ᠴᠢᠩᠱᠠᠨ ᠵᠠᠰᠠᠭ ᠲᠠᠷᠬᠠᠭᠠᠭᠰᠠᠨ〔2023〕5 ᠳ᠋ᠤᠭᠠᠷ ᠲᠣᠭᠠᠲᠤ | ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ︽ᠴᠢᠩᠱᠠᠨ ᠲᠣᠭᠤᠷᠢᠭ ᠤᠨ ᠤᠰᠤᠨ ᠤ ᠡᠬᠢ | ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠤᠬᠠᠢ ᠭᠤᠷᠪᠠᠨ ᠵᠢᠯ ᠤᠨ ᠪᠣᠭᠤᠮᠲᠠ | ᠰᠢᠪᠲᠤᠯᠬᠤ ᠠᠵᠢᠯᠯᠠᠭ᠎ᠠ ᠶᠢᠨ ᠲᠥᠰᠥᠯ ︵2023—2025 ᠣᠨ︶︾ ᠤᠨ ᠲᠤᠬᠠᠢ ᠮᠡᠳᠡᠭᠳᠡᠯ | ᠲᠤᠭᠤᠷᠢᠭ ᠤᠨ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠲᠤ᠄ | ︽ᠴᠢᠩᠱᠠᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ | ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023 ︱ 2025 ᠣᠨ︶︾ | ᠢ ᠲᠤᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ | 2023 ᠣᠨ ᠤ 3 ᠰᠠᠷ᠎ᠠ ᠶᠢᠨ 30 ᠤ ᠡᠳᠦᠷ | | ᠴᠢᠩᠱᠠᠨ ᠲᠣᠭᠤᠷᠢᠭ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ | ᠠᠬᠢᠭᠤᠯᠬᠤ ᠲᠤᠬᠠᠢ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023—2025 | ᠣᠨ︶ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ᠂ | ᠲᠠᠪᠤᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ᠂ ᠰᠦᠨ ᠱᠣᠸ | ᠴᠧᠩ ᠱᠦᠵᠢ ᠶᠢᠨ ᠪᠤᠭᠤᠲᠤ ᠶᠢᠨ ︽ᠡᠬᠢ ᠰᠤᠷᠪᠤᠯᠵᠢ ᠶᠢ ᠨᠡᠭᠡᠭᠡᠬᠦ︾ ᠪᠠ ︽ᠤᠷᠤᠰᠬᠠᠯ ᠢ ᠠᠷᠪᠢᠯᠠᠬᠤ︾ ᠶᠢ | ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠲᠤᠬᠠᠢ ᠵᠢᠭᠠᠪᠤᠷᠢ ᠶᠢᠨ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠣᠭᠤᠮᠢ ᠶᠢ ᠬᠦᠴᠦᠯᠡᠨ ᠰᠢᠢᠳᠪᠦᠷᠢᠯᠡᠵᠦ᠂ | ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠂ ᠪᠥᠬᠦ ᠲᠤᠭᠤᠷᠢᠭ ᠤᠨ | ᠬᠥᠭᠵᠢᠯᠲᠡ ᠶᠢᠨ ᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠪᠤᠭᠤᠲᠤ ᠳᠤ ᠭᠠᠷᠭᠠᠭᠰᠠᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ | ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ | ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ | ᠵᠠᠰᠠᠬᠤ ᠰᠡᠳᠬᠢᠴᠡ ᠶᠢ ᠪᠠᠷᠢᠮᠲᠠᠯᠠᠵᠤ᠂ ︽ᠤᠰᠤ ᠪᠠᠷ ᠳᠥᠷᠪᠡ ᠶᠢ ᠲᠣᠭᠲᠠᠭᠠᠬᠤ︾ ᠶᠢ ᠪᠠᠷᠢᠮᠲᠠᠯᠠᠵᠤ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠵᠤ᠂ ︽ᠰᠢᠢᠳᠪᠦᠷᠢᠯᠡᠬᠦ ᠰᠡᠳᠬᠢᠬᠦᠢ︾ ᠶᠢ ᠲᠣᠭᠲᠠᠭᠠᠵᠤ᠂ ᠤᠰᠤᠨ ᠤ ᠡᠬᠢ ᠪᠠᠶᠠᠯᠢᠭ ᠤᠨ | ᠳᠠᠭᠠᠭᠠᠴᠠ ᠶᠢᠨ ᠴᠢᠳᠠᠪᠤᠷᠢ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠲᠠᠷᠢᠶᠠᠯᠠᠩ᠂ ᠠᠵᠤ ᠦᠢᠯᠡᠳᠪᠦᠷᠢ ᠶᠢᠨ | ᠬᠡᠷᠡᠭᠯᠡᠬᠦ ᠤᠰᠤ ᠵᠡᠷᠭᠡ ᠪᠠᠷ ᠭᠤᠣᠯᠳᠠᠯᠭ᠎ᠠ ᠪᠣᠯᠭᠠᠵᠤ᠂ ᠳᠠᠬᠢᠯᠲᠠ ᠤᠰᠤ ᠵᠡᠷᠭᠡ ᠬᠡᠪ ᠤᠨ ᠪᠤᠰᠤ ᠤᠰᠤᠨ ᠤ ᠡᠬᠢ | ᠰᠤᠷᠪᠤᠯᠵᠢ ᠶᠢ ᠨᠡᠭᠡᠭᠡᠨ ᠠᠰᠢᠭᠯᠠᠬᠤ ᠪᠠᠷ ᠭᠠᠷᠳᠠᠴᠠ ᠪᠣᠯᠭᠠᠵᠤ᠂ ᠡᠬᠢ ᠰᠤᠷᠪᠤᠯᠵᠢ ᠶᠢ ᠨᠡᠭᠡᠭᠡᠬᠦ᠂ ᠤᠷᠤᠰᠬᠠᠯ ᠢ | ᠠᠷᠪᠢᠯᠠᠬᠤ᠂ ᠳᠠᠯᠳᠠ ᠬᠦᠴᠦᠨ ᠢ ᠠᠭᠤᠳᠠᠯᠬᠤ᠂ ᠲᠠᠬᠢᠨ ᠠᠰᠢᠭᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠤᠰᠤᠨ ᠤ ᠡᠷᠬᠡ᠂ ᠤᠰᠤᠨ ᠤ ᠦᠨ᠎ᠡ ᠵᠡᠷᠭᠡ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠰᠤ ᠶᠢ ᠭᠦᠨ ᠠᠷᠪᠢᠯᠠᠵᠤ ᠤᠰᠤ ᠶᠢ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠨ᠎ᠡ᠃ | ︵ᠬᠤᠶᠠᠷ︶ ᠦᠨᠳᠦᠰᠦᠨ ᠵᠠᠷᠴᠢᠮ | ᠨᠢᠭᠡ ᠳᠤ ᠤᠰᠤᠨ ᠤ ᠬᠡᠮᠵᠢᠶ᠎ᠡ ᠶᠢ ᠦᠵᠡᠵᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠨ᠎ᠠ᠃ ᠤᠰᠤ ᠪᠠᠷ | ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠣᠢ ᠶᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ | ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ | ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ ᠬᠢᠵᠠᠭᠠᠷᠯᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠵᠦᠢ ᠵᠣᠬᠢᠰᠲᠠᠢ | ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ | ᠪᠠᠶᠢᠭᠰᠠᠨ ᠠᠴᠠ ᠨᠢ ᠠᠷᠪᠢᠲᠠᠢ ᠡᠷᠴᠢᠮᠯᠢᠭ ᠬᠡᠯᠪᠡᠷᠢ ᠳᠠᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ | ᠬᠤᠶᠠᠷ ᠲᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠳᠦᠷᠦᠯ ᠬᠤᠪᠢᠶᠠᠨ ᠳᠦᠷᠦ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠤᠰᠤᠨ ᠤ ᠡᠬᠢ ᠪᠠᠶᠠᠯᠢᠭ ᠤᠨ ᠨᠥᠬᠦᠴᠡᠯ᠂ ᠤᠰᠤᠨ ᠤ ᠣᠷᠴᠢᠨ ᠲᠣᠭᠤᠷᠢᠨ ᠤ | ᠳᠠᠭᠠᠭᠠᠴᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠭᠠᠵᠠᠷ | ᠳᠡᠭᠡᠷᠡᠬᠢ ᠤᠰᠤ᠂ ᠭᠠᠵᠠᠷ ᠳᠣᠣᠷᠠᠬᠢ ᠤᠰᠤ᠂ ᠳᠠᠬᠢᠯᠲᠠ ᠤᠰᠤ ᠵᠡᠷᠭᠡ ᠡᠯ᠎ᠡ ᠲᠥᠷᠥᠯ ᠤᠨ ᠤᠰᠤᠨ ᠤ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠬᠤᠲᠠ ᠪᠠ ᠬᠥᠳᠡᠭᠡ ᠲᠣᠰᠬᠤᠨ᠂ ᠠᠵᠤ ᠦᠢᠯᠡᠳᠪᠦᠷᠢ | ᠪᠠ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢ ᠲᠥᠷᠥᠯ ᠬᠤᠪᠢᠶᠠᠨ ᠠᠬᠢᠭᠤᠯᠤᠨ᠎ᠠ᠃ | ᠭᠤᠷᠪᠠ ᠳᠤ᠂ ᠬᠤᠣᠰ ᠴᠢᠭᠯᠡᠯ ᠢᠶᠠᠷ ᠬᠦᠴᠦᠯᠡᠵᠦ᠂ ᠥᠨᠳᠥᠷ ᠪᠦᠲᠦᠮᠵᠢᠲᠡᠢ ᠪᠠᠷ ᠠᠰᠢᠭᠯᠠᠨ᠎ᠠ᠃ ᠵᠠᠬ᠎ᠠ | ᠳᠡᠯᠭᠡᠭᠦᠷ ᠤᠨ ᠲᠣᠭᠲᠠᠴᠠ ᠶᠢ ᠬᠡᠷᠡᠭᠯᠡᠨ ᠡᠬᠢ ᠪᠠᠶᠠᠯᠢᠭ ᠢ ᠲᠣᠬᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠴᠢᠬᠤᠯᠠᠴᠢᠯᠠᠵᠤ᠂ ᠵᠠᠰᠠᠭ ᠤᠨ ᠣᠷᠳᠣᠨ ᠤ ᠲᠣᠬᠢᠷᠠᠭᠤᠯᠬᠤ ᠪᠠ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ | ᠪᠠᠳᠠᠷᠠᠭᠤᠯᠤᠨ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠲᠦᠷᠦ ᠶᠢᠨ ᠪᠣᠳᠣᠯᠭ᠎ᠠ ᠪᠠᠷ ᠪᠦᠲᠦᠮᠵᠢᠲᠡᠶ ᠪᠠᠷ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠬᠦᠴᠦᠲᠡᠢ | ᠭᠡᠳᠡᠷᠬᠦ ᠰᠢᠬᠠᠬᠤ ᠠᠷᠪᠢᠲᠠᠢ ᠪᠥᠭᠡᠳ ᠥᠨᠳᠥᠷ ᠪᠦᠲᠦᠮᠵᠢᠲᠡᠶ ᠪᠠᠷ ᠤᠰᠤ ᠬᠡᠷᠡᠭᠯᠡᠬᠦ ᠲᠣᠭᠲᠠᠴᠠ ᠶᠢ ᠪᠠᠶᠢᠭᠤᠯᠤᠨ᠎ᠠ᠃ | ᠳᠥᠷᠪᠡ ᠳᠤ ᠪᠦᠬᠦᠯᠢ ᠴᠣᠭᠴᠠ ᠪᠠᠷ ᠨᠢ ᠠᠬᠢᠭᠤᠯᠵᠤ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠨ᠎ᠡ᠃ | ᠨᠢᠭᠡᠳᠦᠯᠲᠡᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠪᠠᠶᠢᠷᠢᠰᠢᠭᠤᠯᠵᠤ᠂ ᠤᠰᠤ ᠠᠷᠪᠢᠯᠠᠬᠤ ᠢᠨᠵᠧᠨᠧᠷᠢᠩ᠂ | ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠪᠠ ᠬᠠᠮᠢᠶ᠎ᠠ ᠪᠦᠬᠦᠢ ᠳᠦᠷᠢᠮ ᠢ ᠢᠵᠢ ᠪᠦᠷᠢᠳᠦᠭᠦᠯᠬᠦ ᠶᠢ | ᠬᠠᠮᠵᠢᠯᠴᠠᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠤᠰᠤ | ᠬᠡᠷᠡᠭᠯᠡᠬᠦ ᠨᠢᠭᠡᠴᠡ ᠳᠤ ᠠᠩᠬᠠᠷᠤᠯ ᠢᠶᠠᠨ ᠲᠥᠪᠯᠡᠷᠡᠭᠦᠯᠦᠨ᠂ ᠤᠰᠤ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ ᠢ | ᠳᠡᠭᠡᠭᠰᠢᠯᠡᠭᠦᠯᠦᠨ᠎ᠡ᠃ | ︵ᠭᠤᠷᠪᠠ︶ ᠬᠠᠷᠠᠯᠲᠠ ᠶᠢᠨ ᠡᠭᠦᠷᠭᠡ | ᠭᠤᠷᠪᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠡᠯ᠎ᠡ ᠠᠵᠢᠯ ᠲᠥᠷᠥᠯ ᠤᠨ ᠤᠰᠤ ᠠᠷᠪᠢᠯᠠᠬᠤ ᠶᠢ ᠳᠡᠰ | ᠳᠡᠪᠰᠢᠭᠦᠯᠬᠦ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ | ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠤᠰᠤ ᠬᠠᠳᠠᠭᠠᠯᠠᠨ ᠲᠣᠬᠢᠷᠠᠭᠤᠯᠬᠤ ᠢᠨᠵᠧᠨᠧᠷᠢᠩ ᠤᠨ ᠳᠤᠲᠠᠭᠤᠳᠠᠯ ᠢ | ᠠᠯᠬᠤᠮ ᠠᠯᠬᠤᠮ ᠢᠶᠠᠷ ᠨᠥᠬᠦᠪᠦᠷᠢᠯᠡᠵᠦ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ | ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ | ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ | ᠠᠵᠤ ᠠᠬᠤᠢ ᠨᠡᠶᠢᠭᠡᠮ ᠤᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠤᠰᠤᠨ ᠤ | ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠬᠢᠭᠡᠳ ᠴᠢᠨᠠᠷ ᠰᠠᠶᠢᠲᠠᠢ ᠬᠥᠭᠵᠢᠯᠲᠡ ᠶᠢ ᠬᠠᠷᠢᠯᠴᠠᠨ | ᠵᠣᠬᠢᠴᠠᠭᠤᠯᠤᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | 2023 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠣᠭᠲᠠᠭᠠᠭᠰᠠᠨ ︽ᠤᠰᠤ | ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠲᠤᠬᠠᠢ ᠪᠤᠭᠤᠲᠤ ᠬᠤᠲᠠ ᠶᠢᠨ ᠬᠡᠷᠡᠭᠵᠢᠭᠦᠯᠬᠦ | ᠰᠠᠨᠠᠯ︾ ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠵᠡᠷᠭᠡ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠤᠰᠤ ᠬᠡᠷᠡᠭᠯᠡᠬᠦ ᠡᠷᠬᠡ ᠶᠢᠨ | ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ᠂ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠤᠨ ᠤᠰᠤ ᠬᠡᠷᠡᠭᠯᠡᠬᠦ ᠳᠤ | ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠠᠷᠴᠢᠮ ᠶᠣᠰᠣᠭᠠᠷ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠡᠷᠬᠡ ᠶᠢ | ᠣᠯᠣᠨ᠎ᠠ᠃ | 2024 ᠣᠨ ᠳᠤ᠂ ︽ᠪᠤᠭᠤᠲᠤ ᠬᠤᠲᠠ ᠶᠢᠨ ᠤᠰᠤ ᠬᠠᠩᠭᠠᠬᠤ ᠳᠦᠷᠢᠮ︾ ᠵᠡᠷᠭᠡ ᠪᠢᠴᠢᠭ ᠮᠠᠲ᠋ᠧᠷᠢᠶᠠᠯ ᠢ | ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ | ᠣᠲᠣ ᠦᠶ᠎ᠡ ᠶᠢᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠳᠠᠬᠢᠯᠲᠠ ᠤᠰᠤ ᠶᠢ | ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠤ ᠡᠷᠬᠡ ᠶᠢᠨ ᠳᠦᠷᠢᠮ ᠤᠨ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠵᠤ᠂ ᠤᠰᠤ ᠬᠡᠷᠡᠭᠯᠡᠬᠦ ᠡᠷᠬᠡ ᠶᠢ ᠡᠷᠭᠢᠯᠳᠦᠭᠦᠯᠬᠦ ᠪᠠ ᠠᠷᠠᠯᠵᠢᠶᠠᠯᠠᠬᠤ ᠶᠢ ᠠᠬᠢᠭᠤᠯᠤᠨ᠎ᠠ᠃ | | 2025 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ | ᠶᠣᠰᠣᠭᠠᠷ ᠰᠢᠨ᠎ᠡ ᠪᠠᠷ ᠨᠡᠮᠡᠭᠳᠡᠭᠰᠡᠨ ᠳᠠᠬᠢᠯᠲᠠ ᠤᠰᠤ ᠶᠢ ᠠᠰᠢᠭᠯᠠᠬᠤ ᠠᠵᠢᠯ ᠢ ᠰᠠᠶᠢᠲᠤᠷ ᠬᠢᠨ᠎ᠡ᠃ ᠬᠠᠷᠢᠶᠠᠯᠠᠯ ᠨᠢ | ᠲᠣᠳᠣᠷᠬᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠡᠷᠭᠢᠯᠲᠡ ᠨᠢ ᠢᠯᠭᠤᠮ ᠰᠢᠯᠤᠭᠤᠨ᠂ ᠬᠢᠨᠠᠯᠲᠠ ᠬᠠᠮᠢᠶᠠᠷᠤᠯᠲᠠ | ᠨᠢ ᠪᠦᠲᠦᠮᠵᠢᠲᠡᠶ ᠤᠰᠤ ᠬᠡᠷᠡᠭᠯᠡᠬᠦ ᠡᠷᠬᠡ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠪᠥᠬᠦ ᠲᠤᠭᠤᠷᠢᠭ ᠤᠨ | ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 30% ᠪᠠᠷ | ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ | ᠬᠡᠮᠵᠢᠶ᠎ᠡ ᠶᠢ 2020 ᠣᠨ ᠤ ᠬᠢ ᠠᠴᠠ 35% ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ | ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.62 ᠳᠤ ᠬᠦᠷᠦᠭᠦᠯᠵᠦ᠂ ᠬᠤᠲᠠ ᠶᠢᠨ ᠣᠯᠠᠨ | ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠭᠰᠠᠨ ᠬᠤᠬᠢᠷᠠᠯ ᠤᠨ ᠨᠣᠷᠮ᠎ᠠ ᠶᠢ 7% ᠶᠢᠨ | ᠳᠣᠲᠣᠷ᠎ᠠ ᠬᠢᠵᠠᠭᠠᠷᠯᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠨ᠎ᠠ | 1᠂ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠎ᠠ᠃ 2023 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠡᠵᠡᠮᠳᠡᠬᠦ ᠭᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠪᠦᠷᠢᠨᠰᠢᠭᠦᠯᠵᠦ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠷᠠᠯᠲᠠᠲᠤ ᠡᠭᠦᠷᠭᠡ ᠲᠠᠢ | ᠤᠶᠠᠯᠳᠤᠭᠤᠯᠤᠨ ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ | ᠬᠤᠭᠤᠴᠠᠭᠠᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠲᠣᠳᠣᠷᠬᠠᠶᠢᠯᠠᠵᠤ᠂ ᠠᠮᠢᠳᠤᠷᠠᠯ ᠳᠤ ᠬᠡᠷᠡᠭᠯᠡᠬᠦ ᠤᠰᠤ᠂ ᠠᠮᠢ | ᠠᠬᠤᠢ ᠳᠤ ᠬᠡᠷᠡᠭᠰᠡᠬᠦ ᠤᠰᠤ᠂ ᠲᠠᠷᠢᠶᠠᠯᠠᠩ ᠳᠤ ᠬᠡᠷᠡᠭᠯᠡᠬᠦ ᠤᠰᠤ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ | ᠠᠵᠢᠯ ᠲᠥᠷᠥᠯ ᠤᠨ ᠤᠰᠤᠨ ᠤ ᠡᠬᠢ ᠰᠤᠷᠪᠤᠯᠵᠢ ᠶᠢ ᠬᠤᠪᠢᠶᠠᠷᠢᠯᠠᠨ ᠡᠵᠡᠮᠳᠡᠬᠦ ᠭᠦᠢᠴᠡᠳᠬᠡᠯ ᠲᠤᠭ᠎ᠠ ᠶᠢ | ᠨᠠᠶᠢᠳᠠᠪᠤᠷᠢᠵᠢᠭᠤᠯᠤᠨ᠎ᠠ᠃ 2023 ︱ 2025 ᠣᠨ ᠳᠤ᠂ ︽ᠤᠰᠤ ᠬᠡᠷᠡᠭᠯᠡᠬᠦ ᠳᠤ ᠡᠷᠬᠡ ᠲᠠᠢ ᠪᠠᠶᠢᠬᠤ ᠬᠡᠷᠡᠭᠲᠡᠢ᠂ | ᠤᠰᠤ ᠬᠡᠷᠡᠭᠯᠡᠬᠦ ᠳᠤ ᠡᠷᠬᠡ ᠠᠴᠠ ᠪᠠᠨ ᠬᠡᠲᠦᠷᠡᠭᠦᠯᠵᠦ ᠪᠣᠯᠬᠤ ᠦᠭᠡᠢ︾ ᠭᠡᠬᠦ ᠬᠠᠲᠠᠭᠤ ᠴᠢᠨᠠᠷᠲᠠᠢ ᠬᠢᠵᠠᠭᠠᠷᠯᠠᠬᠤ | ᠦᠢᠯᠡᠳᠦᠯ ᠢ ᠪᠡᠶᠡᠯᠡᠭᠦᠯᠦᠨ᠎ᠡ᠃ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ᠂ ᠲᠠᠷᠢᠶᠠᠯᠠᠩ ᠪᠠ | ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠰᠢᠨ᠎ᠡ ᠪᠠᠷ | ᠲᠠᠲᠠᠵᠤ ᠬᠡᠷᠡᠭᠯᠡᠬᠦ ᠤᠰᠤᠨ ᠤ ᠲᠥᠷᠥᠯ ᠵᠦᠢᠯ ᠢ ᠠᠳᠠᠯᠢ ᠠᠵᠢᠯ ᠲᠥᠷᠥᠯ ᠤᠨ ᠲᠡᠷᠢᠭᠦᠨ ᠤ ᠤᠰᠤ ᠬᠡᠷᠡᠭᠯᠡᠬᠦ ᠬᠢᠷᠢ | ᠬᠡᠮᠵᠢᠶ᠎ᠡ ᠲᠤ ᠬᠦᠷᠦᠭᠦᠯᠵᠦ᠂ ᠤᠰᠤ ᠬᠡᠷᠡᠭᠯᠡᠬᠦ ᠡᠷᠬᠡ ᠶᠢ ᠬᠠᠤᠯᠢ ᠶᠣᠰᠣᠭᠠᠷ ᠣᠯᠬᠤ ᠬᠡᠷᠡᠭᠲᠡᠢ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ | ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 2᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠴᠢᠩᠳᠠᠯᠠᠨ᠎ᠠ᠃ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ | ᠪᠠᠶᠢᠷᠢᠯᠠᠭᠤᠯᠤᠯᠲᠠ ᠨᠢ ᠤᠰᠤᠨ ᠤ ᠡᠬᠢ ᠪᠠᠶᠠᠯᠢᠭ ᠤᠨ ᠨᠥᠬᠦᠴᠡᠯ ᠲᠠᠢ ᠵᠣᠬᠢᠴᠠᠭᠰᠠᠨ᠂ ᠤᠰᠤᠨ ᠤ ᠡᠬᠢ ᠪᠠᠶᠠᠯᠢᠭ ᠢ | ᠨᠡᠭᠡᠭᠡᠨ ᠠᠰᠢᠭᠯᠠᠬᠤ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ᠂ ᠤᠢ ᠰᠢᠭᠤᠢ ᠡᠪᠡᠰᠦ | ᠪᠡᠯᠴᠢᠭᠡᠷ ᠤᠨ ᠦᠢᠯᠡᠰ᠂ ᠡᠨᠧᠷᠭᠢ ᠶᠢᠨ ᠰᠤᠷᠪᠤᠯᠵᠢ᠂ ᠵᠠᠮ ᠲᠡᠭᠡᠭᠡᠪᠦᠷᠢ᠂ ᠵᠢᠭᠤᠯᠴᠢᠯᠠᠯ᠂ ᠪᠠᠶᠢᠭᠠᠯᠢ ᠶᠢᠨ ᠡᠬᠢ ᠪᠠᠶᠠᠯᠢᠭ ᠢ | ᠨᠡᠭᠡᠭᠡᠨ ᠠᠰᠢᠭᠯᠠᠬᠤ ᠵᠡᠷᠭᠡ ᠲᠤᠰᠬᠠᠢ ᠵᠦᠢᠯᠡᠰ ᠤᠨ ᠲᠥᠯᠦᠪᠵᠢᠭᠦᠯᠭᠡ ᠳᠤ ᠬᠤᠯᠪᠣᠭᠳᠠᠵᠤ᠂ ᠤᠰᠤᠨ ᠤ ᠡᠬᠢ | ᠪᠠᠶᠠᠯᠢᠭ ᠤᠨ ᠨᠤᠲᠠᠯᠠᠯᠲᠠ ᠬᠢᠨ᠎ᠡ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ | ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶ | 3᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠪᠤᠭᠤᠲᠤ ᠬᠤᠲᠠ ᠶᠢᠨ ᠤᠰᠤᠨ ᠤ | ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠥᠯᠦᠪᠵᠢᠭᠦᠯᠭᠡ ᠶᠢᠨ ᠶᠣᠰᠣᠭᠠᠷ᠂ ᠴᠢᠩᠱᠠᠨ | ᠲᠣᠭᠤᠷᠢᠭ ᠤᠨ ᠤᠰᠤᠨ ᠤ ᠡᠬᠢ ᠪᠠᠶᠠᠯᠢᠭ ᠢ ᠬᠠᠮᠢᠶᠠᠷᠤᠨ ᠡᠵᠡᠮᠳᠡᠬᠦ ᠪᠠ ᠵᠠᠰᠠᠬᠤ ᠠᠷᠭ᠎ᠠ ᠬᠡᠮᠵᠢᠶ᠎ᠡ ᠶᠢᠨ ᠠᠷᠭᠠᠴᠠᠬᠤ | ᠪᠣᠳᠣᠯᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠲᠣᠭᠲᠠᠴᠠ ᠶᠢᠨ ᠪᠠᠲᠤᠯᠠᠭ᠎ᠠ ᠵᠡᠷᠭᠡ ᠶᠢ | ᠲᠣᠭᠲᠠᠭᠠᠨ᠎ᠠ︔ ᠲᠠᠷᠢᠶᠠᠯᠠᠩ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠠᠮᠢ ᠠᠬᠤᠢ ᠶᠢᠨ ᠣᠷᠴᠢᠨ | ᠲᠣᠭᠤᠷᠢᠨ᠂ ᠬᠤᠲᠠ ᠶᠢᠨ ᠶᠠᠪᠤᠳᠠᠯ ᠤᠨ ᠨᠣᠭᠤᠭᠠᠷᠠᠭᠤᠯᠤᠯᠲᠠ ᠵᠡᠷᠭᠡ ᠬᠦᠷᠢᠶ᠎ᠡ ᠴᠠᠷᠠᠭ᠎ᠠ ᠶᠢᠨ ᠤᠰᠤ ᠠᠷᠪᠢᠯᠠᠬᠤ | ᠲᠥᠰᠥᠯ ᠢ ᠲᠣᠭᠲᠠᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ | ᠲᠥᠯᠦᠪᠵᠢᠭᠦᠯᠭᠡ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ︶ | 4᠂ ᠤᠰᠤ ᠶᠢ ᠲᠥᠯᠥᠪᠯᠡᠭᠡ ᠲᠠᠢ ᠪᠠᠷ ᠬᠡᠷᠡᠭᠯᠡᠬᠦ ᠶᠢ ᠴᠢᠩᠭᠠᠳᠬᠠᠨ᠎ᠠ᠃ ᠰᠠᠭᠤᠭᠠᠯᠢ ᠠᠷᠠᠳ ᠤᠨ ᠪᠤᠰᠤ ᠤᠰᠤ | ᠬᠡᠷᠡᠭᠯᠡᠬᠦ ᠲᠥᠯᠥᠪᠯᠡᠭᠡ ᠶᠢ ᠵᠣᠬᠢᠰᠲᠠᠢ ᠪᠠᠷ ᠬᠢᠨᠠᠨ ᠬᠠᠰᠤᠵᠤ᠂ ᠤᠰᠤ ᠬᠡᠷᠡᠭᠯᠡᠬᠦ ᠲᠥᠯᠥᠪᠯᠡᠭᠡ ᠶᠢ ᠴᠢᠩᠭ᠎ᠠ ᠪᠥᠭᠡᠳ | ᠬᠢᠨᠠᠨ ᠲᠣᠭᠲᠠᠭᠠᠵᠤ ᠪᠠᠭᠤᠯᠭᠠᠨ᠎ᠠ᠃ ᠭᠠᠷᠤᠯᠲᠠ ᠪᠠᠨ ᠥᠷᠭᠡᠳᠬᠡᠨ ᠡᠨᠧᠷᠭᠢ ᠪᠠᠨ ᠨᠡᠮᠡᠭᠳᠡᠭᠦᠯᠬᠦ ᠳᠤ ᠬᠤᠯᠪᠣᠭᠳᠠᠬᠤ | ᠤᠰᠤ ᠬᠡᠷᠡᠭᠯᠡᠬᠦ ᠲᠥᠯᠥᠪᠯᠡᠭᠡ ᠳᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠤᠶᠤ ᠤᠰᠤᠨ ᠤ ᠵᠦᠢ ᠵᠣᠬᠢᠰᠲᠠᠢ | ᠴᠢᠨᠠᠷ ᠤᠨ ᠵᠠᠳᠠᠯᠤᠯᠲᠠ ᠬᠢᠬᠦ ᠶᠢ ᠴᠢᠩᠳᠠᠯᠠᠨ᠎ᠠ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ | ᠤᠰᠤ ᠬᠡᠷᠡᠭᠯᠡᠬᠦ ᠲᠣᠭᠲᠠᠭᠰᠠᠨ ᠨᠣᠷᠮ᠎ᠠ ᠪᠠ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠰᠢᠯᠭᠠᠨ ᠬᠢᠨᠠᠬᠤ ᠶᠢ | ᠴᠢᠩᠭᠠᠳᠬᠠᠵᠤ᠂ ᠲᠣᠭᠲᠠᠭᠰᠠᠨ ᠨᠣᠷᠮ᠎ᠠ ᠠᠴᠠ ᠳᠠᠪᠠᠭᠤᠯᠤᠨ ᠲᠥᠯᠥᠪᠯᠡᠭᠡ ᠠᠴᠠ ᠳᠠᠪᠠᠭᠤᠯᠤᠨ ᠤᠰᠤ ᠬᠡᠷᠡᠭᠯᠡᠭᠰᠡᠨ | ᠬᠡᠰᠡᠭ ᠢ ᠠᠬᠢᠭᠤᠯᠤᠨ ᠪᠤᠳᠤᠵᠤ ᠦᠨ᠎ᠡ ᠨᠡᠮᠡᠵᠦ ᠤᠰᠤᠨ ᠤ ᠰᠦᠢᠳᠬᠡᠯ ︵ᠭᠠᠶᠢᠯᠢ︶ ᠲᠠᠲᠠᠪᠤᠷᠢᠯᠠᠬᠤ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ | ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 5᠂ ᠬᠢᠨᠠᠨ ᠬᠡᠮᠵᠢᠯᠲᠡ ᠶᠢ ᠲᠡᠭᠦᠯᠳᠡᠷᠵᠢᠭᠦᠯᠦᠨ᠎ᠡ᠃ 2023 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ ᠲᠠᠢ ᠬᠠᠮᠵᠢᠯᠴᠠᠨ ᠰᠠᠭᠤᠭᠠᠯᠢ ᠠᠷᠠᠳ ᠤᠨ ᠪᠤᠰᠤ ᠭᠤᠣᠯᠳᠠᠯᠭ᠎ᠠ ᠲᠠᠢ ᠤᠰᠤ ᠲᠠᠲᠠᠵᠤ ᠬᠡᠷᠡᠭᠯᠡᠬᠦ ᠡᠷᠦᠬᠡ | ︵ᠣᠨ ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ 5 ᠲᠦᠮᠡᠨ ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ | ᠳᠡᠭᠡᠭᠰᠢ︶᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠤᠰᠤ ᠬᠡᠷᠡᠭᠯᠡᠬᠦ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠡᠯᠡᠳᠬᠡᠮᠵᠢ ᠶᠢᠨ ᠤᠭᠰᠠᠷᠠᠯᠲᠠ ᠶᠢ ᠪᠡᠶᠡᠯᠡᠭᠦᠯᠵᠦ᠂ | ᠬᠤᠲᠠ ᠶᠢᠨ ᠲᠣᠭᠠᠴᠢᠯᠠᠭᠰᠠᠨ ᠤᠰᠤᠨ ᠤ ᠲᠣᠣᠷ ᠤᠨ ᠰᠢᠰᠲ᠋ᠧᠮ ᠤᠨ ᠵᠠᠯᠭᠠᠨ ᠣᠷᠣᠭᠤᠯᠬᠤ ᠠᠵᠢᠯ ᠢ ᠬᠠᠮᠵᠢᠯᠴᠠᠨ | ᠰᠠᠶᠢᠲᠤᠷ ᠬᠢᠨ᠎ᠡ᠃ ᠲᠠᠷᠢᠶᠠᠯᠠᠩ ᠤᠨ ᠤᠰᠤᠯᠠᠯᠲᠠ ᠳᠤ ︽ᠴᠠᠬᠢᠯᠭᠠᠨ ᠢᠶᠠᠷ ᠤᠰᠤ ᠶᠢ ᠬᠢᠮᠳᠠᠷᠠᠭᠤᠯᠬᠤ︾ ᠬᠡᠮᠵᠢᠯᠲᠡ ᠶᠢ | ᠬᠡᠷᠡᠭᠵᠢᠭᠦᠯᠦᠨ᠎ᠡ᠃ 2024 ᠣᠨ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠪᠠᠶᠢᠷᠢᠯᠠᠭᠤᠯᠤᠯᠲᠠ | ᠶᠣᠰᠣᠭᠠᠷ᠂ ᠮᠠᠨ ᠤ ᠲᠤᠭᠤᠷᠢᠭ ᠤᠨ ᠤᠰᠤᠨ ᠤ ᠡᠬᠢ ᠪᠠᠶᠠᠯᠢᠭ ᠢ ᠬᠢᠨᠠᠨ ᠬᠡᠮᠵᠢᠵᠦ ᠬᠢᠨᠠᠨ ᠡᠵᠡᠮᠳᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ 2025 ᠣᠨ ᠳᠤ᠂ ᠵᠢᠯ ᠤᠨ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ 5000 ᠪᠣᠰᠤᠭ᠎ᠠ | ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢᠬᠢ ᠰᠠᠭᠤᠭᠠᠯᠢ ᠠᠷᠠᠳ ᠤᠨ ᠤᠰᠤ ᠲᠠᠲᠠᠵᠤ ᠬᠡᠷᠡᠭᠯᠡᠬᠦ | ᠡᠷᠦᠬᠡ ᠶᠢᠨ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠡᠯᠡᠳᠬᠡᠮᠵᠢ ᠶᠢ ᠤᠭᠰᠠᠷᠠᠬᠤ ᠶᠢ ᠪᠡᠶᠡᠯᠡᠭᠦᠯᠵᠦ᠂ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠵᠢᠯᠴᠠᠨ ᠰᠦᠯᠵᠢᠶᠡᠨ ᠳᠡᠭᠡᠷ᠎ᠡ ᠬᠢᠨᠠᠨ ᠬᠡᠮᠵᠢᠵᠦ ᠬᠢᠨᠠᠨ ᠡᠵᠡᠮᠳᠡᠬᠦ | ᠮᠡᠳᠡᠭᠡ ᠵᠠᠩᠭᠢ ᠶᠢ ᠴᠠᠭ ᠲᠤᠬᠠᠢ ᠳᠤᠨᠢ ᠲᠥᠪᠯᠡᠷᠡᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠤᠰᠤᠨ ᠤ ᠡᠬᠢ | ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠᠪᠠ | ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩ ᠹᠦ᠋ | ᠪᠠᠯᠭᠠᠰᠤ᠂ ᠰᠢᠩ ᠱᠧᠩ ᠪᠠᠯᠭᠠᠰᠤ︶ | ︵ᠬᠤᠶᠠᠷ︶ ᠳᠠᠬᠢᠯᠲᠠ ᠤᠰᠤᠨ ᠤ ᠠᠰᠢᠭᠯᠠᠯᠲᠠ ᠶᠢ ᠴᠢᠩᠭᠠᠳᠬᠠᠨ᠎ᠠ | 6᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ ᠪᠠᠶᠢᠭᠠᠳ ᠬᠥᠲᠥᠯᠥᠨ ᠳᠠᠭᠠᠭᠤᠯᠬᠤ ᠶᠢ | ᠪᠠᠳᠠᠷᠠᠭᠤᠯᠤᠨ᠎ᠠ᠃ ᠳᠠᠬᠢᠯᠲᠠ ᠤᠰᠤᠨ ᠤ ᠠᠰᠢᠭᠯᠠᠯᠲᠠ ᠶᠢ ᠴᠢᠩᠭᠠᠳᠬᠠᠵᠤ᠂ ᠳᠠᠬᠢᠯᠲᠠ ᠤᠰᠤᠨ ᠤ ᠢᠵᠢ | ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠳᠠᠬᠢᠯᠲᠠ ᠤᠰᠤᠨ ᠤ ᠠᠰᠢᠭᠯᠠᠯᠲᠠ ᠶᠢᠨ ᠬᠡᠪᠴᠢᠶ᠎ᠡ ᠶᠢ | ᠥᠷᠭᠡᠳᠬᠡᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠣᠷᠴᠢᠯᠳᠤᠭᠤᠯᠤᠨ ᠠᠰᠢᠭᠯᠠᠬᠤ᠂ ᠳᠠᠬᠢᠯᠲᠠ | ᠤᠰᠤ ᠶᠢ ᠪᠦᠲᠦᠮᠵᠢᠲᠡᠶ ᠠᠰᠢᠭᠯᠠᠬᠤ ᠵᠡᠷᠭᠡ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠰᠢᠨᠵᠢᠯᠡᠬᠦ ᠤᠬᠠᠭᠠᠨᠴᠢ ᠪᠠᠷ | ᠠᠰᠢᠭᠯᠠᠬᠤ ᠠᠵᠢᠯ ᠢ ᠲᠦᠯᠬᠢᠨ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠴᠢᠩᠱᠠᠨ | ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | 7᠂ ᠳᠠᠬᠢᠯᠲᠠ ᠤᠰᠤᠨ ᠤ ᠡᠬᠢ ᠪᠠᠶᠠᠯᠢᠭ ᠢ ᠲᠣᠬᠢᠷᠠᠭᠤᠯᠵᠤ᠂ ᠳᠠᠬᠢᠯᠲᠠ ᠤᠰᠤᠨ ᠬᠤᠭᠤᠯᠠᠢ ᠶᠢᠨ ᠲᠣᠣᠷ ᠢ | ᠢᠵᠢ ᠪᠦᠷᠢᠳᠦᠭᠦᠯᠦᠨ᠎ᠡ᠃ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠲᠣᠭᠲᠠᠭᠠᠭᠰᠠᠨ ᠳᠠᠬᠢᠯᠲᠠ | ᠤᠰᠤ ᠶᠢ ᠲᠣᠬᠢᠷᠠᠭᠤᠯᠤᠨ ᠠᠰᠢᠭᠯᠠᠬᠤ ᠲᠥᠯᠦᠪᠵᠢᠭᠦᠯᠭᠡ ᠪᠠ ᠳᠠᠬᠢᠯᠲᠠ ᠤᠰᠤ ᠶᠢ ᠠᠰᠢᠭᠯᠠᠬᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠠᠮᠵᠢᠯᠴᠠᠨ ᠰᠠᠶᠢᠲᠤᠷ ᠬᠡᠷᠡᠭᠵᠢᠭᠦᠯᠵᠦ᠂ ᠦᠯᠡᠳᠡᠭᠡᠯ ᠠᠵᠤ | ᠠᠬᠤᠶᠢᠯᠠᠯ ᠤᠨ ᠰᠣᠯᠢᠬᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠳᠠᠬᠢᠯᠲᠠ ᠤᠰᠤ ᠬᠡᠷᠡᠭᠯᠡᠬᠦ ᠶᠢ ᠠᠬᠢᠭᠤᠯᠤᠨ᠂ | ᠳᠠᠬᠢᠯᠲᠠ ᠤᠰᠤᠨ ᠤ ᠬᠤᠭᠤᠯᠠᠢ ᠶᠢᠨ ᠲᠣᠣᠷ ᠤᠨ ᠨᠡᠪᠲᠡᠷᠡᠬᠦ ᠨᠣᠷᠮ᠎ᠠ ᠪᠠ ᠪᠦᠷᠬᠦᠴᠡ ᠶᠢᠨ ᠨᠣᠷᠮ᠎ᠠ ᠶᠢ | ᠳᠡᠭᠡᠭᠰᠢᠯᠡᠭᠦᠯᠵᠦ᠂ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠲᠥᠯᠦᠪᠵᠢᠭᠦᠯᠭᠡ ᠶᠢᠨ ᠬᠠᠷᠠᠯᠲᠠ ᠶᠢ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠳᠠᠬᠢᠯᠲᠠ ᠤᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ ᠲᠠᠢ ᠤᠶᠠᠯᠳᠤᠭᠤᠯᠤᠨ᠂ | ᠴᠢᠩᠱᠠᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠣᠭᠤᠭᠠᠷᠠᠭᠤᠯᠤᠯᠲᠠ ᠶᠢᠨ ᠳᠠᠬᠢᠯᠲᠠ | ᠤᠰᠤ ᠶᠢ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠦ᠂ ᠮᠠᠨ ᠤ ᠲᠤᠭᠤᠷᠢᠭ ᠤᠨ ᠳᠠᠬᠢᠯᠲᠠ ᠤᠰᠤ ᠶᠢ ᠠᠰᠢᠭᠯᠠᠬᠤ | ᠢᠨᠵᠧᠨᠧᠷᠢᠩ ᠤᠨ ᠰᠢᠰᠲ᠋ᠧᠮᠵᠢ ᠶᠢ ᠪᠠᠶᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 8᠂ ᠳᠠᠬᠢᠯᠲᠠ ᠤᠰᠤᠨ ᠤ ᠠᠰᠢᠭᠯᠠᠯᠲᠠ ᠶᠢ ᠴᠢᠩᠭᠠᠷᠠᠭᠤᠯᠤᠨ᠎ᠠ᠃ ︽ᠪᠤᠭᠤᠲᠤ ᠬᠤᠲᠠ ᠶᠢᠨ ᠳᠠᠬᠢᠯᠲᠠ | ᠤᠰᠤᠨ ᠤ ᠬᠠᠮᠢᠶᠠᠷᠤᠯᠲᠠ ᠶᠢᠨ ᠳᠦᠷᠢᠮ︾ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ | ᠲᠥᠷᠥᠯ ᠵᠦᠢᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠶᠢᠨ ᠬᠡᠷᠡᠭᠯᠡᠬᠦ ᠤᠰᠤ ᠶᠢ ᠤᠷᠢᠳᠠᠪᠠᠷ ᠳᠠᠬᠢᠯᠲᠠ | ᠤᠰᠤ ᠶᠢ ᠲᠣᠬᠢᠷᠠᠭᠤᠯᠤᠨ ᠠᠰᠢᠭᠯᠠᠵᠤ᠂ ᠳᠠᠬᠢᠯᠲᠠ ᠤᠰᠤ ᠶᠢ ᠠᠰᠢᠭᠯᠠᠬᠤ ᠶᠢ ᠬᠠᠮᠢᠶᠠᠷᠤᠨ ᠡᠵᠡᠮᠳᠡᠬᠦ ᠪᠠ | ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠳᠠᠬᠢᠯᠲᠠ ᠤᠰᠤᠨ ᠤ ᠤᠰᠤ ᠬᠠᠩᠭᠠᠬᠤ ᠬᠤᠭᠤᠯᠠᠢ ᠶᠢᠨ | ᠲᠣᠣᠷ ᠤᠨ ᠡᠵᠡᠩᠨᠡᠯᠲᠡ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠡ᠃ ᠪᠤᠭᠤᠲᠤ ᠶᠢᠨ ᠲᠣᠨᠤᠭ ᠲᠥᠬᠦᠭᠡᠷᠦᠮᠵᠢ | ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠭᠤᠣᠯᠳᠠᠯᠭ᠎ᠠ ᠲᠠᠢ ᠤᠰᠤ ᠬᠡᠷᠡᠭᠯᠡᠬᠦ ᠠᠵᠤ | ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠬᠦ ᠶᠢᠨ ᠬᠠᠮᠲᠤ ᠳᠠᠬᠢᠯᠲᠠ ᠤᠰᠤᠨ ᠤ ᠴᠢᠨᠠᠷ ᠢ | ᠴᠡᠪᠡᠷᠰᠢᠭᠦᠯᠬᠦ ᠲᠥᠷᠥᠯ ᠵᠦᠢᠯ ᠢ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠴᠢᠨᠠᠷ ᠬᠤᠪᠢᠶᠠᠨ ᠬᠡᠰᠡᠭ ᠬᠤᠪᠢᠶᠠᠨ | ᠤᠰᠤ ᠬᠠᠩᠭᠠᠬᠤ ᠶᠢ ᠬᠡᠷᠡᠭᠵᠢᠭᠦᠯᠦᠨ᠎ᠡ᠃ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ᠂ | ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ | ᠪᠤᠭᠤᠲᠤ ᠶᠢᠨ ᠠᠲ᠋ᠧᠰ ᠤᠨ ᠨᠡᠷᠡᠨ ᠬᠡᠷᠡᠯᠳᠦ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠵᠡᠷᠭᠡ ᠤᠰᠤ ᠬᠡᠷᠡᠭᠯᠡᠬᠦ ᠡᠷᠦᠬᠡ ᠠᠵᠤ ᠠᠬᠤᠶᠢᠯᠠᠯ ᠤᠨ ᠳᠠᠬᠢᠯᠲᠠ ᠤᠰᠤ ᠶᠢ ᠰᠣᠯᠢᠬᠤ ᠪᠠ | ᠠᠰᠢᠭᠯᠠᠬᠤ ᠶᠢ ᠪᠡᠶᠡᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠠᠵᠤ ᠦᠢᠯᠡᠳᠪᠦᠷᠢ ᠮᠡᠳᠡᠭᠡ ᠵᠠᠩᠭᠢᠵᠢᠯᠲᠠᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | ︵ᠭᠤᠷᠪᠠ︶ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠶᠢ ᠬᠠᠮᠢᠶᠠᠷᠤᠨ | ᠡᠵᠡᠮᠳᠡᠬᠦ ᠶᠢ ᠴᠢᠩᠳᠠᠯᠠᠨ᠎ᠠ | 9᠂ ᠪᠣᠬᠢᠷᠲᠤᠯ ᠭᠠᠳᠠᠭᠰᠢᠯᠠᠭᠤᠯᠬᠤ ᠪᠠ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠪᠣᠬᠢᠷᠲᠤᠯ ᠭᠠᠳᠠᠭᠰᠢᠯᠠᠭᠤᠯᠬᠤ᠂ ᠤᠰᠤ ᠭᠠᠳᠠᠭᠰᠢᠯᠠᠭᠤᠯᠬᠤ ᠵᠥᠪᠰᠢᠶᠡᠷᠡᠯ ᠤᠨ | ᠬᠠᠮᠢᠶ᠎ᠠ ᠪᠦᠬᠦᠢ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠲᠤᠯ ᠭᠠᠳᠠᠭᠰᠢᠯᠠᠭᠤᠯᠬᠤ᠂ ᠤᠰᠤ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠣᠯᠪᠠᠯ ᠰᠠᠶ᠋ᠢ ᠬᠤᠲᠠ ᠶᠢᠨ ᠶᠠᠪᠤᠳᠠᠯ ᠤᠨ ᠬᠤᠭᠤᠯᠠᠢ ᠲᠣᠣᠷ ᠲᠤ | ᠭᠠᠳᠠᠭᠰᠢᠯᠠᠭᠤᠯᠵᠤ ᠪᠣᠯᠣᠨ᠎ᠠ᠃ ᠤᠰᠤ ᠲᠠᠲᠠᠷᠠᠭᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ | ᠴᠢᠩᠳᠠᠯᠠᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤᠨ ᠤ ᠤᠰᠤ ᠲᠠᠲᠠᠷᠠᠭᠤᠯᠬᠤ ᠡᠬᠢ ᠡᠭᠦᠰᠦᠯ ᠤᠨ | ᠬᠠᠮᠢᠶᠠᠷᠤᠯᠲᠠ ᠡᠵᠡᠮᠳᠡᠯ ᠢ ᠴᠢᠩᠭᠠᠷᠠᠭᠤᠯᠤᠨ᠂ ᠤᠰᠤ ᠲᠠᠲᠠᠷᠠᠭᠤᠯᠬᠤ ᠤᠰᠤᠨ ᠤ ᠴᠢᠨᠠᠷ ᠨᠢ ᠪᠣᠬᠢᠷᠲᠤᠯ | ᠭᠠᠳᠠᠭᠰᠢᠯᠠᠭᠤᠯᠬᠤ᠂ ᠤᠰᠤ ᠲᠠᠲᠠᠷᠠᠭᠤᠯᠬᠤ ᠵᠥᠪᠰᠢᠶᠡᠷᠡᠯ ᠤᠨ ᠦᠨᠡᠮᠯᠡᠯ ᠤᠨ ᠱᠠᠭᠠᠷᠳᠠᠯᠭ᠎ᠠ ᠪᠠ ᠳᠣᠣᠷᠠᠳᠤ | ᠤᠷᠤᠰᠬᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠤᠷᠠᠨ ᠮᠡᠷᠭᠡᠰᠢᠯ ᠤᠨ ᠱᠠᠭᠠᠷᠳᠠᠯᠭ᠎ᠠ ᠶᠢ ᠬᠠᠮᠲᠤ | ᠳᠤᠨᠢ ᠬᠠᠩᠭᠠᠨ᠎ᠠ᠃ | ︵ᠬᠠᠷᠢᠭᠤᠴᠠᠯᠭᠠᠲᠤ ᠨᠢᠭᠡᠴᠡ᠄ ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶ | 10᠂ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠬᠡᠷᠡᠭᠵᠢᠭᠦᠯᠦᠨ᠎ᠡ᠃ ᠳᠠᠪᠤᠰᠤᠨ ᠤ ᠲᠥᠷᠥᠯ | ᠵᠡᠷᠭᠡ ᠶᠢᠨ ᠭᠦᠢᠴᠡᠳᠬᠡᠯ ᠲᠤᠭ᠎ᠠ ᠨᠢ ᠪᠠᠷᠢᠮᠵᠢᠶ᠎ᠠ ᠠᠴᠠ ᠬᠡᠲᠦᠷᠡᠭᠰᠡᠨ᠂ ᠪᠣᠬᠢᠷᠲᠤᠯ ᠭᠠᠳᠠᠭᠰᠢᠯᠠᠭᠤᠯᠬᠤ᠂ ᠤᠰᠤ | ᠲᠠᠲᠠᠷᠠᠭᠤᠯᠬᠤ ᠵᠥᠪᠰᠢᠶᠡᠷᠡᠯ ᠤᠨ ᠱᠠᠭᠠᠷᠳᠠᠯᠭ᠎ᠠ ᠶᠢ ᠬᠠᠩᠭᠠᠭᠰᠠᠨ ᠦᠭᠡᠢ ᠪᠠ ᠳᠣᠣᠷᠠᠳᠤ ᠤᠷᠤᠰᠬᠠᠯ ᠤᠨ ᠪᠣᠬᠢᠷ | ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠤᠷᠠᠨ ᠮᠡᠷᠭᠡᠰᠢᠯ ᠤᠨ ᠱᠠᠭᠠᠷᠳᠠᠯᠭ᠎ᠠ ᠶᠢ ᠬᠠᠩᠭᠠᠭᠰᠠᠨ ᠦᠭᠡᠢ ᠤᠰᠤ | ᠲᠠᠲᠠᠷᠠᠭᠤᠯᠬᠤ ᠠᠵᠤ ᠠᠬᠤᠶᠢᠯᠠᠯ ᠨᠢ ᠬᠠᠶᠠᠭᠳᠠᠮᠠᠯ ᠤᠰᠤ ᠲᠠᠲᠠᠷᠠᠭᠤᠯᠬᠤ ᠶᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ | ᠬᠤᠭᠤᠴᠠᠭ᠎ᠠ ᠠᠴᠠ ᠬᠡᠲᠤᠷᠡᠵᠤ ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠦᠭᠡᠢ ᠪᠤᠶᠤ ᠤᠰᠤ ᠲᠠᠲᠠᠷᠠᠭᠤᠯᠬᠤ | ᠤᠰᠤᠨ ᠤ ᠴᠢᠨᠠᠷ ᠨᠢ ᠮᠥᠨ ᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠬᠤᠲᠠ ᠶᠢᠨ ᠶᠠᠪᠤᠳᠠᠯ ᠤᠨ ᠬᠤᠭᠤᠯᠠᠢ | ᠲᠣᠣᠷ ᠲᠤ ᠤᠰᠤ ᠲᠠᠲᠠᠷᠠᠭᠤᠯᠬᠤ ᠶᠢ ᠬᠤᠭᠤᠴᠠᠭ᠎ᠠ ᠬᠢᠵᠠᠭᠠᠷᠯᠠᠨ ᠵᠣᠭᠰᠣᠭᠠᠨ᠎ᠠ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ | ᠤᠬᠠᠭᠠᠨ ᠤ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ | ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | ︵ᠳᠥᠷᠪᠡ︶ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠨᠡᠮᠡᠭᠳᠡᠭᠦᠯᠬᠦ ᠶᠢ ᠴᠢᠩᠭᠠᠷᠠᠭᠤᠯᠤᠨ᠎ᠠ | 11᠂ ᠤᠰᠤ ᠠᠷᠪᠢᠯᠠᠬᠤ ᠤᠰᠤᠯᠠᠯᠲᠠ ᠶᠢ ᠶᠡᠬᠡᠪᠡᠷ ᠠᠬᠢᠭᠤᠯᠤᠨ᠎ᠠ᠃ ᠲᠠᠷᠢᠶᠠᠯᠠᠩ ᠤᠨ ᠤᠰᠤ ᠬᠡᠷᠡᠭᠯᠡᠬᠦ ᠶᠢ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠪᠠ ᠤᠰᠤ ᠠᠷᠪᠢᠯᠠᠬᠤ ᠢᠨᠵᠧᠨᠧᠷᠢᠩ ᠤᠨ ᠥᠭᠡᠷᠡᠴᠢᠯᠡᠯᠲᠡ ᠶᠢ | ᠳᠡᠯᠭᠡᠷᠡᠭᠦᠯᠦᠨ᠎ᠡ᠃ ᠬᠡᠮᠵᠢᠯᠲᠡ ᠪᠠᠷ ᠬᠢᠨᠠᠨ ᠡᠵᠡᠮᠳᠡᠬᠦ ᠵᠡᠷᠭᠡ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ | ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ | ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠢ᠂ ᠤᠰᠤ ᠬᠡᠷᠡᠭᠯᠡᠬᠦ | ᠬᠡᠮᠵᠢᠶ᠎ᠡ ᠪᠠ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠬᠢᠵᠠᠭᠠᠷᠯᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠲᠡᠯ᠎ᠡ ᠮᠠᠯᠲᠠᠭᠰᠠᠨ ᠭᠠᠵᠠᠷ ᠣᠷᠣᠨ ᠳᠤ | ᠤᠰᠤᠯᠠᠯᠲᠠ ᠶᠢᠨ ᠲᠠᠯᠠᠪᠠᠢ ᠶᠢ ᠥᠷᠭᠡᠳᠬᠡᠬᠦ ᠶᠢ ᠴᠢᠩᠭ᠎ᠠ ᠴᠠᠭᠠᠵᠠᠯᠠᠨ᠎ᠠ᠃ ᠲᠠᠷᠢᠮᠠᠯ ᠤᠨ ᠪᠦᠲᠦᠴᠡ ᠶᠢ | ᠰᠢᠯᠢᠳᠡᠭᠵᠢᠭᠦᠯᠦᠨ ᠲᠣᠬᠢᠷᠠᠭᠤᠯᠵᠤ᠂ ᠬᠠᠭᠤᠷᠠᠢ ᠲᠠᠷᠢᠶᠠᠯᠠᠩ ᠢ ᠬᠥᠭᠵᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ︶ | 12᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠶᠢ ᠪᠡᠶᠡᠯᠡᠭᠦᠯᠵᠦ᠂ | ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢᠨ ᠠᠷᠠᠯᠵᠢᠶ᠎ᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ | ᠤᠰᠤᠯᠠᠯᠲᠠ ᠶᠢᠨ ᠬᠡᠮᠵᠢᠯᠲᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ | ᠨᠤᠷᠮ᠎ᠠ ᠲᠣᠭᠲᠠᠭᠠᠨ ᠬᠠᠮᠢᠶᠠᠷᠬᠤ ᠪᠠ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠶᠢ | ᠬᠡᠷᠡᠭᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠳᠤ ᠨᠠᠷᠢᠯᠢᠭ ᠤᠨᠤᠪᠴᠢᠲᠠᠢ ᠢᠶᠠᠷ ᠨᠥᠬᠦᠪᠦᠷᠢ ᠥᠭᠬᠦ ᠪᠠ ᠤᠰᠤ | ᠠᠷᠪᠢᠯᠠᠬᠤ ᠶᠢ ᠱᠠᠩᠨᠠᠬᠤ ᠲᠣᠭᠲᠠᠴᠠ ᠶᠢ ᠪᠠᠶᠢᠭᠤᠯᠵᠤ᠂ ᠲᠠᠷᠢᠶᠠᠴᠢᠳ ᠤᠨ ᠤᠰᠤ ᠠᠷᠪᠢᠯᠠᠬᠤ ᠢᠳᠡᠪᠬᠢᠵᠢᠯ ᠢ | ᠲᠠᠶᠢᠴᠢᠯᠠᠨ᠂ ᠲᠠᠷᠢᠶᠠᠯᠠᠩ ᠤᠨ ᠤᠰᠤ ᠠᠷᠪᠢᠯᠠᠬᠤ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠴᠢᠩ ᠹᠦ᠋ ᠪᠠᠯᠭᠠᠰᠤ᠂ ᠰᠢᠩ ᠱᠧᠩ ᠪᠠᠯᠭᠠᠰᠤ︶ | ︵ᠲᠠᠪᠤ︶ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠎ᠡ | 13᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠰᠤ ᠠᠷᠪᠢᠯᠠᠬᠤ ᠶᠢ ᠴᠢᠩᠭᠠᠷᠠᠭᠤᠯᠤᠨ᠎ᠠ᠃ ᠪᠥᠬᠦ | ᠲᠤᠭᠤᠷᠢᠭ ᠤᠨ ᠲᠥᠯᠦᠪᠵᠢᠭᠦᠯᠭᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ | ᠬᠡᠷᠡᠭᠯᠡᠬᠦ ᠶᠢ ᠣᠨᠣᠰᠢᠯᠠᠵᠤ ᠦᠨᠡᠯᠡᠨ ᠵᠢᠱᠢᠬᠦ ᠶᠢ ᠥᠷᠨᠢᠭᠦᠯᠵᠦ᠂ ᠢᠯᠴᠢ ᠶᠢᠨ ᠴᠠᠬᠢᠯᠭᠠᠨ᠂ ᠬᠡᠷᠡᠯ ᠴᠡᠨᠡᠭ ᠤᠨ | ᠮᠠᠲ᠋ᠧᠷᠢᠶᠠᠯ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠬᠤ ᠶᠢ ᠬᠠᠮᠢᠶᠠᠷᠬᠤ ᠪᠠ | ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠬᠠᠷᠠᠯᠲᠠ ᠶᠢ | ᠪᠡᠶᠡᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | 14᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠪᠤᠭᠤᠲᠤ ᠶᠢᠨ ᠲᠣᠨᠤᠭ | ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠬᠤᠲᠠ ᠪᠠᠯᠭᠠᠰᠤ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠳᠤ ᠲᠦᠰᠢᠭᠯᠡᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ | ᠠᠰᠠᠭᠤᠳᠠᠯ ᠢ ᠵᠢᠭᠰᠠᠭᠠᠨ ᠪᠠᠶᠢᠴᠠᠭᠠᠵᠤ ᠦᠨᠡᠯᠡᠨ ᠵᠢᠱᠢᠬᠦ ᠶᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠤᠰᠤ | ᠬᠠᠩᠭᠠᠬᠤ ᠤᠰᠤ ᠵᠠᠯᠠᠬᠤ᠂ ᠤᠰᠤ ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠴᠢᠨᠠᠷ ᠬᠤᠪᠢᠶᠠᠨ ᠤᠰᠤ ᠬᠠᠩᠭᠠᠬᠤ᠂ ᠡᠷᠭᠢᠯᠳᠦᠭᠦᠯᠦᠨ ᠠᠰᠢᠭᠯᠠᠬᠤ᠂ | ᠬᠦᠷᠢᠶᠡᠯᠡᠩ ᠲᠣᠭᠤᠷᠢᠭ ᠤᠨ ᠤᠰᠤ ᠬᠡᠷᠡᠭᠯᠡᠬᠦ ᠶᠢ ᠥᠨᠳᠥᠷ ᠦᠷ᠎ᠡ ᠪᠦᠲᠦᠮᠵᠢᠲᠡᠶ ᠡᠷᠭᠢᠯᠳᠦᠭᠦᠯᠦᠨ ᠠᠰᠢᠭᠯᠠᠬᠤ | ᠰᠢᠰᠲ᠋ᠧᠮᠵᠢ ᠶᠢ ᠲᠥᠪᠯᠡᠷᠡᠭᠦᠯᠦᠨ ᠰᠢᠯᠢᠳᠡᠭᠵᠢᠭᠦᠯᠬᠦ ᠶᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ᠂ ᠴᠡᠴᠡᠷᠯᠢᠭ ᠲᠤ | ᠰᠠᠭᠤᠭ᠎ᠠ ᠠᠵᠤ ᠠᠬᠤᠶᠢᠯᠠᠯ ᠬᠢᠭᠡᠳ ᠬᠤᠲᠠ ᠶᠢᠨ ᠶᠠᠪᠤᠳᠠᠯ ᠤᠨ ᠳᠠᠬᠢᠯᠲᠠ ᠤᠰᠤᠨ ᠤ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠬᠤᠭᠤᠯᠠᠢ ᠲᠣᠣᠷ ᠤᠨ ᠪᠡᠯᠡᠳᠬᠡᠮᠵᠢ ᠶᠢ | ᠲᠡᠭᠦᠯᠳᠡᠷᠵᠢᠭᠦᠯᠦᠨ᠂ ᠤᠰᠤ ᠬᠡᠷᠡᠭᠯᠡᠬᠦ ᠪᠠᠷᠢᠮᠵᠢᠶ᠎ᠠ ᠶᠢ ᠵᠣᠯᠭᠠᠭᠤᠯᠵᠤ᠂ ᠠᠵᠤ ᠦᠢᠯᠡᠳᠪᠦᠷᠢ ᠶᠢᠨ ᠳᠠᠬᠢᠯᠲᠠ ᠤᠰᠤᠨ ᠤ | ᠠᠰᠢᠭᠯᠠᠯᠲᠠ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ ᠠᠬᠤᠢ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ︶ | 15᠂ ᠤᠰᠤ ᠠᠷᠪᠢᠯᠠᠬᠤ ᠤᠰᠤᠨ ᠤ ᠠᠰᠢᠭᠯᠠᠮᠵᠢ ᠶᠢᠨ ᠵᠢᠱᠢᠶ᠎ᠡ ᠦᠵᠡᠭᠦᠯᠬᠦ ᠶᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠠᠵᠤ ᠠᠬᠤᠶᠢᠯᠠᠯ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠤᠰᠤᠨ ᠤ ᠠᠰᠢᠭᠯᠠᠮᠵᠢ ᠶᠢ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢ | ᠥᠷᠨᠢᠭᠦᠯᠵᠦ᠂ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ ᠪᠠ ᠬᠦᠷᠢᠶᠡᠯᠡᠩ ᠲᠣᠭᠤᠷᠢᠭ ᠢ ᠪᠦᠲᠦᠭᠡᠨ | ᠪᠠᠶᠢᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ᠂ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠪᠠᠷ | ᠳᠠᠮᠵᠢᠭᠤᠯᠤᠨ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠬᠦ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ᠃ 2024 ᠣᠨ ᠠᠴᠠ ᠡᠮᠦᠨ᠎ᠡ᠂ ᠪᠥᠬᠦ ᠲᠤᠭᠤᠷᠢᠭ ᠤᠨ ᠤᠰᠤ ᠶᠡᠭᠡ | ᠬᠤᠷᠣᠭᠳᠠᠭᠤᠯᠬᠤ ᠠᠵᠤ ᠠᠬᠤᠶᠢᠯᠠᠯ ᠪᠦᠬᠦᠨ ᠢᠶᠠᠷ ᠢᠶᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ | ᠪᠠᠶᠢᠭᠤᠯᠤᠨ᠎ᠠ︔ 2025 ᠣᠨ ᠠᠴᠠ ᠡᠮᠦᠨ᠎ᠡ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ ᠡᠭᠦᠳᠦᠨ | ᠪᠠᠶᠢᠭᠤᠯᠬᠤ ᠠᠵᠢᠯ ᠢ ᠪᠡᠶᠡᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ | ᠰᠢᠨᠵᠢᠯᠡᠬᠦ ᠤᠬᠠᠭᠠᠨ ᠤ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠩᠱᠠᠨ | ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | ︵ᠵᠢᠷᠭᠤᠭ᠎ᠠ︶ ᠤᠰᠤ ᠠᠷᠪᠢᠯᠠᠬᠤ ᠮᠠᠶ᠋ᠢᠭ ᠤᠨ ᠬᠤᠳᠠ ᠶᠢ ᠪᠦᠲᠦᠭᠡᠨ ᠪᠠᠶᠢᠭᠤᠯᠤᠨ᠎ᠠ | 16᠂ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠶᠢᠨ ᠤᠰᠤ ᠠᠷᠪᠢᠯᠠᠬᠤ ᠶᠢ ᠠᠬᠢᠭᠤᠯᠤᠨ᠎ᠠ᠃ ᠪᠠᠶᠢᠭᠤᠯᠭ᠎ᠠ᠂ | ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠤᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠤᠰᠤ ᠠᠷᠪᠢᠯᠠᠬᠤ ᠶᠢ | ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠰᠢᠨ᠎ᠡ | ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠪᠠᠭᠠᠵᠢ | ᠬᠡᠷᠡᠭᠰᠡᠯ ᠤᠨ ᠬᠡᠷᠡᠭᠯᠡᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠤᠰᠤ ᠠᠷᠪᠢᠯᠠᠬᠤ ᠶᠢ ᠵᠢᠱᠢᠶ᠎ᠡ | ᠦᠵᠡᠭᠦᠯᠦᠨ ᠬᠥᠲᠥᠯᠥᠨ ᠵᠢᠯᠣᠭᠤᠳᠤᠨ᠎ᠠ᠃ ᠣᠯᠠᠨ ᠨᠡᠶᠢᠲᠡ ᠶᠢᠨ ᠪᠠᠷᠢᠯᠭ᠎ᠠ ᠳᠤ ᠤᠰᠤ ᠠᠷᠪᠢᠯᠠᠬᠤ ᠪᠠᠭᠠᠵᠢ | ᠬᠡᠷᠡᠭᠰᠡᠯ ᠢ ᠢᠵᠢ ᠪᠦᠷᠢᠳᠦᠭᠦᠯᠦᠨ ᠬᠡᠷᠡᠭᠯᠡᠬᠦ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ | ᠪᠠᠶᠢᠭᠤᠯᠵᠤ᠂ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠨᠢ ᠤᠰᠤ ᠠᠷᠪᠢᠯᠠᠬᠤ ᠪᠠᠷᠢᠮᠵᠢᠶ᠎ᠠ ᠳᠤ ᠨᠡᠶᠢᠴᠡᠬᠦ ᠦᠭᠡᠢ | ᠪᠠᠶᠢᠪᠠᠯ ᠤᠰᠤ ᠠᠷᠪᠢᠯᠠᠬᠤ ᠪᠡᠯᠡᠳᠬᠡᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ | ᠪᠠᠷᠢᠯᠭ᠎ᠠ ᠶᠢᠨ ᠤᠰᠤ ᠠᠷᠪᠢᠯᠠᠬᠤ ᠬᠡᠯᠪᠡᠷᠢ ᠶᠢᠨ ᠪᠠᠭᠠᠵᠢ ᠬᠡᠷᠡᠭᠰᠡᠯ ᠤᠨ ᠲᠦᠭᠡᠮᠡᠯᠵᠢᠭᠰᠡᠨ ᠨᠣᠷᠮ᠎ᠠ ᠶᠢ 100% ᠲᠤ | ᠬᠦᠷᠦᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠤᠰᠤ ᠠᠷᠪᠢᠯᠠᠬᠤ ᠶᠢ ᠲᠦᠯᠬᠢᠨ | ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ | ᠳᠡᠯᠭᠡᠷᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 17᠂ ᠤᠰᠤ ᠠᠷᠪᠢᠯᠠᠬᠤ ᠵᠠᠬ᠎ᠠ ᠳᠡᠯᠭᠡᠭᠦᠷ ᠢ ᠴᠢᠩᠭ᠎ᠠ ᠵᠢᠷᠤᠮᠵᠢᠭᠤᠯᠤᠨ᠎ᠠ᠃ ᠤᠰᠤ ᠠᠷᠪᠢᠯᠠᠬᠤ ᠦᠢᠯᠡᠳᠬᠦᠨ | ᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ ᠢ ᠨᠠᠶᠢᠳᠠᠪᠤᠷᠢᠵᠢᠭᠤᠯᠤᠨ᠂ ᠤᠰᠤ ᠠᠷᠪᠢᠯᠠᠬᠤ | ᠪᠠᠷᠢᠮᠵᠢᠶ᠎ᠠ ᠲᠤ ᠨᠡᠶᠢᠴᠡᠬᠦ ᠦᠭᠡᠢ ᠤᠰᠤ ᠬᠡᠷᠡᠭᠯᠡᠬᠦ ᠪᠠᠭᠠᠵᠢ ᠬᠡᠷᠡᠭᠰᠡᠯ ᠦᠢᠯᠡᠳᠪᠦᠷᠢᠯᠡᠬᠦ᠂ ᠪᠣᠷᠣᠯᠠᠭᠤᠯᠬᠤ ᠶᠢ | ᠴᠠᠭᠠᠵᠠᠯᠠᠵᠤ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠠᠮᠢᠳᠤᠷᠠᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠤᠨ ᠰᠤᠭᠤᠴᠠᠨ | ᠪᠠᠶᠢᠴᠠᠭᠠᠬᠤ ᠪᠦᠷᠬᠦᠴᠡ ᠶᠢᠨ ᠨᠤᠷᠮ᠎ᠠ ᠶᠢ 80% ᠠᠴᠠ ᠳᠡᠭᠡᠭᠰᠢ ᠬᠦᠷᠦᠭᠦᠯᠵᠦ᠂ ᠤᠰᠤ ᠬᠡᠷᠡᠭᠯᠡᠬᠦ ᠪᠠᠭᠠᠵᠢ ᠬᠡᠷᠡᠭᠰᠡᠯ | ᠬᠤᠳᠠᠯᠳᠤᠬᠤ ᠲᠤ ᠤᠰᠤ ᠠᠷᠪᠢᠯᠠᠬᠤ ᠮᠠᠶ᠋ᠢᠭ ᠤᠨ ᠪᠠᠭᠠᠵᠢ ᠬᠡᠷᠡᠭᠰᠡᠯ ᠤᠨ ᠡᠵᠡᠯᠡᠬᠦ ᠬᠠᠷᠢᠴᠠᠯ ᠢ 100% ᠲᠤ | ᠬᠦᠷᠦᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠲᠣᠭᠤᠷᠢᠭ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ︶ | 18᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠶᠢ ᠴᠢᠩᠭ᠎ᠠ | ᠬᠢᠵᠠᠭᠠᠷᠯᠠᠨ᠎ᠠ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠬᠡᠷᠡᠭᠯᠡᠬᠦ ᠤᠰᠤ ᠶᠢ ᠲᠤᠰᠬᠠᠢ | ᠵᠦᠢᠯ ᠢᠶᠠᠷ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠬᠢᠶᠠᠯᠭ᠎ᠠ᠂ ᠲᠡᠷᠭᠡ ᠤᠬᠢᠶᠠᠬᠤ᠂ | ᠤᠬᠢᠶᠠᠯᠭ᠎ᠠ᠂ ᠵᠣᠴᠢᠳ ᠤᠨ ᠪᠠᠭᠤᠳᠠᠯ ᠵᠡᠷᠭᠡ ᠦᠢᠯᠡᠴᠢᠯᠡᠭᠡᠨ ᠤ ᠦᠢᠯᠡᠰ ᠤᠳ ᠤᠰᠤ ᠠᠷᠪᠢᠯᠠᠬᠤ ᠪᠠᠭᠠᠵᠢ ᠬᠡᠷᠡᠭᠰᠡᠯ | ᠲᠥᠬᠦᠭᠡᠷᠦᠮᠵᠢ ᠤᠭᠰᠠᠷᠠᠬᠤ ᠬᠡᠷᠡᠭᠲᠡᠢ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠲᠤ | ᠵᠦᠷᠢᠶᠡᠴᠢᠯᠡᠭᠰᠡᠨ ᠤᠰᠤᠨ ᠤ ᠦᠨ᠎ᠡ ᠶᠢ ᠬᠡᠷᠡᠭᠵᠢᠭᠦᠯᠵᠦ᠂ ᠤᠰᠤ ᠪᠠᠭ᠎ᠠ ᠬᠤᠷᠣᠭᠳᠠᠭᠤᠯᠬᠤ᠂ ᠤᠰᠤ ᠶᠢ | ᠡᠷᠭᠢᠯᠳᠦᠭᠦᠯᠦᠨ ᠬᠡᠷᠡᠭᠯᠡᠬᠦ ᠵᠡᠷᠭᠡ ᠤᠰᠤ ᠠᠷᠪᠢᠯᠠᠬᠤ ᠮᠡᠷᠭᠡᠵᠢᠯ᠂ ᠲᠥᠬᠦᠭᠡᠷᠦᠮᠵᠢ ᠪᠡᠯᠡᠳᠬᠡᠮᠵᠢ ᠶᠢ ᠬᠡᠷᠡᠭᠯᠡᠬᠦ ᠶᠢ | ᠠᠬᠢᠭᠤᠯᠵᠤ᠂ ᠳᠠᠬᠢᠯᠲᠠ ᠤᠰᠤ᠂ ᠪᠣᠷᠣᠭᠠᠨ ᠤ ᠤᠰᠤ ᠵᠡᠷᠭᠡ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ | ᠬᠡᠷᠡᠭᠯᠡᠬᠦ ᠶᠢ ᠵᠣᠷᠢᠭᠵᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶ | 19᠂ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠬᠤ ᠶᠢ ᠪᠠᠭᠠᠰᠬᠠᠨ᠎ᠠ᠃ | ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠬᠠᠩᠭᠠᠬᠤ ᠬᠤᠭᠤᠯᠠᠢ ᠶᠢᠨ ᠲᠣᠣᠷ ᠢ | ᠲᠣᠥᠷᠵᠢᠭᠤᠯᠬᠤ᠂ ᠨᠠᠷᠢᠯᠢᠭᠵᠢᠭᠤᠯᠬᠤ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠥᠬᠦ | ᠲᠤᠭᠤᠷᠢᠭ ᠤᠨ ᠤᠰᠤ ᠠᠷᠪᠢᠯᠠᠬᠤ ᠮᠠᠶ᠋ᠢᠭ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠤᠭᠤᠯᠠᠢ ᠶᠢᠨ ᠲᠣᠣᠷ | ᠤᠨ ᠭᠤᠭᠤᠵᠢᠭᠳᠠᠵᠤ ᠬᠤᠬᠢᠷᠠᠭᠰᠠᠨ ᠢ ᠬᠢᠵᠠᠭᠠᠷᠯᠠᠨ ᠰᠢᠨᠡᠳᠬᠡᠨ ᠥᠭᠡᠷᠡᠴᠢᠯᠡᠬᠦ᠂ ᠬᠠᠭᠤᠴᠢᠷᠠᠭᠰᠠᠨ ᠤᠰᠤ ᠬᠠᠩᠭᠠᠬᠤ | ᠬᠤᠭᠤᠯᠠᠢ ᠶᠢᠨ ᠲᠣᠣᠷ ᠤᠨ ᠭᠤᠭᠤᠵᠢᠭᠳᠠᠵᠤ ᠬᠤᠬᠢᠷᠠᠭᠰᠠᠨ ᠢ ᠬᠢᠵᠠᠭᠠᠷᠯᠠᠨ ᠬᠢᠵᠠᠭᠠᠷᠯᠠᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ︶ | 20᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠰᠤ ᠠᠷᠪᠢᠯᠠᠬᠤ ᠶᠢ | ᠬᠠᠶᠢᠮᠢᠶᠠᠨ ᠬᠤᠲᠠ ᠪᠠ ᠬᠤᠲᠠ ᠶᠢᠨ ᠰᠢᠨᠡᠳᠬᠡᠯᠲᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠥᠭᠡᠷᠡᠴᠢᠯᠡᠨ ᠥᠷᠭᠡᠳᠬᠡᠬᠦ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠠᠷᠪᠢᠯᠠᠬᠤ ᠪᠡᠯᠡᠳᠬᠡᠮᠵᠢ ᠶᠢ ᠢᠵᠢ ᠪᠦᠷᠢᠳᠦᠭᠦᠯᠬᠦ ᠶᠢ | ᠴᠢᠩᠭᠠᠳᠬᠠᠵᠤ᠂ ᠭᠤᠣᠯ ᠴᠣᠭᠴᠠᠲᠤ ᠪᠠᠷᠢᠯᠭ᠎ᠠ ᠯᠤᠭ᠎ᠠ ᠵᠡᠷᠭᠡᠪᠡᠷ ᠵᠢᠷᠤᠭᠯᠠᠨ ᠲᠥᠯᠥᠪᠯᠡᠬᠦ᠂ ᠵᠡᠷᠭᠡᠪᠡᠷ ᠪᠠᠷᠢᠯᠭ᠎ᠠ ᠪᠠᠷᠢᠬᠤ᠂ | ᠵᠡᠷᠭᠡᠪᠡᠷ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ᠃ ᠰᠢᠨ᠎ᠡ ᠪᠠᠷ ᠥᠭᠡᠷᠡᠴᠢᠯᠡᠵᠦ ᠥᠷᠭᠡᠳᠬᠡᠨ | ᠪᠠᠶᠢᠭᠤᠯᠤᠭᠰᠠᠨ ᠵᠢᠵᠢᠭ ᠲᠣᠭᠤᠷᠢᠭ᠂ ᠬᠤᠳᠠ ᠶᠢᠨ ᠶᠠᠪᠤᠳᠠᠯ ᠤᠨ ᠵᠠᠮ᠂ ᠨᠣᠭᠤᠭᠠᠨ ᠭᠠᠵᠠᠷ ᠤᠨ ᠦᠵᠡᠮᠵᠢ ᠵᠡᠷᠭᠡ | ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠵᠤ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ | ᠠᠵᠢᠯ ᠢ ᠳᠣᠷᠣᠭᠰᠢᠯᠠᠭᠤᠯᠵᠤ ᠤᠰᠤ ᠵᠠᠯᠠᠬᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠵᠤ᠂ ᠬᠡᠪ ᠤᠨ ᠪᠤᠰᠤ | ᠤᠰᠤᠨ ᠤ ᠡᠬᠢ ᠰᠤᠷᠪᠤᠯᠵᠢ ᠶᠢ ᠲᠤᠬᠠᠢ ᠶᠢᠨ ᠭᠠᠵᠠᠷ ᠲᠤᠨᠢ ᠰᠢᠩᠭᠡᠬᠡᠨ ᠠᠰᠢᠭᠯᠠᠬᠤ ᠶᠢ ᠪᠡᠶᠡᠯᠡᠭᠦᠯᠦᠨ᠎ᠡ᠃ ᠪᠤᠭᠤᠲᠤ | ᠬᠤᠲᠠ ᠶᠢᠨ ᠬᠠᠶᠢᠮᠢᠶᠠᠨ ᠬᠤᠲᠠ ᠪᠠᠶᠢᠭᠤᠯᠬᠤ ᠪᠠᠷ ᠮᠡᠳᠡᠭᠦᠯᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠬᠠᠮᠵᠢᠯᠴᠠᠨ | ᠪᠡᠶᠡᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ | ᠴᠢᠩᠱᠠᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | ︵ᠲᠤᠯᠤᠭ᠎ᠠ︶ ᠤᠰᠤ ᠬᠡᠷᠡᠭᠯᠡᠬᠦ ᠥᠢᠯᠡ ᠠᠵᠢᠯᠯᠠᠭ᠎ᠠ ᠶᠢ ᠵᠠᠰᠠᠬᠤ ᠶᠢ ᠵᠢᠷᠤᠮᠵᠢᠭᠤᠯᠤᠨ᠎ᠠ | 21᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠬᠠᠤᠯᠢ ᠬᠡᠷᠡᠭᠵᠢᠭᠦᠯᠬᠦ ᠶᠢᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠤᠨ | ᠥᠷᠨᠢᠭᠦᠯᠦᠨ᠎ᠡ᠃ ᠤᠰᠤ ᠲᠠᠲᠠᠵᠤ ᠬᠡᠷᠡᠭᠯᠡᠬᠦ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠲᠠᠲᠠᠵᠤ ᠬᠡᠷᠡᠭᠯᠡᠬᠦ ᠡᠯ᠎ᠡ ᠵᠦᠢᠯ ᠤᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠱᠠᠭᠠᠷᠳᠠᠯᠭ᠎ᠠ ᠪᠠ ᠴᠠᠭ ᠤᠨ ᠬᠢᠵᠠᠭᠠᠷ ᠶᠣᠰᠣᠭᠠᠷ | ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢ ᠬᠠᠮᠵᠢᠯᠴᠠᠨ ᠪᠡᠶᠡᠯᠡᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ | ᠤᠬᠠᠭᠠᠨ ᠤ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ | ᠴᠢᠩᠱᠠᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | ︵ᠨᠠᠢᠮᠠ︶ ᠤᠰᠤ ᠬᠡᠷᠡᠭᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ | 22᠂ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠠᠰᠢᠭᠯᠠᠨ᠎ᠠ᠃ ︽ᠬᠠᠲᠤᠨ ᠭᠤᠣᠯ ᠤᠨ | ᠬᠠᠮᠠᠭᠠᠯᠠᠯᠲᠠ ᠶᠢᠨ ᠬᠠᠤᠯᠢ︾᠂ ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ | ᠵᠦᠢ ᠵᠣᠬᠢᠰᠲᠠᠢ ᠠᠰᠢᠭᠯᠠᠨ ᠤᠰᠤᠨ ᠤ ᠡᠬᠢ ᠪᠠᠶᠠᠯᠢᠭ ᠢ ᠴᠢᠩᠭ᠎ᠠ ᠬᠠᠮᠢᠶᠠᠷᠤᠨ ᠡᠵᠡᠮᠳᠡᠬᠦ᠂ ᠠᠷᠪᠢᠲᠠᠢ ᠡᠷᠴᠢᠮᠯᠢᠭ | ᠠᠰᠢᠭᠯᠠᠬᠤ᠂ ᠪᠣᠬᠢᠷ ᠤᠰᠤ ᠶᠢ ᠭᠠᠳᠠᠭᠰᠢᠯᠠᠭᠤᠯᠬᠤ ᠵᠢᠴᠢ ᠰᠢᠢᠳᠪᠦᠷᠢᠯᠡᠵᠦ ᠪᠤᠴᠠᠭᠠᠨ ᠬᠡᠷᠡᠭᠯᠡᠬᠦ᠂ ᠤᠰᠤᠨ ᠤ | ᠢᠨᠵᠧᠨᠧᠷᠢᠩ ᠤᠨ ᠪᠡᠯᠡᠳᠬᠡᠮᠵᠢ ᠶᠢ ᠬᠠᠮᠢᠶᠠᠷᠬᠤ ᠵᠡᠷᠭᠡ ᠠᠵᠢᠯ ᠢ ᠥᠷᠨᠢᠭᠦᠯᠦᠨ᠎ᠡ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠤᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠢᠩᠱᠠᠨ ᠠᠮᠢ | ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | 23᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠤᠰᠤ ᠬᠡᠷᠡᠭᠯᠡᠬᠦ ᠡᠷᠬᠡ ᠶᠢ ᠨᠤᠲᠠᠯᠠᠨ | ᠲᠣᠭᠲᠠᠭᠠᠬᠤ ᠪᠠ ᠲᠣᠳᠣᠷᠬᠠᠢ ᠪᠣᠯᠭᠠᠬᠤ ᠶᠢ ᠪᠡᠶᠡᠯᠡᠭᠦᠯᠵᠦ᠂ ᠤᠰᠤ ᠬᠡᠷᠡᠭᠯᠡᠬᠦ ᠡᠷᠦᠬᠡ ᠶᠢᠨ ᠤᠰᠤᠨ ᠤ ᠡᠷᠬᠡ ᠶᠢ | ᠠᠷᠠᠯᠵᠢᠶᠠᠯᠠᠬᠤ ᠶᠢ ᠥᠷᠨᠢᠭᠦᠯᠦᠨ᠂ ᠰᠢᠨ᠎ᠡ ᠪᠠᠷ ᠨᠡᠮᠡᠭᠳᠡᠭᠦᠯᠬᠦ ᠲᠥᠷᠥᠯ ᠵᠦᠢᠯ ᠤᠨ ᠤᠰᠤ ᠬᠡᠷᠡᠭᠯᠡᠬᠦ ᠳᠤ ᠵᠠᠬ᠎ᠠ | ᠳᠡᠯᠭᠡᠭᠦᠷᠴᠢᠯᠡᠨ ᠠᠷᠠᠯᠵᠢᠶᠠᠯᠠᠬᠤ ᠵᠠᠷᠴᠢᠮ ᠶᠣᠰᠣᠭᠠᠷ ᠤᠰᠤ ᠬᠡᠷᠡᠭᠯᠡᠬᠦ ᠡᠷᠬᠡ ᠶᠢ ᠲᠥᠯᠥᠪᠦᠷᠢ ᠲᠠᠢ ᠪᠠᠷ ᠣᠯᠭᠤᠨ᠎ᠠ᠃ | ᠤᠰᠤ ᠬᠡᠷᠡᠭᠯᠡᠬᠦ ᠡᠷᠦᠬᠡ ᠶᠢᠨ ᠤᠰᠤ ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠵᠤ᠂ | ᠤᠰᠤ ᠬᠡᠷᠡᠭᠯᠡᠬᠦ ᠡᠷᠦᠬᠡ ᠶᠢᠨ ᠬᠠᠤᠯᠢ ᠶᠣᠰᠣᠨ ᠤ ᠤᠰᠤ ᠬᠡᠷᠡᠭᠯᠡᠬᠦ ᠡᠷᠬᠡ ᠠᠰᠢᠭ ᠢ ᠪᠠᠲᠤᠯᠠᠨ᠎ᠠ᠃ ᠳᠠᠬᠢᠯᠲᠠ | ᠤᠰᠤ ᠶᠢ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠪᠠ ᠤᠰᠤᠨ ᠤ ᠡᠷᠬᠡ ᠶᠢ ᠠᠷᠠᠯᠵᠢᠶᠠᠯᠠᠬᠤ ᠬᠦᠷᠢᠶ᠎ᠡ | ᠬᠡᠪᠴᠢᠶᠡᠨ ᠳᠤ ᠣᠷᠣᠭᠤᠯᠤᠨ᠎ᠠ᠃ 2023 ᠣᠨ ᠳᠤ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠠᠵᠢᠯ ᠢ | ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠦᠢᠯᠡᠳᠪᠦᠷᠢ᠂ ᠲᠠᠷᠢᠶᠠᠯᠠᠩ ᠵᠡᠷᠭᠡ ᠶᠢᠨ ᠤᠰᠤ ᠬᠡᠷᠡᠭᠯᠡᠬᠦ ᠡᠷᠬᠡ ᠶᠢᠨ | ᠡᠷᠬᠡ ᠶᠢ ᠨᠤᠲᠠᠯᠠᠨ ᠲᠣᠭᠲᠠᠭᠠᠬᠤ ᠪᠠ ᠲᠣᠳᠣᠷᠬᠠᠢ ᠪᠣᠯᠭᠠᠬᠤ ᠶᠢ ᠪᠡᠶᠡᠯᠡᠭᠦᠯᠵᠦ᠂ ᠤᠰᠤ ᠬᠡᠷᠡᠭᠯᠡᠬᠦ ᠡᠷᠬᠡ ᠶᠢᠨ | ᠠᠷᠠᠯᠵᠢᠶ᠎ᠠ ᠶᠢ ᠦᠷᠨᠢᠭᠦᠯᠦᠨ᠎ᠡ︔ 2024 ᠣᠨ ᠳᠤ᠂ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠬᠤ ᠪᠠ | ᠲᠣᠳᠣᠷᠬᠠᠢ ᠪᠣᠯᠭᠠᠬᠤ ᠶᠢ ᠪᠦᠬᠦᠨ ᠢ ᠪᠡᠶᠡᠯᠡᠭᠦᠯᠵᠦ᠂ ᠤᠰᠤ ᠬᠡᠷᠡᠭᠯᠡᠬᠦ ᠡᠷᠬᠡ ᠶᠢ ᠡᠷᠭᠢᠯᠲᠡ ᠳᠤ ᠣᠷᠣᠭᠤᠯᠬᠤ ᠪᠠ | ᠠᠷᠠᠯᠵᠢᠶᠠᠯᠠᠬᠤ ᠶᠢ ᠠᠬᠢᠭᠤᠯᠤᠨ᠎ᠠ︔ 2025 ᠣᠨ ᠳᠤ᠂ ᠬᠠᠷᠢᠶᠠᠯᠠᠯ ᠨᠢ ᠲᠣᠳᠣᠷᠬᠠᠢ᠂ ᠡᠷᠬᠡ ᠬᠠᠷᠢᠭᠤᠴᠠᠯᠭ᠎ᠠ ᠨᠢ | ᠲᠣᠳᠣᠷᠬᠠᠢ᠂ ᠡᠷᠭᠢᠯᠲᠡ ᠨᠢ ᠰᠢᠯᠤᠭᠤᠨ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠤᠰᠤ ᠬᠡᠷᠡᠭᠯᠡᠬᠦ ᠡᠷᠬᠡ ᠶᠢᠨ | ᠳᠦᠷᠢᠮ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︶ | 24᠂ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠳᠡᠭᠡᠳᠦ ᠱᠠᠲᠤᠨ ᠤ ᠲᠤᠰᠬᠠᠢ ᠵᠦᠢᠯ ᠤᠨ | ᠪᠡᠯᠡ ᠮᠥᠩᠭᠦ ᠪᠠ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠣᠯᠬᠤ ᠡᠷᠴᠢᠮ ᠢᠶᠠᠨ | ᠴᠢᠩᠭᠠᠷᠠᠭᠤᠯᠵᠤ᠂ ᠤᠰᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ᠂ ᠬᠡᠪ ᠤᠨ ᠪᠤᠰᠤ ᠤᠰᠤᠨ ᠤ ᠠᠰᠢᠭᠯᠠᠯᠲᠠ ᠵᠡᠷᠭᠡ ᠲᠥᠷᠥᠯ ᠵᠦᠢᠯ ᠢ ᠳᠡᠮᠵᠢᠨ᠎ᠡ᠃ ᠭᠤᠣᠯᠳᠠᠯᠭ᠎ᠠ ᠲᠠᠢ | ᠤᠰᠤᠨ ᠠᠰᠢᠭᠯᠠᠯᠲᠠ᠂ ᠤᠰᠤ ᠠᠷᠪᠢᠯᠠᠬᠤ᠂ ᠳᠠᠬᠢᠯᠲᠠ ᠤᠰᠤᠨ ᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠳᠤ | ᠡᠳ᠋ ᠤᠨ ᠵᠠᠰᠠᠭ ᠤᠨ ᠳᠡᠮᠵᠢᠯᠭᠡ ᠨᠥᠬᠦᠪᠦᠷᠢ ᠶᠢᠨ ᠡᠷᠴᠢᠮ ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠪᠡᠯᠡ ᠲᠣᠬᠢᠷᠠᠭᠤᠯᠭ᠎ᠠ ᠶᠢᠨ ᠦᠢᠯᠡᠳᠬᠦᠨ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ︽ᠤᠰᠤ | ᠠᠷᠪᠢᠯᠠᠬᠤ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠬᠡᠷᠡᠭᠵᠢᠭᠦᠯᠦᠨ᠂ ᠪᠡᠯᠡ ᠣᠷᠣᠭᠤᠯᠤᠨ | ᠬᠠᠮᠲᠤᠷᠠᠯᠴᠠᠬᠤ᠂ ᠨᠠᠶᠢᠳᠠᠨ ᠡᠵᠡᠩᠨᠡᠭᠦᠯᠬᠦ ᠪᠠ ᠭᠡᠷ᠎ᠡ ᠪᠠᠷ ᠤᠰᠤ ᠠᠷᠪᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ | ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠭᠤᠯᠤᠨ᠎ᠠ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠤ ᠲᠣᠪᠴᠢᠶ᠎ᠠ᠂ ᠲᠤᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠲᠤᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠤᠭᠤᠷᠢᠭ ᠤᠨ ᠤᠰᠤᠨ ᠤ | ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠪᠣᠭᠤᠮᠲᠠ ᠰᠢᠪᠲᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠪᠣᠳᠠᠲᠠᠢ ᠬᠠᠷᠢᠭᠤᠴᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠵᠣᠬᠢᠴᠠᠭᠤᠯᠤᠨ ᠠᠬᠢᠭᠤᠯᠤᠨ᠎ᠠ᠃ | ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠ ᠡᠭᠦᠷᠭᠡᠯᠡᠬᠦ ᠠᠵᠢᠯ ᠤᠨ ᠶᠣᠰᠣᠭᠠᠷ | ᠪᠣᠭᠤᠮᠲᠠ ᠰᠢᠪᠲᠤᠯᠬᠤ ᠠᠵᠢᠯᠯᠠᠭ᠎ᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠡᠯ᠎ᠡ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠠᠷᠢᠭᠤᠴᠠᠯᠭ᠎ᠠ ᠪᠠᠨ | ᠭᠦᠢᠴᠡᠳᠬᠡᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠡᠭᠦᠯᠳᠡᠷᠵᠢᠭᠦᠯᠦᠨ᠂ ᠪᠠᠲᠤᠯᠠᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠡᠯ᠎ᠡ ᠵᠦᠢᠯ ᠤᠨ ᠰᠢᠪᠲᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠭᠤᠷᠪᠠ︶ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠎ᠠ᠃ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠣᠬᠢᠷᠠᠭᠤᠯᠤᠨ ᠲᠣᠬᠢᠷᠠᠭᠤᠯᠬᠤ ᠶᠢ | ᠰᠢᠯᠢᠳᠡᠭᠵᠢᠭᠦᠯᠦᠨ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠢᠨᠵᠧᠨᠧᠷᠢᠩ ᠤᠨ ᠰᠢᠰᠲ᠋ᠧᠮᠵᠢ ᠶᠢ | ᠲᠡᠭᠦᠯᠳᠡᠷᠵᠢᠭᠦᠯᠦᠨ᠂ ᠬᠢᠨᠠᠨ ᠬᠡᠮᠵᠢᠵᠦ ᠬᠢᠨᠠᠨ ᠡᠵᠡᠮᠳᠡᠬᠦ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠷᠠᠭᠤᠯᠤᠨ᠎ᠠ᠃ | ︵ᠳᠥᠷᠪᠡ︶ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ | ᠤᠰᠤᠨ ᠤ ᠡᠷᠬᠡ ᠶᠢᠨ ᠦᠵᠡᠯ ᠤᠬᠠᠮᠰᠠᠷ ᠪᠠ ᠤᠰᠤ ᠠᠷᠪᠢᠯᠠᠬᠤ ᠦᠵᠡᠯ ᠤᠬᠠᠮᠰᠠᠷ ᠤᠨ ᠤᠬᠠᠭᠤᠯᠭ᠎ᠠ ᠶᠢ | ᠴᠢᠩᠭᠠᠳᠬᠠᠵᠤ᠂ ᠤᠰᠤ ᠬᠡᠷᠡᠭᠯᠡᠬᠦ ᠤᠯᠠᠮᠵᠢᠯᠠᠯᠲᠤ ᠣᠨᠣᠯᠵᠢᠬᠤᠨ ᠢ ᠬᠤᠪᠢᠷᠠᠭᠤᠯᠤᠨ᠎ᠠ︔ ᠤᠰᠤ ᠬᠡᠷᠡᠭᠯᠡᠬᠦ ᠭᠤᠣᠯ | ᠴᠣᠭᠴᠠ ᠶᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠤ᠂ ᠤᠰᠤ ᠲᠠᠲᠠᠵᠤ ᠬᠡᠷᠡᠭᠯᠡᠬᠦ ᠡᠷᠦᠬᠡ ᠶᠢᠨ | ᠢᠳᠡᠪᠬᠢᠵᠢᠯ ᠢ ᠭᠦᠢᠴᠡᠳ ᠳᠠᠶᠢᠴᠢᠯᠠᠨ᠂ ᠤᠰᠤᠨ ᠤ ᠡᠷᠬᠡ ᠶᠢ ᠠᠷᠠᠯᠵᠢᠶᠠᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠬᠥᠲᠥᠯᠥᠨ ᠵᠢᠯᠣᠭᠤᠳᠤᠨ᠎ᠠ︔ ᠠᠮᠵᠢᠯᠲᠠ ᠲᠠᠢ | ᠲᠤᠷᠰᠢᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠤᠰᠤᠨ ᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ | ᠬᠡᠪᠴᠢᠶ᠎ᠡ ᠶᠢ ᠲᠠᠰᠤᠷᠠᠯᠲᠠ ᠣᠯᠠᠨ ᠨᠡᠶᠢᠲᠡ ᠳᠤ ᠤᠰᠤᠨ ᠤ ᠬᠠᠤᠯᠢ ᠲᠣᠭᠲᠠᠭᠠᠯ ᠢ ᠤᠬᠠᠭᠤᠯᠵᠤ᠂ ᠤᠰᠤ ᠠᠷᠪᠢᠯᠠᠬᠤ | ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠵᠦ᠂ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠦᠨ᠂ ᠤᠰᠤ ᠬᠡᠷᠡᠭᠯᠡᠬᠦ | ᠡᠷᠬᠡ ᠶᠢᠨ ᠥᠭᠡᠷᠡᠴᠢᠯᠡᠯᠲᠡ ᠪᠠ ᠪᠥᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠨ᠎ᠠ᠃ | | |