ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/18
      ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠵᠡᠭᠡᠯᠢ ᠭᠤᠳᠤᠮᠵᠢ ᠶᠢᠨ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠦᠯᠦᠭᠡ᠂ 5 ᠰᠠᠷ᠎ᠠ ᠶᠢᠨ 15᠎ ᠤ ᠡᠳᠦᠷ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠪᠠᠩᠬᠢ ᠎ ᠲᠠᠢ ᠬᠠᠮᠲᠤᠷᠠᠨ ︽ᠵᠣᠭᠤᠰ ᠤᠨ ᠪᠣᠭᠴᠣ ᠪᠠᠨ ᠰᠠᠬᠢᠵᠤ· ᠵᠣᠯ ᠵᠢᠷᠭᠠᠯᠲᠤ ᠭᠡᠷ ᠪᠦᠯᠢ ᠪᠠᠨ ᠰᠠᠶᠢᠲᠤᠷ ᠬᠠᠮᠠᠭᠠᠯᠠᠬᠤ︾ ᠎ ᠪᠠᠷ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠠᠵᠢᠯᠲᠠᠳ ᠶᠢᠨ ᠯᠢᠨ ᠴᠡᠴᠡᠷᠯᠢᠭ ᠲᠤ ᠣᠷᠣᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠᠷ ᠳᠠᠮᠵᠢᠭᠤᠯᠤᠨ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠤᠷᠢᠶ᠎ᠠ ᠯᠣᠽᠦ᠋ᠩ ᠲᠠᠢ ᠭᠠᠷ ᠤᠭᠤᠲᠠ᠂ ᠴᠠᠭᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠵᠤ᠂ ᠲᠤᠬᠠᠢ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠤᠯᠠᠨ ᠲᠦᠮᠡᠨ ᠳᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠭᠤᠣᠯ ᠣᠨᠴᠠᠯᠢᠭ᠂ ᠢᠯᠡᠷᠡᠬᠦ ᠬᠡᠯᠪᠡᠷᠢ ᠪᠠ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠢ ᠲᠠᠶᠢᠯᠪᠤᠷᠢᠯᠠᠨ ᠥᠭᠴᠦ᠂ ᠨᠠᠰᠤᠲᠠᠶᠢᠴᠤᠳ ᠲᠤ ᠬᠠᠨᠳᠤᠭᠤᠯᠤᠨ ᠨᠠᠰᠤᠵᠢᠯ ᠤᠨ ᠬᠦᠷᠢᠶᠡᠨ ᠤ ᠮᠡᠬᠡᠯᠡᠯ ᠢ ᠭᠤᠣᠯᠳᠠᠯᠭ᠎ᠠ ᠲᠠᠢ ᠲᠠᠶᠢᠯᠪᠤᠷᠢᠯᠠᠨ ᠥᠭᠴᠦ᠂ ᠵᠠᠯᠠᠭᠤᠴᠤᠳ ᠤᠨ ᠪᠠᠶᠢᠩᠭᠤ ᠲᠣᠬᠢᠶᠠᠯᠳᠤᠳᠠᠭ ᠨᠠᠶᠢᠵᠠᠯᠠᠬᠤ ᠮᠡᠬᠡᠯᠡᠯ᠂ ᠰᠦᠯᠵᠢᠶᠡᠨ ᠳᠡᠭᠡᠷ᠎ᠡ ᠱᠠᠩᠨᠠᠯ ᠣᠯᠬᠤ᠂ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠳᠤ ᠴᠢᠭᠯᠡᠭᠦᠯᠦᠨ ᠨᠠᠷᠢᠨ ᠲᠠᠶᠢᠯᠪᠤᠷᠢᠯᠠᠯᠲᠠ ᠬᠢᠵᠡᠢ᠃ ᠣᠯᠠᠨ ᠢᠶᠠᠷ ᠢᠶᠠᠨ ᠥᠪᠡᠷ ᠤᠨ ᠵᠣᠭᠤᠰ ᠤᠨ ᠪᠣᠭᠴᠣ ᠪᠠᠨ ᠰᠠᠶᠢᠲᠤᠷ ᠬᠠᠮᠠᠭᠠᠯᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠎ ᠠᠴᠠ ᠵᠠᠶᠢᠳᠠᠵᠤ᠂ ᠮᠥᠩᠭᠦᠨ ᠭᠦᠢᠯᠭᠡᠭᠡᠨ ᠤ ᠮᠡᠬᠡᠯᠡᠯ ᠎ ᠢ ᠰᠡᠷᠭᠡᠶᠢᠯᠡᠵᠦ᠂ ᠡᠯ᠎ᠡ ᠲᠥᠷᠥᠯ ᠤᠨ ᠪᠡᠯᠡ ᠣᠷᠤᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠥᠨᠳᠥᠷ ᠠᠰᠢᠭ ᠤᠨ ᠲᠥᠭᠡᠷᠢᠭᠳᠡᠯ ᠳᠤ ᠤᠨᠠᠬᠤ ᠎ ᠠᠴᠠ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ ᠡᠭᠦᠨ ᠤ ᠵᠡᠷᠭᠡ ᠳᠤ ᠵᠡᠭᠡᠯᠢ ᠭᠤᠳᠤᠮᠵᠢ ᠎ ᠶᠢᠨ ᠬᠢᠨ ᠡᠯ᠎ᠡ ᠨᠡᠶᠢᠭᠡᠮ ᠲᠣᠭᠤᠷᠢᠭ ᠎ ᠢ ᠳᠠᠶᠢᠴᠢᠯᠠᠨ ᠡᠯᠧᠺᠲᠷᠣᠨ ᠳᠡᠯᠭᠡᠴᠡ᠂ ᠸᠢᠴᠠᠲ ᠤᠨ ᠪᠦᠯᠦᠭ᠂ ᠵᠠᠷᠯᠠᠯ ᠨᠠᠭᠠᠬᠤ᠂ ᠡᠯᠭᠦᠭᠡ ᠪᠢᠴᠢᠭᠡᠰᠦ ᠡᠯᠭᠦᠬᠦ ᠵᠡᠷᠭᠡ ᠬᠡᠯᠪᠡᠷᠢ ᠪᠠᠷ ᠥᠷᠭᠡᠨ ᠣᠯᠠᠨ ᠰᠠᠭᠤᠭᠠᠯᠢ ᠠᠷᠠᠳ ᠲᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠮᠡᠳᠡᠯᠭᠡ ᠎ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠠᠶᠤᠯ ᠲᠦᠭᠰᠢᠭᠦᠷᠢ ᠎ ᠶᠢᠨ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠎ ᠶᠢ ᠨᠡᠮᠡᠭᠳᠡᠭᠦᠯᠪᠡ᠃      ᠳᠠᠷᠠᠭᠠᠴᠢ ᠶᠢᠨ ᠠᠯᠬᠤᠮ ᠳᠤ᠂ ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠳᠠᠯᠳᠤᠭᠠᠨ ᠤ ᠬᠡᠲᠦ ᠳᠡᠯᠭᠡᠭᠦᠷ᠂ ᠵᠠᠬ᠎ᠠ ᠳᠡᠯᠭᠡᠭᠦᠷ᠂ ᠠᠭᠤᠳᠠᠮ ᠲᠠᠯᠠᠪᠠᠶ᠂ ᠵᠢᠵᠢᠭ ᠲᠣᠭᠤᠷᠢᠭ ᠵᠡᠷᠭᠡ ᠬᠥᠮᠥᠨ ᠠᠮᠠ ᠨᠢᠭᠲᠠᠷᠠᠨ ᠴᠤᠭᠯᠠᠷᠠᠭᠰᠠᠨ ᠭᠠᠵᠠᠷ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠲᠤ ᠲᠥᠪᠯᠡᠷᠡᠭᠦᠯᠦᠨ ᠤᠬᠠᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠤᠨ᠂ ᠣᠯᠠᠨ ᠲᠦᠮᠡᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠦᠶᠯᠡ ᠠᠵᠢᠯᠯᠠᠭ᠎ᠠ ᠶᠢ ᠮᠡᠳᠡᠷᠡᠬᠦ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠨᠡᠮᠡᠭᠳᠡᠭᠦᠯᠦᠨ᠂ ᠵᠣᠯ ᠵᠢᠷᠭᠠᠯᠲᠤ ᠠᠮᠢᠳᠤᠷᠠᠯ ᠢ ᠰᠠᠬᠢᠨ ᠬᠠᠮᠠᠭᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号