ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ | ᠣᠷᠣᠰᠢᠭᠤᠯᠭ᠎ᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠰᠠᠶᠢᠲᠤᠷ ᠬᠠᠮᠠᠭᠠᠯᠠᠬᠤ ᠶᠢᠨ | ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ | ᠠᠷᠭ᠎ᠠ ᠰᠦᠪᠡᠭᠴᠢᠯᠡᠵᠦ᠂ ᠡᠷᠲᠡ ᠠᠴᠠ ᠪᠠᠶᠢᠷᠢᠯᠠᠭᠤᠯᠤᠯᠲᠠ ᠬᠢᠵᠦ᠂ ᠲᠣᠭᠤᠷᠢᠨ ᠪᠠᠶᠢᠴᠠᠭᠠᠬᠤ ᠶᠢ ᠬᠦᠴᠦᠯᠡᠨ | ᠴᠢᠩᠭᠠᠳᠬᠠᠵᠤ᠂ ᠬᠠᠩᠰᠢ ᠶᠢᠨ ᠡᠳᠦᠷ ᠪᠣᠯᠪᠠᠰᠤᠨ ᠤ ᠳᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠨᠠᠷᠢᠨ ᠬᠢᠨᠠᠮᠠᠭᠠᠢ ᠰᠠᠶᠢᠲᠤᠷ ᠬᠢᠪᠡ᠃ | ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠢᠩᠱᠠᠨ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ 1 | ᠣᠷᠣᠰᠢᠭᠤᠯᠭ᠎ᠠ ᠶᠢᠨ ᠭᠠᠵᠠᠷ᠂ 5 ᠨᠡᠶᠢᠲᠡ ᠶᠢᠨ ᠪᠤᠩᠬᠤᠨ ᠪᠠ ᠣᠷᠣᠰᠢᠭᠤᠯᠭ᠎ᠠ ᠶᠢᠨ ᠦᠢᠯᠡᠴᠢᠯᠡᠭᠡ ᠬᠠᠩᠭᠠᠵᠤ | ᠪᠠᠶᠢᠭ᠎ᠠ 26 ᠬᠤᠳᠠᠯᠳᠤᠭᠠᠴᠢᠨ ᠳᠤ ᠲᠥᠪᠯᠡᠷᠡᠭᠦᠯᠦᠨ ᠪᠠᠶᠢᠴᠠᠭᠠᠯᠲᠠ ᠬᠢᠵᠡᠢ᠃ ᠲᠣᠰ ᠤᠳᠠᠭᠠᠨ ᠤ | ᠪᠠᠶᠢᠴᠠᠭᠠᠯᠲᠠ ᠳᠤ ᠭᠤᠣᠯᠳᠠᠭᠤ ᠣᠷᠣᠰᠢᠭᠤᠯᠭ᠎ᠠ ᠶᠢᠨ ᠪᠠᠭᠠᠵᠢ ᠶᠢᠨ ᠦᠢᠯᠡᠴᠢᠯᠡᠭᠡ ᠬᠠᠩᠭᠠᠬᠤ ᠪᠤᠶᠤ | ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠬᠤ ᠣᠷᠣᠰᠢᠭᠤᠯᠭ᠎ᠠ ᠶᠢᠨ ᠲᠤᠰᠬᠠᠢ ᠳᠡᠯᠭᠡᠭᠦᠷ ᠤᠨ ᠦᠨ᠎ᠡ ᠬᠠᠩᠰᠢ ᠶᠢ | ᠢᠯᠡ ᠬᠠᠳᠠᠬᠤ ᠦᠭᠡᠢ᠂ ᠦᠨ᠎ᠡ ᠨᠡᠮᠡᠬᠦ ᠵᠡᠷᠭᠡ ᠦᠨ᠎ᠡ ᠬᠠᠩᠰᠢ ᠶᠢ ᠢᠯᠡ ᠬᠠᠳᠠᠬᠤ ᠲᠣᠭᠲᠠᠭᠠᠯ ᠢ ᠵᠥᠷᠢᠴᠡᠭᠰᠡᠨ᠂ | ᠠᠷᠠᠳ ᠤᠨ ᠵᠣᠭᠤᠰ ᠤᠨ ᠥᠯᠢᠭᠡᠷ ᠵᠢᠷᠤᠭ ᠢ ᠬᠠᠤᠯᠢ ᠪᠤᠰᠤ ᠪᠠᠷ ᠪᠣᠷᠣᠯᠠᠭᠤᠯᠤᠭᠰᠠᠨ ᠵᠡᠷᠭᠡ ᠬᠠᠤᠯᠢ ᠶᠢ | ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠪᠠ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠣᠷᠣᠰᠢᠭᠤᠯᠭ᠎ᠠ ᠶᠢᠨ ᠦᠢᠯᠡᠴᠢᠯᠡᠭᠡᠨ ᠤ ᠨᠢᠭᠡᠴᠡ ᠨᠦᠭᠦᠳ ᠤᠨ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠢ ᠴᠢᠩᠭᠠᠳᠬᠠᠨ᠂ 12345 | ᠪᠤᠶᠤ 12315 ᠶᠢᠨ ᠵᠠᠭᠠᠯᠳᠤᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠰᠠᠭᠠᠳ ᠦᠭᠡᠢ ᠨᠠᠪᠲᠠᠷᠡᠭᠦᠯᠵᠦ᠂ | ᠬᠡᠷᠡᠭᠯᠡᠭᠡᠨ ᠤ ᠵᠢᠭᠤᠷᠠᠯᠳᠤᠭᠠᠨ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ ᠡᠶᠡᠳᠡᠭᠦᠯᠵᠦ᠂ | ᠬᠡᠷᠡᠭᠯᠡᠭᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ |