ᠨᠡᠶᠢᠭᠡᠮ ᠲᠣᠭᠤᠷᠢᠭ ᠤᠨ ᠬᠢᠨ ᠦᠢᠯᠡᠴᠢᠯᠡᠭᠡ ᠳᠤ ᠰᠡᠳᠭᠢᠯ ᠲᠠᠯᠪᠢᠵᠦ ᠨᠠᠰᠤᠲᠠᠶᠢᠴᠤᠳ ᠤᠨ ᠭᠠᠳᠠᠭᠰᠢ ᠭᠠᠷᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/5/10
      ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠶᠢᠨ ᠪᠢᠴᠢᠯ ᠪᠣᠳᠠᠲᠤ ᠶᠠᠪᠤᠳᠠᠯ ᠤᠨ ᠲᠦᠷᠦᠯ ᠵᠦᠢᠯ ᠤᠨ ︽ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠷᠪᠠᠨ ᠲᠠᠪᠤᠨ ᠮᠢᠨᠦ᠋ᠲ ᠤᠨ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢᠨ ᠵᠠᠭᠪᠤᠷ ᠢ ᠪᠠᠶᠢᠭᠤᠯᠤᠭᠰᠠᠨ ᠰᠠᠭᠤᠷᠢᠨ ᠳᠡᠭᠡᠷ᠎ᠡ᠂ ︽ᠨᠢᠭᠡ ᠴᠣᠭᠴᠠᠵᠢᠭᠤᠯᠤᠭᠰᠠᠨ ᠳᠥᠷᠪᠡ ᠶᠢ ᠠᠰᠠᠷᠠᠨ ᠲᠡᠵᠢᠭᠡᠬᠦ︾ ᠨᠢᠭᠡ ᠦᠷᠳᠡᠭᠡ ᠮᠠᠶ᠋ᠢᠭ ᠤᠨ ᠵᠣᠯ ᠵᠢᠷᠭᠠᠯᠲᠤ ᠨᠠᠰᠤᠵᠢᠯ ᠤᠨ ᠠᠰᠠᠷᠠᠮᠵᠢ ᠶᠢᠨ ᠣᠨᠴᠠᠯᠢᠭᠲᠤ ᠲᠦᠷᠦᠯ ᠲᠡᠮᠳᠡᠭ ᠢ ᠬᠦᠴᠦᠯᠡᠨ ᠡᠭᠦᠳᠴᠦ᠂ ︽ᠤᠶᠤᠨ ᠢᠶᠠᠷ ᠠᠰᠠᠷᠠᠨ ᠲᠡᠵᠢᠭᠡᠬᠦ +︾ ᠤᠶᠤᠨ ᠤᠬᠠᠭᠠᠨ ᠢᠶᠠᠷ ᠠᠷᠠᠳ ᠲᠤ ᠲᠦᠬᠦᠮ ᠦᠵᠡᠭᠦᠯᠵᠦ ᠨᠠᠰᠤᠲᠠᠶᠢᠴᠤᠳ ᠲᠤ ᠦᠢᠯᠡᠴᠢᠯᠡᠬᠦ ᠶᠢ ᠭᠦᠨᠵᠡᠭᠡᠢ ᠠᠬᠢᠭᠤᠯᠪᠠ᠃ ᠬᠠᠷᠢᠶᠠᠲᠤ ᠣᠷᠣᠨ ᠤ ᠨᠠᠰᠤᠲᠠᠶᠢᠴᠤᠳ ᠤᠨ ᠲᠦᠷᠢᠶᠡᠰᠦᠨ ᠮᠠᠰᠢᠨ ᠲᠡᠷᠭᠡᠨ ᠳᠤ ᠰᠠᠭᠤᠬᠤ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠵᠡᠷᠭᠡ ᠠᠶᠠᠨ ᠤ ᠬᠡᠷᠡᠭᠴᠡᠭᠡ ᠶᠢ ᠰᠢᠢᠳᠪᠦᠷᠢᠯᠡᠬᠦ ᠶᠢᠨ ᠲᠥᠯᠥᠭᠡ᠂ ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠰᠡᠳᠬᠢᠯ ᠤᠨ ᠲᠥᠯᠥᠪᠯᠡᠭᠡ︾ ᠶᠢᠨ ᠲᠥᠷᠥᠯ ᠵᠦᠢᠯ ᠤᠨ ︽ᠰᠡᠳᠬᠢᠯ ᠢ ᠳᠤᠯᠠᠭᠠᠴᠠᠭᠤᠯᠬᠤ ᠠᠶᠠᠯᠠᠯ  ᠢ ᠲᠤᠰᠠᠯᠠᠬᠤ ᠲᠡᠮᠲᠡᠭ︾  ᠢ ᠬᠤᠳᠠᠯᠳᠤᠨ ᠠᠪᠬᠤ ᠳᠤ ᠰᠠᠭᠤᠷᠢᠯᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠨᠠᠰᠤᠲᠠᠶᠢᠴᠤᠳ ᠢ ᠬᠠᠪᠰᠤᠷᠤᠨ ᠲᠦᠷᠢᠶᠡᠰᠦᠨ ᠮᠠᠰᠢᠨ ᠲᠡᠷᠭᠡᠨ ᠳᠤ ᠰᠠᠭᠤᠯᠭᠠᠵᠦ ᠰᠡᠳᠬᠢᠯ ᠢ ᠳᠤᠯᠠᠭᠠᠴᠠᠭᠤᠯᠬᠤ ᠲᠡᠷᠭᠡᠨ ᠥᠷᠲᠡᠭᠡ︾ ᠶᠢᠨ ᠨᠠᠰᠤᠲᠠᠶᠢᠴᠤᠳ ᠲᠤ ᠲᠣᠬᠢᠷᠠᠬᠤ ᠵᠠᠮ ᠬᠠᠷᠢᠯᠴᠠᠭᠠᠨ ᠤ ᠦᠢᠯᠡᠴᠢᠯᠡᠭᠡ ᠶᠢ ᠭᠠᠷᠭᠠᠵᠤ᠂ ᠨᠠᠰᠤᠲᠠᠶᠢᠴᠤᠳ ᠤᠨ ᠲᠡᠷᠭᠡ ᠳᠠᠭᠤᠳᠠᠵᠤ ᠲᠦᠷᠢᠶᠡᠰᠦᠨ ᠮᠠᠰᠢᠨ ᠲᠡᠷᠭᠡᠨ ᠳᠤ ᠰᠠᠭᠤᠬᠤ ᠳᠤ ᠲᠥᠬᠦᠮ ᠦᠵᠡᠭᠦᠯᠵᠦ᠂ ᠰᠠᠭᠤᠭᠠᠯᠢ ᠠᠷᠠᠳ ᠤᠨ ︽ᠳᠣᠲᠣᠨᠣ ᠬᠥᠮᠥᠨ︾ ᠪᠣᠯᠬᠤ ᠪᠠᠷ ᠬᠠᠷᠠᠯᠲᠠ ᠪᠣᠯᠭᠠᠨ᠂ ᠨᠡᠶᠢᠭᠡᠮ ᠲᠤᠭᠤᠷᠢᠭ ᠤᠨ ᠠᠵᠢᠯᠴᠢᠨ ᠭᠡᠷ ᠲᠤᠨᠢ ᠬᠦᠷᠴᠦ ᠦᠢᠯᠡᠴᠢᠯᠡᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠬᠡᠪᠴᠢᠶᠡᠨ ᠳᠠᠬᠢ ᠪᠦᠬᠦᠯᠢ 60 ᠨᠠᠰᠤᠨ  ᠠᠴᠠ ᠳᠡᠭᠡᠭᠰᠢᠬᠢ ᠬᠦᠴᠢᠷᠳᠡᠯᠲᠡᠢ ᠨᠠᠰᠤᠲᠠᠶᠢᠴᠤᠳ ᠪᠠ ᠣᠷᠳᠣ ᠬᠤᠭᠤᠴᠠᠭ᠎ᠠ ᠪᠠᠷ ᠡᠪᠡᠳᠴᠢᠨ ᠦᠵᠡᠭᠦᠯᠬᠦ ᠬᠡᠷᠡᠭᠴᠡᠭᠡ ᠲᠠᠢ ᠪᠥᠭᠡᠳ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠲᠤ ︽ᠰᠡᠳᠬᠢᠯ ᠢ ᠳᠤᠯᠠᠭᠠᠴᠠᠭᠤᠯᠬᠤ ᠠᠶᠠᠯᠠᠯ  ᠢ ᠲᠤᠰᠠᠯᠠᠬᠤ ᠲᠡᠮᠲᠡᠭ︾ ᠬᠦᠷᠭᠡᠨ ᠥᠭᠴᠦ᠂ ᠨᠠᠰᠤᠲᠠᠶᠢᠴᠤᠳ ᠤᠨ ᠶᠠᠪᠤᠵᠤ ᠰᠠᠭᠤᠬᠤ ᠳᠤ ᠬᠦᠴᠦᠨ ᠨᠡᠮᠡᠷᠢᠯᠡᠨ᠎ᠡ᠃      ︽ᠰᠡᠳᠬᠢᠯ  ᠢ ᠳᠤᠯᠠᠭᠠᠴᠠᠭᠤᠯᠬᠤ ᠠᠶᠠᠯᠠᠯ ᠢ ᠲᠤᠰᠠᠯᠠᠬᠤ ᠲᠡᠮᠲᠡᠭ︾ ᠨᠢ ᠬᠦᠴᠢᠷᠳᠡᠯ ᠲᠠᠢ ᠨᠠᠰᠤᠲᠠᠶᠢᠴᠤᠳ ᠤᠨ ᠭᠠᠳᠠᠭᠰᠢ ᠭᠠᠷᠴᠤ ᠡᠪᠡᠳᠴᠢᠨ ᠦᠵᠡᠭᠦᠯᠬᠦ ᠳᠤ ᠬᠠᠩᠭᠠᠭᠰᠠᠨ ᠲᠡᠷᠭᠡᠨ ᠳᠤ ᠰᠠᠭᠤᠬᠤ ᠬᠠᠷᠠᠭᠠᠯᠵᠠᠯ ᠤᠨ ᠲᠡᠮᠳᠡᠭ  ᠢ ᠪᠣᠯ ᠤᠷᠢᠳᠴᠢᠯᠠᠨ ᠪᠣᠯᠵᠣᠬᠤ ᠤᠲᠠᠰᠤ ᠪᠠᠷ ᠤᠲᠠᠰᠤᠳᠠᠪᠠᠯ ᠯᠧᠢ ᠹᠧᠩ ᠨᠡᠷᠡᠮᠵᠢᠲᠦ ᠲᠡᠷᠭᠡᠨ ᠠᠩᠭᠢ  ᠶᠢᠨ ᠦᠢᠯᠡᠴᠢᠯᠡᠭᠡ  ᠶᠢ ᠤᠷᠢᠳᠴᠢᠯᠠᠨ ᠵᠠᠬᠢᠶᠠᠯᠠᠵᠤ᠂ ︽ᠰᠡᠳᠬᠢᠯ  ᠢ ᠳᠤᠯᠠᠭᠠᠴᠠᠭᠤᠯᠬᠤ ᠠᠶᠠᠯᠠᠯ  ᠢ ᠲᠤᠰᠠᠯᠠᠬᠤ ᠲᠡᠮᠲᠡᠭ︾ ᠢ ᠭᠠᠷᠭᠠᠵᠤ ᠦᠵᠡᠭᠦᠯᠪᠡᠯ ᠵᠣᠬᠢᠬᠤ ᠪᠡᠯᠡᠨ ᠵᠣᠭᠤᠰ ᠤᠨ ᠬᠠᠷᠠᠭᠠᠯᠵᠠᠯ  ᠢ ᠣᠯᠵᠤ ᠪᠣᠯᠣᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠵᠠᠯᠭᠠᠭ᠎ᠠ ᠪᠠᠷ ︽ᠭᠦᠶᠦᠭᠴᠢ︾ ︽ᠲᠣᠬᠢᠷᠠᠭᠤᠯᠤᠨ ᠬᠦᠷᠭᠡᠭᠴᠢ︾ ᠪᠣᠯᠵᠤ᠂ ᠭᠡᠷ  ᠲᠤᠨᠢ ᠬᠦᠷᠴᠦ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ︽ᠰᠡᠳᠬᠢᠯ ᠢ ᠳᠤᠯᠠᠭᠠᠴᠠᠭᠤᠯᠬᠤ ᠠᠶᠠᠨ ᠤ ᠲᠡᠮᠲᠡᠭ︾  ᠢ ᠬᠦᠷᠭᠡᠪᠡ᠃ ︽ᠰᠡᠳᠬᠢᠯ  ᠢ ᠳᠤᠯᠠᠭᠠᠴᠠᠭᠤᠯᠵᠤ ᠠᠶᠠᠯᠠᠯ  ᠢ ᠲᠤᠰᠠᠯᠠᠬᠤ ᠲᠡᠮᠲᠡᠭ︾ ᠲᠠᠷᠬᠠᠭᠠᠬᠤ ᠦᠶ᠎ᠡ ᠳᠤ᠂ ᠰᠠᠭᠤᠭᠠᠯᠢ ᠠᠷᠠᠳ ᠲᠤ ︽ᠰᠡᠳᠬᠢᠯ  ᠢ ᠳᠤᠯᠠᠭᠠᠴᠠᠭᠤᠯᠵᠤ ᠠᠶᠠᠯᠠᠯ  ᠢ ᠲᠤᠰᠠᠯᠠᠬᠤ ᠲᠡᠮᠲᠡᠭ︾  ᠢ ᠬᠡᠷᠬᠢᠨ ᠬᠡᠷᠡᠭᠯᠡᠬᠦ ᠲᠤᠬᠠᠢ ᠨᠠᠷᠢᠨ ᠲᠠᠶᠢᠯᠪᠤᠷᠢᠯᠠᠵᠤ ᠥᠭᠬᠦ  ᠶᠢᠨ ᠬᠠᠮᠲᠤ ᠠᠩᠬᠠᠷᠬᠤ ᠵᠦᠢᠯ  ᠢ ᠮᠡᠳᠡᠭᠳᠡᠪᠡ᠃      ᠸᠠᠨ ᠵᠢᠶᠦ᠋ᠨ ᠨᠡᠶᠢᠭᠡᠮ ᠲᠣᠭᠤᠷᠢᠭ ᠤᠨ ᠬᠢᠨ ᠣᠨᠴᠠᠭᠠᠢ ᠬᠠᠮᠲᠤᠯᠢᠭ ᠢ ᠦᠷᠭᠦᠯᠵᠢᠯᠡᠨ ᠠᠩᠬᠠᠷᠴᠤ᠂ ᠬᠠᠷᠢᠶᠠᠲᠤ ᠣᠷᠣᠨ ᠤ ᠬᠦᠴᠢᠷᠳᠡᠯᠲᠡᠢ ᠬᠠᠮᠲᠤᠯᠢᠭ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ︽ᠳᠣᠲᠣᠨᠣ ᠬᠥᠮᠥᠨ︾᠂ ᠵᠠᠰᠠᠭ ᠤᠨ ᠣᠷᠳᠣᠨ ᠤ ︽ᠦᠢᠯᠡᠴᠢᠯᠡᠭᠡᠨ ᠤ ᠴᠡᠷᠢᠭ︾ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠬᠢᠵᠦ᠂ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠴᠢᠨᠠᠭᠰᠢᠳᠠ ᠨᠡᠮᠡᠭᠳᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号