2023 ᠣᠨ ᠤ 4 ᠰᠠᠷ᠎ᠠ ᠳᠤ᠂ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠬᠦᠯᠢᠶᠡᠨ ᠠᠪᠴᠤ ᠰᠢᠢᠳᠪᠦᠷᠢᠯᠡᠭᠰᠡᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ | ᠤᠲᠠᠰᠤᠨ ᠤ ᠲᠤᠭ᠎ᠠ ᠨᠢᠭᠡᠨᠲᠡ ᠨᠢᠭᠡᠴᠢ ᠶᠢᠨ ᠣᠷᠣᠨ ᠲᠤᠭ᠎ᠠ ᠪᠣᠯᠣᠨ ᠪᠠᠭᠤᠷᠠᠵᠤ᠂ ᠡᠭᠦᠨ ᠤ ᠵᠡᠷᠭᠡ ᠳᠤ ᠠᠩᠬ᠎ᠠ | ᠤᠳᠠᠭ᠎ᠠ ︽ᠦᠢᠯᠡᠴᠢᠯᠡᠭᠡᠨ ᠤ ᠣᠪᠣᠷ ᠤᠨ ᠲᠠᠯ᠎ᠠ ᠪᠠᠷ ᠵᠠᠭᠠᠯᠳᠤᠬᠤ ᠦᠭᠡᠢ︾ ᠪᠠᠶᠢᠬᠤ ᠶᠢ ᠪᠡᠶᠡᠯᠡᠭᠦᠯᠵᠦ᠂ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠠᠷᠢᠨ ᠵᠦᠢᠯᠡᠰ ᠠᠴᠠ ᠭᠠᠷᠳᠠᠵᠤ᠂ ᠵᠢᠵᠢᠭ | ᠰᠠᠵᠢᠭ ᠶᠠᠪᠤᠳᠠᠯ ᠠᠴᠠ ᠡᠬᠢᠯᠡᠨ ᠬᠢᠵᠦ᠂ ᠴᠣᠩᠬᠤᠪᠴᠢ ᠠᠵᠢᠯᠲᠠᠨ ᠤ ᠬᠠᠮᠢᠶᠠᠷᠤᠯᠲᠠ ᠶᠢᠨ ᠰᠠᠨᠠᠯ ᠵᠢᠴᠢ ᠠᠵᠢᠯ | ᠲᠥᠷᠥᠯ ᠤᠨ ᠵᠢᠷᠤᠮᠵᠢᠯ ᠤᠨ ᠠᠵᠢᠯ ᠤᠨ ᠱᠠᠭᠠᠷᠳᠠᠯᠭ᠎ᠠ ᠶᠢ ᠬᠦᠴᠦᠯᠡᠨ ᠴᠢᠩᠭᠠᠳᠬᠠᠵᠤ᠂ ᠴᠣᠩᠬᠤᠪᠴᠢ ᠨᠢᠭᠡᠴᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ | ᠨᠢᠭᠡ᠂ ᠦᠷᠭᠦᠯᠵᠢ ᠲᠣᠭᠤᠷᠢᠨ ᠪᠠᠶᠢᠴᠠᠭᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠣᠯᠠᠨ | ᠲᠦᠮᠡᠨ ᠤ ︽ᠰᠡᠳᠬᠢᠯ ᠤᠨ ᠬᠥᠮᠥᠨ︾ ᠪᠤᠯᠤᠨ᠎ᠠ | ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠲᠣᠰ ᠰᠠᠯᠠᠭ᠎ᠠ ᠮᠥᠴᠢᠷ ᠤᠨ ᠢᠶᠠᠨ | ᠠᠵᠢᠯᠲᠠᠳ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠣᠯᠠᠨ ᠰᠠᠯᠠᠭ᠎ᠠ ᠮᠥᠴᠢᠷ ᠬᠠᠮᠲᠤᠷᠠᠨ ᠲᠣᠭᠤᠷᠢᠨ | ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠣᠩᠬᠤᠪᠴᠢ ᠶᠢᠨ ᠠᠵᠢᠯᠲᠠᠳ ᠲᠤ ᠳᠦᠷᠢ ᠲᠥᠷᠬᠦ᠂ | ᠦᠢᠯᠡᠴᠢᠯᠡᠬᠦ ᠣᠪᠣᠷ ᠪᠠ ᠰᠤᠷᠲᠠᠯ ᠤᠨ ᠪᠠᠶᠢᠭᠤᠯᠤᠯᠲᠠ ᠵᠡᠷᠭᠡ ᠪᠥᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠵᠦ᠂ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠥᠬᠦ ᠲᠤᠭᠤᠷᠢᠭ ᠤᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠢ | ᠭᠥᠯᠢᠶᠡᠨ ᠠᠪᠤᠨ᠎ᠠ᠃ | ᠬᠤᠶᠠᠷ᠂ ᠪᠣᠳᠠᠲᠠᠢ ᠠᠵᠢᠯ ᠬᠢᠵᠦ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠤᠯᠠᠨ ᠲᠦᠮᠡᠨ ᠤ ︽ᠰᠡᠳᠬᠢᠯ ᠢ | ᠳᠤᠯᠠᠭᠠᠴᠠᠭᠤᠯᠤᠭᠴᠢ︾ ᠪᠤᠯᠤᠨ᠎ᠠ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠰᠠᠭᠤᠨ ᠯᠠᠪᠯᠠᠬᠤ ᠵᠢᠯᠤᠭᠤᠳᠬᠤ | ᠲᠠᠪᠴᠠᠩ ᠲᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠣᠯᠠᠨ ᠲᠦᠮᠡᠨ ᠳᠤ ᠵᠥᠪ | ᠣᠨᠣᠪᠴᠢᠲᠠᠢ ᠵᠢᠯᠣᠭᠤᠳᠤᠯᠭ᠎ᠠ ᠬᠠᠩᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ | ᠣᠶᠢᠯᠠᠭᠠᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ᠂ ᠰᠠᠨᠠᠭᠤᠯᠭ᠎ᠠ ᠶᠢ ᠴᠠᠭ ᠲᠤᠬᠠᠢ ᠳᠤᠨᠢ ᠬᠤᠷᠢᠶᠠᠨ | ᠴᠤᠭᠯᠠᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠲᠤᠯᠭᠠᠷᠠᠭᠰᠠᠨ ᠪᠠᠴᠢᠮ ᠬᠦᠴᠢᠷ | ᠵᠣᠪᠠᠭᠤᠷᠢ ᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ︽ᠬᠠᠷᠰᠢ ᠰᠠᠭᠠᠳ ᠦᠭᠡᠢ᠂ ᠪᠥᠬᠦ ᠴᠠᠭ ᠤᠨ᠂ | ᠬᠠᠯᠠᠭᠤᠨ ᠳᠤᠯᠠᠭᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠩᠭᠠᠵᠤ᠂ ᠣᠯᠠᠨ ᠲᠦᠮᠡᠨ ᠳᠤ ︽ᠬᠡᠷᠡᠭ | ᠶᠠᠪᠤᠳᠠᠯ ᠢ ᠬᠠᠮᠢᠶᠠᠷᠬᠤ ᠬᠥᠮᠥᠨ ᠲᠠᠢ᠂ ᠬᠡᠷᠡᠭ ᠶᠠᠪᠤᠳᠠᠯ ᠢ ᠬᠠᠪᠰᠤᠷᠬᠤ ᠬᠥᠮᠥᠨ ᠲᠠᠢ︾ ᠬᠠᠯᠠᠭᠤᠨ ᠳᠣᠲᠣᠨᠣ | ᠦᠢᠯᠡᠴᠢᠯᠡᠭᠡ ᠶᠢ ᠮᠡᠳᠡᠷᠡᠭᠦᠯᠦᠨ᠎ᠡ᠃ | ᠭᠤᠷᠪᠠ᠂ ᠠᠷᠭ᠎ᠠ ᠵᠠᠮ ᠢ ᠥᠷᠭᠡᠳᠬᠡᠨ᠂ ᠦᠢᠯᠡᠴᠢᠯᠡᠭᠡ ᠶᠢ ᠳᠡᠭᠡᠭᠰᠢᠯᠡᠭᠦᠯᠵᠦ᠂ ᠤᠯᠠᠨ ᠲᠦᠮᠡᠨ ᠤ | ︽ᠰᠡᠳᠬᠢᠯ ᠤᠨ ᠮᠡᠳᠡᠭᠴᠢ︾ ᠪᠤᠯᠤᠨ᠎ᠠ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠵᠠᠭᠠᠯᠳᠤᠯᠭ᠎ᠠ ᠶᠢ ᠡᠶᠡᠳᠡᠭᠦᠯᠬᠦ | ᠲᠠᠰᠤᠭ ᠭᠠᠷᠭᠠᠵᠤ᠂ ᠠᠰᠠᠭᠤᠨ ᠯᠠᠪᠯᠠᠬᠤ ᠵᠢᠯᠤᠭᠤᠳᠬᠤ ᠠᠯᠪᠠᠨ ᠭᠡᠷ ᠤᠨ ᠲᠠᠪᠴᠠᠩ ᠳᠤ ᠢᠯᠡᠴᠢᠯᠡᠨ ᠮᠡᠳᠡᠭᠦᠯᠬᠦ | ᠳ᠋ᠢᠶᠠᠩᠬᠤᠸᠠ ᠲᠠᠯᠪᠢᠵᠤ᠂ ᠴᠣᠩᠬᠤᠨ ᠳᠤ ︽ᠺᠣᠳ᠋︾ ᠬᠢᠨᠠᠯᠲᠠ ᠲᠠᠯᠪᠢᠬᠤ ᠬᠤᠶᠠᠷ ᠬᠡᠮᠵᠢᠯᠲᠦ ᠲᠡᠮᠳᠡᠭ ᠤᠨ ᠫᠠᠶᠢᠰᠠ | ᠪᠣᠰᠬᠠᠬᠤ᠂ ᠬᠡᠷᠡᠮ ᠳᠡᠭᠡᠷ᠎ᠡ ︽ᠨᠢᠭᠡ ᠬᠥᠮᠥᠨ ᠳᠤ ᠨᠢᠭᠡ ᠺᠣᠳ᠋︾ ᠤᠨ ᠬᠢᠨᠠᠯᠲᠠ ᠲᠠᠯᠪᠢᠬᠤ ᠬᠤᠶᠠᠷ ᠬᠡᠮᠵᠢᠯᠲᠦ ᠲᠡᠮᠳᠡᠭ | ᠡᠯᠭᠦᠬᠦ ᠵᠡᠷᠭᠡ ᠣᠯᠠᠨ ᠵᠦᠢᠯ ᠤᠨ ᠵᠠᠭᠠᠯᠳᠤᠬᠤ ᠰᠠᠨᠠᠭᠤᠯᠭ᠎ᠠ ᠶᠢᠨ ᠠᠷᠭ᠎ᠠ ᠵᠠᠮ ᠲᠠᠯᠪᠢᠵᠤ᠂ ᠣᠯᠠᠨ ᠲᠦᠮᠡᠨ ᠤ | ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠤᠳᠠᠭᠠᠰᠢᠷᠠᠭᠤᠯᠬᠤ ᠦᠭᠡᠢ᠂ | ᠲᠦᠯᠬᠢᠯᠴᠡᠬᠦ ᠦᠭᠡᠢ᠃ ᠣᠲᠣ ᠪᠣᠯᠲᠠᠯ᠎ᠠ᠂ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ | ᠨᠡᠶᠢᠲᠡ 170 ᠭᠠᠷᠤᠢ ᠬᠤᠪᠢ ᠰᠠᠶᠢᠰᠢᠶᠠᠯ ᠤᠨ ᠵᠠᠬᠢᠳᠠᠯ᠂ 14 ᠬᠡᠮᠡᠷᠯᠢᠭ ᠲᠤᠭ ᠬᠤᠷᠢᠶᠠᠨ ᠣᠯᠵᠠᠢ᠃ | ᠵᠠᠯᠭᠠᠭᠠᠳ᠂ ᠲᠥᠪ ᠠᠴᠠ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ︽ᠦᠢᠯᠡᠴᠢᠯᠡᠭᠡᠨ ᠤ ᠣᠪᠣᠷ ᠤᠨ ᠲᠠᠯ᠎ᠠ ᠪᠠᠷ ᠵᠠᠭᠠᠯᠳᠤᠬᠤ ᠦᠭᠡᠢ︾ ᠪᠠᠶᠢᠬᠤ ᠶᠢ ᠪᠥᠬᠦ ᠲᠠᠯ᠎ᠠ ᠪᠠᠷ ᠪᠡᠶᠡᠯᠡᠭᠦᠯᠬᠦ ᠪᠠᠷ | ᠪᠠᠷᠠᠬᠤ ᠦᠭᠡᠢ᠂ ᠨᠠᠩ ᠴᠤ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠵᠠᠭᠠᠯᠳᠤᠬᠤ ᠦᠭᠡᠢ︾ | ᠪᠠᠶᠢᠬᠤ ᠶᠢ ᠪᠡᠶᠡᠯᠡᠭᠦᠯᠵᠦ᠂ ᠰᠡᠳᠬᠢᠯ ᠬᠠᠨᠤᠮᠵᠢᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠡᠵᠡᠩᠨᠡᠯᠲᠡ ᠶᠢᠨ ᠣᠷᠴᠢᠨ ᠲᠣᠭᠤᠷᠢᠨ ᠤ ᠨᠠᠷᠠᠲᠤ ᠲᠡᠮᠳᠡᠭ ᠢ ᠪᠥᠬᠦ ᠬᠦᠴᠦᠨ ᠢᠶᠠᠷ ᠢᠶᠠᠨ ᠢᠯᠡ ᠪᠣᠯᠭᠠᠨ᠎ᠠ᠃ |