ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠤᠨ 220KV ᠬᠦᠴᠦᠳᠡᠯ ᠥᠭᠡᠷᠡᠴᠢᠯᠡᠬᠦ ᠥᠷᠲᠡᠭᠡᠨ ᠤ ᠭᠠᠳᠠᠷ ᠱᠤᠭᠤᠮ ᠤᠨ ᠢᠨᠵᠧᠨᠧᠷᠢᠩ ᠢ ᠵᠢᠩᠬᠢᠨᠢ ᠪᠠᠷ ᠡᠬᠢᠯᠡᠨ ᠪᠠᠶᠢᠭᠤᠯᠪᠠ
ᠨᠡᠶᠢᠲᠡᠯᠡᠭᠰᠡᠨ ᠴᠠᠭ᠄
2023/5/10
      ᠣᠶᠢᠷ᠎ᠠ ᠳᠤ᠂ ᠪᠤᠭᠤᠲᠤ ᠶᠢᠨ ᠴᠠᠬᠢᠯᠭᠠᠨ ᠬᠠᠩᠭᠠᠬᠤ ᠺᠣᠮᠫᠠᠨᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠤᠨ 220KV ᠬᠦᠴᠦᠳᠡᠯ ᠥᠭᠡᠷᠡᠴᠢᠯᠡᠬᠦ ᠥᠷᠲᠡᠭᠡ ᠶᠢᠨ ᠭᠠᠳᠠᠷ ᠱᠤᠭᠤᠮ ᠤᠨ ᠢᠨᠵᠧᠨᠧᠷᠢᠩ ᠢ ᠵᠢᠩᠬᠢᠨᠢ ᠪᠠᠷ ᠡᠬᠢᠯᠡᠨ ᠬᠡᠷᠡᠭᠵᠢᠭᠦᠯᠪᠡ᠃ ᠲᠣᠰ ᠱᠤᠭᠤᠮ ᠪᠣᠯ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠤᠨ 220KV ᠬᠦᠴᠦᠳᠡᠯ ᠥᠭᠡᠷᠡᠴᠢᠯᠡᠬᠦ ᠥᠷᠲᠡᠭᠡᠨ ᠤ ᠴᠠᠬᠢᠯᠭᠠᠨ ᠬᠦᠷᠭᠡᠬᠦ ᠭᠤᠣᠯ ᠱᠤᠭᠤᠮ ᠪᠣᠯᠣᠨ᠎ᠠ᠂ ᠵᠠᠮ ᠱᠤᠭᠤᠮ ᠨᠢ 220KV᠎ ᠶᠢᠨ ᠴᠢᠨᠳᠠᠭᠠᠨ ᠴᠠᠭᠠᠨ ᠭᠤᠤᠯ ᠤᠨ ᠬᠦᠴᠦᠳᠡᠯ ᠥᠭᠡᠷᠡᠴᠢᠯᠡᠬᠦ ᠥᠷᠲᠡᠭᠡᠨ ᠤ ᠠᠭᠠᠷ ᠠᠴᠠ ᠭᠠᠷᠴᠤ᠂ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠤᠨ 220KV ᠬᠦᠴᠦᠳᠡᠯ ᠥᠭᠡᠷᠡᠴᠢᠯᠡᠬᠦ ᠥᠷᠲᠡᠭᠡᠨ ᠳᠤ ᠬᠦᠷᠴᠦ᠂ ᠨᠡᠶᠢᠲᠡ 35 ᠰᠠᠭᠤᠷᠢ ᠰᠤᠪᠤᠷᠭ᠎ᠠ ᠪᠠᠶᠢᠭᠤᠯᠵᠤ᠂ ᠭᠤᠣᠯᠳᠠᠭᠤ ᠬᠦᠷᠢᠶᠡᠯᠡᠩ ᠲᠣᠭᠤᠷᠢᠭ ᠤᠨ ᠬᠤᠩ ᠶᠤᠸᠠᠨ ᠤ ᠳᠥᠷᠪᠡᠳᠦᠭᠡᠷ ᠬᠤᠭᠤᠴᠠᠭᠠᠨ ᠤ ᠲᠥᠷᠥᠯ ᠵᠦᠢᠯ ᠳᠤ ᠴᠠᠬᠢᠯᠭᠠᠨ ᠬᠠᠩᠭᠠᠵᠤ᠂ ᠵᠢᠱᠢᠯᠲᠡ ᠪᠠᠷ 8 ᠰᠠᠷ᠎ᠠ ᠶᠢᠨ ᠡᠬᠢ ᠪᠠᠷ ᠵᠢᠩᠬᠢᠨᠢ ᠪᠠᠷ ᠴᠠᠬᠢᠯᠭᠠᠨ ᠨᠡᠪᠲᠡᠷᠡᠭᠦᠯᠦᠨ᠎ᠡ᠃ ᠲᠣᠰ ᠵᠦᠢᠯ ᠤᠨ ᠭᠠᠳᠠᠷ ᠱᠤᠭᠤᠮ ᠤᠨ ᠢᠨᠵᠧᠨᠧᠷᠢᠩ ᠤᠨ ᠬᠦᠷᠢᠶᠡᠯᠡᠩ ᠲᠣᠭᠤᠷᠢᠭ ᠲᠤ ᠲᠤᠰᠬᠠᠢ ᠬᠥᠮᠥᠨ ᠲᠣᠮᠢᠯᠠᠨ ᠮᠥᠷᠳᠡᠨ ᠦᠢᠯᠡᠴᠢᠯᠡᠭᠦᠯᠵᠦ᠂ ᠵᠠᠮ ᠱᠤᠭᠤᠮ ᠎ ᠠᠴᠠ ᠭᠠᠵᠠᠷ ᠰᠣᠩᠭᠤᠬᠤ᠂ ᠪᠣᠳᠠᠲᠠᠢ ᠭᠠᠵᠠᠷ ᠲᠤᠨᠢ ᠬᠠᠶᠢᠨ ᠰᠢᠨᠵᠢᠬᠦ᠂ ᠪᠠᠷᠢᠯᠭ᠎ᠠ ᠪᠠᠷᠢᠵᠤ ᠪᠦᠲᠦᠭᠡᠨ ᠪᠠᠶᠢᠭᠤᠯᠬᠤ ᠪᠥᠬᠦ ᠶᠠᠪᠤᠴᠠ ᠳᠤ ᠦᠢᠯᠡᠴᠢᠯᠡᠨ᠂ ᠥᠮᠴᠢᠯᠡᠬᠦ ᠡᠷᠬᠡ ᠲᠠᠢ ᠨᠢᠭᠡᠴᠡ ᠲᠠᠢ ᠴᠠᠭ ᠲᠤᠬᠠᠢ ᠳᠤᠨᠢ ᠨᠡᠪᠲᠡᠷᠡᠯᠴᠡᠵᠦ᠂ ᠴᠠᠬᠢᠯᠭᠠᠨ ᠬᠦᠷᠭᠡᠬᠦ ᠱᠤᠭᠤᠮ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠬᠦᠷᠢᠶᠡᠯᠡᠩ ᠲᠣᠭᠤᠷᠢᠭ ᠤᠨ ᠬᠢᠨ ᠥᠮᠴᠢᠯᠡᠬᠦ ᠡᠷᠬᠡ ᠶᠢᠨ ᠨᠢᠭᠡᠴᠡ ᠎ ᠯᠦᠭᠡ ᠶᠢᠨ  ᠰᠤᠯᠢᠯᠴᠠᠭ᠎ᠠ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠵᠠᠮ ᠱᠤᠭᠤᠮ ᠤᠨ ᠨᠠᠯᠠᠨ ᠤᠨᠠᠬᠤ ᠬᠡᠪᠴᠢᠶᠡᠨ ᠳᠠᠬᠢ ᠴᠢᠮᠡᠭᠡ ᠬᠤᠯᠪᠣᠭᠠᠨ ᠤ ᠭᠡᠷᠡᠯᠯᠢᠭ ᠳᠡᠭᠡᠰᠦ᠂ ᠴᠢᠮᠡᠭᠡ ᠬᠤᠯᠪᠣᠭᠠᠨ ᠤ ᠰᠤᠪᠤᠷᠭ᠎ᠠ ᠶᠢ ᠨᠤᠷᠠᠭᠠᠵᠤ ᠨᠡᠭᠦᠯᠭᠡᠬᠦ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠴᠢᠬᠤᠯᠠ ᠶᠡᠭᠡ ᠲᠥᠷᠥᠯ ᠵᠦᠢᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号