭᠤᠮ ᠰᠢᠯᠤᠭᠤᠨ᠂ ᠬᠢᠨᠠᠯᠲᠠ ᠬᠠᠮᠢᠶᠠᠷᠤᠯᠲᠠ ᠎ ᠨᠢ ᠪᠦᠲᠦᠮᠵᠢᠲᠡᠶ ᠤᠰᠤ ᠬᠡᠷᠡᠭᠯᠡᠬᠦ ᠡᠷᠬᠡ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠪᠥᠬᠦ ᠲᠤᠭᠤᠷᠢᠭ ᠤᠨ ᠲᠦᠮᠡᠨ ᠲᠥᠭᠦᠷᠢᠭ ᠤᠨ GDP᠎ ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 30%᠎ ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 35%᠎ ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.62᠎ ᠳᠤ ᠬᠦᠷᠦᠭᠦᠯᠵᠦ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠭᠰᠠᠨ ᠬᠤᠬᠢᠷᠠᠯ ᠤᠨ ᠨᠣᠷᠮ᠎ᠠ ᠶᠢ 7%᠎ ᠶᠢᠨ ᠳᠣᠲᠣᠷ᠎ᠠ ᠬᠢᠵᠠᠭᠠᠷᠯᠠᠨ᠎ᠠ᠃     ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠨ᠎ᠠ       1᠂ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠎ᠠ᠃ 2023 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠡᠵᠡᠮᠳᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠷᠠᠯᠲᠠᠲᠤ ᠡᠭᠦᠷᠭᠡ ᠲᠠᠢ ᠤᠶᠠᠯᠳᠤᠭᠤᠯᠤᠨ ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾᠎ ᠶᠢᠨ ᠬᠤᠭᠤᠴᠠᠭᠠᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠲᠣᠳᠣᠷᠬᠠᠶᠢᠯᠠᠵᠤ᠂ ᠠᠮᠢᠳᠤᠷᠠᠯ ᠳᠤ ᠬᠡᠷᠡᠭᠯᠡᠬᠦ ᠤᠰᠤ᠂ ᠠᠮᠢ ᠠᠬᠤᠢ ᠳᠤ ᠬᠡᠷᠡᠭᠰᠡᠬᠦ ᠤᠰᠤ᠂ ᠲᠠᠷᠢᠶᠠᠯᠠᠩ ᠳᠤ ᠬᠡᠷᠡᠭᠯᠡᠬᠦ ᠤᠰᠤ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠠᠵᠢᠯ ᠲᠥᠷᠥᠯ ᠤᠨ ᠤᠰᠤᠨ ᠤ ᠡᠬᠢ ᠰᠤᠷᠪᠤᠯᠵᠢ ᠶᠢ ᠬᠤᠪᠢᠶᠠᠷᠢᠯᠠᠨ ᠡᠵᠡᠮᠳᠡᠬᠦ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠤᠨ᠎ᠠ᠃ 2023 ︱ 2025 ᠣᠨ ᠳᠤ᠂ ︽ᠤᠰᠤ ᠬᠡᠷᠡᠭᠯᠡᠬᠦ ᠳᠤ ᠡᠷᠬᠡ ᠲᠠᠢ ᠪᠠᠶᠢᠬᠤ ᠬᠡᠷᠡᠭᠲᠡᠢ᠂ ᠤᠰᠤ ᠬᠡᠷᠡᠭᠯᠡᠬᠦ ᠳᠤ ᠡᠷᠬᠡ ᠠᠴᠠ ᠪᠠᠨ ᠬᠡᠲᠦᠷᠡᠭᠦᠯᠵᠦ ᠪᠣᠯᠬᠤ ᠦᠭᠡᠢ︾ ᠭᠡᠬᠦ ᠬᠠᠲᠠᠭᠤ ᠴᠢᠨᠠᠷᠲᠠᠢ ᠬᠢᠵᠠᠭᠠᠷᠯᠠᠬᠤ ᠦᠢᠯᠡᠳᠦᠯ ᠢ ᠪᠡᠶᠡᠯᠡᠭᠦᠯᠦᠨ᠎ᠡ᠃ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ᠂ ᠲᠠᠷᠢᠶᠠᠯᠠᠩ ᠪᠠ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠲᠠᠲᠠᠵᠤ ᠬᠡᠷᠡᠭᠯᠡᠬᠦ ᠤᠰᠤᠨ ᠤ ᠲᠥᠷᠥᠯ ᠵᠦᠢᠯ ᠢ ᠠᠳᠠᠯᠢ ᠠᠵᠢᠯ ᠲᠥᠷᠥᠯ ᠤᠨ ᠲᠡᠷᠢᠭᠦᠨ ᠤ ᠤᠰᠤ ᠬᠡᠷᠡᠭᠯᠡᠬᠦ ᠬᠢᠷᠢ ᠬᠡᠮᠵᠢᠶ᠎ᠡ ᠲᠤ ᠬᠦᠷᠦᠭᠦᠯᠵᠦ᠂ ᠤᠰᠤ ᠬᠡᠷᠡᠭᠯᠡᠬᠦ ᠡᠷᠬᠡ ᠶᠢ ᠬᠠᠤᠯᠢ ᠶᠣᠰᠣᠭᠠᠷ ᠣᠯᠬᠤ ᠬᠡᠷᠡᠭᠲᠡᠢ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠎ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶       2᠂ ᠤᠰᠤᠨ ᠤ ᠡᠬᠢ ᠪᠠᠶᠠᠯᠢᠭ  ᠤᠨ ᠨᠤᠲᠠᠯᠠᠯᠲᠠ ᠶᠢ ᠴᠢᠩᠳᠠᠯᠠᠨ᠎ᠠ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠶᠢᠷᠢᠯᠠᠭᠤᠯᠤᠯᠲᠠ ᠨᠢ ᠤᠰᠤᠨ ᠤ ᠡᠬᠢ ᠪᠠᠶᠠᠯᠢᠭ ᠤᠨ ᠨᠥᠬᠦᠴᠡᠯ ᠲᠠᠢ ᠵᠣᠬᠢᠴᠠᠭᠰᠠᠨ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ᠂ ᠤᠢ ᠰᠢᠭᠤᠢ ᠡᠪᠡᠰᠦ ᠪᠡᠯᠴᠢᠭᠡᠷ ᠤᠨ ᠦᠢᠯᠡᠰ᠂ ᠡᠨᠧᠷᠭᠢ ᠶᠢᠨ ᠰᠤᠷᠪᠤᠯᠵᠢ᠂ ᠵᠠᠮ ᠲᠡᠭᠡᠭᠡᠪᠦᠷᠢ᠂ ᠵᠢᠭᠤᠯᠴᠢᠯᠠᠯ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠲᠤᠰᠬᠠᠢ ᠵᠦᠢᠯᠡᠰ ᠤᠨ ᠲᠥᠯᠦᠪᠵᠢᠭᠦᠯᠭᠡ ᠳᠤ ᠬᠤᠯᠪᠣᠭᠳᠠᠵᠤ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠨ᠎ᠡ᠃       ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶       3᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠥᠯᠦᠪᠵᠢᠭᠦᠯᠭᠡ ᠶᠢᠨ ᠶᠣᠰᠣᠭᠠᠷ᠂ ᠴᠢᠩᠱᠠᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠬᠠᠮᠢᠶᠠᠷᠤᠨ ᠡᠵᠡᠮᠳᠡᠬᠦ ᠪᠠ ᠵᠠᠰᠠᠬᠤ ᠠᠷᠭ᠎ᠠ ᠬᠡᠮᠵᠢᠶ᠎ᠡ ᠶᠢᠨ ᠠᠷᠭᠠᠴᠠᠬᠤ ᠪᠣᠳᠣᠯᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠲᠣᠭᠲᠠᠴᠠ ᠶᠢᠨ ᠪᠠᠲᠤᠯᠠᠭ᠎ᠠ ᠵᠡᠷᠭᠡ ᠶᠢ ᠲᠣᠭᠲᠠᠭᠠᠨ᠎ᠠ︔ ᠲᠠᠷᠢᠶᠠᠯᠠᠩ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠠᠮᠢ ᠠᠬᠤᠢ ᠶᠢᠨ ᠣᠷᠴᠢᠨ ᠲᠣᠭᠤᠷᠢᠨ᠂ ᠬᠤᠲᠠ ᠶᠢᠨ ᠶᠠᠪᠤᠳᠠᠯ ᠤᠨ ᠨᠣᠭᠤᠭᠠᠷᠠᠭᠤᠯᠤᠯᠲᠠ ᠵᠡᠷᠭᠡ ᠬᠦᠷᠢᠶ᠎ᠡ ᠴᠠᠷᠠᠭ᠎ᠠ ᠶᠢᠨ ᠤᠰᠤ ᠠᠷᠪᠢᠯᠠᠬᠤ ᠲᠥᠰᠥᠯ ᠢ ᠲᠣᠭᠲᠠᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠥᠯᠦᠪᠵᠢᠭᠦᠯᠭᠡ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ‌‍ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       4᠂ ᠤᠰᠤ ᠶᠢ ᠲᠥᠯᠥᠪᠯᠡᠭᠡ ᠲᠠᠢ ᠪᠠᠷ ᠬᠡᠷᠡᠭᠯᠡᠬᠦ ᠶᠢ ᠴᠢᠩᠭᠠᠳᠬᠠᠨ᠎ᠠ᠃ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠲᠥᠯᠥᠪᠯᠡᠭᠡ ᠶᠢ ᠵᠣᠬᠢᠰᠲᠠᠢ ᠪᠠᠷ ᠬᠢᠨᠠᠨ ᠬᠠᠰᠤᠵᠤ᠂ ᠤᠰᠤ ᠬᠡᠷᠡᠭᠯᠡᠬᠦ ᠲᠥᠯᠥᠪᠯᠡᠭᠡ ᠶᠢ ᠴᠢᠩᠭ᠎ᠠ ᠪᠥᠭᠡᠳ ᠬᠢᠨᠠᠨ ᠲᠣᠭᠲᠠᠭᠠᠵᠤ ᠪᠠᠭᠤᠯᠭᠠᠨ᠎ᠠ᠃ ᠭᠠᠷᠤᠯᠲᠠ ᠪᠠᠨ ᠥᠷᠭᠡᠳᠬᠡᠨ ᠡᠨᠧᠷᠭᠢ ᠪᠠᠨ ᠨᠡᠮᠡᠭᠳᠡᠭᠦᠯᠬᠦ ᠳᠤ ᠬᠤᠯᠪᠣᠭᠳᠠᠬᠤ ᠤᠰᠤ ᠬᠡᠷᠡᠭᠯᠡᠬᠦ ᠲᠥᠯᠥᠪᠯᠡᠭᠡ ᠳᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠤᠶᠤ ᠤᠰᠤᠨ ᠤ ᠵᠦᠢ ᠵᠣᠬᠢᠰᠲᠠᠢ ᠴᠢᠨᠠᠷ ᠤᠨ ᠵᠠᠳᠠᠯᠤᠯᠲᠠ ᠬᠢᠬᠦ ᠶᠢ ᠴᠢᠩᠳᠠᠯᠠᠨ᠎ᠠ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠪᠠ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠲᠣᠭᠲᠠᠭᠰᠠᠨ ᠨᠣᠷᠮ᠎ᠠ ᠎ ᠠᠴᠠ ᠳᠠᠪᠠᠭᠤᠯᠤᠨ ᠲᠥᠯᠥᠪᠯᠡᠭᠡ ᠠᠴᠠ ᠳᠠᠪᠠᠭᠤᠯᠤᠨ ᠤᠰᠤ ᠬᠡᠷᠡᠭᠯᠡᠭᠰᠡᠨ ᠬᠡᠰᠡᠭ ᠢ ᠠᠬᠢᠭᠤᠯᠤᠨ ᠪᠤᠳᠤᠵᠤ ᠦᠨ᠎ᠡ ᠨᠡᠮᠡᠵᠦ ᠤᠰᠤᠨ ᠤ ᠰᠦᠢᠳᠬᠡᠯ ︵ᠭᠠᠶᠢᠯᠢ︶ ᠲᠠᠲᠠᠪᠤᠷᠢᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃       ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶       5᠂ ᠬᠢᠨᠠᠨ ᠬᠡᠮᠵᠢᠯᠲᠡ ᠶᠢ ᠲᠡᠭᠦᠯᠳᠡᠷᠵᠢᠭᠦᠯᠦᠨ᠎ᠡ᠃ 2023 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠰᠠᠭᠤᠭᠠᠯᠢ ᠠᠷᠠᠳ ᠤᠨ ᠪᠤᠰᠤ ᠭᠤᠣᠯᠳᠠᠯᠭ᠎ᠠ ᠲᠠᠢ ᠤᠰᠤ ᠲᠠᠲᠠᠵᠤ ᠬᠡᠷᠡᠭᠯᠡᠬᠦ ᠡᠷᠦᠬᠡ ︵ᠣᠨ ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ 5 ᠲᠦᠮᠡᠨ ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢ︶᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠰᠤ ᠬᠡᠷᠡᠭᠯᠡᠬᠦ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠡᠯᠡᠳᠬᠡᠮᠵᠢ ᠶᠢᠨ ᠤᠭᠰᠠᠷᠠᠯᠲᠠ ᠶᠢ ᠪᠡᠶᠡᠯᠡᠭᠦᠯᠵᠦ᠂ ᠬᠤᠲᠠ ᠶᠢᠨ ᠲᠣᠭᠠᠴᠢᠯᠠᠭᠰᠠᠨ ᠤᠰᠤᠨ ᠤ ᠲᠣᠣᠷ ᠤᠨ ᠰᠢᠰᠲ᠋ᠧᠮ ᠤᠨ ᠵᠠᠯᠭᠠᠨ ᠣᠷᠣᠭᠤᠯᠬᠤ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠲᠠᠷᠢᠶᠠᠯᠠᠩ ᠤᠨ ᠤᠰᠤᠯᠠᠯᠲᠠ ᠳᠤ ︽ᠴᠠᠬᠢᠯᠭᠠᠨ ᠢᠶᠠᠷ ᠤᠰᠤ ᠶᠢ ᠬᠢᠮᠳᠠᠷᠠᠭᠤᠯᠬᠤ︾ ᠬᠡᠮᠵᠢᠯᠲᠡ ᠶᠢ ᠬᠡᠷᠡᠭᠵᠢᠭᠦᠯᠦᠨ᠎ᠡ᠃ 2024 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠲᠤᠭᠤᠷᠢᠭ ᠤᠨ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ 2025 ᠣᠨ ᠳᠤ᠂ ᠵᠢᠯ ᠤᠨ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ 5000 ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢᠬᠢ ᠰᠠᠭᠤᠭᠠᠯᠢ ᠠᠷᠠᠳ ᠤᠨ ᠤᠰᠤ ᠲᠠᠲᠠᠵᠤ ᠬᠡᠷᠡᠭᠯᠡᠬᠦ ᠡᠷᠦᠬᠡ ᠶᠢᠨ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠡᠯᠡᠳᠬᠡᠮᠵᠢ ᠶᠢ ᠤᠭᠰᠠᠷᠠᠬᠤ ᠶᠢ ᠪᠡᠶᠡᠯᠡᠭᠦᠯᠵᠦ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠰᠦᠯᠵᠢᠶᠡᠨ ᠳᠡᠭᠡᠷ᠎ᠡ ᠬᠢᠨᠠᠨ ᠬᠡᠮᠵᠢᠵᠦ ᠬᠢᠨᠠᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠲᠥᠪᠯᠡᠷᠡᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ‌‍ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ︶       ︵ᠬᠤᠶᠠᠷ︶ ᠳᠠᠬᠢᠯᠲᠠ ᠤᠰᠤᠨ ᠤ ᠠᠰᠢᠭᠯᠠᠯᠲᠠ ᠶᠢ ᠴᠢᠩᠭᠠᠳᠬᠠᠨ᠎ᠠ      6᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ ᠪᠠᠶᠢᠭᠠᠳ ᠬᠥᠲᠥᠯᠥᠨ ᠳᠠᠭᠠᠭᠤᠯᠬᠤ ᠶᠢ ᠪᠠᠳᠠᠷᠠᠭᠤᠯᠤᠨ᠎ᠠ᠃ ᠳᠠᠬᠢᠯᠲᠠ ᠤᠰᠤᠨ ᠤ ᠠᠰᠢᠭᠯᠠᠯᠲᠠ ᠶᠢ ᠴᠢᠩᠭᠠᠳᠬᠠᠵᠤ᠂ ᠳᠠᠬᠢᠯᠲᠠ ᠤᠰᠤᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠬᠡᠪᠴᠢᠶ᠎ᠡ ᠶᠢ ᠥᠷᠭᠡᠳᠬᠡᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠣᠷᠴᠢᠯᠳᠤᠭᠤᠯᠤᠨ ᠠᠰᠢᠭᠯᠠᠬᠤ᠂ ᠳᠠᠬᠢᠯᠲᠠ ᠤᠰᠤ ᠶᠢ ᠪᠦᠲᠦᠮᠵᠢᠲᠡᠶ ᠠᠰᠢᠭᠯᠠᠬᠤ ᠵᠡᠷᠭᠡ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠠᠵᠢᠯ ᠢ ᠲᠦᠯᠬᠢᠨ ᠠᠬᠢᠭᠤᠯᠤᠨ᠎ᠠ᠃      ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       7᠂ ᠳᠠᠬᠢᠯᠲᠠ ᠤᠰᠤᠨ ᠤ ᠡᠬᠢ ᠪᠠᠶᠠᠯᠢᠭ ᠢ ᠲᠣᠬᠢᠷᠠᠭᠤᠯᠵᠤ᠂ ᠳᠠᠬᠢᠯᠲᠠ ᠤᠰᠤᠨ ᠬᠤᠭᠤᠯᠠᠢ ᠶᠢᠨ ᠲᠣᠣᠷ ᠢ ᠢᠵᠢ ᠪᠦᠷᠢᠳᠦᠭᠦᠯᠦᠨ᠎ᠡ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠣᠭᠲᠠᠭᠠᠭᠰᠠᠨ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠲᠥᠯᠦᠪᠵᠢᠭᠦᠯᠭᠡ ᠪᠠ ᠳᠠᠬᠢᠯᠲᠠ ᠤᠰᠤ ᠶᠢ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠠᠮᠵᠢᠯᠴᠠᠨ ᠰᠠᠶᠢᠲᠤᠷ ᠬᠡᠷᠡᠭᠵᠢᠭᠦᠯᠵᠦ᠂ ᠦᠯᠡᠳᠡᠭᠡᠯ ᠠᠵᠤ ᠠᠬᠤᠶᠢᠯᠠᠯ ᠤᠨ ᠰᠣᠯᠢᠬᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠳᠠᠬᠢᠯᠲᠠ ᠤᠰᠤ ᠬᠡᠷᠡᠭᠯᠡᠬᠦ ᠶᠢ ᠠᠬᠢᠭᠤᠯᠤᠨ᠂ ᠳᠠᠬᠢᠯᠲᠠ ᠤᠰᠤᠨ ᠤ ᠬᠤᠭᠤᠯᠠᠢ ᠶᠢᠨ ᠲᠣᠣᠷ ᠤᠨ ᠨᠡᠪᠲᠡᠷᠡᠬᠦ ᠨᠣᠷᠮ᠎ᠠ ᠪᠠ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠲᠥᠯᠦᠪᠵᠢᠭᠦᠯᠭᠡ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠠᠬᠢᠯᠲᠠ ᠤᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ ᠲᠠᠢ ᠤᠶᠠᠯᠳᠤᠭᠤᠯᠤᠨ᠂ ᠴᠢᠩᠱᠠᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠣᠭᠤᠭᠠᠷᠠᠭᠤᠯᠤᠯᠲᠠ ᠶᠢᠨ ᠳᠠᠬᠢᠯᠲᠠ ᠤᠰᠤ ᠶᠢ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠮᠠᠨ ᠤ ᠲᠤᠭᠤᠷᠢᠭ ᠤᠨ ᠳᠠᠬᠢᠯᠲᠠ ᠤᠰᠤ ᠶᠢ ᠠᠰᠢᠭᠯᠠᠬᠤ ᠢᠨᠵᠧᠨᠧᠷᠢᠩ ᠤᠨ ᠰᠢᠰᠲ᠋ᠧᠮᠵᠢ ᠶᠢ ᠪᠠᠶᠢᠭᠤᠯᠤᠨ᠎ᠠ᠃       ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶       8᠂ ᠳᠠᠬᠢᠯᠲᠠ ᠤᠰᠤᠨ ᠤ ᠠᠰᠢᠭᠯᠠᠯᠲᠠ ᠶᠢ ᠴᠢᠩᠭᠠᠷᠠᠭᠤᠯᠤᠨ᠎ᠠ᠃ ︽ᠪᠤᠭᠤᠲᠤ ᠬᠤᠲᠠ ᠶᠢᠨ ᠳᠠᠬᠢᠯᠲᠠ ᠤᠰᠤᠨ ᠤ ᠬᠠᠮᠢᠶᠠᠷᠤᠯᠲᠠ ᠶᠢᠨ ᠳᠦᠷᠢᠮ︾᠎ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠲᠥᠷᠥᠯ ᠵᠦᠢᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠶᠢᠨ ᠬᠡᠷᠡᠭᠯᠡᠬᠦ ᠤᠰᠤ ᠶᠢ ᠤᠷᠢᠳᠠᠪᠠᠷ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠵᠤ᠂ ᠳᠠᠬᠢᠯᠲᠠ ᠤᠰᠤ ᠶᠢ ᠠᠰᠢᠭᠯᠠᠬᠤ ᠶᠢ ᠬᠠᠮᠢᠶᠠᠷᠤᠨ ᠡᠵᠡᠮᠳᠡᠬᠦ ᠪᠠ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠳᠠᠬᠢᠯᠲᠠ ᠤᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ ᠤᠨ ᠡᠵᠡᠩᠨᠡᠯᠲᠡ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠡ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠭᠤᠣᠯᠳᠠᠯᠭ᠎ᠠ ᠲᠠᠢ ᠤᠰᠤ ᠬᠡᠷᠡᠭᠯᠡᠬᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠬᠦ ᠶᠢᠨ ᠬᠠᠮᠲᠤ ᠳᠠᠬᠢᠯᠲᠠ ᠤᠰᠤᠨ ᠤ ᠴᠢᠨᠠᠷ ᠢ ᠴᠡᠪᠡᠷᠰᠢᠭᠦᠯᠬᠦ ᠲᠥᠷᠥᠯ ᠵᠦᠢᠯ ᠢ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠴᠢᠨᠠᠷ ᠬᠤᠪᠢᠶᠠᠨ ᠬᠡᠰᠡᠭ ᠬᠤᠪᠢᠶᠠᠨ ᠤᠰᠤ ᠬᠠᠩᠭᠠᠬᠤ ᠶᠢ ᠬᠡᠷᠡᠭᠵᠢᠭᠦᠯᠦᠨ᠎ᠡ᠃ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶᠎ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠠᠲ᠋ᠧᠰ ᠤᠨ ᠨᠡᠷᠡᠨ ᠬᠡᠷᠡᠯᠳᠦ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠤᠰᠤ ᠬᠡᠷᠡᠭᠯᠡᠬᠦ ᠡᠷᠦᠬᠡ ᠠᠵᠤ ᠠᠬᠤᠶᠢᠯᠠᠯ ᠤᠨ ᠳᠠᠬᠢᠯᠲᠠ ᠤᠰᠤ ᠶᠢ ᠰᠣᠯᠢᠬᠤ ᠪᠠ ᠠᠰᠢᠭᠯᠠᠬᠤ ᠶᠢ ᠪᠡᠶᠡᠯᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ‌‍ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶       ︵ᠭᠤᠷᠪᠠ︶ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ       9᠂ ᠪᠣᠬᠢᠷᠲᠤᠯ ᠭᠠᠳᠠᠭᠰᠢᠯᠠᠭᠤᠯᠬᠤ ᠪᠠ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠣᠬᠢᠷᠲᠤᠯ ᠭᠠᠳᠠᠭᠰᠢᠯᠠᠭᠤᠯᠬᠤ᠂ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶ᠎ᠠ ᠪᠦᠬᠦᠢ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠭᠠᠳᠠᠭᠰᠢᠯᠠᠭᠤᠯᠬᠤ᠂ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠣᠯᠪᠠᠯ ᠰᠠᠶ᠋ᠢ ᠬᠤᠲᠠ ᠶᠢᠨ ᠶᠠᠪᠤᠳᠠᠯ ᠤᠨ ᠬᠤᠭᠤᠯᠠᠢ ᠲᠣᠣᠷ ᠲᠤ ᠭᠠᠳᠠᠭᠰᠢᠯᠠᠭᠤᠯᠵᠤ ᠪᠣᠯᠣᠨ᠎ᠠ᠃ ᠤᠰᠤ ᠲᠠᠲᠠᠷᠠᠭᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤᠨ ᠤ ᠤᠰᠤ ᠲᠠᠲᠠᠷᠠᠭᠤᠯᠬᠤ ᠡᠬᠢ ᠡᠭᠦᠰᠦᠯ ᠤᠨ ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠤᠨ᠂ ᠤᠰᠤ ᠲᠠᠲᠠᠷᠠᠭᠤᠯᠬᠤ ᠤᠰᠤᠨ ᠤ ᠴᠢᠨᠠᠷ ᠨᠢ ᠪᠣᠬᠢᠷᠲᠤᠯ ᠭᠠᠳᠠᠭᠰᠢᠯᠠᠭᠤᠯᠬᠤ᠂ ᠤᠰᠤ ᠲᠠᠲᠠᠷᠠᠭᠤᠯᠬᠤ ᠵᠥᠪᠰᠢᠶᠡᠷᠡᠯ ᠤᠨ ᠦᠨᠡᠮᠯᠡᠯ ᠤᠨ ᠱᠠᠭᠠᠷᠳᠠᠯᠭ᠎ᠠ ᠪᠠ ᠳᠣᠣᠷᠠᠳᠤ ᠤᠷᠤᠰᠬᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠤᠷᠠᠨ ᠮᠡᠷᠭᠡᠰᠢᠯ ᠤᠨ ᠱᠠᠭᠠᠷᠳᠠᠯᠭ᠎ᠠ ᠶᠢ ᠬᠠᠮᠲᠤ ᠎ ᠳᠤᠨᠢ ᠬᠠᠩᠭᠠᠨ᠎ᠠ᠃       ︵ᠬᠠᠷᠢᠭᠤᠴᠠᠯᠭᠠᠲᠤ ᠨᠢᠭᠡᠴᠡ᠄ ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶       10᠂ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ᠃ ᠳᠠᠪᠤᠰᠤᠨ ᠤ ᠲᠥᠷᠥᠯ ᠵᠡᠷᠭᠡ ᠶᠢᠨ ᠭᠦᠢᠴᠡᠳᠬᠡᠯ ᠲᠤᠭ᠎ᠠ ᠨᠢ ᠪᠠᠷᠢᠮᠵᠢᠶ᠎ᠠ ᠎ ᠠᠴᠠ ᠬᠡᠲᠦᠷᠡᠭᠰᠡᠨ᠂ ᠪᠣᠬᠢᠷᠲᠤᠯ ᠭᠠᠳᠠᠭᠰᠢᠯᠠᠭᠤᠯᠬᠤ᠂ ᠤᠰᠤ ᠲᠠᠲᠠᠷᠠᠭᠤᠯᠬᠤ ᠵᠥᠪᠰᠢᠶᠡᠷᠡᠯ ᠤᠨ ᠱᠠᠭᠠᠷᠳᠠᠯᠭ᠎ᠠ ᠶᠢ ᠬᠠᠩᠭᠠᠭᠰᠠᠨ ᠦᠭᠡᠢ ᠪᠠ ᠳᠣᠣᠷᠠᠳᠤ ᠤᠷᠤᠰᠬᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠤᠷᠠᠨ ᠮᠡᠷᠭᠡᠰᠢᠯ ᠤᠨ ᠱᠠᠭᠠᠷᠳᠠᠯᠭ᠎ᠠ ᠶᠢ ᠬᠠᠩᠭᠠᠭᠰᠠᠨ ᠦᠭᠡᠢ ᠤᠰᠤ ᠲᠠᠲᠠᠷᠠᠭᠤᠯᠬᠤ ᠠᠵᠤ ᠠᠬᠤᠶᠢᠯᠠᠯ ᠨᠢ ᠬᠠᠶᠠᠭᠳᠠᠮᠠᠯ ᠤᠰᠤ ᠲᠠᠲᠠᠷᠠᠭᠤᠯᠬᠤ ᠶᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠬᠤᠭᠤᠴᠠᠭ᠎ᠠ ᠎ ᠠᠴᠠ ᠬᠡᠲᠤᠷᠡᠵᠤ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠦᠭᠡᠢ ᠪᠤᠶᠤ ᠤᠰᠤ ᠲᠠᠲᠠᠷᠠᠭᠤᠯᠬᠤ ᠤᠰᠤᠨ ᠤ ᠴᠢᠨᠠᠷ ᠨᠢ ᠮᠥᠨ ᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠬᠤᠲᠠ ᠶᠢᠨ ᠶᠠᠪᠤᠳᠠᠯ ᠤᠨ ᠬᠤᠭᠤᠯᠠᠢ ᠲᠣᠣᠷ ᠲᠤ ᠤᠰᠤ ᠲᠠᠲᠠᠷᠠᠭᠤᠯᠬᠤ ᠶᠢ ᠬᠤᠭᠤᠴᠠᠭ᠎ᠠ ᠬᠢᠵᠠᠭᠠᠷᠯᠠᠨ ᠵᠣᠭᠰᠣᠭᠠᠨ᠎ᠠ᠃       ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       ︵ᠳᠥᠷᠪᠡ︶ ᠲᠠᠷᠢᠶᠠᠯᠠᠩ  ᠤᠨ ᠤᠰᠤ ᠠᠷᠪᠢᠯᠠᠵᠤ ᠦᠷ᠎ᠡ ᠠᠰᠢᠭ ᠨᠡᠮᠡᠭᠳᠡᠭᠦᠯᠬᠦ ᠶᠢ ᠴᠢᠩᠭᠠᠷᠠᠭᠤᠯᠤᠨ᠎ᠠ       11᠂ ᠤᠰᠤ ᠠᠷᠪᠢᠯᠠᠬᠤ ᠤᠰᠤᠯᠠᠯᠲᠠ ᠶᠢ ᠶᠡᠬᠡᠪᠡᠷ ᠠᠬᠢᠭᠤᠯᠤᠨ᠎ᠠ᠃ ᠲᠠᠷᠢᠶᠠᠯᠠᠩ ᠤᠨ ᠤᠰᠤ ᠬᠡᠷᠡᠭᠯᠡᠬᠦ ᠶᠢ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠪᠠ ᠤᠰᠤ ᠠᠷᠪᠢᠯᠠᠬᠤ ᠢᠨᠵᠧᠨᠧᠷᠢᠩ ᠤᠨ ᠥᠭᠡᠷᠡᠴᠢᠯᠡᠯᠲᠡ ᠶᠢ ᠳᠡᠯᠭᠡᠷᠡᠭᠦᠯᠦᠨ᠎ᠡ᠃ ᠬᠡᠮᠵᠢᠯᠲᠡ ᠪᠠᠷ ᠬᠢᠨᠠᠨ ᠡᠵᠡᠮᠳᠡᠬᠦ ᠵᠡᠷᠭᠡ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ᠂ ᠤᠰᠤ ᠬᠡᠷᠡᠭᠯᠡᠬᠦ ᠬᠡᠮᠵᠢᠶ᠎ᠡ ᠪᠠ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠲᠡᠯ᠎ᠡ ᠮᠠᠯᠲᠠᠭᠰᠠᠨ ᠭᠠᠵᠠᠷ ᠣᠷᠣᠨ ᠳᠤ ᠤᠰᠤᠯᠠᠯᠲᠠ ᠶᠢᠨ ᠲᠠᠯᠠᠪᠠᠢ ᠶᠢ ᠥᠷᠭᠡᠳᠬᠡᠬᠦ ᠶᠢ ᠴᠢᠩᠭ᠎ᠠ ᠴᠠᠭᠠᠵᠠᠯᠠᠨ᠎ᠠ᠃ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠠᠭᠤᠷᠠᠢ ᠲᠠᠷᠢᠶᠠᠯᠠᠩ ᠢ ᠬᠥᠭᠵᠢᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ︶       12᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠶᠢ ᠪᠡᠶᠡᠯᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢᠨ ᠠᠷᠠᠯᠵᠢᠶ᠎ᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠤᠰᠤᠯᠠᠯᠲᠠ ᠶᠢᠨ ᠬᠡᠮᠵᠢᠯᠲᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠨᠤᠷᠮ᠎ᠠ ᠲᠣᠭᠲᠠᠭᠠᠨ ᠬᠠᠮᠢᠶᠠᠷᠬᠤ ᠪᠠ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠶᠢ ᠬᠡᠷᠡᠭᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠳᠤ ᠨᠠᠷᠢᠯᠢᠭ ᠤᠨᠤᠪᠴᠢᠲᠠᠢ ᠢᠶᠠᠷ ᠨᠥᠬᠦᠪᠦᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ ᠪᠠᠶᠢᠭᠤᠯᠵᠤ᠂ ᠲᠠᠷᠢᠶᠠᠴᠢᠳ ᠤᠨ ᠤᠰᠤ ᠠᠷᠪᠢᠯᠠᠬᠤ ᠢᠳᠡᠪᠬᠢᠵᠢᠯ ᠢ ᠲᠠᠶᠢᠴᠢᠯᠠᠨ᠂ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠤᠨ᠎ᠠ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ︶      ︵ᠲᠠᠪᠤ︶ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ       13᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠰᠤ ᠠᠷᠪᠢᠯᠠᠬᠤ ᠶᠢ ᠴᠢᠩᠭᠠᠷᠠᠭᠤᠯᠤᠨ᠎ᠠ᠃ ᠪᠥᠬᠦ ᠲᠤᠭᠤᠷᠢᠭ ᠤᠨ ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠬᠡᠷᠡᠭᠯᠡᠬᠦ ᠶᠢ ᠣᠨᠣᠰᠢᠯᠠᠵᠤ ᠦᠨᠡᠯᠡᠨ ᠵᠢᠱᠢᠬᠦ ᠶᠢ ᠥᠷᠨᠢᠭᠦᠯᠵᠦ᠂ ᠢᠯᠴᠢ ᠶᠢᠨ ᠴᠠᠬᠢᠯᠭᠠᠨ᠂ ᠬᠡᠷᠡᠯ ᠴᠡᠨᠡᠭ ᠤᠨ ᠮᠠᠲ᠋ᠧᠷᠢᠶᠠᠯ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠬᠤ ᠶᠢ ᠬᠠᠮᠢᠶᠠᠷᠬᠤ ᠪᠠ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠬᠠᠷᠠᠯᠲᠠ ᠶᠢ ᠪᠡᠶᠡᠯᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       14᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠲᠦᠰᠢᠭᠯᠡᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ᠂ ᠤᠰᠤ ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠴᠢᠨᠠᠷ ᠬᠤᠪᠢᠶᠠᠨ ᠤᠰᠤ ᠬᠠᠩᠭᠠᠬᠤ᠂ ᠡᠷᠭᠢᠯᠳᠦᠭᠦᠯᠦᠨ ᠠᠰᠢᠭᠯᠠᠬᠤ᠂ ᠬᠦᠷᠢᠶᠡᠯᠡᠩ ᠲᠣᠭᠤᠷᠢᠭ ᠤᠨ ᠤᠰᠤ ᠬᠡᠷᠡᠭᠯᠡᠬᠦ ᠶᠢ ᠥᠨᠳᠥᠷ ᠦᠷ᠎ᠡ ᠪᠦᠲᠦᠮᠵᠢᠲᠡᠶ ᠡᠷᠭᠢᠯᠳᠦᠭᠦᠯᠦᠨ ᠠᠰᠢᠭᠯᠠᠬᠤ ᠰᠢᠰᠲ᠋ᠧᠮᠵᠢ ᠶᠢ ᠲᠥᠪᠯᠡᠷᠡᠭᠦᠯᠦᠨ ᠰᠢᠯᠢᠳᠡᠭᠵᠢᠭᠦᠯᠬᠦ ᠶᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ᠂ ᠴᠡᠴᠡᠷᠯᠢᠭ ᠲᠤ ᠰᠠᠭᠤᠭ᠎ᠠ ᠠᠵᠤ ᠠᠬᠤᠶᠢᠯᠠᠯ ᠬᠢᠭᠡᠳ ᠬᠤᠲᠠ ᠶᠢᠨ ᠶᠠᠪᠤᠳᠠᠯ ᠤᠨ ᠳᠠᠬᠢᠯᠲᠠ ᠤᠰᠤᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠬᠤᠭᠤᠯᠠᠢ ᠲᠣᠣᠷ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠤᠰᠤ ᠬᠡᠷᠡᠭᠯᠡᠬᠦ ᠪᠠᠷᠢᠮᠵᠢᠶ᠎ᠠ ᠶᠢ ᠵᠣᠯᠭᠠᠭᠤᠯᠵᠤ᠂ ᠠᠵᠤ ᠦᠢᠯᠡᠳᠪᠦᠷᠢ ᠶᠢᠨ ᠳᠠᠬᠢᠯᠲᠠ ᠤᠰᠤᠨ ᠤ ᠠᠰᠢᠭᠯᠠᠯᠲᠠ ᠶᠢ ᠠᠬᠢᠭᠤᠯᠤᠨ᠎ᠠ᠃       ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       15᠂ ᠤᠰᠤ ᠠᠷᠪᠢᠯᠠᠬᠤ ᠤᠰᠤᠨ ᠤ ᠠᠰᠢᠭᠯᠠᠮᠵᠢ ᠶᠢᠨ ᠵᠢᠱᠢᠶ᠎ᠡ ᠦᠵᠡᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠰᠤᠨ ᠤ ᠠᠰᠢᠭᠯᠠᠮᠵᠢ ᠶᠢ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ᠂ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠪᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ᠃ 2024 ᠣᠨ ᠎ ᠠᠴᠠ ᠡᠮᠦᠨ᠎ᠡ᠂ ᠪᠥᠬᠦ  ᠲᠤᠭᠤᠷᠢᠭ ᠤᠨ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠪᠦᠬᠦᠨ ᠢᠶᠠᠷ ᠢᠶᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠤᠨ᠎ᠠ︔ 2025 ᠣᠨ ᠎ ᠠᠴᠠ ᠡᠮᠦᠨ᠎ᠡ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       ︵ᠵᠢᠷᠭᠤᠭ᠎ᠠ︶ ᠤᠰᠤ ᠠᠷᠪᠢᠯᠠᠬᠤ  ᠮᠠᠶ᠋ᠢᠭ ᠤᠨ ᠬᠤᠳᠠ ᠶᠢ ᠪᠦᠲᠦᠭᠡᠨ ᠪᠠᠶᠢᠭᠤᠯᠤᠨ᠎ᠠ       16᠂ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠶᠢᠨ ᠤᠰᠤ ᠠᠷᠪᠢᠯᠠᠬᠤ ᠶᠢ ᠠᠬᠢᠭᠤᠯᠤᠨ᠎ᠠ᠃ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠤᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠤᠰᠤ ᠠᠷᠪᠢᠯᠠᠬᠤ ᠶᠢ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠤᠰᠤ ᠠᠷᠪᠢᠯᠠᠬᠤ ᠶᠢ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠤᠨ᠎ᠠ᠃ ᠣᠯᠠᠨ ᠨᠡᠶᠢᠲᠡ ᠶᠢᠨ ᠪᠠᠷᠢᠯᠭ᠎ᠠ ᠳᠤ ᠤᠰᠤ ᠠᠷᠪᠢᠯᠠᠬᠤ ᠪᠠᠭᠠᠵᠢ ᠬᠡᠷᠡᠭᠰᠡᠯ ᠢ ᠢᠵᠢ ᠪᠦᠷᠢᠳᠦᠭᠦᠯᠦᠨ ᠬᠡᠷᠡᠭᠯᠡᠬᠦ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠨᠢ ᠤᠰᠤ ᠠᠷᠪᠢᠯᠠᠬᠤ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠤᠰᠤ ᠠᠷᠪᠢᠯᠠᠬᠤ ᠪᠡᠯᠡᠳᠬᠡᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠪᠠᠷᠢᠯᠭ᠎ᠠ ᠶᠢᠨ ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠤᠨ ᠲᠦᠭᠡᠮᠡᠯᠵᠢᠭᠰᠡᠨ ᠨᠣᠷᠮ᠎ᠠ ᠶᠢ 100%᠎ ᠲᠤ ᠬᠦᠷᠦᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠤᠰᠤ ᠠᠷᠪᠢᠯᠠᠬᠤ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ ᠳᠡᠯᠭᠡᠷᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶       17᠂ ᠤᠰᠤ ᠠᠷᠪᠢᠯᠠᠬᠤ ᠵᠠᠬ᠎ᠠ ᠳᠡᠯᠭᠡᠭᠦᠷ ᠢ ᠴᠢᠩᠭ᠎ᠠ ᠵᠢᠷᠤᠮᠵᠢᠭᠤᠯᠤᠨ᠎ᠠ᠃ ᠤᠰᠤ ᠠᠷᠪᠢᠯᠠᠬᠤ ᠦᠢᠯᠡᠳᠬᠦᠨ ᠎ ᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ ᠢ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠪᠠᠷᠢᠮᠵᠢᠶ᠎ᠠ ᠲᠤ ᠨᠡᠶᠢᠴᠡᠬᠦ ᠦᠭᠡᠢ ᠤᠰᠤ ᠬᠡᠷᠡᠭᠯᠡᠬᠦ ᠪᠠᠭᠠᠵᠢ ᠬᠡᠷᠡᠭᠰᠡᠯ ᠦᠢᠯᠡᠳᠪᠦᠷᠢᠯᠡᠬᠦ᠂ ᠪᠣᠷᠣᠯᠠᠭᠤᠯᠬᠤ ᠶᠢ ᠴᠠᠭᠠᠵᠠᠯᠠᠵᠤ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠤᠨ ᠰᠤᠭᠤᠴᠠᠨ ᠪᠠᠶᠢᠴᠠᠭᠠᠬᠤ ᠪᠦᠷᠬᠦᠴᠡ ᠶᠢᠨ ᠨᠤᠷᠮ᠎ᠠ ᠶᠢ 80%᠎ ᠠᠴᠠ ᠳᠡᠭᠡᠭᠰᠢ ᠬᠦᠷᠦᠭᠦᠯᠵᠦ᠂ ᠤᠰᠤ ᠬᠡᠷᠡᠭᠯᠡᠬᠦ ᠪᠠᠭᠠᠵᠢ ᠬᠡᠷᠡᠭᠰᠡᠯ ᠬᠤᠳᠠᠯᠳᠤᠬᠤ ᠲᠤ ᠤᠰᠤ ᠠᠷᠪᠢᠯᠠᠬᠤ ᠮᠠᠶ᠋ᠢᠭ ᠤᠨ ᠪᠠᠭᠠᠵᠢ ᠬᠡᠷᠡᠭᠰᠡᠯ ᠤᠨ ᠡᠵᠡᠯᠡᠬᠦ ᠬᠠᠷᠢᠴᠠᠯ ᠢ 100%᠎ ᠲᠤ ᠬᠦᠷᠦᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶       18᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠬᠡᠷᠡᠭᠯᠡᠬᠦ ᠤᠰᠤ ᠶᠢ ᠲᠤᠰᠬᠠᠢ ᠵᠦᠢᠯ  ᠢᠶᠠᠷ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠬᠢᠶᠠᠯᠭ᠎ᠠ᠂ ᠲᠡᠷᠭᠡ ᠤᠬᠢᠶᠠᠬᠤ᠂ ᠤᠬᠢᠶᠠᠯᠭ᠎ᠠ᠂ ᠵᠣᠴᠢᠳ ᠤᠨ ᠪᠠᠭᠤᠳᠠᠯ ᠵᠡᠷᠭᠡ ᠦᠢᠯᠡᠴᠢᠯᠡᠭᠡᠨ ᠤ ᠦᠢᠯᠡᠰ ᠤᠳ ᠤᠰᠤ ᠠᠷᠪᠢᠯᠠᠬᠤ ᠪᠠᠭᠠᠵᠢ ᠬᠡᠷᠡᠭᠰᠡᠯ ᠲᠥᠬᠦᠭᠡᠷᠦᠮᠵᠢ ᠤᠭᠰᠠᠷᠠᠬᠤ ᠬᠡᠷᠡᠭᠲᠡᠢ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠲᠤ ᠵᠦᠷᠢᠶᠡᠴᠢᠯᠡᠭᠰᠡᠨ ᠤᠰᠤᠨ ᠤ ᠦᠨ᠎ᠡ ᠶᠢ ᠬᠡᠷᠡᠭᠵᠢᠭᠦᠯᠵᠦ᠂ ᠤᠰᠤ ᠪᠠᠭ᠎ᠠ ᠬᠤᠷᠣᠭᠳᠠᠭᠤᠯᠬᠤ᠂ ᠤᠰᠤ ᠶᠢ ᠡᠷᠭᠢᠯᠳᠦᠭᠦᠯᠦᠨ ᠬᠡᠷᠡᠭᠯᠡᠬᠦ ᠵᠡᠷᠭᠡ ᠤᠰᠤ ᠠᠷᠪᠢᠯᠠᠬᠤ ᠮᠡᠷᠭᠡᠵᠢᠯ᠂ ᠲᠥᠬᠦᠭᠡᠷᠦᠮᠵᠢ ᠪᠡᠯᠡᠳᠬᠡᠮᠵᠢ ᠶᠢ ᠬᠡᠷᠡᠭᠯᠡᠬᠦ ᠶᠢ ᠠᠬᠢᠭᠤᠯᠵᠤ᠂ ᠳᠠᠬᠢᠯᠲᠠ ᠤᠰᠤ᠂ ᠪᠣᠷᠣᠭᠠᠨ ᠤ ᠤᠰᠤ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠬᠡᠷᠡᠭᠯᠡᠬᠦ ᠶᠢ ᠵᠣᠷᠢᠭᠵᠢᠭᠤᠯᠤᠨ᠎ᠠ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶       19᠂ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠬᠤ ᠶᠢ  ᠪᠠᠭᠠᠰᠬᠠᠨ᠎ᠠ᠃ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠬᠠᠩᠭᠠᠬᠤ ᠬᠤᠭᠤᠯᠠᠢ ᠶᠢᠨ ᠲᠣᠣᠷ ᠢ ᠲᠣᠥᠷᠵᠢᠭᠤᠯᠬᠤ᠂ ᠨᠠᠷᠢᠯᠢᠭᠵᠢᠭᠤᠯᠬᠤ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠥᠬᠦ ᠲᠤᠭᠤᠷᠢᠭ ᠤᠨ ᠤᠰᠤ ᠠᠷᠪᠢᠯᠠᠬᠤ ᠮᠠᠶ᠋ᠢᠭ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠤᠭᠤᠯᠠᠢ ᠶᠢᠨ ᠲᠣᠣᠷ ᠎ ᠤᠨ ᠭᠤᠭᠤᠵᠢᠭᠳᠠᠵᠤ ᠬᠤᠬᠢᠷᠠᠭᠰᠠᠨ ᠢ ᠬᠢᠵᠠᠭᠠᠷᠯᠠᠨ ᠰᠢᠨᠡᠳᠬᠡᠨ ᠥᠭᠡᠷᠡᠴᠢᠯᠡᠬᠦ᠂ ᠬᠠᠭᠤᠴᠢᠷᠠᠭᠰᠠᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠭᠳᠠᠵᠤ ᠬᠤᠬᠢᠷᠠᠭᠰᠠᠨ ᠢ ᠬᠢᠵᠠᠭᠠᠷᠯᠠᠨ ᠬᠢᠵᠠᠭᠠᠷᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶       20᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠰᠤ ᠠᠷᠪᠢᠯᠠᠬᠤ ᠶᠢ ᠬᠠᠶᠢᠮᠢᠶᠠᠨ ᠬᠤᠲᠠ ᠪᠠ ᠬᠤᠲᠠ ᠶᠢᠨ ᠰᠢᠨᠡᠳᠬᠡᠯᠲᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠥᠭᠡᠷᠡᠴᠢᠯᠡᠨ ᠥᠷᠭᠡᠳᠬᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠠᠷᠪᠢᠯᠠᠬᠤ ᠪᠡᠯᠡᠳᠬᠡᠮᠵᠢ ᠶᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠭᠤᠣᠯ ᠴᠣᠭᠴᠠᠲᠤ ᠪᠠᠷᠢᠯᠭ᠎ᠠ ᠯᠤᠭ᠎ᠠ ᠵᠡᠷᠭᠡᠪᠡᠷ ᠵᠢᠷᠤᠭᠯᠠᠨ ᠲᠥᠯᠥᠪᠯᠡᠬᠦ᠂ ᠵᠡᠷᠭᠡᠪᠡᠷ ᠪᠠᠷᠢᠯᠭ᠎ᠠ ᠪᠠᠷᠢᠬᠤ᠂ ᠵᠡᠷᠭᠡᠪᠡᠷ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ᠃ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠵᠢᠵᠢᠭ ᠲᠣᠭᠤᠷᠢᠭ᠂ ᠬᠤᠳᠠ ᠶᠢᠨ ᠶᠠᠪᠤᠳᠠᠯ ᠤᠨ ᠵᠠᠮ᠂ ᠨᠣᠭᠤᠭᠠᠨ ᠭᠠᠵᠠᠷ ᠤᠨ ᠦᠵᠡᠮᠵᠢ ᠵᠡᠷᠭᠡ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠵᠤ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠠᠵᠢᠯ ᠢ ᠳᠣᠷᠣᠭᠰᠢᠯᠠᠭᠤᠯᠵᠤ ᠤᠰᠤ ᠵᠠᠯᠠᠬᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠲᠤᠬᠠᠢ ᠶᠢᠨ ᠭᠠᠵᠠᠷ ᠲᠤᠨᠢ ᠰᠢᠩᠭᠡᠬᠡᠨ ᠠᠰᠢᠭᠯᠠᠬᠤ ᠶᠢ ᠪᠡᠶᠡᠯᠡᠭᠦᠯᠦᠨ᠎ᠡ᠃ ᠪᠤᠭᠤᠲᠤ ᠬᠤᠲᠠ ᠶᠢᠨ ᠬᠠᠶᠢᠮᠢᠶᠠᠨ ᠬᠤᠲᠠ ᠪᠠᠶᠢᠭᠤᠯᠬᠤ ᠪᠠᠷ ᠮᠡᠳᠡᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠬᠠᠮᠵᠢᠯᠴᠠᠨ ᠪᠡᠶᠡᠯᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       ︵ᠲᠤᠯᠤᠭ᠎ᠠ︶ ᠤᠰᠤ ᠬᠡᠷᠡᠭᠯᠡᠬᠦ ᠥᠢᠯᠡ ᠠᠵᠢᠯᠯᠠᠭ᠎ᠠ ᠶᠢ ᠵᠠᠰᠠᠬᠤ ᠶᠢ ᠵᠢᠷᠤᠮᠵᠢᠭᠤᠯᠤᠨ᠎ᠠ      21᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠤᠰᠤ ᠲᠠᠲᠠᠵᠤ ᠬᠡᠷᠡᠭᠯᠡᠬᠦ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠱᠠᠭᠠᠷᠳᠠᠯᠭ᠎ᠠ ᠪᠠ ᠴᠠᠭ ᠤᠨ ᠬᠢᠵᠠᠭᠠᠷ ᠶᠣᠰᠣᠭᠠᠷ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠬᠠᠮᠵᠢᠯᠴᠠᠨ ᠪᠡᠶᠡᠯᠡᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       ︵ᠨᠠᠢᠮᠠ︶ ᠤᠰᠤ ᠬᠡᠷᠡᠭᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ       22᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠠᠰᠢᠭᠯᠠᠨ᠎ᠠ᠃ ︽ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾᠂ ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠵᠦᠢ ᠵᠣᠬᠢᠰᠲᠠᠢ ᠠᠰᠢᠭᠯᠠᠨ ᠤᠰᠤᠨ ᠤ ᠡᠬᠢ ᠪᠠᠶᠠᠯᠢᠭ ᠢ ᠴᠢᠩᠭ᠎ᠠ ᠬᠠᠮᠢᠶᠠᠷᠤᠨ ᠡᠵᠡᠮᠳᠡᠬᠦ᠂ ᠠᠷᠪᠢᠲᠠᠢ ᠡᠷᠴᠢᠮᠯᠢᠭ ᠠᠰᠢᠭᠯᠠᠬᠤ᠂ ᠪᠣᠬᠢᠷ ᠤᠰᠤ ᠶᠢ ᠭᠠᠳᠠᠭᠰᠢᠯᠠᠭᠤᠯᠬᠤ ᠵᠢᠴᠢ ᠰᠢᠢᠳᠪᠦᠷᠢᠯᠡᠵᠦ ᠪᠤᠴᠠᠭᠠᠨ ᠬᠡᠷᠡᠭᠯᠡᠬᠦ᠂ ᠤᠰᠤᠨ ᠤ ᠢᠨᠵᠧᠨᠧᠷᠢᠩ ᠤᠨ ᠪᠡᠯᠡᠳᠬᠡᠮᠵᠢ ᠶᠢ ᠬᠠᠮᠢᠶᠠᠷᠬᠤ ᠵᠡᠷᠭᠡ ᠠᠵᠢᠯ ᠢ ᠥᠷᠨᠢᠭᠦᠯᠦᠨ᠎ᠡ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ ᠠᠬᠤᠢ  ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶       23᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠪᠠ ᠲᠣᠳᠣᠷᠬᠠᠢ ᠪᠣᠯᠭᠠᠬᠤ ᠶᠢ ᠪᠡᠶᠡᠯᠡᠭᠦᠯᠵᠦ᠂ ᠤᠰᠤ ᠬᠡᠷᠡᠭᠯᠡᠬᠦ ᠡᠷᠦᠬᠡ ᠶᠢᠨ ᠤᠰᠤᠨ ᠤ ᠡᠷᠬᠡ ᠶᠢ ᠠᠷᠠᠯᠵᠢᠶᠠᠯᠠᠬᠤ ᠶᠢ ᠥᠷᠨᠢᠭᠦᠯᠦᠨ᠂ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠤᠨ ᠤᠰᠤ ᠬᠡᠷᠡᠭᠯᠡᠬᠦ ᠳᠤ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠠᠷᠴᠢᠮ ᠶᠣᠰᠣᠭᠠᠷ ᠤᠰᠤ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠣᠯᠭᠤᠨ᠎ᠠ᠃ ᠤᠰᠤ ᠬᠡᠷᠡᠭᠯᠡᠬᠦ ᠡᠷᠦᠬᠡ ᠶᠢᠨ ᠤᠰᠤ ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ ᠤᠰᠤ ᠬᠡᠷᠡᠭᠯᠡᠬᠦ ᠡᠷᠦᠬᠡ ᠶᠢᠨ ᠬᠠᠤᠯᠢ ᠶᠣᠰᠣᠨ ᠤ ᠤᠰᠤ ᠬᠡᠷᠡᠭᠯᠡᠬᠦ ᠡᠷᠬᠡ ᠠᠰᠢᠭ ᠢ ᠪᠠᠲᠤᠯᠠᠨ᠎ᠠ᠃ ᠳᠠᠬᠢᠯᠲᠠ ᠤᠰᠤ ᠶᠢ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠪᠠ ᠤᠰᠤᠨ ᠤ ᠡᠷᠬᠡ ᠶᠢ ᠠᠷᠠᠯᠵᠢᠶᠠᠯᠠᠬᠤ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ 2023 ᠣᠨ ᠳᠤ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠦᠢᠯᠡᠳᠪᠦᠷᠢ᠂ ᠲᠠᠷᠢᠶᠠᠯᠠᠩ ᠵᠡᠷᠭᠡ ᠶᠢᠨ ᠤᠰᠤ ᠬᠡᠷᠡᠭᠯᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠲᠣᠳᠣᠷᠬᠠᠢ ᠪᠣᠯᠭᠠᠬᠤ ᠶᠢ ᠪᠡᠶᠡᠯᠡᠭᠦᠯᠵᠦ᠂ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠶᠢ  ᠦᠷᠨᠢᠭᠦᠯᠦᠨ᠎ᠡ︔ 2024 ᠣᠨ ᠳᠤ᠂ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠪᠠ ᠲᠣᠳᠣᠷᠬᠠᠢ ᠪᠣᠯᠭᠠᠬᠤ ᠶᠢ ᠪᠦᠬᠦᠨ ᠢ ᠪᠡᠶᠡᠯᠡᠭᠦᠯᠵᠦ᠂ ᠤᠰᠤ ᠬᠡᠷᠡᠭᠯᠡᠬᠦ ᠡᠷᠬᠡ ᠶᠢ ᠡᠷᠭᠢᠯᠲᠡ ᠳᠤ ᠣᠷᠣᠭᠤᠯᠬᠤ ᠪᠠ ᠠᠷᠠᠯᠵᠢᠶᠠᠯᠠᠬᠤ ᠶᠢ ᠠᠬᠢᠭᠤᠯᠤᠨ᠎ᠠ︔ 2025 ᠣᠨ ᠳᠤ᠂ ᠬᠠᠷᠢᠶᠠᠯᠠᠯ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠡᠷᠭᠢᠯᠲᠡ ᠨᠢ ᠰᠢᠯᠤᠭᠤᠨ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠤᠰᠤ ᠬᠡᠷᠡᠭᠯᠡᠬᠦ ᠡᠷᠬᠡ ᠶᠢᠨ ᠳᠦᠷᠢᠮ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶       24᠂ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠪᠠ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠬᠡᠪ ᠤᠨ ᠪᠤᠰᠤ ᠤᠰᠤᠨ ᠤ ᠠᠰᠢᠭᠯᠠᠯᠲᠠ ᠵᠡᠷᠭᠡ ᠲᠥᠷᠥᠯ ᠵᠦᠢᠯ ᠢ ᠳᠡᠮᠵᠢᠨ᠎ᠡ᠃ ᠭᠤᠣᠯᠳᠠᠯᠭ᠎ᠠ ᠲᠠᠢ ᠤᠰᠤᠨ ᠠᠰᠢᠭᠯᠠᠯᠲᠠ᠂ ᠤᠰᠤ ᠠᠷᠪᠢᠯᠠᠬᠤ᠂ ᠳᠠᠬᠢᠯᠲᠠ ᠤᠰᠤᠨ ᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠳᠤ ᠡᠳ᠋ ᠤᠨ ᠵᠠᠰᠠᠭ ᠤᠨ ᠳᠡᠮᠵᠢᠯᠭᠡ ᠨᠥᠬᠦᠪᠦᠷᠢ ᠶᠢᠨ ᠡᠷᠴᠢᠮ ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠭ᠎ᠠ ᠶᠢᠨ ᠦᠢᠯᠡᠳᠬᠦᠨ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ︽ᠤᠰᠤ ᠠᠷᠪᠢᠯᠠᠬᠤ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠬᠡᠷᠡᠭᠵᠢᠭᠦᠯᠦᠨ᠂ ᠪᠡᠯᠡ ᠣᠷᠣᠭᠤᠯᠤᠨ ᠬᠠᠮᠲᠤᠷᠠᠯᠴᠠᠬᠤ᠂ ᠨᠠᠶᠢᠳᠠᠨ ᠡᠵᠡᠩᠨᠡᠭᠦᠯᠬᠦ ᠪᠠ ᠭᠡᠷ᠎ᠡ ᠪᠠᠷ ᠤᠰᠤ ᠠᠷᠪᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠭᠤᠯᠤᠨ᠎ᠠ᠃       ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ‍ᠤᠨ‌ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠤᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠣᠳᠠᠲᠠᠢ ᠬᠠᠷᠢᠭᠤᠴᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃       ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠬᠦ ᠠᠵᠢᠯ ᠤᠨ ᠶᠣᠰᠣᠭᠠᠷ ᠪᠣᠭᠤᠮᠲᠠ ᠰᠢᠪᠲᠤᠯᠬᠤ ᠠᠵᠢᠯᠯᠠᠭ᠎ᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠡᠭᠦᠯᠳᠡᠷᠵᠢᠭᠦᠯᠦᠨ᠂ ᠪᠠᠲᠤᠯᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠡᠯ᠎ᠡ ᠵᠦᠢᠯ ᠤᠨ ᠰᠢᠪᠲᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃       ︵ᠭᠤᠷᠪᠠ︶ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠎ᠠ᠃ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠣᠬᠢᠷᠠᠭᠤᠯᠤᠨ ᠲᠣᠬᠢᠷᠠᠭᠤᠯᠬᠤ ᠶᠢ ᠰᠢᠯᠢᠳᠡᠭᠵᠢᠭᠦᠯᠦᠨ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠨᠵᠧᠨᠧᠷᠢᠩ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠢᠨᠠᠨ ᠬᠡᠮᠵᠢᠵᠦ ᠬᠢᠨᠠᠨ ᠡᠵᠡᠮᠳᠡᠬᠦ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃       ︵ᠳᠥᠷᠪᠡ︶ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠤᠰᠤᠨ ᠤ ᠡᠷᠬᠡ ᠶᠢᠨ ᠦᠵᠡᠯ ᠤᠬᠠᠮᠰᠠᠷ ᠪᠠ ᠤᠰᠤ ᠠᠷᠪᠢᠯᠠᠬᠤ ᠦᠵᠡᠯ ᠤᠬᠠᠮᠰᠠᠷ ᠤᠨ ᠤᠬᠠᠭᠤᠯᠭ᠎ᠠ ᠶᠢ ᠴᠢᠩᠭᠠᠳᠬᠠᠵᠤ᠂ ᠤᠰᠤ ᠬᠡᠷᠡᠭᠯᠡᠬᠦ ᠤᠯᠠᠮᠵᠢᠯᠠᠯᠲᠤ ᠣᠨᠣᠯᠵᠢᠬᠤᠨ ᠢ ᠬᠤᠪᠢᠷᠠᠭᠤᠯᠤᠨ᠎ᠠ︔ ᠤᠰᠤ ᠬᠡᠷᠡᠭᠯᠡᠬᠦ ᠭᠤᠣᠯ ᠴᠣᠭᠴᠠ ᠶᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ᠂ ᠤᠰᠤ ᠲᠠᠲᠠᠵᠤ ᠬᠡᠷᠡᠭᠯᠡᠬᠦ ᠡᠷᠦᠬᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠤᠰᠤᠨ ᠤ ᠡᠷᠬᠡ ᠶᠢ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠥᠲᠥᠯᠥᠨ ᠵᠢᠯᠣᠭᠤᠳᠤᠨ᠎ᠠ︔ ᠠᠮᠵᠢᠯᠲᠠ ᠲᠠᠢ ᠲᠤᠷᠰᠢᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠤᠰᠤᠨ ᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠡᠪᠴᠢᠶ᠎ᠡ ᠶᠢ ᠲᠠᠰᠤᠷᠠᠯᠲᠠ ᠣᠯᠠᠨ ᠨᠡᠶᠢᠲᠡ ᠳᠤ ᠤᠰᠤᠨ ᠤ ᠬᠠᠤᠯᠢ ᠲᠣᠭᠲᠠᠭᠠᠯ ᠢ ᠤᠬᠠᠭᠤᠯᠵᠤ᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠦᠨ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠪᠠ ᠪᠥᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号