ᠮᠦᠩᠬᠡᠵᠢᠯ ᠵᠠᠮ ᠤᠨ ᠵᠡᠭᠡᠯᠢ ᠭᠤᠳᠤᠮᠵᠢ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠵᠢᠴᠢ ᠠᠮᠤᠷ ᠲᠦᠪᠰᠢᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/7
      ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠯᠠᠮ ᠴᠢᠨᠠᠭᠰᠢᠳᠠ  ᠲᠦᠭᠡᠮᠡᠯᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ᠂ ᠠᠳᠠᠯ ᠠᠬᠤᠢ ᠶᠢᠨ ᠠᠵᠢᠯᠲᠠᠨ᠂ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠶᠢ ᠠᠩᠬᠠᠷᠬᠤ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠤᠯᠴᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ 4 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠥᠷᠭᠡᠨ ᠢᠶᠠᠷ ᠲᠦᠭᠡᠮᠡᠯᠵᠢᠭᠦᠯᠦᠨ ᠳᠡᠯᠭᠡᠷᠡᠭᠦᠯᠪᠡ᠃      ᠲᠤᠰ ᠤᠳᠠᠭ᠎ᠠ ᠶᠢᠨ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠨᠢ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠪᠠ ᠭᠠᠯ ᠤᠨᠲᠠᠷᠠᠭᠠᠬᠤ ᠰᠣᠷᠢᠯᠲᠠ ᠭᠡᠵᠦ ᠬᠤᠶᠠᠷ ᠭᠤᠭᠴᠤᠭ᠎ᠠ ᠬᠤᠪᠢᠶᠠᠨ᠎ᠠ᠃ ᠬᠢᠴᠢᠶᠡᠯᠯᠡᠵᠦ ᠪᠠᠶᠢᠭ᠎ᠠ ᠪᠠᠭᠰᠢ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠲᠤ ᠭᠠᠯ ᠤᠨ ᠭᠠᠮᠰᠢᠭ ᠤᠨ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠨᠠᠷᠢᠨ ᠲᠣᠳᠣᠷᠬᠠᠢ ᠶᠠᠷᠢᠵᠤ᠂ ᠨᠡᠶᠢᠭᠡᠮ ᠲᠣᠭᠤᠷᠢᠭ ᠲᠤ ᠣᠶᠢᠷᠠᠳᠬᠤ᠂ ᠠᠮᠢᠳᠤᠷᠠᠯ ᠳᠤ ᠣᠶᠢᠷᠠᠳᠬᠤ᠂ ᠪᠣᠳᠠᠲᠠᠢ ᠳᠤ ᠣᠶᠢᠷᠠᠳᠬᠤ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ ᠣᠳᠣᠬᠠᠨ ᠤ ᠣᠷᠣᠨ ᠰᠠᠭᠤᠴᠠ ᠶᠢᠨ ᠭᠠᠯ ᠤᠨ ᠭᠠᠮᠰᠢᠭ ᠤᠨ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠬᠤ ᠶᠢ ᠱᠠᠯᠠᠪᠳᠠᠭᠤᠯᠤᠨ ᠰᠠᠨᠠᠭᠤᠯᠬᠤ ᠶᠢᠨ ᠬᠠᠮᠲᠤ᠂ ᠰᠠᠭᠤᠭᠠᠯᠢ ᠠᠷᠠᠳ ᠲᠤ ᠭᠡᠷ ᠪᠦᠯᠢ ᠶᠢᠨ ᠭᠠᠯ ᠤᠨ ᠭᠠᠮᠰᠢᠭ ᠤᠨ ᠳᠠᠯᠳᠠ ᠬᠡᠮ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠥᠷᠭᠡᠨ ᠣᠯᠠᠨ ᠰᠠᠭᠤᠭᠠᠯᠢ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠪᠠ᠃      ᠰᠣᠷᠢᠯᠲᠠ ᠶᠢᠨ ᠳᠤᠮᠳᠠ᠂ ᠣᠯᠠᠨ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠵᠠᠶᠢᠯᠠᠬᠤ ᠲᠤᠬᠠᠢ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠵᠢᠱᠢᠶ᠎ᠡ ᠦᠵᠡᠭᠦᠯᠵᠦ᠂ ᠰᠠᠭᠤᠭᠠᠯᠢ ᠲᠣᠭᠤᠷᠢᠭ ᠤᠨ ᠣᠨᠴᠠᠯᠢᠭ ᠵᠢᠴᠢ ᠭᠤᠣᠯᠳᠠᠯᠭ᠎ᠠ ᠲᠠᠢ ᠭᠠᠯ ᠤᠨᠲᠠᠷᠠᠭᠠᠬᠤ ᠣᠷᠣᠨ ᠪᠠᠶᠢᠷᠢ ᠶᠢ ᠦᠨᠳᠦᠰᠦᠯᠡᠨ ᠰᠣᠷᠢᠯᠲᠠ ᠬᠢᠵᠦ᠂ ᠡᠭᠦᠨ ᠳᠤ ᠣᠯᠠᠨ ᠳᠠᠪᠬᠤᠷᠭᠠᠲᠤ᠂ ᠥᠨᠳᠥᠷ ᠳᠠᠪᠬᠤᠷᠭᠠᠲᠤ ᠪᠠᠷᠢᠯᠭ᠎ᠠ ᠶᠢᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠠᠮᠢ ᠵᠢᠭᠤᠲᠠᠬᠤ ᠠᠷᠭ᠎ᠠ ᠪᠠᠭᠲᠠᠨ᠎ᠠ︔ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠲᠡᠷᠭᠡ ᠤᠨᠤᠭ᠎ᠠ ᠶᠢᠨ ᠭᠠᠯ ᠢ ᠰᠡᠷᠭᠡᠶᠢᠯᠡᠬᠦ ᠳᠤ ᠠᠩᠬᠠᠷᠬᠤ ᠵᠦᠢᠯ︔ ᠭᠠᠯ ᠰᠡᠷᠭᠡᠶᠢᠯᠡᠬᠦ ᠱᠠᠭᠠᠷᠳᠠᠯᠭ᠎ᠠ ᠵᠢᠴᠢ ᠪᠦᠲᠦᠮᠵᠢᠲᠡᠶ ᠰᠢᠢᠳᠪᠦᠷᠢᠯᠡᠬᠦ ᠠᠷᠭ᠎ᠠ ᠵᠡᠷᠭᠡ ᠨᠢ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠠ ᠭᠠᠯ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃       ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠲᠦᠮᠡᠨ ᠤ ᠭᠠᠯ ᠤᠨᠲᠠᠷᠠᠭᠠᠬᠤ ᠬᠡᠮ ᠰᠣᠭᠤᠭ ᠢ ᠥᠪᠡᠰᠦᠪᠡᠨ ᠪᠠᠶᠢᠴᠠᠭᠠᠵᠤ᠂ ᠭᠠᠯ ᠤᠨ ᠭᠠᠮᠰᠢᠭ ᠤᠨ ᠬᠡᠮ ᠰᠣᠭᠤᠭ ᠢ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠠᠷᠠᠳ ᠤᠨ ᠰᠡᠳᠬᠢᠯ ᠳᠤ᠂ ᠲᠠᠷᠢᠬᠢ ᠲᠣᠯᠣᠭᠠᠢ ᠳᠤ ᠬᠠᠳᠠᠩᠰᠢᠭᠤᠯᠤᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号