ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠤᠷᠤᠭᠤᠯᠵᠦ    ᠬᠠᠤᠯᠢ ᠪᠠᠷ ᠵᠠᠰᠠᠬᠤ ᠦᠵᠡᠯᠲᠡ ᠠᠷᠠᠳ ᠤᠨ ᠰᠡᠳᠭᠢᠯ ᠢ ᠤᠮᠳᠠᠭᠠᠯᠠᠨ᠎ᠠ
ᠨᠡᠶᠢᠲᠡᠯᠡᠭᠰᠡᠨ ᠴᠠᠭ᠄
2023/5/11
      ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠠᠤᠯᠢ ᠰᠤᠷᠬᠤ᠂ ᠬᠠᠤᠯᠢ ᠮᠡᠳᠡᠬᠦ᠂ ᠬᠠᠤᠯᠢ ᠬᠡᠷᠡᠭᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠦᠵᠡᠯᠲᠡ ᠶᠢ ᠨᠡᠮᠡᠭᠳᠡᠭᠦᠯᠦᠨ᠂ ᠠᠷᠠᠳᠴᠢᠯᠠᠯ ᠪᠠ ᠬᠠᠤᠯᠢ ᠪᠠᠷ ᠵᠠᠰᠠᠬᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠦᠯᠦᠭᠡ᠂ 5 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠵᠧᠨ ᠬᠤᠸᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠤᠭᠤᠲᠤ ᠬᠤᠲᠠ ᠶᠢᠨ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ᠲᠠᠢ ᠬᠠᠮᠲᠤᠷᠠᠨ ︽ᠰᠠᠶᠢᠨ ᠰᠠᠶᠢᠬᠠᠨ ᠠᠮᠢᠳᠤᠷᠠᠯ· ᠢᠷᠭᠡᠨ ᠤ ᠬᠠᠤᠯᠢ ᠶᠢᠨ ᠪᠢᠴᠢᠭ ᠲᠠᠢ ᠬᠠᠮᠲᠤᠪᠠᠷ ᠪᠠᠶᠢᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢᠳ ᠲᠣᠰ ᠠᠵᠢᠯᠯᠠᠭ᠎ᠠ ᠳᠤ ᠣᠷᠣᠯᠴᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠯᠪᠠᠨ ᠭᠡᠷᠡᠴᠢᠯᠡᠭᠴᠢ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠠᠬᠢ ᠤᠷᠤᠭ ᠭᠡᠷ ᠪᠦᠯᠢ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ᠂ ᠠᠷᠠᠳ ᠤᠨ ᠬᠤᠭᠤᠷᠣᠨᠳᠣᠬᠢ ᠵᠢᠭᠡᠯᠡᠯᠭᠡ ᠵᠡᠷᠭᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠭᠤᠣᠯᠳᠠᠯᠭ᠎ᠠ ᠪᠣᠯᠭᠠᠵᠤ᠂ ᠲᠦᠭᠦᠮ ᠣᠶᠢᠯᠠᠭᠠᠮᠵᠢᠲᠠᠢ ᠦᠭᠡ ᠬᠡᠯᠡ ᠶᠢ ᠬᠡᠷᠡᠭᠯᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠡᠭᠦᠰᠦᠭᠰᠡᠨ ᠬᠡᠷᠡᠭ ᠤᠨ ᠵᠢᠱᠢᠶ᠎ᠡ ᠶᠢ ᠤᠯᠠᠨ ᠳᠤ ᠦᠳᠲᠡᠷ ᠲᠦᠷᠭᠡᠨ ᠣᠶᠢᠯᠠᠭᠠᠭᠤᠯᠤᠨ ᠡᠵᠡᠮᠰᠢᠭᠦᠯᠵᠦ᠂ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠬᠠᠤᠯᠢᠵᠢᠯ ᠤᠨ ᠰᠡᠳᠬᠢᠬᠦᠢ ᠶᠢ ᠬᠥᠮᠥᠵᠢᠭᠦᠯᠬᠦ ᠶᠢ ᠬᠥᠲᠥᠯᠥᠨ ᠳᠠᠭᠠᠭᠤᠯᠵᠠᠢ᠃      ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠨ᠂ ᠮᠠᠰᠢ ᠤᠯᠠᠨ ᠬᠠᠤᠯᠢ ᠴᠠᠭᠠᠵᠠ ᠶᠢᠨ ᠮᠡᠳᠡᠯᠭᠡ ᠶᠢ ᠣᠯᠵᠤ ᠰᠤᠷᠴᠠᠢ ᠭᠡᠵᠦ‌ᠤᠯᠠᠨ ᠢᠶᠠᠷ ᠢᠶᠠᠨ ᠢᠯᠡᠳᠬᠡᠪᠡ᠃ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ᠂ ᠵᠧᠨ ᠬᠤᠸᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠢᠷᠭᠡᠨ ᠤ ᠬᠠᠤᠯᠢ ᠶᠢᠨ ᠪᠢᠴᠢᠭ ᠤᠨ ᠬᠠᠤᠯᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠥᠷᠭᠡᠨ ᠳᠡᠯᠭᠡᠷ ᠥᠷᠨᠢᠭᠦᠯᠵᠦ᠂ ᠨᠡᠶᠢᠭᠡᠮ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠤᠬᠠᠮᠰᠠᠷ ᠢ ᠪᠤᠢ ᠪᠣᠯᠭᠠᠵᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ ᠳᠠᠳᠬᠠᠯ ᠢ ᠪᠤᠢ ᠪᠣᠯᠭᠠᠵᠤ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠳᠤ ᠲᠦᠰᠢᠭᠯᠡᠬᠦ ᠤᠬᠠᠮᠰᠠᠷ ᠪᠠ ᠴᠢᠳᠠᠪᠤᠷᠢ ᠶᠢ ᠬᠥᠮᠥᠵᠢᠭᠦᠯᠵᠦ᠂ ᠢᠷᠭᠡᠨ ᠤ ᠬᠠᠤᠯᠢ ᠶᠢᠨ ᠪᠢᠴᠢᠭ ᠢ ᠤᠯᠠᠨ ᠲᠦᠮᠡᠨ ᠤ ᠳᠡᠷᠭᠡᠳᠡ ᠬᠦᠷᠦᠭᠦᠯᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠬᠠᠮᠰᠠᠷ ᠠᠴᠠ ᠪᠠᠨ ᠢᠷᠭᠡᠨ ᠤ ᠬᠠᠤᠯᠢ ᠶᠢᠨ ᠪᠢᠴᠢᠭ ᠢ ᠰᠤᠷᠤᠯᠴᠠᠬᠤ᠂ ᠵᠢᠷᠤᠮᠯᠠᠬᠤ᠂ ᠬᠠᠮᠠᠭᠠᠯᠠᠬᠤ ᠦᠯᠢᠭᠡᠷ ᠳᠠᠭᠤᠷᠢᠶᠠᠯ ᠪᠣᠯᠬᠤ ᠶᠢ ᠦᠨᠡᠨ ᠬᠦ ᠬᠠᠪᠰᠤᠷᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号