ᠬᠤᠸᠠ ᠶᠤᠸᠠᠢ ᠬᠤᠪᠢ ᠡᠵᠡᠮᠳᠡᠭᠰᠡᠨ ᠵᠠᠰᠠᠮᠠᠯ ᠵᠠᠮ ᠤᠨ ᠪᠤᠰᠤ ᠥᠷᠭᠡᠨ ᠪᠡᠶᠡᠲᠦ ᠠᠭᠤᠷᠬᠠᠢ ᠶᠢᠨ ᠮᠠᠰᠢᠨ ᠲᠡᠷᠭᠡ ᠪᠠ ᠪᠠᠷᠢᠯᠭ᠎ᠠ ᠶᠢᠨ ᠮᠠᠰᠢᠨ ᠮᠧᠬᠠᠨᠢᠭ ᠦᠢᠯᠡᠳᠬᠦ ᠲᠥᠷᠥᠯ ᠵᠦᠢᠯ ᠤᠨ ᠠᠬᠢᠴᠠ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2023/5/11
      ᠲᠤᠰ ᠲᠦᠷᠦᠯ ᠵᠦᠢᠯ ᠨᠢ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠶᠡᠷᠦᠩᠬᠡᠢ ᠪᠡᠯᠡ ᠣᠷᠤᠭᠤᠯᠤᠯᠲᠠ ᠨᠢ 2.54 ᠳ᠋ᠦᠩᠰᠢᠭᠤᠷ ᠲᠥᠭᠦᠷᠢᠭ ᠲᠤ ᠬᠦᠷᠴᠦ᠂ 178 ᠮᠦ ᠲᠠᠯᠠᠪᠠᠢ ᠲᠠᠢ᠂ ᠪᠠᠷᠢᠯᠭ᠎ᠠ ᠶᠢᠨ ᠲᠠᠯᠠᠪᠠᠢ ᠨᠢ 6 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠭᠤᠣᠯᠳᠠᠭᠤ ᠥᠷᠭᠡᠨ ᠪᠡᠶᠡᠲᠦ ᠠᠭᠤᠷᠬᠠᠢ ᠳᠤ ᠬᠡᠷᠡᠭᠯᠡᠬᠦ ᠲᠡᠷᠭᠡ ᠶᠢᠨ ᠸᠠᠭᠤᠨ᠂ ᠤᠬᠤᠭᠤᠷ ᠮᠠᠰᠢᠨ ᠤ ᠤᠳᠬᠤᠭᠤᠷ ᠤᠨ ᠦᠢᠯᠡᠳᠪᠦᠷᠢᠯᠡᠯ ᠵᠢᠴᠢ ᠴᠡᠨᠡᠭᠯᠡᠵᠦ ᠰᠣᠯᠢᠬᠤ ᠴᠠᠬᠢᠯᠭᠠᠨ ᠥᠷᠲᠡᠭᠡᠨ ᠤ ᠪᠦᠲᠦᠭᠡᠨ ᠪᠠᠶᠢᠭᠤᠯᠤᠯᠲᠠ᠂ ᠵᠢᠯᠣᠭᠤᠴᠢ ᠦᠭᠡᠢ ᠮᠠᠰᠢᠨ ᠲᠡᠷᠭᠡᠨ ᠤ ᠲᠥᠷᠥᠯ ᠵᠦᠢᠯ ᠵᠡᠷᠭᠡ ᠶᠢ ᠬᠠᠷᠢᠭᠤᠴᠠᠨ᠎ᠠ᠃ ᠲᠣᠰ ᠲᠥᠷᠥᠯ ᠵᠦᠢᠯ ᠨᠢ᠂  ᠰᠢᠤᠢ ᠭᠦᠩ ᠪᠦᠯᠦᠭᠯᠡᠯ ᠢᠵᠢ ᠪᠦᠷᠢᠳᠦᠭᠦᠯᠬᠦ ᠪᠠᠷ ᠲᠥᠪ ᠪᠣᠯᠭᠠᠵᠤ᠂ ᠰᠢᠤᠢ ᠭᠦᠩ ᠪᠦᠯᠦᠭᠯᠡᠯ ᠵᠢᠴᠢ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠶᠢᠨ ᠦᠢᠯᠡᠳᠬᠦᠨ ᠪᠠ ᠮᠡᠷᠭᠡᠵᠢᠯ ᠢ ᠣᠷᠣᠭᠤᠯᠤᠨ ᠠᠪᠴᠢᠷᠠᠵᠤ᠂ ᠠᠭᠤᠷᠬᠠᠢ ᠶᠢᠨ ᠮᠠᠰᠢᠨ ᠲᠣᠨᠣᠭᠯᠠᠵᠤ ᠦᠢᠯᠡᠳᠬᠦ ᠪᠠᠷ ᠭᠤᠣᠯ ᠴᠢᠭᠯᠡᠯ ᠪᠣᠯᠭᠠᠵᠤ᠂ ︽ᠭᠡᠷᠡᠯ ᠡᠨᠧᠷᠬᠢ ᠨᠥᠭᠡᠴᠡᠯᠡᠵᠦ ᠰᠣᠯᠢᠬᠤ︾᠎ ᠶᠢ ᠨᠢᠭᠡ ᠴᠣᠭᠴᠠᠵᠢᠭᠤᠯᠤᠭᠰᠠᠨ ᠨᠡᠭᠦᠷᠡᠰᠦᠲᠥ᠋ᠷᠥᠭᠴᠢ ᠦᠭᠡᠢ ᠵᠢᠱᠢᠶ᠎ᠡ ᠦᠵᠡᠭᠦᠯᠬᠦ ᠲᠥᠷᠥᠯ ᠵᠦᠢᠯ ᠢ ᠪᠣᠶ ᠪᠤᠯᠭᠠᠨ᠎ᠠ᠃ ᠲᠥᠷᠥᠯ ᠵᠦᠢᠯ ᠤᠨ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠤᠯ 3151 ᠲᠣᠨ ᠪᠠᠷᠢᠮᠵᠢᠶᠠᠲᠤ ᠨᠡᠭᠦᠷᠡᠰᠦ᠂ ᠨᠢᠭᠡᠴᠢ ᠦᠢᠯᠡᠳᠬᠦᠨ ᠤ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠭᠤᠯᠤᠯ 1.98 ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠵᠢᠯ ᠲᠥᠷᠥᠯ ᠤᠨ ᠲᠡᠷᠢᠭᠦᠨ ᠤ ᠥᠷᠲᠡᠭ ᠪᠣᠯᠣᠨ᠎ᠠ᠃ ᠲᠥᠷᠥᠯ ᠵᠦᠢᠯ ᠳᠤ ᠰᠦᠷᠴᠢᠨ ᠲᠦᠷᠬᠢᠭᠰᠡᠨ ᠠᠴᠠ ᠡᠭᠦᠰᠦᠭᠰᠡᠨ ᠪᠣᠬᠢᠷ ᠤᠰᠤ ᠶᠢ ᠰᠢᠢᠳᠪᠦᠷᠢᠯᠡᠬᠦ ᠪᠠᠷ ᠳᠡᠮᠵᠢᠨ ᠪᠦᠬᠦᠨ ᠢ ᠡᠷᠭᠢᠯᠳᠦᠭᠦᠯᠦᠨ ᠬᠡᠷᠡᠭᠯᠡᠵᠦ᠂ ᠪᠣᠬᠢᠷ ᠤᠰᠤ ᠶᠢ ᠭᠠᠳᠠᠭᠰᠢᠯᠠᠭᠤᠯᠬᠤ ᠦᠭᠡᠢ ᠪᠠᠶᠢᠬᠤ ᠶᠢ ᠪᠡᠶᠡᠯᠡᠭᠦᠯᠪᠡ᠃ ᠪᠤᠭᠤᠲᠤ ᠶᠢᠨ ᠪᠠᠶᠢᠭᠠᠯᠢ ᠶᠢᠨ ᠨᠥᠬᠦᠴᠡᠯ ᠲᠠᠢ ᠤᠶᠠᠯᠳᠤᠭᠤᠯᠤᠨ᠂ ᠦᠢᠯᠡᠳᠪᠦᠷᠢ ᠶᠢᠨ ᠲᠣᠭᠤᠷᠢᠭ ᠲᠤ ᠴᠠᠬᠢᠯᠭᠠᠨ ᠬᠠᠩᠭᠠᠬᠤ ᠳᠠᠭᠠᠨ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠵᠤ᠂ ᠬᠡᠷᠡᠯ ᠴᠡᠨᠡᠭ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 800 ᠲᠦᠮᠡᠨ ᠭᠷᠡᠳᠦ᠋ᠰ ᠲᠤ ᠬᠦᠷᠬᠦ ᠪᠣᠯᠣᠨ᠎ᠠ᠃      ᠣᠲᠣ ᠪᠣᠯᠲᠠᠯ᠎ᠠ᠂ ᠭᠤᠣᠯ ᠴᠣᠭᠴᠠᠲᠤ ᠪᠠᠷᠢᠯᠭ᠎ᠠ ᠶᠢ ᠨᠢᠭᠡᠨᠲᠡ ᠪᠠᠷᠢᠵᠤ ᠳᠠᠭᠤᠰᠬᠠᠭᠰᠠᠨ ᠪᠥᠭᠡᠳ ᠰᠢᠯᠭᠠᠨ ᠬᠤᠷᠢᠶᠠᠵᠤ ᠳᠠᠭᠤᠰᠬᠠᠭᠠᠳ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠶᠠᠭ ᠪᠠᠷᠢᠵᠤ ᠪᠠᠶᠢᠨ᠎ᠠ᠂ 1 ᠳ᠋ᠤᠭᠡᠷ ᠦᠢᠯᠡᠳᠪᠦᠷᠢ ᠶᠢᠨ ᠲᠠᠰᠤᠭ ᠲᠤ ᠦᠢᠯᠡᠳᠪᠦᠷᠢᠯᠡᠯ ᠤᠨ ᠱᠤᠭᠤᠮ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠵᠢᠴᠢ ᠲᠥᠬᠦᠭᠡᠷᠦᠮᠵᠢ ᠬᠤᠳᠠᠯᠳᠤᠨ ᠠᠪᠬᠤ ᠠᠵᠢᠯ ᠢ ᠶᠠᠭ ᠬᠢᠵᠦ ᠪᠠᠶᠢᠨ᠎ᠠ᠃      ᠲᠦᠷᠦᠯ ᠵᠦᠢᠯ ᠢ ᠶᠡᠷᠦᠩᠬᠡᠢ ᠳᠤᠨᠢ 2023 ᠣᠨ ᠤ 7 ᠰᠠᠷ᠎ᠠ ᠳᠤ ᠲᠤᠷᠰᠢᠨ ᠦᠢᠯᠡᠳᠪᠦᠷᠢᠯᠡᠵᠦ᠂ 2023 ᠣᠨ ᠤ 8 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠤᠢ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ 60 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠭᠠᠶᠢᠯᠢ ᠶᠢᠨ ᠣᠷᠣᠯᠭ᠎ᠠ 2300 ᠲᠦᠮᠡᠨ ᠲᠥᠭᠦᠷᠢᠭ ᠲᠤ ᠬᠦᠷᠴᠦ᠂ 2000 ᠭᠠᠷᠤᠢ ᠬᠥᠮᠥᠨ ᠰᠢᠨ᠎ᠡ ᠪᠠᠷ ᠠᠵᠢᠯ ᠣᠯᠭᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号