ᠪᠠᠢ ᠶᠦᠨ ᠰᠢ ᠬᠠᠩᠰᠢ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠢ ᠨᠣᠭᠤᠭᠠᠷᠠᠭᠤᠯᠬᠤ ᠵᠢᠴᠢ ᠠᠮᠢ ᠠᠬᠤᠢ ᠶᠢ ᠰᠡᠷᠭᠦᠭᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/6
      4 ᠰᠠᠷ᠎ᠠ ᠶᠢᠨ 4 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠠᠩᠰᠢ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠣᠭᠤᠭᠠᠷᠠᠭᠤᠯᠤᠯᠲᠠ ᠵᠢᠴᠢ ᠠᠮᠢ ᠠᠬᠤᠢ ᠶᠢ ᠵᠠᠰᠠᠨ ᠰᠡᠷᠭᠦᠭᠡᠬᠦ ᠵᠡᠷᠭᠡ ᠠᠵᠢᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠡᠢ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠠᠢ ᠶᠦᠨ ᠰᠢ ᠤᠷᠢᠳ ᠬᠤᠵᠢᠳ ᠴᠢᠩᠱᠠᠨ ᠲᠣᠭᠤᠷᠢᠭ ᠤᠨ ᠣᠶ ᠰᠢᠭᠤᠢ ᠶᠢᠨ ᠭᠠᠯ ᠰᠡᠷᠭᠡᠶᠢᠯᠡᠬᠦ ᠣᠶᠤᠨᠴᠢ ᠬᠢᠨᠠᠨ ᠡᠵᠡᠮᠳᠡᠬᠦ ᠲᠠᠰᠤᠭ᠂ ᠶᠢᠨ ᠵᠢᠶᠠᠩ ᠭᠧᠦ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠂ ᠫᠥᠸᠧ ᠯᠥᠸᠧ ᠫᠦᠰᠡ ᠶᠢᠨ ᠲᠥᠷᠥᠯ ᠵᠦᠢᠯ ᠤᠨ ᠲᠣᠭᠤᠷᠢᠭ ᠵᠡᠷᠭᠡ ᠭᠠᠵᠠᠷ ᠲᠤ ᠬᠦᠷᠴᠦ᠂ ᠣᠶᠤᠨᠲᠤ ᠬᠢᠨᠠᠨ ᠡᠵᠡᠮᠳᠡᠬᠦ ᠰᠢᠰᠲ᠋ᠧᠮ ᠤᠨ ᠣᠶ ᠰᠢᠭᠤᠢ ᠬᠠᠮᠠᠭᠠᠯᠠᠬᠤ ᠬᠢᠨᠠᠨ ᠪᠠᠶᠢᠴᠠᠭᠠᠭᠰᠠᠨ ᠪᠠᠶᠢᠳᠠᠯ᠂ ᠬᠠᠩᠰᠢ ᠶᠢᠨ ᠬᠤᠭᠤᠴᠠᠭᠠᠨ ᠳᠠᠬᠢ ᠭᠠᠯ ᠰᠡᠷᠭᠡᠶᠢᠯᠡᠬᠦ ᠪᠡᠯᠡᠳᠬᠡᠯ ᠤᠨ ᠪᠠᠶᠢᠳᠠᠯ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠪᠡᠯᠡᠳᠬᠡᠯ ᠤᠨ ᠪᠠᠶᠢᠳᠠᠯ ᠵᠢᠴᠢ ᠠᠮᠢ ᠠᠬᠤᠢ ᠶᠢ ᠵᠠᠰᠠᠨ ᠰᠡᠷᠭᠦᠭᠡᠭᠰᠡᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠲᠠᠢ ᠲᠤᠬᠠᠢ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠵᠤ᠂ ᠰᠠᠨᠠᠯ ᠰᠠᠨᠠᠭᠤᠯᠭ᠎ᠠ ᠳᠤᠷᠠᠳᠴᠤ᠂ ᠠᠷᠭ᠎ᠠ ᠬᠡᠮᠵᠢᠶ᠎ᠡ ᠪᠠ ᠠᠷᠭ᠎ᠠ ᠪᠠᠨ  ᠵᠦᠪᠳᠡᠪᠡ᠃      ᠪᠠᠢ ᠶᠦᠨ ᠰᠢ᠂ ᠳᠠᠯᠠᠨ ᠬᠠᠷ᠎ᠠ ᠠᠭᠤᠯᠠ ᠪᠣᠯ ᠪᠤᠭᠤᠲᠤ ᠶᠢᠨ ᠬᠤᠶᠢᠲᠤ ᠬᠡᠰᠡᠭ ᠤᠨ ᠴᠢᠬᠤᠯᠠ ᠠᠮᠢ ᠠᠬᠤᠢ ᠶᠢᠨ ᠬᠠᠯᠬᠠᠪᠴᠢ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠶᠢᠨ ᠬᠠᠮᠠᠭᠠᠯᠠᠯᠲᠠ ᠶᠢ ᠵᠡᠷᠭᠡᠪᠡᠷ ᠠᠳᠬᠤᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠶᠢᠨ ᠬᠥᠭᠵᠢᠯᠲᠡ ᠶᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠵᠤ᠂ ᠮᠣᠳᠣ ᠲᠠᠷᠢᠵᠤ ᠣᠶᠢᠵᠢᠭᠤᠯᠬᠤ᠂ ᠪᠣᠬᠢᠷᠲᠤᠯ ᠦᠭᠡᠢ ᠬᠥᠭᠵᠢᠯᠲᠡ ᠶᠢ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠰᠠᠭᠤᠷᠢ ᠥᠩᠭᠡ ᠪᠣᠯᠭᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ᠂ ᠪᠦᠬᠦ ᠣᠷᠣᠨ ᠪᠦᠰᠡ᠂ ᠪᠦᠬᠦ ᠶᠠᠪᠤᠴᠠ ᠪᠠᠷ ᠥᠷᠨᠢᠭᠦᠯᠵᠦ᠂ ᠠᠭᠤᠷᠬᠠᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ︽ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠵᠤ᠂ ᠬᠥᠮᠥᠨ ᠤ ᠬᠦᠴᠦ ᠪᠠᠷ ᠰᠡᠷᠭᠦᠭᠡᠬᠦ ᠪᠠᠷ ᠬᠠᠪᠰᠤᠷᠤᠮᠵᠢ ᠪᠣᠯᠭᠠᠬᠤ︾ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠪᠣᠬᠢᠷᠲᠤᠯ ᠦᠭᠡᠢ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号