ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠤᠷᠤᠭᠤᠯᠵᠦ    ᠬᠠᠤᠯᠢ ᠪᠠᠷ ᠵᠠᠰᠠᠬᠤ ᠦᠵᠡᠯᠲᠡ ᠠᠷᠠᠳ ᠤᠨ ᠰᠡᠳᠭᠢᠯ ᠢ ᠤᠮᠳᠠᠭᠠᠯᠠᠨ᠎ᠠ
ᠨᠡᠶᠢᠲᠡᠯᠡᠭᠰᠡᠨ ᠴᠠᠭ᠄
2023/5/11
      ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠠᠤᠯᠢ ᠰᠤᠷᠬᠤ᠂ ᠬᠠᠤᠯᠢ ᠮᠡᠳᠡᠬᠦ᠂ ᠬᠠᠤᠯᠢ ᠬᠡᠷᠡᠭᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠨᠡᠮᠡᠭᠳᠡᠭᠦᠯᠦᠨ᠂ ᠠᠷᠠᠳᠴᠢᠯᠠᠯ ᠪᠠ ᠬᠠᠤᠯᠢ ᠪᠠᠷ ᠵᠠᠰᠠᠬᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠦᠯᠦᠭᠡ᠂ 5 ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠵᠧᠨ ᠬᠤᠸᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠤᠭᠤᠲᠤ ᠬᠤᠲᠠ ᠶᠢᠨ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ᠲᠠᠢ ᠬᠠᠮᠲᠤᠷᠠᠨ ︽ᠰᠠᠶᠢᠨ ᠰᠠᠶᠢᠬᠠᠨ ᠠᠮᠢᠳᠤᠷᠠᠯ· ᠢᠷᠭᠡᠨ ᠤ ᠬᠠᠤᠯᠢ ᠶᠢᠨ ᠪᠢᠴᠢᠭ ᠲᠠᠢ ᠬᠠᠮᠲᠤᠪᠠᠷ ᠪᠠᠶᠢᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢᠳ ᠲᠣᠰ ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠯᠪᠠᠨ ᠭᠡᠷᠡᠴᠢᠯᠡᠭᠴᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠎ ᠲᠠᠬᠢ ᠤᠷᠤᠭ ᠭᠡᠷ ᠪᠦᠯᠢ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠠᠷᠠᠳ ᠤᠨ ᠬᠤᠭᠤᠷᠣᠨᠳᠣᠬᠢ ᠵᠢᠭᠡᠯᠡᠯᠭᠡ ᠵᠡᠷᠭᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠭᠤᠣᠯᠳᠠᠯᠭ᠎ᠠ ᠪᠣᠯᠭᠠᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠶᠢ ᠬᠡᠷᠡᠭᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠡᠭᠦᠰᠦᠭᠰᠡᠨ ᠬᠡᠷᠡᠭ ᠤᠨ ᠵᠢᠱᠢᠶ᠎ᠡ ᠶᠢ ᠤᠯᠠᠨ ᠳᠤ ᠦᠳᠲᠡᠷ ᠲᠦᠷᠭᠡᠨ ᠣᠶᠢᠯᠠᠭᠠᠭᠤᠯᠤᠨ ᠡᠵᠡᠮᠰᠢᠭᠦᠯᠵᠦ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠬᠠᠤᠯᠢᠵᠢᠯ ᠤᠨ ᠰᠡᠳᠬᠢᠬᠦᠢ ᠶᠢ ᠬᠥᠮᠥᠵᠢᠭᠦᠯᠬᠦ ᠶᠢ ᠬᠥᠲᠥᠯᠥᠨ ᠳᠠᠭᠠᠭᠤᠯᠵᠠᠢ᠃      ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠨ᠂ ᠮᠠᠰᠢ ᠤᠯᠠᠨ ᠬᠠᠤᠯᠢ ᠴᠠᠭᠠᠵᠠ ᠶᠢᠨ ᠮᠡᠳᠡᠯᠭᠡ ᠶᠢ ᠣᠯᠵᠤ ᠰᠤᠷᠴᠠᠢ ᠭᠡᠵᠦ‌ᠤᠯᠠᠨ ᠢᠶᠠᠷ ᠢᠶᠠᠨ ᠢᠯᠡᠳᠬᠡᠪᠡ᠃ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ᠂ ᠵᠧᠨ ᠬᠤᠸᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠢᠷᠭᠡᠨ ᠤ ᠬᠠᠤᠯᠢ ᠶᠢᠨ ᠪᠢᠴᠢᠭ ᠤᠨ ᠬᠠᠤᠯᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠥᠷᠭᠡᠨ ᠳᠡᠯᠭᠡᠷ ᠥᠷᠨᠢᠭᠦᠯᠵᠦ᠂ ᠨᠡᠶᠢᠭᠡᠮ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠤᠬᠠᠮᠰᠠᠷ ᠢ ᠪᠤᠢ ᠪᠣᠯᠭᠠᠵᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠳᠠᠳᠬᠠᠯ ᠢ ᠪᠤᠢ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠤᠬᠠᠮᠰᠠᠷ ᠪᠠ ᠴᠢᠳᠠᠪᠤᠷᠢ ᠶᠢ ᠬᠥᠮᠥᠵᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠤᠯᠠᠨ ᠲᠦᠮᠡᠨ ᠤ ᠳᠡᠷᠭᠡᠳᠡ ᠬᠦᠷᠦᠭᠦᠯᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠬᠠᠮᠰᠠᠷ ᠠᠴᠠ ᠪᠠᠨ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠬᠤ᠂ ᠵᠢᠷᠤᠮᠯᠠᠬᠤ᠂ ᠬᠠᠮᠠᠭᠠᠯᠠᠬᠤ ᠦᠯᠢᠭᠡᠷ ᠳᠠᠭᠤᠷᠢᠶᠠᠯ ᠪᠣᠯᠬᠤ ᠶᠢ ᠦᠨᠡᠨ ᠬᠦ ᠬᠠᠪᠰᠤᠷᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号