ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠩᠬᠠᠳᠠᠭᠴᠢ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2023/5/18
      ᠵᠢᠩ ᠤᠣ 5GW ᠥᠨᠳᠥᠷ ᠦᠷ᠎ᠡ ᠠᠰᠢᠭᠲᠤ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠪᠣᠯ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠡᠨᠡ ᠵᠢᠯ ᠤᠨ ᠰᠢᠨ᠎ᠡ ᠪᠠᠷ ᠠᠵᠢᠯ ᠡᠬᠢᠯᠡᠭᠦᠯᠦᠭᠰᠡᠨ ᠪᠠᠰᠠ ᠨᠢᠭᠡ ᠲᠥᠷᠥᠯ ᠵᠦᠢᠯ ᠪᠣᠯᠬᠤ ᠪᠥᠭᠡᠳ‌ᠮᠦ᠋ᠨ ᠴᠤ ᠬᠦᠷᠢᠶᠡᠯᠡᠩ ᠲᠣᠭᠤᠷᠢᠭ ᠤᠨ ᠠᠩᠬᠠᠳᠠᠭᠴᠢ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠪᠣᠯᠣᠨ᠎ᠠ᠃ ᠲᠣᠰ ᠲᠥᠷᠥᠯ ᠵᠦᠢᠯ ᠎ ᠨᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠤᠨ ᠬᠦᠷᠢᠶᠡᠯᠡᠩ ᠲᠣᠭᠤᠷᠢᠭ ᠤᠨ ᠡᠮᠦᠨ᠎ᠡ ᠵᠠᠮ ᠎ ᠠᠴᠠ ᠬᠤᠶᠢᠰᠢ᠂ B6 ᠵᠠᠮ ᠠᠴᠠ ᠵᠡᠭᠦᠨᠰᠢ ᠪᠠᠶᠢᠷᠢᠰᠢᠵᠤ᠂ ᠲᠥᠯᠥᠪᠯᠡᠭᠡ ᠪᠠᠷ ᠨᠡᠶᠢᠲᠡ 30 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ 400 ᠮᠦ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 15 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ 5GW᠎ ᠶᠢᠨ ᠥᠨᠳᠥᠷ ᠪᠦᠲᠦᠮᠵᠢᠲᠡᠢ ᠨᠡᠷᠡᠨ ᠡᠨᠧᠷᠭᠢ ᠶᠢᠨ ᠳ᠋ᠢᠶᠠᠨ ᡂᠢ ᠶᠢᠨ ᠲᠣᠨᠣᠭᠯᠠᠭᠠᠰᠤ ᠶᠢ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠣᠶ ᠪᠣᠯᠭᠠᠵᠤ᠂ ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 70 ᠳ᠋ᠦᠩᠰᠢᠭᠤᠷ ᠲᠥᠭᠦᠷᠢᠭ ᠪᠡᠶᠡᠯᠡᠭᠦᠯᠵᠦ᠂ 1000 ᠬᠥᠮᠥᠨ ᠤ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠨ᠎ᠡ᠃      ᠣᠳᠣᠬᠠᠨ ᠳᠤ᠂ ᠲᠣᠰ ᠲᠥᠷᠥᠯ ᠵᠦᠢᠯ ᠳᠤ ᠨᠢᠭᠡᠨᠲᠡ ᠲᠦᠷ ᠴᠠᠭ ᠬᠡᠷᠡᠭᠯᠡᠬᠦ ᠭᠡᠷ ᠪᠠᠶᠢᠰᠢᠩ ᠪᠠ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠠᠰᠢᠯᠲᠠ ᠶᠢ ᠡᠬᠢᠯᠡᠨ ᠪᠠᠶᠢᠭᠤᠯᠵᠤ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠠᠴᠠ ᠡᠬᠢᠯᠡᠨ ᠲᠠᠯᠠᠪᠤᠷ ᠭᠠᠵᠠᠷ ᠢ ᠲᠡᠭᠰᠢᠯᠡᠵᠦ᠂ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ 120 ᠡᠳᠦᠷ ᠪᠠᠶᠢᠵᠤ᠂ 10 ᠰᠠᠷ᠎ᠠ ᠳᠤ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ᠂ 11 ᠰᠠᠷ᠎ᠠ ᠳᠤ ᠲᠣᠨᠤᠭ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠵᠤ ᠠᠰᠢᠭᠯᠠᠯᠲᠠ ᠳᠤ ᠣᠷᠣᠭᠤᠯᠤᠨ᠎ᠠ᠃      ᠬᠦᠷᠢᠶᠡᠯᠡᠩ ᠲᠣᠭᠤᠷᠢᠭ ᠤᠨ ᠬᠡᠷᠡᠯ ᠴᠡᠨᠡᠭ ᠤᠨ ᠠᠵᠤ ᠠᠬᠤᠶᠢᠯᠠᠯ ᠤᠨ ᠪᠡᠯᠡ ᠣᠷᠤᠭᠤᠯᠤᠯᠲᠠ ᠨᠢ ᠦᠨᠳᠦᠰᠦᠨ ᠳᠡᠭᠡᠨ ᠲᠠᠲᠠᠮᠠᠯ ᠲᠠᠯᠠᠰᠲᠤ᠂ ᠬᠡᠷᠴᠢᠮᠡᠯ ᠵᠡᠷᠭᠡ ᠡᠮᠦᠨ᠎ᠡ ᠬᠡᠰᠡᠭ ᠤᠨ ᠠᠵᠢᠯ ᠤᠨ ᠳᠠᠷᠠᠭᠠᠯᠠᠯ ᠳᠤ ᠲᠥᠪᠯᠡᠷᠡᠵᠦ᠂ ᠦᠢᠯᠡᠳᠬᠦᠨ ᠤ ᠥᠷᠲᠡᠭ ᠢᠶᠠᠷ ᠨᠠᠩ ᠶᠡᠭᠡ ᠦᠵᠦᠭᠦᠷ ᠤᠨ ᠦᠢᠯᠡᠳᠬᠦᠨ ᠤ ᠲᠣᠨᠣᠭᠯᠠᠭᠠᠰᠤ ᠳᠤ᠂ ᠡᠮᠦᠨᠡᠬᠢ ᠪᠠ ᠬᠤᠶᠢᠨᠠᠬᠢ ᠬᠡᠰᠡᠭ ᠤᠨ ᠦᠢᠯᠡᠳᠪᠦᠷᠢᠯᠡᠬᠦ ᠴᠢᠳᠠᠪᠤᠷᠢ ᠨᠢ ᠬᠦᠨᠳᠦ ᠨᠣᠴᠢᠲᠠᠢ ᠵᠣᠬᠢᠴᠠᠯᠳᠤᠬᠤ ᠦᠭᠡᠢ ᠪᠠᠶᠢᠵᠤ᠂ ᠵᠢᠩ ᠤᠣ 5GW ᠥᠨᠳᠥᠷ ᠦᠷ᠎ᠡ ᠠᠰᠢᠭᠲᠤ ᠬᠡᠷᠡᠯ ᠴᠡᠨᠡᠭ ᠤᠨ ᠲᠣᠨᠣᠭᠯᠠᠭᠠᠰᠤ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠦᠷᠢᠶᠡᠯᠡᠩ ᠲᠣᠭᠤᠷᠢᠭ ᠤᠨ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠪᠤᠭᠤᠲᠤ ᠶᠢᠨ ︽ᠪᠣᠬᠢᠷᠲᠤᠯ ᠦᠭᠡᠢ ᠴᠠᠬᠢᠭᠤᠷ ᠤᠨ ᠬᠤᠲᠠ︾᠎ ᠶᠢ ᠪᠦᠲᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︕
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号