5 ᠰᠠᠷ᠎ᠠ ᠶᠢᠨ 17 ᠤ ᠡᠳᠦᠷ᠂ ᠭᠤᠴᠢᠨ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ ᠬᠦᠷᠴᠦ ᠢᠷᠡᠬᠦ ᠠᠴᠠ ᠡᠮᠦᠨᠡᠬᠡᠨ᠂ ᠴᠢᠩᠱᠠᠨ ᠲᠣᠭᠤᠷᠢᠭ ᠤᠨ ᠵᠡᠮᠳᠡᠭᠴᠦᠳ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠵᠡᠩᠨᠡᠯᠲᠡ ᠵᠢᠴᠢ ᠴᠢᠩᠱᠠᠨ ᠲᠣᠭᠤᠷᠢᠭ ᠤᠨ ᠵᠡᠮᠳᠡᠭᠴᠦᠳ ᠤᠨ | ᠭᠠᠷ ᠤᠷᠠᠯᠠᠯ ᠤᠨ ᠮᠡᠷᠭᠡᠵᠢᠯ ᠴᠢᠳᠠᠪᠤᠷᠢ ᠶᠢᠨ ᠦᠢᠯᠡᠰ ᠪᠣᠰᠬᠠᠬᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ | ᠴᠢᠩᠱᠠᠨ ᠲᠣᠭᠤᠷᠢᠭ ᠤᠨ ᠴᠢᠩ ᠹᠦ᠋ ᠪᠠᠯᠭᠠᠰᠤᠨ ᠤ ᠵᠤᠤ ᠵᠢᠶᠠ ᠳ᠋ᠢᠶᠠᠨ ᠲᠣᠰᠬᠤᠨ ᠳᠤ ᠶᠠᠪᠤᠭᠳᠠᠪᠠ᠃ | ᠪᠤᠭᠤᠲᠤ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠡᠷᠭᠡ ᠤᠳᠤᠷᠢᠳᠤᠯᠭ᠎ᠠ ᠵᠢᠴᠢ ᠬᠠᠮᠢᠶ᠎ᠠ ᠪᠦᠬᠦᠢ | ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃ | ᠴᠢᠩᠱᠠᠨ ᠲᠣᠭᠤᠷᠢᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠤᠤᠯ ᠤᠨ | ᠵᠤᠤ ᠵᠢᠶᠠ ᠳ᠋ᠢᠶᠠᠨ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠪᠠᠶᠢᠷᠢᠯᠠᠵᠤ᠂ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠨᠢ ᠴᠢᠩᠱᠠᠨ ᠲᠣᠭᠤᠷᠢᠭ ᠤᠨ 2023 ᠣᠨ ᠤ ᠠᠷᠠᠳ ᠤᠨ ᠠᠮᠢᠳᠤᠷᠠᠯ ᠤᠨ | ᠠᠷᠪᠠᠨ ᠶᠡᠭᠡ ᠪᠣᠳᠠᠲᠤ ᠶᠠᠪᠤᠳᠠᠯ ᠤᠨ ᠲᠦᠷᠦᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ 4500 ᠲᠡᠭᠰᠢ | ᠳᠥᠷᠪᠡᠯᠵᠢᠨ ᠮᠧᠲᠷ ᠲᠠᠯᠠᠪᠠᠢ ᠡᠵᠡᠯᠡᠵᠦ᠂ 2700 ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠲᠠᠯᠠᠪᠠᠢ ᠲᠠᠢ᠂ | ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠲᠥᠯᠦᠪᠵᠢᠭᠦᠯᠭᠡ︾ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ 10 | ᠰᠠᠷ᠎ᠠ ᠶᠢᠨ ᠬᠤᠭᠤᠴᠠᠭ᠎ᠠ ᠪᠠᠷ ᠪᠦᠬᠦ ᠲᠠᠯ᠎ᠠ ᠪᠠᠷ ᠥᠭᠡᠷᠡᠴᠢᠯᠡᠨ ᠪᠠᠶᠢᠭᠤᠯᠵᠤ ᠳᠠᠭᠤᠰᠬᠠᠪᠠ᠃ ᠲᠥᠪ ᠲᠤ ᠠᠵᠢᠯ | ᠣᠯᠭᠤᠯᠲᠠ᠂ ᠠᠵᠢᠯ ᠮᠡᠷᠭᠡᠵᠢᠯ ᠤᠨ ᠪᠣᠯᠪᠠᠰᠤᠷᠠᠯ᠂ ᠡᠷᠡᠭᠦᠯᠵᠢᠯ ᠤᠨ ᠵᠢᠯᠣᠭᠤᠳᠤᠯᠭ᠎ᠠ᠂ ᠰᠣᠶᠣᠯ ᠪᠡᠶ᠎ᠡ ᠶᠢᠨ ᠲᠠᠮᠢᠷ ᠤᠨ | ᠬᠥᠳᠡᠯᠭᠡᠭᠡᠨ᠂ ᠲᠤᠰᠠᠯᠠᠬᠤ ᠪᠠᠭᠠᠵᠢ ᠬᠡᠷᠡᠭᠰᠡᠯ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠴᠢᠳᠠᠮᠵᠢ ᠶᠢᠨ ᠲᠠᠰᠤᠭ | ᠭᠠᠷᠭᠠᠵᠤ᠂ ᠲᠥᠪ ᠢ ᠡᠬᠢᠯᠡᠨ ᠬᠡᠷᠡᠭᠯᠡᠭᠰᠡᠨ ᠤ ᠳᠠᠷᠠᠭ᠎ᠠ᠂ ᠴᠢᠩᠱᠠᠨ ᠲᠣᠭᠤᠷᠢᠭ ᠤᠨ ᠵᠡᠮᠳᠡᠭᠴᠦᠳ ᠲᠤ ᠡᠷᠡᠭᠦᠯᠵᠢᠯ᠂ | ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡ | ᠴᠣᠭᠴᠠᠵᠢᠭᠤᠯᠤᠭᠰᠠᠨ ᠴᠢᠨᠠᠷ ᠰᠠᠶᠢᠲᠠᠢ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠴᠢᠩᠱᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ | ᠪᠤᠭᠤᠲᠤ ᠬᠤᠳᠠ ᠶᠢᠨ ᠳᠥᠷᠪᠡᠳᠦᠭᠡᠷ ᠡᠮᠨᠡᠯᠭᠡ ᠶᠢᠨ ᠬᠤᠷᠢᠶ᠎ᠠ᠂ ᠤᠯᠤᠰ ᠤᠨ ᠡᠮ ᠤᠨ ᠤᠮᠠᠷᠠᠲᠤ ᠶᠢᠨ ᠡᠮᠨᠡᠯᠭᠡ ᠶᠢᠨ | ᠬᠤᠷᠢᠶ᠎ᠠ᠂ ᠴᠢᠩᠱᠠᠨ ᠲᠣᠭᠤᠷᠢᠭ ᠤᠨ ᠵᠧᠨ ᠬᠤᠸᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠴᠢᠩᠱᠠᠨ ᠲᠣᠭᠤᠷᠢᠭ ᠤᠨ ᠵᠢᠷᠭᠠᠯᠠᠩᠲᠦ ᠵᠠᠮ ᠤᠨ ᠡᠮᠦᠨ᠎ᠡ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠴᠢᠩᠱᠠᠨ ᠲᠣᠭᠤᠷᠢᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠲᠤ ︽ᠨᠠᠷᠢᠯᠢᠭ ᠤᠨᠤᠪᠴᠢᠲᠠᠢ ᠡᠷᠡᠭᠦᠯᠵᠢᠭᠦᠯᠬᠦ ᠲᠣᠭᠲᠠᠭᠰᠠᠨ ᠪᠠᠶᠢᠭᠤᠯᠤᠮᠵᠢ︾ ᠶᠢᠨ | ᠫᠠᠶᠢᠰᠠ ᠣᠯᠭᠤᠵᠠᠢ᠃ ᠲᠣᠰ ᠤᠳᠠᠭᠠᠨ ᠤ ᠫᠠᠶᠢᠰᠠ ᠣᠯᠭᠤᠭᠰᠠᠨ ᠨᠢ ᠴᠢᠩᠱᠠᠨ ᠲᠣᠭᠤᠷᠢᠭ ᠤᠨ ᠵᠡᠮᠳᠡᠭᠴᠦᠳ ᠤᠨ | ᠨᠠᠷᠢᠯᠢᠭ ᠤᠨᠤᠪᠴᠢᠲᠠᠢ ᠡᠷᠡᠭᠦᠯᠵᠢᠭᠦᠯᠬᠦ ᠠᠵᠢᠯ ᠰᠢᠨ᠎ᠡ ᠳᠡᠭᠲᠡᠷ ᠲᠤ ᠭᠠᠷᠴᠤ᠂ ᠬᠡᠦᠬᠡᠳ ᠠᠴᠠ ᠨᠠᠰᠤᠨ ᠳᠤ | ᠭᠦᠷᠦᠭᠰᠡᠳ ᠤᠨ ᠡᠷᠡᠭᠦᠯᠵᠢᠯ ᠢ ᠨᠡᠶᠢᠳᠡᠮ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠲᠠᠷᠠᠭ᠎ᠠ᠂ ᠴᠢᠩᠱᠠᠨ ᠲᠣᠭᠤᠷᠢᠭ ᠤᠨ ᠵᠡᠮᠳᠡᠭᠴᠦᠳ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠪᠠᠰᠠ ᠭᠠᠷ ᠤᠷᠠᠯᠠᠯ ᠤᠨ ᠮᠡᠷᠭᠡᠵᠢᠯ ᠴᠢᠳᠠᠪᠤᠷᠢ ᠶᠢᠨ ᠦᠢᠯᠡᠰ | ᠪᠣᠰᠬᠠᠬᠤ ᠤᠷᠤᠯᠳᠤᠭᠠᠨ ᠢ ᠡᠷᠬᠢᠯᠡᠵᠦ᠂ ᠡᠯ᠎ᠡ ᠵᠡᠭᠡᠯᠢ ᠪᠠᠯᠭᠠᠰᠤ ᠠᠴᠠ ᠢᠷᠡᠭᠰᠡᠨ 45 ᠵᠡᠮᠳᠡᠭᠴᠦᠳ ᠤᠨ ᠭᠠᠷ | ᠤᠷᠠᠯᠠᠯ ᠳᠤ ᠪᠠᠭ᠋ᠠᠲᠠᠢ ᠬᠥᠮᠥᠰ ᠤᠷᠤᠯᠳᠤᠭᠠᠨ ᠳᠤ ᠣᠷᠣᠯᠴᠠᠪᠠ᠃ | ᠴᠢᠩᠱᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ | ᠴᠢᠩᠱᠠᠨ ᠲᠣᠭᠤᠷᠢᠭ ᠤᠨ ᠵᠡᠮᠳᠡᠭᠴᠦᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠩᠬᠢᠨᠢ ᠪᠠᠷ ᠠᠵᠢᠯᠯᠠᠵᠤ | ᠪᠠᠶᠢᠭ᠎ᠠ ᠨᠢ ᠴᠢᠩᠱᠠᠨ ᠲᠣᠭᠤᠷᠢᠭ ᠤᠨ ᠵᠡᠮᠳᠡᠭᠴᠦᠳ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠬᠤ ᠪᠥᠭᠡᠳ ᠵᠡᠮᠳᠡᠭᠴᠦᠳ ᠤᠨ ᠦᠢᠯᠡᠴᠢᠯᠡᠭᠡᠨ ᠤ ᠴᠢᠳᠠᠪᠤᠷᠢ | ᠤᠯᠠᠮ ᠨᠢᠭᠡ ᠠᠯᠬᠤᠮ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ ᠭᠡᠵᠦ ᠢᠯᠡᠷᠬᠡᠶᠢᠯᠡᠪᠡ᠃ | ᠣᠶᠢᠷ᠎ᠠ ᠶᠢᠨ ᠵᠢᠯ ᠳᠤ᠂ ᠴᠢᠩᠱᠠᠨ ᠲᠣᠭᠤᠷᠢᠭ ᠤᠨ ᠬᠢᠨ ᠵᠡᠮᠳᠡᠭᠴᠦᠳ ᠤᠨ ᠠᠷᠠᠳ ᠤᠨ ᠠᠮᠢᠳᠤᠷᠠᠯ ᠤᠨ | ᠦᠢᠯᠡᠴᠢᠯᠡᠭᠡ ᠶᠢ ᠪᠠᠲᠤᠯᠠᠨ ᠰᠠᠶᠢᠵᠢᠷᠠᠭᠤᠯᠵᠤ᠂ ᠮᠥᠴᠢ ᠵᠡᠮᠳᠡᠭ ᠤᠨ ᠡᠷᠡᠭᠦᠯᠵᠢᠯ ᠤᠨ ᠲᠥᠪ᠂ ᠲᠤᠰᠠᠯᠠᠬᠤ ᠴᠢᠨᠠᠷᠲᠠᠢ | ᠠᠵᠢᠯ ᠣᠯᠭᠤᠯᠲᠠ ᠶᠢᠨ ᠰᠠᠭᠤᠷᠢᠨ ᠭᠠᠵᠠᠷ᠂ ᠬᠠᠯᠠᠭᠤᠨ ᠳᠤᠯᠠᠭᠠᠨ ᠭᠡᠷ ᠣᠷᠣᠨ᠂ ᠵᠡᠮᠳᠡᠭᠴᠦᠳ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠥᠪ ᠵᠡᠷᠭᠡ ᠵᠡᠮᠳᠡᠭᠴᠦᠳ ᠲᠤ ᠠᠰᠢᠭ ᠬᠦᠷᠲᠡᠭᠡᠬᠦ ᠲᠥᠷᠥᠯ ᠵᠦᠢᠯ ᠤᠨ | ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ ᠵᠡᠮᠳᠡᠭᠴᠦᠳ ᠤᠨ ᠪᠤᠶᠠᠨ ᠵᠢᠷᠭᠠᠯ ᠢ ᠪᠥᠬᠦ ᠲᠠᠯ᠎ᠠ ᠪᠠᠷ | ᠨᠡᠮᠡᠭᠳᠡᠭᠦᠯᠵᠦ᠂ ᠵᠡᠮᠳᠡᠭᠴᠦᠳ ᠤᠨ ᠡᠷᠬᠡ ᠠᠰᠢᠭ ᠢ ᠭᠦᠢᠴᠡᠳ ᠬᠠᠮᠠᠭᠠᠯᠠᠨ᠂ ᠵᠡᠮᠳᠡᠭᠴᠦᠳ ᠤᠨ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠠᠴᠠ ᠵᠡᠮᠳᠡᠭᠴᠦᠳ ᠤᠨ ᠨᠠᠷᠢᠯᠢᠭ ᠤᠨᠤᠪᠴᠢᠲᠠᠢ ᠡᠷᠡᠭᠦᠯᠵᠢᠭᠦᠯᠬᠦ ᠦᠢᠯᠡᠴᠢᠯᠡᠭᠡ ᠪᠠ ᠨᠡᠷᠡᠨ | ᠬᠡᠷᠡᠯᠳᠦ ᠭᠡᠷ ᠣᠷᠣᠨ ᠢ ᠬᠤᠳᠠᠯᠳᠤᠨ ᠠᠪᠬᠤ ᠵᠢᠴᠢ ᠡᠯ᠎ᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ᠂ | ᠠᠵᠢᠯᠯᠠᠭᠠᠨ ᠤ ᠲᠥᠪ ᠪᠠ ᠣᠯᠠᠨ ᠨᠡᠶᠢᠲᠡ ᠶᠢᠨ ᠣᠷᠣᠨ ᠪᠦᠰᠡ ᠶᠢᠨ ᠨᠡᠪᠲᠡᠷᠡᠬᠦ ᠪᠡᠯᠡᠳᠬᠡᠮᠵᠢ ᠳᠤ ᠬᠠᠷᠰᠢ ᠰᠠᠭᠠᠳ | ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠡᠮᠳᠡᠭᠴᠦᠳ ᠲᠤ | ᠪᠣᠯᠪᠠᠰᠤᠨ᠂ ᠳᠥᠭᠦᠮ ᠳᠥᠲᠡ᠂ ᠬᠠᠯᠠᠭᠤᠨ ᠳᠤᠯᠠᠭᠠᠨ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ | ᠪᠣᠶ ᠪᠣᠯᠭᠠᠵᠤ ᠥᠭᠭᠦᠨ᠎ᠡ᠃ ᠡᠯ᠎ᠡ ᠲᠥᠷᠥᠯ ᠤᠨ ᠠᠵᠢᠯᠯᠠᠭ᠎ᠠ ᠡᠷᠭᠢᠯᠡᠬᠦ ᠪᠠᠷ ᠳᠠᠮᠵᠢᠭᠤᠯᠤᠨ ᠵᠡᠮᠳᠡᠭᠴᠦᠳ ᠤᠨ ᠰᠣᠶᠣᠯ | ᠴᠡᠩᠭᠡᠯ ᠤᠨ ᠠᠮᠢᠳᠤᠷᠠᠯ ᠢ ᠪᠠᠶᠠᠯᠢᠭᠵᠢᠭᠤᠯᠵᠤ᠂ ᠵᠡᠮᠳᠡᠭᠴᠦᠳ ᠲᠤ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ | ᠳᠤᠯᠠᠭᠠᠨ ᠢ ᠮᠡᠳᠡᠷᠡᠭᠦᠯᠦᠨ᠎ᠡ᠃ |