ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ ︵2023 ᠣᠨ ᠤ 1 ᠰᠠᠷ᠎ᠠ ᠶᠢᠨ 1᠎ ᠤ ᠡᠳᠦᠷ — 1 ᠰᠠᠷ᠎ᠠ ᠶᠢᠨ 31᠎ ᠤ ᠡᠳᠦᠷ︶
ᠨᠡᠶᠢᠲᠡᠯᠡᠭᠰᠡᠨ ᠴᠠᠭ᠄
2023/5/19
      1 ᠰᠠᠷ᠎ᠠ ᠶᠢᠨ 1᠎ ᠤ ᠡᠳᠦᠷ ᠠᠴᠠ ᠡᠬᠢᠯᠡᠨ᠂ ᠴᠢᠩᠱᠠᠨ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢᠨ ᠳᠡᠮᠵᠢᠯᠭᠡ ᠳᠤ ᠣᠷᠣᠭᠤᠯᠤᠭᠰᠠᠨ ᠰᠣᠶᠣᠯ ᠤᠨ ᠶᠡᠭᠡ ᠬᠤᠪᠢᠰᠬᠠᠯ ᠤᠨ ︽ᠭᠤᠷᠪᠠᠨ ᠠᠷᠠᠳ︾᠎ ᠤᠨ ᠬᠥᠮᠥᠰ ᠤᠨ ᠠᠮᠢᠳᠤᠷᠠᠯ ᠤᠨ ᠨᠥᠬᠦᠪᠦᠷᠢ ᠶᠢᠨ ᠲᠥᠷᠥᠯ ᠵᠦᠢᠯ ᠢ ᠵᠢᠩᠬᠢᠨᠢ ᠪᠠᠷ ︽ᠬᠢᠨᠠᠨ ᠬᠠᠮᠢᠶᠠᠷᠬᠤ ᠦᠢᠯᠡᠴᠢᠯᠡᠭᠡᠨ ᠤ ᠡᠭᠦᠯᠡᠨ ᠲᠠᠪᠴᠠᠩ︾᠎ ᠤᠨ ᠬᠠᠮᠢᠶᠠᠷᠤᠯᠲᠠ ᠳᠤ ᠣᠷᠣᠭᠤᠯᠪᠠ᠃ ︽ᠬᠢᠨᠠᠨ ᠬᠠᠮᠢᠶᠠᠷᠬᠤ ᠦᠢᠯᠡᠴᠢᠯᠡᠭᠡᠨ ᠤ ᠡᠭᠦᠯᠡᠨ ᠲᠠᠪᠴᠠᠩ︾ ᠪᠣᠯ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶᠎ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ ᠬᠢᠨᠠᠨ ᠬᠠᠮᠢᠶᠠᠷᠬᠤ ᠦᠢᠯᠡᠴᠢᠯᠡᠭᠡᠨ ᠤ ᠲᠥᠷᠥᠯ ᠵᠦᠢᠯ ᠢ ᠵᠠᠯᠭᠠᠨ ᠵᠣᠯᠭᠠᠭᠤᠯᠬᠤ ᠪᠠᠶᠢᠭᠤᠯᠤᠮᠵᠢ ᠪᠠᠷ ᠪᠦᠷᠢᠯᠳᠦᠭᠰᠡᠨ ᠬᠥᠳᠡᠯᠦᠩᠭᠦᠢ ᠬᠢᠨᠠᠨ ᠬᠠᠮᠢᠶᠠᠷᠬᠤ ᠰᠢᠰᠲ᠋ᠧᠮᠵᠢ ᠪᠠᠶᠢᠵᠤ᠂ ᠠᠷᠠᠳ ᠤᠨ ᠶᠠᠪᠤᠳᠠᠯ ᠤᠨ ᠬᠠᠮᠢᠶ᠎ᠠ ᠪᠦᠬᠦᠢ ᠠᠪᠤᠷᠠᠨ ᠲᠤᠰᠠᠯᠠᠬᠤ ᠠᠵᠢᠯᠲᠠᠨ ᠤ ᠪᠡᠯᠡ ᠮᠥᠩᠭᠦ ᠶᠢᠨ ᠬᠡᠷᠡᠭᠯᠡᠯᠲᠡ᠂ ᠲᠥᠷᠥᠯ ᠵᠦᠢᠯ ᠤᠨ ᠬᠡᠷᠡᠭᠵᠢᠭᠦᠯᠦᠯᠲᠡ᠂ ᠠᠵᠢᠯ ᠤᠨ ᠦᠷ᠎ᠡ ᠪᠦᠲᠦᠮᠵᠢ ᠵᠡᠷᠭᠡ ᠪᠠᠶᠢᠳᠠᠯ ᠳᠤ ᠠᠵᠢᠯ ᠤᠨ ᠳᠤᠮᠳᠠᠬᠢ ᠪᠠ ᠠᠵᠢᠯ ᠤᠨ ᠳᠠᠷᠠᠭᠠᠬᠢ ᠬᠢᠨᠠᠨ ᠬᠠᠮᠢᠶᠠᠷᠬᠤ ᠲᠠᠪᠴᠠᠩ ᠪᠣᠯᠣᠨ᠎ᠠ᠃      1 ᠰᠠᠷ᠎ᠠ ᠶᠢᠨ 3᠎ ᠤ ᠡᠳᠦᠷ᠂ ᠴᠢᠩᠱᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠲᠥᠪ ᠨᠢ ︽2022 ᠣᠨ ᠤ ᠠᠵᠢᠯ ᠤᠨ ᠦᠷ᠎ᠡ ᠪᠦᠲᠦᠮᠵᠢ ᠳᠤᠪᠤᠶᠢᠮ᠎ᠠ ᠦᠨᠳᠦᠰᠦᠨ ᠱᠠᠲᠤᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠳᠣᠪᠤᠶᠢᠯᠭᠠᠬᠤ︾ ᠪᠣᠯᠤᠭᠰᠠᠨ ᠤ ᠬᠤᠪᠢ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠲᠢᠩᠬᠢᠮ᠂ ᠳᠤᠮᠳᠠᠳᠤ ᠶᠢᠨ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠠᠯᠪᠠᠨ ᠲᠢᠩᠬᠢᠮ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ ᠤᠨ ᠠᠯᠪᠠᠨ ᠭᠡᠷ ᠵᠡᠷᠭᠡ ᠬᠠᠮᠲᠤᠷᠠᠨ ᠠᠯᠪᠠᠨ ᠪᠢᠴᠢᠭ ᠲᠠᠷᠬᠠᠭᠠᠵᠤ ᠨᠡᠶᠢᠲᠡᠯᠡᠨ ᠰᠠᠶᠢᠰᠢᠶᠠᠭᠳᠠᠵᠤ᠂ ᠮᠠᠨ ᠤ ᠬᠤᠲᠠ ᠶᠢᠨ ᠨᠡᠶᠢᠲᠡᠯᠡᠨ ᠰᠠᠶᠢᠰᠢᠶᠠᠭᠳᠠᠭᠰᠠᠨ ᠴᠣᠷ ᠤᠨ ᠭᠠᠭᠴᠠ ᠨᠢᠭᠡᠴᠡ ᠪᠣᠯᠵᠠᠢ᠃      ᠲᠤᠰ ᠡᠳᠦᠷ᠂ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠡᠳᠬᠦᠯ ᠤᠨ ᠬᠤᠷᠢᠶ᠎ᠠ ᠠᠴᠠ ︽ᠳᠤᠮᠳᠠᠳᠤ ᠤᠯᠤᠰ ᠤᠨ ᠥᠭᠡᠷᠡᠴᠢᠯᠡᠯᠲᠡ ᠶᠢᠨ 2022 ᠣᠨ ᠤ ᠣᠷᠣᠨ ᠨᠤᠲᠤᠭ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ︾᠎ ᠶᠢᠨ ᠨᠡᠷᠡᠰ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠬᠡᠷᠡᠭ ᠤᠨ ᠵᠢᠱᠢᠶ᠎ᠡ 4 ᠣᠷᠣᠵᠤ᠂ ᠡᠭᠦᠨ ᠳᠤ ᠴᠢᠩᠱᠠᠨ ᠲᠣᠭᠤᠷᠢᠭ ᠤᠨ ︽ᠴᠢᠩᠱᠠᠨ ᠲᠣᠭᠤᠷᠢᠭ ᠤᠨ ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠠᠶᠢᠯᠳᠤᠬᠤ ᠪᠣᠳᠣᠯᠭ᠎ᠠ ᠶᠢ ᠠᠬᠢᠭᠤᠯᠤᠨ ᠳᠠᠶᠢᠴᠢᠯᠠᠬᠤ ᠎ ᠶᠢ ᠬᠡᠷᠡᠭᠵᠢᠭᠦᠯᠦᠭᠰᠡᠨ︾ ᠬᠡᠷᠡᠭ ᠤᠨ ᠵᠢᠱᠢᠶ᠎ᠡ ᠪᠠᠷ ᠨᠡᠷᠡᠰ ᠲᠤ ᠵᠢᠭᠰᠠᠭᠠᠭᠳᠠᠵᠤ᠂ ᠪᠤᠭᠤᠲᠤ ᠬᠤᠳᠠ ᠶᠢᠨ ᠴᠤᠷ ᠤᠨ ᠭᠠᠭᠴᠠ ᠬᠡᠷᠡᠭ ᠤᠨ ᠵᠢᠱᠢᠶ᠎ᠡ ᠣᠷᠣᠵᠠᠢ᠃      ᠲᠤᠰ ᠡᠳᠦᠷ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠠᠮᠲᠤᠷᠠᠨ 2022 ᠣᠨ ᠤ ᠣᠶᠤᠨᠴᠢ ᠦᠢᠯᠡᠳᠬᠦ ᠵᠢᠱᠢᠶ᠎ᠡ ᠦᠵᠡᠭᠦᠯᠬᠦ ᠦᠢᠯᠡᠳᠪᠦᠷᠢ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠭᠰᠡᠨ ᠨᠢᠭᠡᠴᠡ ᠪᠠ ᠰᠢᠯᠢᠳᠡᠭ ᠦᠵᠡᠭᠳᠡᠯ ᠤᠨ ᠨᠡᠷᠡᠰ ᠢ ᠨᠡᠶᠢᠲᠡᠯᠡᠪᠡ᠃ ᠡᠭᠦᠨ ᠳᠤ᠂ ᠳᠤᠮᠳᠠᠳᠤ ᠤᠯᠤᠰ ᠤᠨ ᠴᠥᠮ᠎ᠡ ᠎ ᠶᠢᠨ ᠵᠡᠪᠰᠡᠭ ᠤᠨ ᠤᠮᠠᠷᠠᠲᠤ ᠎ ᠶᠢᠨ ᠴᠥᠮ᠎ᠡ ᠎ ᠶᠢᠨ ᠰᠢᠲᠠᠭᠠᠯᠭ᠎ᠠ ᠶᠢᠨ ᠲᠣᠨᠤᠭ ᠦᠢᠯᠡᠳᠪᠦᠷᠢ ᠎ ᠶᠢᠨ ᠬᠢᠵᠠᠭᠠᠷᠲᠤ ᠺᠣᠮᠫᠠᠨᠢ ᠎ ᠶᠢᠨ ᠤᠰᠤ ᠰᠢᠬᠠᠬᠤ ᠵᠤᠤᠬ᠎ᠠ ᠎ ᠶᠢᠨ ᠴᠥᠮ᠎ᠡ ᠶᠢᠨ ᠰᠢᠲᠠᠭᠠᠯᠭ᠎ᠠ ᠎ ᠶᠢᠨ ᠲᠣᠨᠤᠭ ᠦᠢᠯᠡᠳᠪᠦᠷᠢ ᠵᠢᠭᠰᠠᠭᠠᠯᠲᠠ ᠳᠤ ᠣᠷᠣᠪᠠ᠃      1 ᠰᠠᠷ᠎ᠠ ᠶᠢᠨ 5᠎ ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ  ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ 2023 ᠣᠨ ᠤ ᠡᠯ᠎ᠡ ᠰᠠᠯᠠᠭ᠎ᠠ ᠮᠥᠴᠢᠷ ᠤᠨ ᠬᠢᠨ ᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯ ᠥᠷᠨᠢᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃      1 ᠰᠠᠷ᠎ᠠ ᠶᠢᠨ 7᠎ ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ ᠬᠤᠷᠠᠯ ᠤᠨ ᠲᠢᠩᠬᠢᠮ ᠳᠤ ᠶᠠᠪᠤᠭᠳᠠᠪᠠ᠃ ᠮᠠ ᠴᠢᠤᠸᠠᠨ ᠸᠠᠩ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃      1 ᠰᠠᠷ᠎ᠠ ᠶᠢᠨ 8᠎ ᠤ ᠡᠳᠦᠷ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 500 ᠬᠥᠮᠥᠨ ᠤ ᠬᠤᠷᠠᠯ ᠤᠨ ᠲᠢᠩᠬᠢᠮ ᠳᠤ ᠡᠬᠢᠯᠡᠪᠡ᠃ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠵᠦ᠂ ᠢᠯᠡᠳᠬᠡᠯ ᠳᠤ ᠨᠡᠶᠢᠳᠡ ᠬᠤᠶᠠᠷ ᠬᠡᠰᠡᠭ ᠬᠤᠪᠢᠶᠠᠪᠠ᠄ 2022 ᠣᠨ ᠤ ᠠᠵᠢᠯ ᠤᠨ ᠡᠷᠬᠢᠴᠡᠭᠦᠯᠦᠯ︔ 2023 ᠣᠨ ᠤ ᠠᠵᠢᠯ ᠤᠨ ᠲᠤᠬᠢᠷᠠᠭᠤᠯᠤᠯᠲᠠ᠃      1 ᠰᠠᠷ᠎ᠠ ᠶᠢᠨ 9᠎ ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ  ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠎ ᠠᠴᠠ ᠴᠢᠩᠱᠠᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠪᠠ ᠤᠯᠤᠰ ᠲᠥᠷᠥ ᠎ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠳᠡᠭᠡᠷ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠎ ᠶᠢᠨ ᠵᠥᠪᠯᠡᠯᠭᠡᠨ ᠤ ᠭᠡᠰᠢᠭᠦᠳ ᠤᠨ ᠵᠠᠰᠠᠭ ᠤᠨ ᠣᠷᠳᠣᠨ ᠤ ᠠᠵᠢᠯ ᠳᠤ ᠳᠤᠷᠠᠳᠤᠭᠰᠠᠨ ᠰᠠᠨᠠᠯ ᠰᠠᠨᠠᠭᠤᠯᠭ᠎ᠠ ᠎ ᠶᠢᠨ ᠬᠤᠯᠪᠤᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃      1 ᠰᠠᠷ᠎ᠠ ᠶᠢᠨ 11᠎ ᠤ ᠡᠳᠦᠷ᠂ ᠴᠢᠩᠱᠠᠨ ᠲᠣᠭᠤᠷᠢᠭ ᠤᠨ ᠬᠢᠨ ᠮᠠᠨ ᠤ ᠬᠤᠲᠠ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠭᠠᠶᠢᠯᠢ ᠶᠢ ᠪᠤᠴᠠᠭᠠᠬᠤ ᠲᠤᠬᠠᠶᠢᠯᠠᠭᠰᠠᠨ ᠠᠵᠢᠯ ᠎ ᠢ ᠭᠦᠢᠴᠡᠳᠭᠡᠪᠡ᠃      1 ᠰᠠᠷ᠎ᠠ ᠶᠢᠨ 14᠎ ᠤ ᠡᠳᠦᠷ᠂ ᠴᠢᠩᠱᠠᠨ ᠲᠣᠭᠤᠷᠢᠭ ᠤᠨ ᠠᠩᠬᠠᠳᠠᠭᠴᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠪᠡᠶ᠎ᠡ ᠶᠢᠨ ᠦᠨᠡᠮᠯᠡᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠠᠩᠬ᠎ᠠ ᠤᠳᠠᠭ᠎ᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠲᠤᠬᠠᠶᠢᠯᠠᠭᠰᠠᠨ ᠠᠵᠢᠯ ᠢ ᠵᠢᠩᠬᠢᠨᠢ ᠪᠠᠷ ᠬᠡᠷᠡᠭᠵᠢᠭᠦᠯᠬᠦ ᠱᠠᠲᠤᠨ ᠳᠤ ᠤᠷᠤᠵᠠᠢ᠃      1 ᠰᠠᠷ᠎ᠠ ᠳᠤ᠂ ᠴᠢᠩᠱᠠᠨ ᠲᠣᠭᠤᠷᠢᠭ ᠤᠨ ᠲᠦᠷᠪᠡᠨ ᠪᠠᠭ ᠤᠨ ᠤᠳᠤᠷᠢᠳᠤᠯᠭ᠎ᠠ ᠴᠠᠭᠠᠨ ᠰᠠᠷ᠎ᠠ ᠶᠢᠨ ᠬᠤᠭᠤᠴᠠᠭᠠᠨ ᠤ ᠠᠶᠢᠯᠴᠢᠯᠠᠯᠲᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      1 ᠰᠠᠷ᠎ᠠ ᠶᠢᠨ 28᠎ ᠤ ᠡᠳᠦᠷ᠂ ᠴᠢᠩᠱᠠᠨ ᠲᠣᠭᠤᠷᠢᠭ ᠤᠨ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠲᠤᠭᠤᠷᠢᠭ ᠢᠶᠠᠷ ᠢᠶᠠᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠬᠦᠷᠬᠦ ᠵᠣᠷᠢᠭ ᠢ ᠬᠥᠪᠴᠢᠯᠡᠵᠦ᠂ ᠡᠬᠢᠯᠡᠨ ᠭᠦᠶᠦᠵᠦ ᠰᠢᠪᠲᠤᠯᠤᠯᠲᠠ ᠬᠢᠬᠦ ᠡᠷᠴᠢ ᠵᠣᠷᠢᠭ ᠢᠶᠠᠷ ᠡᠯ᠎ᠡ ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠳᠠᠶᠢᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号