ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/11
     
qsq_202341992323.png
           ᠰᠤᠷᠪᠤᠯᠵᠢᠯᠠᠭᠰᠠᠨ ᠭᠤᠣᠯ ᠰᠡᠳᠦᠪ᠄ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ      ᠰᠤᠷᠪᠤᠯᠵᠢᠯᠠᠭᠰᠠᠨ ᠴᠠᠭ᠄ 2023 ᠣᠨ ᠤ 4 ᠰᠠᠷ᠎ᠠ ᠶᠢᠨ 19 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ    ᠬᠤᠤ ᠶᠦᠩ ᠸᠠᠩ      ᠰᠤᠷᠪᠤᠯᠵᠢᠯᠠᠭᠰᠠᠨ ᠠᠬᠤᠢ ᠪᠠᠶᠢᠳᠠᠯ᠄ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠬᠢ ᠲᠠᠢ ᠨᠢᠭᠲᠠ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠵᠦ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠴᠢᠩᠱᠠᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠡᠬᠦ ᠳᠤ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠬᠠᠩᠭᠠᠵᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠠᠶᠢᠭᠤᠯᠬᠤ ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠨ᠎ᠠ᠃      【ᠬᠥᠲᠥᠯᠥᠭᠴᠢ】      ᠣᠳᠣᠬᠠᠨ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠶᠠᠮᠠᠷ ᠪᠠᠶᠢᠳᠠᠯ ᠢᠯᠡᠷᠡᠵᠦ ᠪᠠᠶᠢᠬᠤ ᠪᠤᠢ︖      【 ᠰᠤᠷᠪᠤᠯᠵᠢᠯᠠᠭ᠎ᠠ ᠬᠦᠯᠢᠶᠡᠭᠰᠡᠨ ᠵᠣᠴᠢᠨ       ᠬᠤᠤ ᠶᠦᠩ ᠸᠠᠩ】      ᠣᠳᠣᠬᠠᠨ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠡᠷᠦᠩᠬᠡᠢ ᠳᠡᠭᠡᠨ ᠲᠦᠷᠭᠡᠨ ᠢᠶᠠᠷ ᠨᠡᠮᠡᠭᠳᠡᠬᠦ ᠬᠠᠨᠳᠤᠰᠢ ᠲᠠᠢ ᠪᠠᠶᠢᠨ᠎ᠠ᠃ 2023 ᠣᠨ ᠤ ᠨᠢᠭᠡᠳᠦᠭᠡᠷ ᠤᠯᠠᠷᠢᠯ ᠳᠤ᠂ ᠴᠢᠩᠱᠠᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 2111 ᠪᠣᠯᠵᠤ᠂ ᠠᠳᠠᠯᠢ ᠬᠤᠭᠤᠴᠠᠭᠠᠨ ᠤ ᠬᠢ ᠠᠴᠠ 60% ᠪᠠᠷ ᠨᠡᠮᠡᠭᠳᠡᠨ᠂ ᠰᠢᠨ᠎ᠡ ᠪᠠᠷ ᠨᠡᠮᠡᠭᠳᠡᠭᠰᠡᠨ ᠳᠠᠩᠰᠠᠯᠠᠭᠤᠯᠤᠭᠰᠠᠨ ᠬᠥᠷᠥᠩᠭᠡ 33.7 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 171% ᠪᠠᠷ ᠨᠡᠮᠡᠭᠳᠡᠨ᠂ 3149 ᠠᠵᠢᠯᠲᠠᠨ ᠰᠢᠨ᠎ᠡ ᠪᠠᠷ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠪᠡ︔ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ 169 ᠬᠤᠪᠢ᠂ ᠢᠳᠡᠭᠡᠨ ᠤ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠵᠢᠵᠢᠭ ᠦᠢᠯᠡᠳᠬᠡᠯ ᠤᠨ ᠳᠠᠩᠰᠠᠯᠠᠭᠤᠯᠤᠭᠰᠠᠨ ᠦᠨᠡᠮᠯᠡᠯ 37 ᠬᠤᠪᠢ ᠪᠠᠶᠢᠨ᠎ᠠ᠃ ᠣᠲᠣ ᠪᠣᠯᠲᠠᠯ᠎ᠠ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠭᠤᠣᠯ ᠴᠣᠭᠴᠠ 45000 ᠡᠷᠦᠬᠡ ᠶᠢ ᠳᠠᠪᠠᠵᠤ᠂ 45631 ᠡᠷᠦᠬᠡ ᠳᠤ ᠬᠦᠷᠴᠦ᠂ ᠳᠠᠩᠰᠠᠯᠠᠭᠤᠯᠤᠭᠰᠠᠨ ᠬᠥᠷᠥᠩᠭᠡ ᠶᠢᠨ ᠪᠥᠬᠦ ᠲᠤᠭ᠎ᠠ 1500 ᠳ᠋ᠦᠩᠰᠢᠭᠤᠷ ᠲᠥᠭᠦᠷᠢᠭ ᠢ ᠳᠠᠪᠠᠵᠤ᠂ 1557 ᠳ᠋ᠦᠩᠰᠢᠭᠤᠷ ᠲᠥᠭᠦᠷᠢᠭ ᠲᠤ ᠬᠦᠷᠴᠦ᠂ ᠠᠵᠢᠯ ᠡᠷᠬᠢᠯᠡᠭᠰᠡᠳ ᠤᠨ ᠲᠤᠭ᠎ᠠ 16 ᠲᠦᠮᠡᠨ ᠬᠥᠮᠥᠨ ᠢ ᠳᠠᠪᠠᠵᠤ᠂ 160465 ᠬᠥᠮᠥᠨ ᠳᠤ ᠬᠦᠷᠴᠡᠢ︔ ᠠᠳᠠᠯᠢ ᠬᠤᠭᠤᠴᠠᠭᠠᠨ ᠤ ᠬᠢ ᠠᠴᠠ ᠲᠣᠰ ᠲᠣᠰ 21%᠂ 32%᠂ 8.3% ᠨᠡᠮᠡᠭᠳᠡᠪᠡ︔ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ︽ᠬᠢᠵᠢᠭ ᠤᠨ ᠰᠡᠭᠦᠯᠴᠢ ᠶᠢᠨ ᠴᠠᠭ ᠦᠶ᠎ᠡ︾ ᠳᠤ ᠣᠷᠣᠭᠰᠠᠨ 2023 ᠣᠨ ᠳᠤ᠂ ᠰᠠᠶᠢᠨ ᠡᠬᠢᠯᠡᠯᠲᠡ ᠲᠠᠢ ᠪᠣᠯᠪᠠ᠃      【ᠬᠥᠲᠥᠯᠥᠭᠴᠢ】      ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠠᠮᠠᠷ ᠬᠠᠮᠤᠭ ᠤᠨ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ       ᠬᠤᠤ ᠶᠦᠩ ᠸᠠᠩ】      ᠬᠠᠷᠢᠶᠠᠲᠤ ᠣᠷᠣᠨ ᠤ ᠬᠡᠰᠡᠭ ᠢᠳᠡᠭᠡᠨ ᠤᠮᠳᠠᠭᠠᠨ ᠤ ᠨᠢᠭᠡᠴᠡ ᠶᠢᠨ ᠳᠠᠩ ᠭᠠᠭᠴᠠ ᠤᠷᠭᠤᠮᠠᠯ ᠤᠨ ᠴᠢᠨᠠᠷᠲᠠᠢ ᠬᠦᠢᠲᠡᠨ ᠢᠳᠡᠭᠡᠨ ᠤ ᠲᠥᠷᠥᠯ ᠤᠨ ᠢᠳᠡᠭᠡᠨ ᠢ ᠡᠵᠡᠩᠨᠡᠬᠦ ᠠᠰᠠᠭᠤᠳᠠᠯ᠂ ᠭᠡᠪᠡᠴᠦ ᠲᠠᠯᠠᠪᠤᠷ ᠤᠨ ᠣᠷᠴᠢᠨ ᠲᠣᠭᠤᠷᠢᠨ ᠨᠢ ᠪᠠᠷᠢᠮᠵᠢᠶ᠎ᠠ ᠳᠤ ᠬᠦᠷᠦᠭᠰᠡᠨ ᠦᠭᠡᠢ᠂ ᠬᠦᠢᠲᠡᠨ ᠢᠳᠡᠭᠡᠨ ᠤ ᠲᠥᠷᠥᠯ ᠤᠨ ᠢᠳᠡᠭᠡᠨ ᠦᠢᠯᠡᠳᠴᠦ ᠪᠣᠷᠣᠯᠠᠭᠤᠯᠬᠤ ᠲᠥᠷᠥᠯ ᠵᠦᠢᠯ ᠤᠨ ᠵᠥᠪᠰᠢᠶᠡᠷᠡᠯ ᠢ ᠤᠯᠵᠦ ᠳᠡᠶᠢᠯᠬᠦ ᠦᠭᠡᠢ ᠶᠢ ᠦᠨᠡᠨᠬᠦ ᠰᠢᠢᠳᠪᠦᠷᠢᠯᠡᠬᠦ ᠶᠢᠨ ᠲᠦᠯᠦᠭᠡ᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ︽ᠢᠳᠡᠭᠡᠨ ᠤᠮᠳᠠᠭᠠᠨ ᠤ ᠦᠢᠯᠡᠴᠢᠯᠡᠭᠡᠨ ᠤ ᠨᠡᠶᠢᠳᠡᠮ ᠬᠡᠷᠡᠭᠯᠡᠬᠦ ᠡᠷᠡᠭᠦᠯ ᠬᠠᠮᠠᠭᠠᠯᠠᠯ ᠤᠨ ᠵᠢᠷᠤᠮᠵᠢᠯ︾ ᠢ ᠦᠨᠳᠦᠰᠦᠯᠡᠨ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠠᠴᠠ ᠢᠳᠡᠭᠡᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠢᠳᠡᠭᠡᠨ ᠡᠵᠡᠩᠨᠡᠬᠦ ᠵᠥᠪᠰᠢᠶᠡᠷᠡᠯ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠬᠦᠷᠢᠶᠡᠨ ᠳᠠᠬᠢ ᠬᠦᠢᠲᠡᠨ ᠢᠳᠡᠭᠡᠨ ᠤ ᠲᠥᠷᠥᠯ ᠤᠨ ᠢᠳᠡᠭᠡᠨ ᠦᠢᠯᠡᠳᠴᠦ ᠪᠣᠷᠣᠯᠠᠭᠤᠯᠬᠤ ᠲᠥᠷᠥᠯ ᠵᠦᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠨᠠᠷᠢᠯᠢᠭᠵᠢᠭᠤᠯᠬᠤ ᠪᠠᠷ ᠲᠣᠭᠲᠠᠭᠠᠪᠠ᠃ ᠣᠳᠣᠬᠠᠨ ᠳᠤ᠂ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠨᠢᠭᠡᠴᠡ ᠬᠡᠷᠪᠡ ᠵᠥᠪᠬᠡᠨ ᠤᠷᠭᠤᠮᠠᠯ ᠤᠨ ᠴᠢᠨᠠᠷᠲᠠᠢ ᠬᠦᠢᠲᠡᠨ ᠢᠳᠡᠭᠡᠨ ᠤ ᠲᠥᠷᠥᠯ ᠤᠨ ᠢᠳᠡᠭᠡᠨ ︵ᠢᠰᠬᠡᠭᠰᠡᠨ ᠪᠤᠰᠤ ᠪᠤᠷᠴᠠᠭ ᠤᠨ ᠢᠳᠡᠭᠡᠨ ᠪᠠᠭᠲᠠᠬᠤ ᠦᠭᠡᠢ︶ ᠢ ᠡᠵᠡᠩᠨᠡᠪᠡᠯ᠂ ᠲᠤᠰᠬᠠᠢ ᠠᠵᠢᠯᠯᠠᠬᠤ ᠲᠣᠭᠤᠷᠢᠭ ᠲᠤ ᠠᠵᠢᠯᠯᠠᠭᠤᠯᠵᠤ ᠪᠣᠯᠣᠨ᠎ᠠ᠂ ᠲᠤᠰᠬᠠᠢ ᠲᠠᠰᠤᠯᠭ᠎ᠠ ᠭᠠᠷᠭᠠᠬᠤ ᠴᠢᠬᠤᠯᠠ ᠦᠭᠡᠢ᠂ ᠵᠥᠪᠰᠢᠶᠡᠷᠡᠬᠦ ᠦᠶ᠎ᠡ ᠳᠤ ᠲᠤᠰᠬᠠᠢ ᠠᠵᠢᠯᠯᠠᠬᠤ ᠲᠣᠭᠤᠷᠢᠭ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠪᠡᠯ ᠳᠠᠷᠤᠢ ᠲᠥᠷᠥᠯ ᠵᠦᠢᠯ ᠢ ᠨᠡᠮᠡᠭᠳᠡᠭᠦᠯᠵᠦ ᠪᠣᠯᠣᠨ᠎ᠠ᠃      【ᠬᠥᠲᠥᠯᠥᠭᠴᠢ】      ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠬᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠤᠶᠠᠯᠳᠤᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠠᠮᠠᠭᠠᠯᠠᠬᠤ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ       ᠬᠤᠤ ᠶᠦᠩ ᠸᠠᠩ】      ᠨᠢᠭᠡ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠨ᠎ᠠ᠃ ︽ᠬᠤᠷᠢᠭ᠎ᠠ ᠱᠤᠭᠤᠮ ᠢ ᠰᠠᠬᠢᠬᠤ᠂ ᠳᠠᠯᠳᠠ ᠭᠡᠮ ᠢ ᠪᠠᠶᠢᠴᠠᠭᠠᠬᠤ᠂ ᠠᠮᠤᠷ ᠲᠦᠪᠰᠢᠨ ᠢ ᠪᠠᠲᠤᠯᠠᠬᠤ︾ ᠵᠡᠷᠭᠡ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ᠂ ᠡᠮ ᠪᠠ ᠪᠠᠭᠠᠵᠢ ᠬᠡᠷᠡᠭᠰᠡᠯ ᠤᠨ ᠲᠤᠰᠬᠠᠢ ᠪᠠᠶᠢᠴᠠᠭᠠᠯᠲᠠ ᠵᠢᠴᠢ ᠨᠠᠰᠤᠵᠢᠯ ᠤᠨ ᠮᠡᠬᠡᠯᠡᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠷᠠᠭ ᠤᠨ ᠬᠤᠶᠠᠷ ᠤᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠵᠤ ᠴᠡᠭᠴᠡᠯᠡᠨ ᠵᠠᠰᠠᠬᠤ ᠡᠳᠦᠷ︾᠂ ᠭᠠᠷᠠᠭ ᠤᠨ ᠭᠤᠷᠪᠠᠨ ᠤ ︽ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠡᠳᠦᠷ︾᠂ ᠭᠠᠷᠠᠭ ᠤᠨ ᠳᠥᠷᠪᠡᠨ ᠤ ︽ᠪᠥᠬᠦ  ᠲᠤᠭᠤᠷᠢᠭ ᠤᠨ ᠡᠮ ᠤᠨ ᠵᠦᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠡᠳᠦᠷ︾᠂ ᠭᠠᠷᠠᠭ ᠤᠨ ᠲᠠᠪᠤᠨ ᠤ ︽ᠬᠡᠮᠵᠢᠯᠲᠡ ᠶᠢᠨ ᠲᠤᠰᠬᠠᠢ ᠴᠡᠭᠴᠡᠯᠡᠨ ᠵᠠᠰᠠᠬᠤ ᠡᠳᠦᠷ︾᠂ ︽ᠢᠳᠡᠭᠡᠨ ᠤ ᠵᠦᠢᠯ ᠤᠨ ᠦᠢᠯᠡᠳᠪᠦᠷᠢᠯᠡᠯ ᠢ ᠲᠥᠪᠯᠡᠷᠡᠭᠦᠯᠦᠨ ᠪᠠᠶᠢᠴᠠᠭᠠᠬᠤ ᠭᠠᠷᠠᠭ︾ ᠢᠶᠠᠷ ᠭᠠᠷᠳᠠᠴᠠ ᠪᠣᠯᠭᠠᠵᠤ᠂ ᠰᠠᠷ᠎ᠠ ᠪᠦᠷᠢ ᠲᠣᠬᠢᠷᠠᠭᠤᠯᠤᠯᠲᠠ ᠲᠠᠢ᠂ ᠭᠠᠷᠠᠭ ᠪᠦᠷᠢ ᠲᠣᠬᠢᠷᠠᠭᠤᠯᠤᠯᠲᠠ ᠲᠠᠢ᠂ ᠡᠳᠦᠷ ᠪᠦᠷᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠪᠥᠬᠦ ᠲᠠᠯ᠎ᠠ ᠪᠠᠷ ᠪᠥᠬᠦ ᠬᠡᠯᠬᠢᠶ᠎ᠡ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠦᠨ᠎ᠡ᠃      ᠬᠤᠶᠠᠷ ᠲᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠤᠯᠪᠤᠭᠠᠯᠠᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ︽ᠬᠡᠨ ᠭᠤᠣᠯᠴᠢᠯᠠᠨ ᠬᠠᠮᠢᠶᠠᠷᠪᠠᠯ ᠬᠡᠨ ᠲᠦᠷᠦᠭᠦᠯᠡᠨ ᠬᠢᠬᠦ︾ ᠰᠠᠯᠠᠭ᠎ᠠ ᠮᠥᠴᠢᠷ ᠠᠯᠤᠰᠯᠠᠨ ᠬᠠᠮᠲᠤᠷᠠᠨ ᠪᠠᠶᠢᠴᠠᠭᠠᠬᠤ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠮᠴᠢᠯᠡᠭᠡ ᠡᠷᠡᠭᠦᠯ ᠬᠠᠮᠠᠭᠠᠯᠠᠯ᠂ ᠠᠮᠤᠷ ᠲᠦᠪᠰᠢᠨ ᠤ ᠰᠡᠷᠭᠡᠶᠢᠯᠡᠯᠲᠡ᠂ ᠣᠨᠴᠠ ᠲᠥᠷᠥᠯ ᠤᠨ ᠲᠥᠬᠦᠭᠡᠷᠦᠮᠵᠢ᠂ ᠤᠨᠴᠠᠭᠠᠢ ᠢᠳᠡᠭᠡᠨ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠭᠤᠣᠯᠳᠠᠯᠭ᠎ᠠ ᠲᠠᠢ ᠠᠬᠢᠭᠤᠯᠵᠤ᠂ ᠨᠢᠭᠡ ᠤᠳᠠᠭ᠎ᠠ ᠣᠷᠣᠵᠤ᠂ ᠣᠯᠠᠨ ᠵᠦᠢᠯ ᠤᠨ ᠤᠴᠢᠷ ᠶᠠᠪᠤᠳᠠᠯ ᠢ ᠪᠠᠶᠢᠴᠠᠭᠠᠬᠤ ᠶᠢ ᠪᠡᠶᠡᠯᠡᠭᠦᠯᠦᠨ᠂ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃      ᠭᠤᠷᠪᠠ ᠳᠤ ᠵᠦᠢ ᠪᠤᠰᠤ ᠥᠷᠢᠰᠦᠯᠳᠦᠬᠦ ᠬᠦᠴᠦᠨ ᠢ ᠡᠰᠡᠷᠭᠦᠴᠡᠬᠦ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠭᠤᠣᠯᠴᠢ ᠪᠠᠷ ᠥᠷᠢᠰᠦᠯᠳᠦᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠡᠷᠬᠡ ᠲᠡᠭᠰᠢ ᠪᠠᠷ ᠥᠷᠢᠰᠦᠯᠳᠦᠬᠦ ᠶᠢ ᠬᠢᠨᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠡᠷᠬᠡ ᠲᠡᠭᠰᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠩᠭᠠᠨ ᠥᠭᠴᠦ᠂ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃      ᠳᠥᠷᠪᠡ ᠳᠤ ᠣᠶᠤᠨᠴᠢ ᠬᠢᠨᠠᠯᠲᠠ ᠬᠠᠮᠢᠶᠠᠷᠤᠯᠲᠠ ᠳᠤ ᠲᠦᠰᠢᠭᠯᠡᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ ᠵᠢᠷᠦᠮᠵᠢᠯᠲᠡ ᠶᠢᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ᠴᠢᠩ ᠠᠨ ᠠᠵᠤ ᠠᠬᠤᠶᠢᠯᠠᠯ ᠤᠨ ᠢᠲᠡᠭᠡᠮᠵᠢ︾ ᠶᠢᠨ ᠣᠶᠤᠨᠴᠢ ᠲᠠᠪᠴᠠᠩ ᠢᠶᠠᠷ ᠳᠠᠮᠵᠢᠭᠤᠯᠤᠨ ᠠᠵᠤ ᠠᠬᠤᠶᠢᠯᠠᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠥᠪᠡᠰᠦᠪᠡᠨ ᠪᠠᠶᠢᠴᠠᠭᠠᠬᠤ ᠳᠦᠷᠢᠮ ᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠶᠢ  ᠱᠠᠯᠠᠪᠳᠠᠭᠤᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠡᠬᠢ ᠡᠭᠦᠰᠦᠯ ᠠᠴᠠ ᠨᠢ  ᠪᠠᠲᠤᠯᠠᠨ᠎ᠠ᠃ ᠣᠶᠤᠨᠲᠤ ᠢᠳᠡᠰᠢᠨ ᠨᠣᠭᠤᠭ᠎ᠠ ᠶᠢᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠪᠠ ︽ᠢᠨᠲ᠋ᠧᠷ ᠰᠦᠯᠵᠢᠶ᠎ᠡ + ᠢᠯᠡ ᠲᠣᠭᠤᠭ᠎ᠠ︾ ᠢᠨᠵᠧᠨᠧᠷᠢᠩ ᠢ ᠲᠦᠯᠬᠢᠨ ᠠᠬᠢᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠪᠠᠷ ᠬᠡᠷᠡᠭᠯᠡᠭᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃      【ᠬᠥᠲᠥᠯᠥᠭᠴᠢ】      ᠵᠠᠯᠭᠠᠭᠠᠳ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠶ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ      ᠬᠤᠤ ᠶᠦᠩ ᠸᠠᠩ】      ᠨᠢᠭᠡ ᠳᠤ ᠠᠵᠤ ᠠᠬᠤᠶᠢᠯᠠᠯ ᠤᠨ ᠣᠷᠣᠬᠤ ᠵᠥᠪᠰᠢᠶᠡᠷᠡᠯ ᠢ ᠳᠡᠭᠡᠭᠰᠢᠯᠡᠭᠦᠯᠬᠦ ᠶᠢ ᠵᠥᠪᠰᠢᠶᠡᠷᠡᠬᠦ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ︽ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠦᠶᠡᠯᠡᠯ ᠤᠨ ᠬᠤᠭᠤᠴᠠᠭ᠎ᠠ ᠶᠢ ᠪᠠᠭᠠᠰᠬᠠᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾᠂ ᠪᠠᠶᠢᠭᠤᠯᠬᠤ ᠵᠡᠷᠭᠡ ᠶᠢ ᠰᠢᠢᠳᠪᠦᠷᠢᠯᠡᠵᠦ ᠳᠠᠭᠤᠰᠬᠠᠬᠤ ᠶᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠡᠵᠡᠩᠨᠡᠯᠲᠡ ᠠᠴᠠ ᠤᠬᠤᠷᠢᠨ ᠭᠠᠷᠬᠤ ᠶᠢ ᠳᠥᠭᠦᠮᠴᠢᠯᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠨᠠᠩ ᠣᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠦᠩᠭᠡᠮᠰᠦᠭ ᠢᠶᠠᠷ ᠣᠷᠣᠯᠴᠠᠬᠤ ᠮᠥᠷᠲᠡᠭᠡᠨ ᠬᠤᠶᠢᠰᠢᠳᠠ ᠶᠢᠨ ᠵᠣᠪᠠᠨᠢᠯ ᠦᠭᠡᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠠᠩᠰᠠ ᠡᠪᠬᠡᠮᠡᠯ ᠤᠨ ᠲᠣᠭᠠᠵᠢᠭᠤᠯᠬᠤ ᠪᠠᠶᠢᠭᠤᠯᠤᠯᠲᠠ ᠶᠢ ᠥᠷᠨᠢᠭᠦᠯᠵᠦ᠂ ᠴᠢᠩᠱᠠᠨ ᠲᠣᠭᠤᠷᠢᠭ ᠤᠨ 21 ᠲᠦᠮᠡ ᠭᠠᠷᠤᠢ ᠡᠷᠦᠬᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠠᠩᠰᠠ ᠡᠪᠬᠡᠮᠡᠯ ᠢ ᠲᠣᠭᠠᠵᠢᠭᠤᠯᠤᠨ ᠰᠢᠢᠳᠪᠦᠷᠢᠯᠡᠬᠦ ᠠᠵᠢᠯ ᠢ ᠡᠬᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ᠂ ᠪᠡᠶᠡᠴᠢᠯᠡᠨ ᠣᠶᠢᠯᠠᠭᠠᠬᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃       ᠬᠤᠶᠠᠷ ᠲᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠴᠢᠨᠠᠷ ᠰᠠᠶᠢᠲᠠᠢ ᠡᠭᠦᠳᠦᠨ ᠪᠦᠲᠦᠭᠡᠬᠦ᠂ ᠥᠨᠳᠥᠷ ᠦᠷ᠎ᠡ ᠠᠰᠢᠭ ᠲᠠᠢ ᠬᠡᠷᠡᠭᠯᠡᠬᠦ᠂ ᠥᠨᠳᠥᠷ ᠪᠠᠷᠢᠮᠵᠢᠶ᠎ᠠ ᠪᠠᠷ ᠬᠠᠮᠠᠭᠠᠯᠠᠬᠤ᠂ ᠥᠨᠳᠥᠷ ᠲᠦᠪᠰᠢᠨ ᠢᠶᠠᠷ ᠦᠢᠯᠡᠴᠢᠯᠡᠬᠦ ᠶᠢ ᠭᠦᠨᠵᠡᠭᠡᠢ ᠠᠬᠢᠭᠤᠯᠵᠤ᠂ ᠮᠡᠳᠡᠯᠭᠡ ᠳᠤ ︽ᠦᠨ᠎ᠡ ᠬᠠᠳᠠᠵᠤ︾᠂ ᠡᠷᠬᠡ ᠣᠯᠭᠤᠯᠲᠠ ᠶᠢᠨ ︽ᠬᠤᠷᠳᠤᠴᠠ ᠶᠢ ᠳᠡᠭᠡᠭᠰᠢᠯᠡᠭᠦᠯᠦᠨ᠎ᠡ︾᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ︽ᠬᠥᠬᠡ ᠣᠭᠲᠠᠷᠭᠤᠢ︾ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠭᠤᠷᠮᠠᠭᠯᠠᠬᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃      ᠭᠤᠷᠪᠠ ᠳᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠵᠢᠭᠰᠠᠭᠠᠯᠳᠤ ᠲᠠᠶᠢᠨ ᠢ ᠡᠷᠡᠰ ᠰᠠᠶᠢᠲᠤᠷ ᠬᠢᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠨᠡᠶᠢᠳᠡᠮ ᠬᠡᠷᠡᠭᠯᠡᠵᠦ᠂ ᠰᠠᠨᠠᠭᠠᠴᠢᠯᠠᠭᠠᠲᠤ ᠪᠤᠰᠤ ᠬᠢᠨᠠᠯᠲᠠ ᠬᠠᠮᠢᠶᠠᠷᠤᠯᠲᠠ  ᠠᠴᠠ ᠰᠠᠨᠠᠭᠠᠴᠢᠯᠠᠭ᠎ᠠ  ᠠᠴᠠ ᠪᠠᠨ ᠬᠢᠨᠠᠯᠲᠠ ᠬᠠᠮᠢᠶᠠᠷᠤᠯᠲᠠ ᠳᠠᠰᠢ ᠬᠤᠪᠢᠷᠠᠭᠤᠯᠬᠤ᠂ ᠬᠡᠷᠡᠭ ᠤᠨ ᠳᠠᠷᠠᠭ᠎ᠠ ᠵᠠᠰᠠᠬᠤ  ᠠᠴᠠ ᠬᠡᠷᠡᠭ ᠤᠨ ᠡᠮᠦᠨ᠎ᠡ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠪᠡᠶᠡᠯᠡᠭᠦᠯᠦᠨ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ᠣᠶᠤᠨᠴᠢ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ︽ᠦᠨᠳᠦᠰᠦᠨ ᠱᠠᠲᠤᠨ ᠳᠤ ᠶᠠᠪᠤᠵᠤ᠂ ᠪᠣᠳᠠᠲᠤ ᠶᠠᠪᠤᠳᠠᠯ ᠪᠦᠲᠦᠭᠡᠵᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠪᠠ ︽ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠠᠰᠠᠭᠤᠬᠤ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ᠂ ᠸᠢᠴᠠᠲ ᠤᠨ ᠨᠡᠶᠢᠲᠡ ᠶᠢᠨ ᠳ᠋ᠤᠭᠠᠷ᠂ ᠲᠢᠭ᠋ ᠲᠤᠭ ᠳ᠋ᠤᠭᠠᠷ᠂ ᠡᠯᠧᠺᠲᠷᠣᠨ ᠰᠢᠤᠳᠠᠨ ᠤ ᠬᠠᠶᠢᠷᠴᠠᠭ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠰᠠᠨᠠᠭ᠎ᠠ᠂ ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠠᠶᠢᠴᠠᠭᠠᠨ ᠰᠤᠳᠤᠯᠤᠯᠲᠠ ᠬᠢᠬᠦ ᠠᠴᠠ ᠡᠮᠦᠨ᠎ᠡ᠂ ᠴᠡᠭᠴᠡᠯᠡᠨ ᠰᠠᠶᠢᠵᠢᠷᠠᠭᠤᠯᠬᠤ ᠠᠴᠠ ᠬᠤᠶᠢᠨ᠎ᠠ ᠪᠠᠶᠢᠬᠤ ᠵᠠᠷᠴᠢᠮ ᠢ ᠪᠠᠷᠢᠮᠲᠠᠯᠠᠨ᠂ ᠥᠪᠡᠷᠮᠢᠴᠡ ᠴᠢᠨᠠᠷᠲᠠᠢ ᠠᠰᠠᠭᠤᠳᠠᠯ ᠢ ᠳᠠᠷᠤᠶᠢᠬᠠᠨ ᠰᠢᠢᠳᠪᠦᠷᠢᠯᠡᠵᠦ᠂ ᠨᠡᠶᠢᠲᠡᠴᠢ ᠴᠢᠨᠠᠷᠲᠠᠢ ᠠᠰᠠᠭᠤᠳᠠᠯ ᠳᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号