1 —2 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠠᠩᠬᠠᠨ ᠤ ᠤᠯᠠᠷᠢᠯ ᠳᠤ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2023/4/6
      ᠡᠨᠡ ᠵᠢᠯ ᠤᠨ 1 —2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠢᠳᠡᠪᠬᠢᠲᠡᠢ ᠰᠠᠶᠢᠵᠢᠷᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠦᠴᠦᠲᠡᠢ ᠨᠠᠶᠢᠳᠠᠪᠤᠷᠢᠵᠢᠭᠤᠯᠤᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠡᠮᠡᠭᠳᠡᠵᠦ᠂ ᠠᠵᠢᠯ ᠣᠯᠭᠤᠯᠲᠠ ᠶᠢ ᠰᠢᠩᠭᠡᠬᠡᠨ ᠠᠪᠬᠤ ᠴᠢᠳᠠᠪᠤᠷᠢ ᠨᠡᠮᠡᠭᠳᠡᠨ᠂ ᠲᠣᠭᠲᠠᠭᠤᠨ ᠢᠶᠠᠷ ᠡᠬᠢᠯᠡᠬᠦ ᠶᠢ ᠪᠡᠶᠡᠯᠡᠭᠦᠯᠪᠡ᠃      ᠡᠵᠡᠩᠨᠡᠯᠲᠡ ᠶᠢᠨ ᠣᠷᠣᠯᠭ᠎ᠠ ᠦᠨᠳᠦᠰᠦᠨ ᠳᠡᠭᠡᠨ ᠪᠦᠬᠦ ᠲᠠᠯ᠎ᠠ ᠪᠠᠷ ᠨᠡᠮᠡᠭᠳᠡᠪᠡ᠃ 1 —2 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ︵ᠭᠤᠣᠯᠳᠠᠯᠭ᠎ᠠ ᠲᠠᠢ ᠬᠢᠨᠠᠨ ᠬᠡᠮᠵᠢᠯᠲᠡ ᠶᠢ ᠪᠠᠭᠲᠠᠭᠠᠨ᠎ᠠ︶᠎ ᠤᠨ ᠡᠵᠡᠩᠨᠡᠯᠲᠡ ᠶᠢᠨ ᠣᠷᠣᠯᠭ᠎ᠠ ᠶᠢ 5.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.2%᠎ ᠢᠶᠠᠷ ᠨᠡᠮᠡᠭᠳᠡᠨ᠂ 2022 ᠣᠨ ᠤ  1—2 ᠳ᠋ᠤᠭᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠲᠠᠢ ᠬᠠᠷᠢᠴᠠᠭᠤᠯᠪᠠᠯ 5.9 ᠵᠠᠭᠤᠨ ᠤ ᠨᠢᠭᠡᠴᠢ ᠳᠡᠭᠡᠭᠰᠢᠯᠡᠵᠡᠢ᠃ ᠠᠷᠪᠠᠨ ᠶᠡᠭᠡ ᠠᠵᠢᠯ ᠲᠥᠷᠥᠯ ᠤᠨ ᠲᠥᠷᠥᠯ ᠵᠦᠢᠯ ᠵᠢᠷᠭᠤᠭ᠎ᠠ ᠨᠡᠮᠡᠭᠳᠡᠵᠦ ᠳᠥᠷᠪᠡ ᠪᠠᠭᠤᠷᠠᠬᠤ ᠬᠠᠨᠳᠤᠰᠢ ᠲᠠᠢ ᠪᠠᠶᠢᠨ᠎ᠠ᠂ ᠡᠭᠦᠨ ᠳᠤ᠄ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠲᠣᠰ ᠲᠣᠰ 10.3%᠂ 2.9% ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠲᠤᠰ ᠲᠤᠰ 18.6%᠂ 9.7%᠎ ᠪᠠᠷ ᠨᠡᠮᠡᠭᠳᠡᠪᠡ︔ ᠤᠰᠤᠨ ᠠᠰᠢᠭᠯᠠᠯᠲᠠ᠂ ᠣᠷᠴᠢᠨ ᠠᠬᠤᠢ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ ᠲᠤᠰ ᠲᠤᠰ 459.8%᠂ 114.9%᠎ ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ ᠤᠨ ᠦᠢᠯᠡᠰ ᠲᠣᠰ ᠲᠣᠰ 2.7%᠂ 7.1%᠂ 8%᠂ 17.1% ᠪᠠᠭᠤᠷᠠᠪᠠ᠃      ᠠᠵᠢᠯ ᠣᠯᠭᠤᠯᠲᠠ ᠶᠢ ᠰᠢᠩᠭᠡᠬᠡᠨ ᠠᠪᠬᠤ ᠴᠢᠳᠠᠪᠤᠷᠢ ᠴᠢᠩᠭᠠᠷᠠᠪᠠ᠃ 1 —2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠳᠦᠷᠢᠮ ᠲᠣᠭᠲᠠᠭᠠᠯ ᠳᠠᠬᠢ ᠦᠢᠯᠡᠴᠢᠯᠡᠭᠡᠨ ᠤ ᠦᠢᠯᠡᠰ ᠲᠤ 15912 ᠠᠵᠢᠯᠲᠠᠨ ᠡᠯᠰᠡᠵᠦ᠂ ᠠᠳᠠᠯᠢ ᠬᠤᠭᠤᠴᠠᠭᠠᠨ ᠤ ᠬᠢ ᠠᠴᠠ 12.9%᠎ ᠪᠠᠷ ᠨᠡᠮᠡᠭᠳᠡᠨ᠂ ᠤᠰᠤᠨ ᠠᠰᠢᠭᠯᠠᠯᠲᠠ᠂ ᠣᠷᠴᠢᠨ ᠠᠬᠤᠢ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠤᠨ ᠠᠵᠢᠯᠲᠠᠨ ᠨᠡᠯᠢᠶᠡᠳ ᠣᠯᠠᠨ ᠨᠡᠮᠡᠭᠳᠡᠵᠦ᠂ ᠲᠣᠰ ᠲᠣᠰ 462.7% ᠪᠠ 24.7%᠎ ᠪᠠᠷ ᠨᠡᠮᠡᠭᠳᠡᠪᠡ᠃ ᠥᠭᠬᠦ ᠶᠣᠰᠣᠲᠠᠢ ᠠᠵᠢᠯᠲᠠᠨ ᠠᠵᠢᠯᠴᠢᠨ ᠤ ᠴᠠᠯᠢᠩ ᠬᠥᠯᠥᠰᠦ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.9%᠎ ᠪᠠᠷ ᠨᠡᠮᠡᠭᠳᠡᠨ᠂ ᠤᠰᠤᠨ ᠠᠰᠢᠭᠯᠠᠯᠲᠠ᠂ ᠣᠷᠴᠢᠨ ᠠᠬᠤᠢ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠲᠣᠰ ᠲᠣᠰ 343% ᠪᠠ 35%᠎ ᠪᠠᠷ ᠨᠡᠮᠡᠭᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号