ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠰᠢᠯᠢᠳᠡᠭ ᠰᠠᠶᠢᠨ ᠤᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠵᠦ᠂ ᠨᠢᠭᠲᠠᠷᠠᠯ ᠤᠨ ᠬᠦᠴᠦᠨ ᠲᠥᠪᠯᠡᠩᠭᠦᠢ ᠬᠦᠴᠦᠨ ᠢ ᠲᠠᠰᠤᠷᠠᠯᠲᠠ ᠦᠭᠡᠢ | ᠴᠢᠩᠭᠠᠳᠬᠠᠬᠤ ᠶᠢᠨ ᠲᠦᠯᠦᠭᠡ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ | ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠱᠠᠩᠨᠠᠯᠲᠤ ᠰᠤᠭᠤᠯᠤᠭ᠎ᠠ ᠶᠢᠨ ᠪᠣᠷᠤᠯᠠᠭᠤᠯᠭ᠎ᠠ ᠶᠢᠨ | ᠬᠠᠮᠢᠶᠠᠷᠤᠯᠲᠠ ᠶᠢᠨ ᠲᠥᠪ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠪᠤᠭᠤᠲᠤ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ | ᠵᠠᠭᠤᠨ ᠲᠠᠯᠠᠪᠤᠷ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠴᠢᠩᠱᠠᠨ ᠲᠣᠭᠤᠷᠢᠭ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠠᠩᠬᠠᠨ ᠤ ᠲᠠᠯᠠᠪᠠᠢ 5 ᠰᠠᠷ᠎ᠠ ᠶᠢᠨ 10 ᠤ ᠡᠳᠦᠷ ᠴᠢᠩᠱᠠᠨ ᠲᠣᠭᠤᠷᠢᠭ ᠤᠨ ᠤᠮᠠᠷᠠᠲᠤ ᠶᠢᠨ | ᠬᠦᠨᠳᠦ ᠠᠵᠤ ᠦᠢᠯᠡᠳᠪᠦᠷᠢ ᠶᠢᠨ ᠠᠵᠢᠯᠲᠠᠨ ᠠᠵᠢᠯᠴᠢᠨ ᠤ ᠠᠵᠢᠯᠯᠠᠭ᠎ᠠ ᠶᠢᠨ ᠲᠦᠪ ᠲᠤ ᠶᠠᠪᠤᠭᠳᠠᠪᠠ᠃ | ᠲᠤᠰ ᠤᠳᠠᠭ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠦᠴᠦᠷᠬᠡᠭᠵᠢᠯ ᠵᠠᠮ ᠤᠨ ᠵᠡᠭᠡᠯᠢ | ᠭᠤᠳᠤᠮᠵᠢ ᠶᠢᠨ ᠺᠠᠳ᠋ᠷ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠤᠮᠠᠷᠠᠲᠤ ᠶᠢᠨ ᠬᠦᠨᠳᠦ | ᠠᠵᠤ ᠦᠢᠯᠡᠳᠪᠦᠷᠢ ᠶᠢᠨ ᠪᠦᠯᠦᠭᠯᠡᠯ ᠤᠨ ᠠᠵᠢᠯᠲᠠᠨ 200 ᠬᠥᠮᠥᠨ ᠣᠷᠣᠯᠴᠠᠵᠤ᠂ ᠠᠵᠢᠯᠯᠠᠭ᠎ᠠ ᠳᠤ ︽ᠨᠢᠭᠡ ᠲᠡᠪᠡᠭ | ᠬᠡᠷᠡᠯ ᠭᠢᠯᠪᠠᠭ᠎ᠠ ᠭᠠᠷᠭᠠᠬᠤ︾᠂ ︽ᠨᠢᠭᠡ ᠰᠡᠳᠬᠢᠯ ᠢᠶᠠᠷ ᠬᠡᠩᠭᠡᠷᠭᠡ ᠳᠡᠯᠡᠳᠬᠦ︾᠂ ︽ᠪᠤᠤᠬᠢᠶ᠎ᠠ ᠬᠤᠷᠬᠢᠷᠠᠬᠤ ᠴᠠᠭᠠᠷᠢᠭ︾᠂ | ︽ᠲᠠᠭᠠᠮᠠᠭ ᠦᠭᠡ ᠶᠢᠨ ᠪᠤᠤᠬᠢᠶ᠎ᠠ︾ ᠵᠡᠷᠭᠡ ᠲᠦᠷᠪᠡᠨ ᠰᠣᠨᠢᠷᠬᠠᠯᠲᠠᠢ ᠲᠦᠷᠦᠯ ᠵᠦᠢᠯ ᠢ ᠲᠣᠬᠢᠷᠠᠭᠤᠯᠵᠠᠢ᠃ | ᠲᠤᠬᠠᠢ ᠶᠢᠨ ᠲᠠᠯᠠᠪᠤᠷ ᠲᠤ ᠣᠷᠣᠯᠴᠠᠭᠰᠠᠨ ᠣᠯᠠᠨ ᠲᠦᠮᠡᠨ ᠤ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ᠂ | ᠠᠵᠢᠯᠯᠠᠭ᠎ᠠ ᠨᠢ ︽ᠨᠡᠶᠢᠲᠡ ᠶᠢᠨ ᠠᠰᠠᠷᠠᠮᠵᠢ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠥᠮᠥᠨ ᠤ | ᠠᠮᠢᠳᠤᠷᠠᠯ ᠢ ᠪᠠᠶᠠᠯᠢᠭᠵᠢᠭᠤᠯᠬᠤ︾ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠦᠢᠯᠡᠳᠦᠯᠭᠡᠵᠢᠭᠦᠯᠵᠦ᠂ ᠰᠠᠭᠤᠭᠠᠯᠢ | ᠠᠷᠠᠳ᠂ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠰᠣᠶᠣᠯ ᠲᠠᠮᠢᠷ ᠤᠨ ᠠᠮᠢᠳᠤᠷᠠᠯ ᠢ ᠲᠤᠶᠢᠯ ᠤᠨ ᠶᠡᠭᠡ ᠪᠠᠷ | ᠪᠠᠶᠠᠯᠢᠭᠵᠢᠭᠤᠯᠵᠤ᠂ ᠰᠠᠭᠤᠭᠠᠯᠢ ᠠᠷᠠᠳ ᠲᠤ ᠬᠠᠷᠢᠯᠴᠠᠨ ᠰᠣᠯᠢᠯᠴᠠᠬᠤ᠂ ᠨᠥᠬᠦᠷᠯᠡᠯ ᠢᠶᠠᠨ ᠵᠤᠵᠠᠭᠠᠳᠬᠠᠬᠤ ᠲᠠᠪᠴᠠᠩ | ᠪᠠᠶᠢᠭᠤᠯᠤᠨ ᠥᠭᠴᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠪᠥᠬᠦ ᠠᠷᠠᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠢ ᠦᠨᠡᠨ ᠬᠦ ᠮᠡᠳᠡᠷᠡᠭᠦᠯᠵᠦ᠂ ᠮᠥᠨ ᠴᠦ ᠨᠡᠶᠢᠭᠡᠮ | ᠲᠣᠭᠤᠷᠢᠭ ᠤᠨ ᠣᠯᠠᠨ ᠲᠦᠮᠡᠨ ᠤ ᠳᠦᠷᠢ ᠲᠥᠷᠬᠦ ᠶᠢᠨ ︽ᠶᠡᠭᠡ ᠦᠵᠡᠭᠦᠯᠦᠯᠭᠡ︾᠂ ᠨᠠᠩ ᠴᠤ ᠬᠠᠮᠲᠤ ᠶᠢᠨ | ᠲᠠᠨᠢᠯᠲᠠ ᠶᠢ ᠨᠢᠭᠲᠠᠷᠠᠭᠤᠯᠵᠤ᠂ ᠪᠦᠯᠬᠦᠮ ᠨᠡᠶᠢᠲᠡ ᠪᠠᠨ ᠳᠠᠪᠲᠠᠨ ᠪᠣᠯᠪᠠᠰᠤᠷᠠᠭᠤᠯᠬᠤ ︽ᠶᠡᠭᠡ ᠨᠠᠶᠢᠷ︾ ᠮᠥᠨ᠃ | | | | | | | | | |