ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠢᠬᠠᠨ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠳᠤ ᠲᠤᠰᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/4/7
      ᠠᠷᠠᠳ ᠢᠷᠭᠡᠳ ᠪᠣᠯᠪᠠᠰᠤ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠂ ᠠᠮᠤ ᠪᠤᠳᠠᠭ᠎ᠠ ᠪᠣᠯᠪᠠᠰᠤ ᠠᠮᠤᠷ ᠲᠦᠪᠰᠢᠨ ᠢ ᠲᠡᠷᠢᠭᠦᠨ ᠳᠤ ᠲᠠᠯᠪᠢᠮᠤᠢ᠃ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠤ ᠬᠡᠷᠡᠭᠴᠡᠭᠡ ᠠᠯᠬᠤᠮ ᠠᠯᠬᠤᠮ ᠢᠶᠠᠷ ᠳᠡᠭᠡᠭᠰᠢᠯᠡᠬᠦ ᠶᠢ ᠳᠠᠭᠠᠯᠳᠤᠨ᠂ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ︽ᠬᠤᠷᠢᠭ᠎ᠠ ᠱᠤᠭᠤᠮ︾ ᠢ ᠪᠠᠲᠤ ᠰᠠᠬᠢᠬᠤ ᠨᠢ ᠲᠤᠶᠢᠯ ᠤᠨ ᠴᠢᠬᠤᠯᠠ ᠶᠤᠮ᠃ ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠤᠨ ᠶᠠᠰᠤ ᠴᠢᠨᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠪᠦᠲᠦᠮᠵᠢᠲᠡᠶ ᠪᠠᠷ ᠵᠢᠷᠤᠮᠵᠢᠭᠤᠯᠵᠤ᠂ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠴᠠᠭ ᠲᠤᠬᠠᠢ  ᠳᠤᠨᠢ ᠡᠵᠡᠮᠰᠢᠨ ᠠᠷᠢᠯᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠠᠷᠠᠭ︾ ᠲᠤ ᠲᠦᠰᠢᠭᠯᠡᠨ ᠬᠠᠷᠢᠶ᠎ᠠ ᠣᠷᠣᠨ ᠤ ᠪᠠᠨ ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠳᠤ ᠲᠤᠰᠬᠠᠢ ᠪᠠᠶᠢᠴᠠᠭᠠᠯᠲᠠ ᠬᠢᠵᠦ᠂ ᠠᠷᠠᠳ ᠤᠯᠠᠨ ᠤ ︽ᠰᠠᠨᠠᠭ᠎ᠠ ᠠᠮᠤᠷ ᠮᠢᠬ᠎ᠠ︾ ᠢᠳᠡᠬᠦ ᠶᠢ ᠦᠨᠡᠨᠬᠦ ᠪᠠᠲᠤᠯᠠᠪᠠ᠃      ᠲᠣᠰ ᠤᠳᠠᠭ᠎ᠠ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ᠂ ᠬᠠᠳᠠᠭᠠᠯᠠᠬᠤ ᠨᠥᠬᠦᠴᠡᠯ᠂ ᠦᠢᠯᠡᠳᠬᠦᠨ ᠤ ᠰᠢᠯᠭᠠᠨ ᠪᠠᠶᠢᠴᠠᠭᠠᠯᠲᠠ᠂ ᠦᠢᠯᠡᠳᠪᠦᠷᠢᠯᠡᠯ ᠤᠨ ᠲᠡᠮᠳᠡᠭᠯᠡᠯ ᠵᠢᠴᠢ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠣᠲᠣ ᠪᠣᠯᠲᠠᠯ᠎ᠠ᠂ ᠮᠢᠬᠠᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠨᠡᠶᠢᠲᠡ 9 ᠤᠳᠠᠭ᠎ᠠ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠢ ᠴᠠᠭ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠮᠢᠬᠠᠨ ᠤ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠪᠠᠷ ᠴᠢᠷᠮᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号