1—4 ᠳ᠋ᠤᠭᠡᠷ ᠰᠠᠷ᠎ᠠ ᠳᠤ ᠴᠢᠩᠱᠠᠨ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠰᠠᠶᠢᠵᠢᠷᠠᠪᠠ
ᠨᠡᠶᠢᠲᠡᠯᠡᠭᠰᠡᠨ ᠴᠠᠭ᠄
2023/5/22
      ᠨᠢᠭᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠦᠷᠭᠦᠯᠵᠢᠯᠡᠨ ᠰᠡᠷᠭᠦᠪᠡ      1— 4 ᠳ᠋ᠤᠭᠡᠷ ᠰᠠᠷ᠎ᠠ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 86.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 8.3%᠎ ᠪᠠᠷ ᠨᠡᠮᠡᠭᠳᠡᠨ᠂ ᠲᠦᠷᠦᠭᠦᠸ ᠰᠠᠷ᠎ᠠ ᠶᠢᠨ ᠬᠢ ᠠᠴᠠ 2.0 ᠵᠠᠭᠤᠨ ᠤ ᠨᠢᠭᠡᠴᠢ ᠲᠦᠷᠭᠡᠳᠴᠡᠢ᠃     ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠨᠡᠶᠢᠭᠡᠮ ᠤᠨ ᠬᠡᠷᠡᠭᠯᠡᠭᠡᠨ ᠤ ᠵᠦᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢᠨ ᠠᠵᠢᠯᠯᠠᠭᠠᠨ ᠤ ᠪᠠᠶᠢᠳᠠᠯ      ︵ᠨᠢᠭᠡ︶ ᠮᠠᠰᠢᠨ ᠲᠡᠷᠭᠡᠨ ᠤ ᠲᠥᠷᠥᠯ ᠤᠨ ᠨᠡᠶᠢᠲᠡ ᠨᠡᠮᠡᠭᠳᠡᠯ ᠤᠨ ᠬᠤᠷᠳᠤᠴᠠ ᠲᠣᠰ ᠵᠢᠯ ᠳᠤ ᠠᠩᠬ᠎ᠠ ᠤᠳᠠᠭ᠎ᠠ ᠡᠶᠡᠷᠬᠦ ᠪᠤᠯᠪᠠ     3 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠨ ᠮᠠᠰᠢᠨ ᠲᠡᠷᠭᠡᠨ ᠤ ᠬᠡᠷᠡᠭᠯᠡᠭᠡᠨ ᠤ ᠬᠦᠷᠢᠶᠡᠨ ᠳᠤ ᠬᠠᠨᠳᠤᠭᠤᠯᠤᠨ ︽ᠴᠢᠩᠱᠠᠨ ᠲᠣᠭᠤᠷᠢᠭ ᠤᠨ 2023 ︿ᠪᠤᠭᠤᠲᠦ ᠬᠤᠲᠠ ᠳᠤ ᠵᠤᠯᠭᠠᠶ᠎ᠠ﹀ ᠬᠠᠪᠤᠷ ᠤᠨ ᠤᠯᠠᠷᠢᠯ ᠤᠨ ᠮᠠᠰᠢᠨ ᠲᠡᠷᠭᠡ ᠬᠤᠳᠠᠯᠳᠤᠨ ᠠᠪᠬᠤ ᠵᠠᠰᠠᠭ ᠤᠨ ᠣᠷᠳᠣᠨ ᠤ ᠨᠥᠬᠦᠪᠦᠷᠢ ᠥᠭᠴᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ︾ ᠥᠷᠨᠢᠭᠦᠯᠵᠦ᠂ ᠮᠠᠰᠢᠨ ᠲᠡᠷᠭᠡᠨ ᠤ ᠬᠡᠷᠡᠭᠯᠡᠭᠡᠨ ᠤ ᠰᠡᠷᠭᠦᠯᠲᠡ ᠳᠤ ᠰᠡᠳᠡᠯᠲᠡ ᠥᠭᠴᠡᠢ᠃ 1—4 ᠳ᠋ᠤᠭᠡᠷ ᠰᠠᠷ᠎ᠠ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 10.6%᠎ ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠎ ᠬᠢ ᠠᠴᠠ 12.5 ᠵᠠᠭᠤᠨ ᠤ ᠨᠢᠭᠡᠴᠢ ᠨᠡᠮᠡᠭᠳᠡᠵᠡᠢ᠃     ︵ᠬᠤᠶᠠᠷ︶ ᠴᠢᠯᠠᠭᠤᠨ ᠲᠣᠰᠣᠨ ᠤ ᠲᠥᠷᠥᠯ ᠤᠨ ᠲᠠᠸᠠᠷ ᠤᠨ ᠲᠤᠯᠭᠠᠭᠤᠷᠢᠯᠠᠯ ᠢᠯᠡᠷᠬᠡᠢ ᠪᠠᠶᠢᠨ᠎ᠠ     ᠬᠢᠵᠢᠭ ᠤᠨ ᠪᠠᠶᠢᠳᠠᠯ ᠎ ᠢ ᠴᠢᠯᠦᠭᠡᠲᠡᠢ ᠪᠣᠯᠭᠠᠭᠰᠠᠨ ᠤ ᠳᠠᠷᠠᠭ᠎ᠠ᠂ ᠬᠤᠲᠠ ᠎ ᠶᠢᠨ ᠳᠣᠲᠣᠷ᠎ᠠ ᠮᠠᠰᠢᠨ ᠲᠡᠷᠭᠡ ᠣᠯᠠᠰᠢᠷᠠᠵᠤ᠂ ᠲᠣᠰᠣ ᠬᠡᠷᠡᠭᠯᠡᠬᠦ ᠬᠡᠷᠡᠭᠴᠡᠭᠡ ᠶᠡᠭᠡ ᠪᠣᠯᠤᠭᠰᠠᠨ ᠤ ᠳᠡᠭᠡᠷ᠎ᠡ ᠮᠠᠰᠢᠨ ᠲᠡᠷᠭᠡᠨ ᠤ ᠲᠣᠰᠣ ᠨᠡᠮᠡᠬᠦ ᠺᠠᠷᠲ ᠎ ᠢ ᠪᠣᠷᠣᠯᠠᠭᠤᠯᠤᠨ ᠬᠦᠷᠭᠡᠬᠦ ᠠᠵᠢᠯᠯᠠᠭ᠎ᠠ ᠎ ᠶᠢᠨ ᠬᠠᠷᠢᠯᠴᠠᠨ ᠠᠬᠢᠭᠤᠯᠬᠤ ᠦᠢᠯᠡᠳᠦᠯ ᠠᠴᠠ ᠪᠣᠯᠵᠤ᠂ ᠴᠢᠯᠠᠭᠤᠨ ᠲᠣᠰᠣᠨ ᠤ ᠲᠥᠷᠥᠯ ᠤᠨ ᠲᠠᠸᠠᠷ ᠤᠨ ᠨᠡᠮᠡᠭᠳᠡᠯ ᠤᠨ ᠬᠤᠷᠳᠤᠴᠠ ᠦᠷᠭᠦᠯᠵᠢᠯᠡᠨ ᠨᠡᠮᠡᠭᠳᠡᠬᠦ ᠬᠠᠨᠳᠤᠰᠢ ᠪᠠᠨ ᠪᠠᠲᠤᠯᠠᠵᠤ ᠪᠠᠶᠢᠨ᠎ᠠ᠃ 1—  4 ᠳ᠋ᠤᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 10.2% ᠎ ᠢᠶᠠᠷ ᠨᠡᠮᠡᠭᠳᠡᠵᠡᠢ᠃     ︵ᠭᠤᠷᠪᠠ︶ ᠡᠮ ᠤᠨ ᠵᠦᠢᠯ ᠤᠨ ᠲᠥᠷᠥᠯ ᠤᠨ ᠪᠣᠷᠤᠯᠠᠭᠤᠯᠭ᠎ᠠ ᠦᠷᠭᠦᠯᠵᠢᠯᠡᠨ ᠨᠡᠮᠡᠭᠳᠡᠪᠡ     ᠴᠢᠩᠱᠠᠨ ᠲᠣᠭᠤᠷᠢᠭ ᠤᠨ ᠬᠢᠲᠠᠳ ᠡᠸᠦ᠋ᠷᠦᠫᠡ ᠡᠮ ᠤᠨ ᠲᠥᠷᠥᠯ ᠤᠨ ᠪᠣᠷᠣᠯᠠᠭᠤᠯᠤᠯᠲᠠ ᠶᠢᠨ ᠬᠡᠮᠵᠢᠶ᠎ᠡ ᠢᠯᠡᠳᠲᠡ ᠨᠡᠮᠡᠭᠳᠡᠵᠦ᠂ 1—4 ᠳ᠋ᠤᠭᠡᠷ ᠰᠠᠷ᠎ᠠ ᠳᠤ ᠴᠢᠩᠱᠠᠨ ᠲᠣᠭᠤᠷᠢᠭ ᠤᠨ ᠬᠢᠲᠠᠳ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 0.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.9%᠎ ᠪᠠᠷ ᠨᠡᠮᠡᠭᠳᠡᠪᠡ᠃     ︵ᠳᠥᠷᠪᠡ︶ ᠲᠠᠰ ᠳᠡᠪᠰᠢᠬᠦ ᠲᠥᠷᠥᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠰᠤᠯᠠᠯᠠᠪᠠ     1— 4 ᠳ᠋ᠤᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠨᠢᠭᠡᠴᠡ ᠎ ᠶᠢᠨ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠠᠳᠠᠯᠢ ᠬᠤᠭᠤᠴᠠᠭᠠᠨ ᠎ ᠠᠴᠠ 40.8% ᠨᠡᠮᠡᠭᠳᠡᠵᠡᠢ᠃     ︵ᠲᠠᠪᠤ︶ ᠢᠳᠡᠭᠡᠨ ᠤᠮᠳᠠᠭᠠᠨ ᠤ ᠬᠡᠷᠡᠭᠯᠡᠭᠡᠨ ᠤ ᠨᠡᠮᠡᠭᠳᠡᠯ ᠡᠷᠴᠢᠮᠲᠡᠢ ᠪᠠᠶᠢᠨ᠎ᠠ     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠬᠤᠪᠢᠷᠠᠭᠤᠯᠵᠤ᠂ ᠭᠠᠳᠠᠭᠰᠢ ᠭᠠᠷᠴᠤ ᠬᠤᠭᠤᠯᠠᠯᠠᠬᠤ ᠬᠥᠮᠥᠨ ᠤ ᠲᠤᠭ᠎ᠠ ᠤᠯᠠᠮ ᠢᠶᠠᠷ ᠨᠡᠮᠡᠭᠳᠡᠵᠦ᠂ ᠰᠠᠭᠤᠭᠠᠯᠢ ᠠᠷᠠᠳ ᠤᠨ ᠴᠤᠭᠯᠠᠭᠠᠨ᠂ ᠬᠤᠷᠢᠮ ᠨᠠᠶᠢᠷ ᠤᠨ ᠠᠵᠢᠯᠯᠠᠭ᠎ᠠ ᠢᠯᠡᠳᠲᠡ ᠨᠡᠮᠡᠭᠳᠡᠪᠡ᠃ 1—4 ᠳ᠋ᠤᠭᠡᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢ ᠢᠳᠡᠭᠡᠨ ᠤᠮᠳᠠᠭᠠᠨ ᠤ ᠣᠷᠣᠯᠭ᠎ᠠ 3 ᠳ᠋ᠦᠩᠰᠢᠭᠤᠷ ᠲᠥᠭᠦᠷᠢᠭ  ᠪᠡᠶᠡᠯᠡᠭᠦᠯᠵᠦ᠂ ᠠᠳᠠᠯᠢ ᠬᠤᠭᠤᠴᠠᠭᠠᠨ ᠤ ᠎ ᠬᠢ ᠠᠴᠠ 32.6%᠎ ᠪᠠᠷ ᠨᠡᠮᠡᠭᠳᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号