ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 2023 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠦᠩᠬᠦ ᠶᠢ ᠴᠠᠭ ᠲᠤᠬᠠᠢ ᠲᠤᠨᠢ ᠪᠠᠭᠤᠯᠭᠠᠪᠠ
ᠨᠡᠶᠢᠲᠡᠯᠡᠭᠰᠡᠨ ᠴᠠᠭ᠄
2023/5/10
      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠢᠳᠡᠪᠬᠢᠲᠡᠢ ᠪᠠᠳᠠᠷᠠᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠪᠠ᠃      4 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ  ᠠᠴᠠ ᠰᠢᠩ ᠱᠧᠩ ᠪᠠᠯᠭᠠᠰᠤᠨ ᠤ 2023 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ  ᠠᠴᠠ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠦᠷᠢ ᠪᠡᠯᠡ ᠮᠥᠩᠭᠦ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠲᠥᠰᠥᠪ ᠢ 22 ᠲᠦᠮᠡᠨ ᠲᠥᠭᠦᠷᠢᠭ ᠪᠠᠭᠤᠯᠭᠠᠪᠠ᠃ ᠲᠣᠰ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠨᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠰᠢᠭᠲᠠᠢ ᠪᠠᠶᠢᠵᠤ᠂ ᠰᠢᠶᠠᠩ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠥᠭᠡᠨ ᠲᠣᠭᠠᠲᠤ ᠦᠨᠳᠦᠰᠦᠲᠡᠨ ᠤ ᠣᠷᠣᠨ ᠪᠦᠰᠡ ᠶᠢᠨ ᠳᠣᠲᠣᠭᠠᠳᠤ ᠶᠢᠨ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠵᠤ᠂ ᠶᠠᠳᠠᠭᠤ  ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠦᠲᠦᠮᠵᠢᠲᠡᠢ ᠪᠠᠬᠢᠵᠢᠭᠦᠯᠦᠨ ᠥᠷᠭᠡᠳᠬᠡᠬᠦ ᠳᠤ ᠠᠰᠢᠭᠲᠠᠢ ᠶᠤᠮ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠦᠷᠦᠯ ᠵᠦᠢᠯ ᠢ ᠮᠥᠷᠳᠡᠨ ᠬᠠᠮᠢᠶᠠᠷᠬᠤ ᠪᠠᠨ ᠴᠢᠩᠭᠠᠳᠬᠠᠵᠤ᠂ ᠲᠥᠰᠥᠪ ᠤᠨ ᠨᠢᠭᠡᠴᠡ ᠶᠢ ᠱᠠᠯᠠᠪᠳᠠᠭᠤᠯᠤᠨ ᠪᠡᠯᠡ ᠮᠥᠩᠭᠦᠨ ᠤ ᠵᠠᠷᠤᠯᠭ᠎ᠠ ᠶᠢᠨ ᠠᠬᠢᠴᠠ ᠶᠢ ᠲᠦᠷᠭᠡᠳᠬᠡᠵᠦ᠂ ᠪᠡᠯᠡ ᠮᠥᠩᠭᠦ  ᠪᠠ ᠲᠦᠷᠦ ᠶᠢᠨ ᠪᠣᠳᠣᠯᠭ᠎ᠠ ᠶᠢᠨ ᠦᠷ᠎ᠡ ᠠᠰᠢᠭ ᠢ ᠡᠷᠲᠡᠬᠡᠨ ᠪᠠᠳᠠᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号