ᠳᠤᠮᠳᠠᠳᠤ ᠤᠯᠤᠰ ᠤᠨ ᠰᠣᠶᠣᠯ ᠤᠨ ᠥᠪ ᠤᠨ ᠰᠤᠳᠤᠯᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠯᠳᠤᠭᠠᠨᠲᠤ ᠤᠯᠤᠰ ᠤᠨ ᠵᠣᠣ ᠤᠯᠤᠰ ᠤᠨ ᠤᠮᠠᠷᠠᠲᠦ ᠣᠷᠳᠣ ᠴᠠᠭᠠᠨ ᠬᠡᠷᠡᠮ ᠤᠨ ᠭᠤᠣᠯᠳᠠᠯᠭ᠎ᠠ ᠲᠠᠢ ᠬᠡᠰᠡᠭ ᠢ ᠲᠤᠭᠤᠷᠢᠨ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/17
      ᠡᠯ᠎ᠡ ᠭᠠᠵᠠᠷ ᠤᠨ ᠬᠢᠨ ︽ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠳᠦᠷᠢᠮ︾ ᠪᠠ ︽ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠶᠡᠷᠦᠩᠬᠡᠢ ᠲᠥᠯᠦᠪᠵᠢᠭᠦᠯᠭᠡ︾ ᠶᠢ ᠲᠤᠤᠱᠯᠠᠭᠤᠯᠤᠨ ᠨᠠᠶᠢᠲᠠᠪᠦᠷᠢᠵᠢᠭᠤᠯᠬᠤ ᠶᠢ ᠱᠠᠯᠠᠪᠳᠠᠭᠤᠯᠵᠦ᠂ ᠡᠭᠦᠨ ᠤ ᠬᠠᠮᠲᠤ ᠡᠯ᠎ᠡ ᠭᠠᠵᠠᠷ ᠤᠨ ᠬᠢᠨ ᠤ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠴᠢᠬᠤᠯᠠ ᠴᠡᠭ ᠤᠨ ᠬᠠᠮᠠᠭᠠᠯᠠᠯᠲᠠ ᠶᠢᠨ ᠦᠵᠡᠭᠦᠯᠦᠯᠭᠡ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠳᠣ ᠴᠠᠭᠠᠨ ᠬᠡᠷᠡᠮ ᠤᠨ ᠤᠯᠤᠰ ᠤᠨ ᠭᠤᠣᠯᠳᠠᠯᠭ᠎ᠠ ᠲᠠᠢ ᠬᠡᠰᠡᠭ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠶᠢᠨ ᠲᠦᠯᠦᠭᠡ᠂ 5 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠰᠣᠶᠣᠯ ᠤᠨ ᠥᠪ ᠤᠨ ᠰᠤᠳᠤᠯᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠴᠢᠩᠱᠠᠨ ᠲᠣᠭᠤᠷᠢᠭ ᠲᠤ ᠢᠷᠡᠵᠦ᠂ ᠪᠠᠶᠢᠯᠳᠤᠭᠠᠨᠲᠤ ᠤᠯᠤᠰ ᠤᠨ ᠵᠣᠣ ᠪᠧᠢ ᠶᠢᠨ ᠣᠷᠳᠣ ᠴᠠᠭᠠᠨ ᠬᠡᠷᠡᠮ ᠤᠨ ᠴᠢᠬᠤᠯᠠ ᠴᠡᠭ ᠤᠨ ᠲᠤᠬᠠᠢ ᠲᠤᠰᠬᠠᠢ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ᠃      ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠡᠩ ᠲᠡᠷᠢᠭᠦᠨ ᠳᠤ ᠵᠣᠣ ᠤᠯᠤᠰ ᠤᠨ ᠤᠮᠠᠷᠠᠲᠦ ᠣᠷᠳᠣ ᠴᠠᠭᠠᠨ ᠬᠡᠷᠡᠮ ᠤᠨ ᠵᠡᠭᠦᠨ ᠲᠠᠯ᠎ᠠ ᠶᠢᠨ ᠬᠡᠷᠡᠮ ᠤᠨ ᠬᠡᠰᠡᠭ ᠲᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠤᠷ ᠲᠤ ᠵᠣᠣ ᠤᠯᠤᠰ ᠤᠨ ᠤᠮᠠᠷᠠᠲᠦ ᠣᠷᠳᠣ ᠴᠠᠭᠠᠨ ᠬᠡᠷᠡᠮ ᠤᠨ ᠵᠡᠭᠦᠨ ᠲᠠᠯ᠎ᠠ ᠶᠢᠨ ᠬᠡᠷᠡᠮ ᠤᠨ ᠬᠡᠰᠡᠭ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠢ ᠪᠠᠶᠢᠴᠠᠭᠠᠨ ᠦᠵᠡᠪᠡ᠃      ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠤ ᠲᠠᠷᠠᠭ᠎ᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠲᠠᠢ ᠶᠠᠷᠢᠯᠴᠠᠭᠠᠨ ᠤ ᠬᠤᠷᠠᠯ ᠬᠢᠪᠡ᠃ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠣᠶᠣᠯ ᠤᠨ ᠥᠪ ᠤᠨ ᠰᠤᠳᠤᠯᠭᠠᠨ ᠤ ᠬᠦᠷᠢᠶᠡᠯᠡᠩ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠤᠯᠤᠰ ᠤᠨ ᠲᠠᠰ ᠤᠨ ᠣᠷᠳᠣ ᠴᠠᠭᠠᠨ ᠬᠡᠷᠡᠮ ᠤᠨ ᠴᠢᠬᠤᠯᠠ ᠬᠡᠰᠡᠭ ᠲᠤ ᠲᠤᠰᠬᠠᠢ ᠲᠣᠭᠤᠷᠢᠨ ᠪᠠᠶᠢᠴᠠᠭᠠᠬᠤ ᠪᠠ ᠪᠠᠶᠢᠴᠠᠭᠠᠨ ᠰᠤᠳᠤᠯᠤᠯᠲᠠ ᠬᠢᠬᠦ ᠬᠠᠷᠠᠯᠲᠠ ᠪᠠ ᠱᠠᠭᠠᠷᠳᠠᠯᠭ᠎ᠠ ᠶᠢ ᠲᠠᠨᠢᠯᠴᠠᠭᠤᠯᠪᠠ︔ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶ᠎ᠠ ᠶᠢᠨ ᠳᠠᠷᠤᠭ᠎ᠠ ᠴᠢᠩᠱᠠᠨ ᠲᠣᠭᠤᠷᠢᠭ ᠤᠨ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠵᠡᠢ᠃ ᠬᠤᠷᠠᠯ ᠳᠤ ᠣᠷᠣᠯᠴᠠᠭᠰᠠᠨ ᠬᠤᠶᠠᠷ ᠡᠲᠡᠭᠡᠳ ᠢᠶᠠᠷ ᠢᠶᠠᠨ ᠴᠢᠩᠱᠠᠨ ᠲᠣᠭᠤᠷᠢᠭ ᠤᠨ ᠤᠷᠳᠤ ᠴᠠᠭᠠᠨ ᠬᠡᠷᠡᠮ ᠤᠨ ᠬᠠᠮᠠᠭᠠᠯᠠᠯᠲᠠ ᠬᠠᠮᠢᠶᠠᠷᠤᠯᠲᠠ᠂ ᠨᠡᠭᠡᠭᠡᠨ ᠠᠰᠢᠭᠯᠠᠯᠲᠠ ᠶᠢᠨ ᠣᠳᠣᠬᠢ ᠪᠠᠶᠢᠳᠠᠯ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠵᠡᠷᠭᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃      ᠬᠤᠷᠠᠯ ᠤᠨ ᠳᠠᠷᠠᠭ᠎ᠠ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ 2017 ᠣᠨ ᠠᠴᠠ ᠨᠠᠰᠢ ᠴᠢᠩᠱᠠᠨ ᠲᠣᠭᠤᠷᠢᠭ ᠲᠤ ᠥᠷᠨᠢᠭᠦᠯᠦᠭᠰᠡᠨ ᠪᠠᠶᠢᠯᠳᠤᠭᠠᠨᠲᠤ ᠤᠯᠤᠰ ᠤᠨ ᠵᠣᠣ ᠤᠯᠤᠰ ᠤᠨ ᠤᠮᠠᠷᠠᠲᠦ ᠣᠷᠳᠣ ᠴᠠᠭᠠᠨ ᠬᠡᠷᠡᠮ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ᠂ ᠲᠣᠭᠤᠷᠢᠨ ᠪᠠᠶᠢᠴᠠᠭᠠᠭᠰᠠᠨ ᠠᠵᠢᠯ ᠤᠨ ᠪᠠᠶᠢᠳᠠᠯ᠂ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠣᠷᠣᠨ ᠬᠤᠪᠢᠶᠠᠷᠢᠯᠠᠯ ᠵᠢᠴᠢ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠤᠨ ᠪᠠᠶᠢᠳᠠᠯ᠂ ᠡᠳᠦᠷ ᠳᠤᠳᠤᠮ ᠤᠨ ᠬᠢᠨᠠᠨ ᠬᠠᠮᠢᠶᠠᠷᠤᠯᠲᠠ ᠪᠣᠯᠣᠨ ᠬᠢᠨᠠᠨ ᠬᠡᠮᠵᠢᠯᠲᠡ ᠶᠢᠨ ᠪᠠᠶᠢᠳᠠᠯ᠂ ᠤᠷᠳᠤ ᠴᠠᠭᠠᠨ ᠬᠡᠷᠡᠮ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠵᠠᠰᠠᠭᠰᠠᠨ ᠪᠠᠶᠢᠳᠠᠯ᠂ ᠤᠷᠳᠤ ᠴᠠᠭᠠᠨ ᠬᠡᠷᠡᠮ ᠤᠨ ᠦᠷᠳᠡᠭ ᠤᠨ ᠰᠤᠳᠤᠯᠭᠠᠨ ᠪᠣᠯᠣᠨ ᠤᠬᠠᠭᠤᠯᠤᠨ ᠳᠡᠯᠭᠡᠷᠡᠭᠦᠯᠦᠭᠰᠡᠨ ᠪᠠᠶᠢᠳᠠᠯ ᠵᠢᠴᠢ ᠪᠠᠶᠢᠯᠳᠤᠭᠠᠨᠲᠤ ᠤᠯᠤᠰ ᠤᠨ ᠵᠣᠣ ᠤᠯᠤᠰ ᠤᠨ ᠤᠮᠠᠷᠠᠲᠦ ᠣᠷᠳᠣ ᠴᠠᠭᠠᠨ ᠬᠡᠷᠡᠮ ᠤᠨ ᠲᠡᠮᠳᠡᠭᠯᠡᠯ ᠤᠨ ᠲᠠᠩᠰᠠ ᠡᠪᠬᠡᠮᠡᠯ᠂ ᠣᠷᠳᠣ ᠴᠠᠭᠠᠨ ᠬᠡᠷᠡᠮ ᠤᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ᠂ ᠡᠳᠦᠷ ᠲᠤᠲᠤᠮ ᠤᠨ ᠪᠠᠶᠢᠴᠠᠭᠠᠯᠲᠠ ᠶᠢᠨ ᠬᠠᠮᠢᠶ᠎ᠠ ᠪᠦᠬᠦᠢ ᠲᠡᠮᠳᠡᠭᠯᠡᠯ ᠬᠠᠮᠢᠶ᠎ᠠ ᠪᠦᠬᠦᠢ ᠮᠠᠲ᠋ᠧᠷᠢᠶᠠᠯ ᠵᠡᠷᠭᠡ ᠶᠢ ᠪᠠᠶᠢᠴᠠᠭᠠᠨ ᠦᠵᠡᠪᠡ᠃      ᠣᠶᠢᠷ᠎ᠠ ᠶᠢᠨ ᠵᠢᠯ ᠳᠤ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶ᠎ᠠ ᠤᠷᠲᠤ ᠴᠠᠭᠠᠨ ᠬᠡᠷᠡᠮ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠷᠲᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠳᠦᠷᠢᠮ︾ ᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠳᠣ ᠴᠠᠭᠠᠨ ᠬᠡᠷᠡᠮ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠦᠨ᠂ ᠴᠢᠩᠱᠠᠨ ᠲᠣᠭᠤᠷᠢᠭ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠨ᠂ ᠣᠷᠳᠣ ᠴᠠᠭᠠᠨ ᠬᠡᠷᠡᠮ ᠤᠨ ︽ᠳᠥᠷᠪᠡ ᠶᠢ ᠪᠦᠷᠢᠳᠦᠭᠦᠯᠬᠦ︾ ᠠᠵᠢᠯ ᠢ ᠪᠠᠬᠢᠵᠢᠭᠦᠯᠵᠦ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠰᠡᠯᠪᠢᠨ ᠵᠠᠰᠠᠬᠤ ᠪᠠ ᠴᠢᠬᠤᠯᠠ ᠬᠡᠰᠡᠭ ᠢ ᠵᠠᠰᠠᠬᠤ ᠠᠵᠢᠯ ᠢ ᠥᠷᠨᠢᠭᠦᠯᠵᠦ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠪᠠ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶ᠎ᠠ ᠶᠢᠨ ᠬᠢᠨ ᠬᠠᠮᠠᠭᠠᠯᠠᠯᠲᠠ ᠶᠢᠨ ᠣᠷᠣᠨ ᠤ ᠬᠤᠪᠢᠶᠠᠷᠢᠯᠠᠯ ᠵᠢᠴᠢ ᠣᠷᠣᠨ ᠵᠠᠢ ᠶᠢᠨ ᠬᠠᠮᠢᠶᠠᠷᠤᠯᠲᠠ ᠡᠵᠡᠮᠳᠡᠯ᠂ ᠪᠠᠶᠢᠭᠤᠯᠤᠮᠵᠢ ᠶᠢᠨ ᠪᠠᠶᠢᠭᠤᠯᠤᠯᠲᠠ ᠵᠢᠴᠢ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ᠂ ᠲᠦᠭᠰᠢᠭᠦᠷᠢᠲᠦ ᠪᠠᠶᠢᠳᠠᠯ ᠢ ᠪᠠᠶᠢᠴᠠᠭᠠᠬᠤ ᠵᠢᠴᠢ ᠰᠡᠯᠪᠢᠨ ᠵᠠᠰᠠᠵᠤ ᠪᠠᠬᠢᠵᠢᠭᠦᠯᠬᠦ᠂ ᠳᠡᠯᠭᠡᠨ ᠦᠵᠡᠭᠦᠯᠵᠦ ᠨᠡᠭᠡᠭᠡᠯᠲᠡ ᠬᠢᠬᠦ ᠪᠠ ᠲᠣᠳᠣᠷᠬᠠᠶᠢᠯᠠᠨ ᠲᠠᠶᠢᠯᠪᠤᠷᠢᠯᠠᠵᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ ᠢᠳᠡᠪᠬᠢᠲᠡᠢ ᠨᠠᠶᠢᠷᠠᠭᠤᠯᠤᠨ ᠵᠣᠬᠢᠶᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠤᠷᠳᠤ ᠴᠠᠭᠠᠨ ᠬᠡᠷᠡᠮ ᠤᠨ ᠡᠬᠢ ᠪᠠᠶᠠᠯᠢᠭ ᠢ ᠰᠠᠶᠢᠲᠤᠷ  ᠬᠠᠮᠠᠭᠠᠯᠠᠨ ᠠᠰᠢᠭᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号