ᠳ᠋ᠢᠩ ᠺᠠᠢ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠵᠠᠰᠠᠯᠲᠠ᠂ ᠵᠢᠵᠢᠭ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/19
      5 ᠰᠠᠷ᠎ᠠ ᠶᠢᠨ 17  ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠳ᠋ᠢᠩ ᠺᠠᠢ ᠮᠦᠩᠬᠡᠵᠢᠯ ᠵᠠᠮ ᠤᠨ ᠵᠡᠭᠡᠯᠢ ᠭᠤᠳᠤᠮᠵᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃      ᠢᠦᠢ ᠼᠠᠢ ᠨᠡᠶᠢᠭᠡᠮ ᠲᠣᠭᠤᠷᠢᠭ᠂ ᠲᠠᠪᠦ‍ ᠨᠢᠭᠡ ᠨᠡᠶᠢᠭᠡᠮ ᠲᠣᠭᠤᠷᠢᠭ᠂ ᠵᠧᠨ ᠬᠤᠸᠠ ᠨᠡᠶᠢᠭᠡᠮ ᠲᠣᠭᠤᠷᠢᠭ ᠪᠠ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠵᠡᠷᠭᠡ ᠭᠠᠵᠠᠷ ᠲᠤ᠂ ᠳ᠋ᠢᠩ ᠺᠠᠢ ᠦᠨᠳᠦᠰᠦᠨ ᠱᠠᠲᠤᠨ ᠤ ᠵᠠᠰᠠᠯᠲᠠ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠥᠭᠡᠷᠡᠴᠢᠯᠡᠯᠲᠡ᠂ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠬᠦᠴᠢᠷᠳᠡᠯᠲᠡᠢ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠠᠷᠭ᠎ᠠ ᠪᠠᠷᠢᠯ ᠠᠷᠭ᠎ᠠ ᠬᠡᠮᠵᠢᠶ᠎ᠡ ᠶᠢ ᠰᠤᠳᠤᠯᠵᠠᠢ᠃      ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠬᠤ ᠳᠤᠮᠳᠠ᠂ ᠳ᠋ᠢᠩ ᠺᠠᠢ ᠵᠡᠭᠡᠯᠢ ᠭᠤᠳᠤᠮᠵᠢ ᠶᠢᠨ ᠠᠵᠢᠯ ᠤᠨ ᠰᠠᠭᠤᠷᠢ᠂ ᠺᠠᠳ᠋ᠷ ᠤᠨ ᠰᠤᠷᠲᠠᠯ ᠢ ᠨᠤᠲᠠᠯᠠᠪᠠ᠃ ᠲᠡᠷᠡ᠂ ᠦᠷᠭᠦᠯᠵᠢᠯᠡᠨ ᠤᠳᠤᠷᠢᠳᠬᠤ ᠪᠠᠭ ᠢ ᠪᠠᠶᠢᠭᠤᠯᠤᠨ ᠬᠦᠴᠦᠷᠬᠡᠭᠵᠢᠭᠦᠯᠵᠦ᠂ ᠡᠩᠨᠡᠭᠡ ᠶᠢ ᠰᠠᠶᠢᠲᠤᠷ ᠳᠠᠭᠠᠭᠤᠯᠵᠤ᠂ ᠠᠵᠢᠯᠲᠠᠨ ᠤ ᠡᠩᠨᠡᠭᠡ ᠶᠢ ᠰᠠᠶᠢᠲᠤᠷ ᠬᠡᠷᠡᠭᠯᠡᠨ ᠰᠠᠶᠢᠲᠤᠷ ᠬᠠᠮᠢᠶᠠᠷᠴᠤ᠂ ᠲᠣᠣᠷᠵᠢᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠢ ᠥᠭᠡᠷᠡᠴᠢᠯᠡᠬᠦ ︽5678︾ ᠠᠵᠢᠯ ᠤᠨ ᠠᠷᠭ᠎ᠠ ᠶᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠵᠢᠷᠤᠮᠵᠢᠯ ᠲᠠᠢ ᠪᠠᠷ ᠪᠠᠷᠢᠯᠭ᠎ᠠ ᠪᠠᠷᠢᠬᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠵᠠᠰᠠᠯᠲᠠ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠲᠠᠢ ᠪᠣᠯᠭᠠᠬᠤ ᠶᠢ ᠪᠠᠲᠤᠯᠠᠬᠤ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠪᠣᠯᠣᠨ ᠬᠠᠮᠢᠶᠠᠷᠤᠯᠲᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠵᠢᠷᠤᠮᠵᠢᠭᠰᠠᠨ ᠠᠳᠠᠯ ᠠᠬᠤᠢ ᠶᠢᠨ ᠬᠠᠮᠢᠶᠠᠷᠤᠯᠲᠠ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠬᠠᠭᠤᠴᠢᠨ ᠲᠣᠭᠤᠷᠢᠭ ᠤᠨ ᠬᠠᠮᠢᠶᠠᠷᠤᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠷᠡᠭᠦᠯ ᠬᠠᠮᠠᠭᠠᠯᠠᠯ ᠢ ᠴᠣᠭᠴᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠪᠤᠭᠤᠲᠤ ᠪᠠᠨ ᠬᠠᠶᠢᠷᠠᠯᠠᠬᠤ ᠶᠢ ᠦᠢᠯᠡᠳᠦᠯᠭᠡᠵᠢᠭᠦᠯᠵᠦ᠂ ᠬᠤᠪᠢ ᠨᠡᠮᠡᠷᠢ ᠦᠵᠡᠭᠦᠯᠬᠦ ᠬᠡᠷᠡᠭᠲᠡᠢ︕ ︽ᠣᠶᠢᠯᠠᠭᠠᠮᠵᠢᠲᠠᠢ ᠰᠡᠳᠬᠢᠬᠦᠢ︾ ᠶᠢ ᠪᠠᠲᠤ ᠪᠤᠢ ᠪᠣᠯᠭᠠᠵᠤ᠂ ᠪᠣᠳᠠᠲᠠᠢ ᠳᠤ ᠰᠠᠭᠤᠷᠢᠯᠠᠵᠤ᠂ ᠢᠳᠡᠪᠬᠢᠲᠡᠢ ᠰᠦᠪᠡᠭᠴᠢᠯᠡᠵᠦ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠵᠡᠷᠭᠡ ᠲᠠᠯ᠎ᠠ ᠪᠠᠷ ᠨᠡᠩ ᠤᠯᠠᠨ ᠬᠢᠯᠠᠰ ᠴᠡᠭ ᠤᠨ ᠵᠢᠱᠢᠶ᠎ᠡ ᠦᠵᠡᠭᠦᠯᠬᠦ ᠶᠢ ᠴᠢᠷᠮᠠᠶᠢᠨ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号