ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠦ ᠠᠵᠢᠯ ᠶᠠᠪᠤᠳᠠᠯ ᠤᠨ ᠲᠡᠮᠳᠡᠭᠯᠡᠯ ︵2023 ᠣᠨ ᠤ 2 ᠰᠠᠷ᠎ᠠ ᠶᠢᠨ 1 ᠤ ᠡᠳᠦᠷ — 2 ᠰᠠᠷ᠎ᠠ ᠶᠢᠨ 28 ᠤ ᠡᠳᠦᠷ︶
ᠨᠡᠶᠢᠲᠡᠯᠡᠭᠰᠡᠨ ᠴᠠᠭ᠄
2023/5/22
      2 ᠰᠠᠷ᠎ᠠ ᠶᠢᠨ 5 ᠤ ᠡᠳᠦᠷ᠂ ᠰᠤᠷᠭᠠᠨ ᠬᠥᠮᠦᠵᠢᠯ ᠤᠨ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ 2687 ᠳᠤᠮᠳᠠᠳᠤ ᠪᠠᠭ᠎ᠠ ᠰᠤᠷᠭᠠᠭᠤᠯᠢ ᠶᠢ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠨᠤᠲᠠᠯᠠᠨ ᠲᠤᠭᠲᠠᠭᠠᠪᠠ᠃ ᠡᠭᠦᠨ ᠳᠤ᠂ ᠪᠤᠭᠤᠲᠤ ᠬᠤᠲᠠ ᠶᠢᠨ ᠨᠡᠶᠢᠲᠡ 6 ᠳᠤᠮᠳᠠᠳᠤ ᠪᠠᠭ᠎ᠠ ᠰᠤᠷᠭᠠᠭᠤᠯᠢ ᠰᠣᠩᠭᠤᠭᠳᠠᠨ ᠣᠷᠣᠵᠤ᠂ ᠴᠢᠩᠱᠠᠨ ᠲᠣᠭᠤᠷᠢᠭ ᠤᠨ ᠵᠢᠷᠭᠠᠯᠠᠩᠲᠦ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠨᠢᠭᠡᠳᠦᠭᠡᠷ ᠰᠤᠷᠭᠠᠭᠤᠯᠢ ᠵᠢᠭᠰᠠᠭᠠᠭᠳᠠᠵᠠᠢ᠃      2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠪᠥᠬᠦ ᠣᠷᠣᠨ ᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠨ ᠤ ᠬᠠᠮᠲᠤ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠷᠢᠭᠦᠨ ᠤ ᠬᠠᠮᠲᠤ᠂ ᠤᠳᠬ᠎ᠠ ᠤᠷᠠᠯᠢᠭ ᠤᠨ ᠤᠬᠠᠭᠤᠯᠭ᠎ᠠ ᠶᠢᠨ ᠲᠡᠷᠢᠭᠦᠨ ᠤ ᠬᠠᠮᠲᠤ ᠶᠢ ᠬᠥᠬᠢᠭᠦᠯᠦᠨ ᠰᠠᠶᠢᠰᠢᠶᠠᠵᠤ᠂ ᠴᠢᠩᠱᠠᠨ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠩᠬ᠎ᠠ ᠤᠳᠠᠭ᠎ᠠ ︽ᠪᠥᠬᠦ ᠣᠷᠣᠨ ᠤ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠵᠢᠯ ᠤᠨ ᠲᠡᠷᠢᠭᠦᠨ ᠤ ᠪᠠᠶᠢᠭᠤᠯᠭ᠎ᠠ︾ ᠶᠢᠨ ᠠᠯᠳᠠᠷ ᠢ ᠬᠦᠷᠲᠡᠪᠡ᠃       2 ᠰᠠᠷ᠎ᠠ ᠶᠢᠨ 13 ᠤ ᠡᠳᠦᠷ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠳᠤ ᠭᠡᠷ᠎ᠡ ᠲᠣᠭᠲᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠪᠠᠶᠢᠵᠤ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠳᠤ 5GW ᠨᠡᠷᠡᠨ ᠡᠨᠧᠷᠭᠢ ᠶᠢᠨ ᠬᠡᠷᠡᠯ ᠴᠡᠨᠡᠭ ᠤᠨ ᠲᠣᠨᠣᠭᠯᠠᠯ ᠢ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠢ 70 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃      2 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 3 ᠳ᠋ᠤᠭᠠᠷ ᠳᠠᠪᠬᠤᠷᠯᠢᠭ ᠤᠨ 1 ᠳ᠋ᠤᠭᠡᠷ ᠬᠤᠷᠠᠯ ᠤᠨ ᠭᠡᠷ ᠲᠤ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︿ᠲᠠᠪᠤᠨ ᠶᠡᠭᠡ ᠡᠭᠦᠷᠭᠡ﹀ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾᠂ ᠬᠤᠩ ᠹᠠᠩ ᠽᠢ ᠠᠳᠠᠯ ᠠᠬᠤᠢ ᠶᠢᠨ ᠬᠠᠮᠢᠶᠠᠷᠤᠯᠲᠠ ᠶᠢᠨ ᠲᠥᠪ ᠤᠨ ᠪᠠᠶᠢᠭᠤᠯᠤᠯ ᠤᠨ ᠥᠭᠡᠷᠡᠴᠢᠯᠡᠯᠲᠡ᠂ ︽ᠴᠢᠩᠱᠠᠨ ᠲᠣᠭᠤᠷᠢᠭ ᠤᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠥᠯ︾᠂ ᠬᠤᠩ ᠶᠤᠸᠠᠨ ᠳᠥᠷᠪᠡᠳᠦᠭᠡᠷ ᠬᠤᠭᠤᠴᠠᠭᠠᠨ ᠤ ᠲᠥᠷᠥᠯ ᠵᠦᠢᠯ ᠤᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠬᠤᠯᠪᠣᠭᠳᠠᠯ ᠪᠦᠬᠦᠢ ᠵᠦᠢᠯᠡᠰ ᠢ ᠪᠥᠬᠦ ᠲᠠᠯ᠎ᠠ ᠪᠠᠷ ᠨᠠᠶᠢᠲᠠᠪᠦᠷᠢᠵᠢᠭᠤᠯᠬᠤ ᠶᠢ ᠰᠤᠳᠤᠯᠵᠠᠢ᠃      2 ᠰᠠᠷ᠎ᠠ ᠶᠢᠨ 18 ᠤ ᠡᠳᠦᠷ᠂ ᠴᠢᠩᠱᠠᠨ ᠲᠣᠭᠤᠷᠢᠭ ᠤᠨ ᠭᠡᠷ ᠪᠦᠯᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ︵ᠴᠢᠯᠦᠭᠡᠲᠦ ᠵᠠᠮ ᠤᠨ ᠨᠢᠭᠡᠳᠦᠭᠡᠷ ᠨᠡᠶᠢᠭᠡᠮ ᠲᠣᠭᠤᠷᠢᠭ ᠤᠨ ᠬᠤᠶᠠᠳᠤᠭᠠᠷ ᠬᠥᠷᠰᠢ ᠵᠡᠷᠭᠡᠯᠡᠳᠡᠭᠡ ᠶᠢᠨ ᠨᠠᠰᠤᠲᠠᠨ ᠵᠠᠯᠠᠭᠤᠴᠤᠳ ᠤᠨ ᠴᠡᠩᠭᠡᠯ ᠤᠨ ᠬᠦᠷᠢᠶᠡᠯᠡᠩ︶ ᠢ ᠲᠤᠷᠰᠢᠨ ᠡᠵᠡᠩᠨᠡᠵᠡᠢ᠃      2 ᠰᠠᠷ᠎ᠠ ᠶᠢᠨ 20 ᠤ ᠡᠳᠦᠷ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ︽ᠬᠤᠩ ᠶᠤᠸᠠᠨ ᠳᠡᠭᠡᠳᠦ ᠰᠤᠷᠭᠠᠭᠤᠯᠢ︾ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠣᠯᠵᠤ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠠᠴᠠ ᠬᠠᠮᠲᠤ ᠪᠠᠷ ᠪᠠᠶᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠤᠷᠰᠢᠭᠰᠠᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠬᠠᠷᠢᠶᠠᠯᠠᠭᠳᠠᠨ᠎ᠠ᠃ ᠰᠠᠭᠤᠷᠢᠨ ᠭᠠᠵᠠᠷ ᠤᠨ ᠳᠣᠲᠣᠷ᠎ᠠ ᠲᠠᠩ ᠲᠠᠯᠠᠰᠲᠤ ᠶᠢᠨ ᠦᠢᠯᠡᠳᠪᠦᠷᠢᠯᠡᠯ ᠤᠨ ᠠᠵᠢᠯ ᠳᠤ ᠬᠡᠷᠡᠭᠰᠡᠬᠦ ᠪᠥᠬᠦ ᠲᠥᠬᠦᠭᠡᠷᠦᠮᠵᠢ ᠲᠠᠢ᠂ ᠡᠭᠦᠨ ᠳᠤ ᠲᠠᠩ ᠲᠠᠯᠠᠰᠲᠤ ᠶᠢᠨ ᠵᠤᠤᠬ᠎ᠠ᠂ ᠲᠠᠰᠤᠯᠬᠤ ᠮᠠᠰᠢᠨ᠂ ᠳᠥᠷᠪᠡᠯᠵᠢᠨ ᠵᠦᠰᠦᠬᠦ ᠮᠠᠰᠢᠨ᠂ ᠲᠡᠭᠡᠷᠮ᠎ᠡ ᠶᠢᠨ ᠥᠨᠴᠥᠭ ᠤᠨ ᠲᠣᠩᠭᠤᠷᠤᠭᠤᠯᠬᠤ ᠮᠠᠰᠢᠨ ᠵᠢᠴᠢ ᠵᠦᠰᠦᠬᠦ ᠮᠠᠰᠢᠨ ᠤᠭᠰᠠᠷᠠᠵᠤ᠂ ᠲᠠᠩ ᠲᠠᠯᠠᠰᠲᠤ ᠶᠢᠨ ᠦᠢᠯᠡᠳᠪᠦᠷᠢᠯᠡᠯ ᠤᠨ ᠪᠥᠬᠦ ᠭᠢᠨᠵᠢᠲᠦ ᠠᠵᠢᠯ ᠤᠨ ᠪᠣᠳᠠᠲᠠᠢ ᠪᠣᠯᠪᠠᠰᠤᠷᠠᠭᠤᠯᠤᠯᠲᠠ ᠶᠢ ᠪᠡᠶᠡᠯᠡᠭᠦᠯᠵᠦ ᠳᠡᠶᠢᠯᠦᠨ᠎ᠡ᠃      2 ᠰᠠᠷ᠎ᠠ ᠶᠢᠨ 23 ᠤ ᠡᠳᠦᠷ᠂ ᠪᠤᠭᠤᠲᠤ ᠬᠤᠲᠠ ᠶᠢᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠵᠧᠩ ᠰᠢᠶᠠᠩ ᠲᠡᠯᠡᠶ ᠲᠠᠩᠭᠢᠰ ᠤᠨ ᠴᠡᠴᠡᠷᠯᠢᠭ ᠲᠤ ᠪᠠᠶᠢᠭᠤᠯᠤᠭᠳᠠᠪᠠ᠃      2 ᠰᠠᠷ᠎ᠠ ᠶᠢᠨ 24 ᠤ ᠡᠳᠦᠷ᠂ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︵ᠪᠣᠯᠪᠠᠰᠤᠷᠠᠭᠤᠯᠬᠤ ᠠᠷᠠᠯᠵᠢᠶ᠎ᠠ︶ ᠲᠠᠨᠢᠯᠴᠠᠭᠤᠯᠬᠤ ᠬᠤᠷᠠᠯ ᠱᠠᠨᠳᠦ᠋ᠩ ᠮᠤᠵᠢ  ᠶᠢᠨ ᠶᠠᠨᠲᠠᠢ ᠬᠤᠲᠠ ᠳᠤ ᠬᠤᠷᠠᠯᠳᠤᠵᠦ᠂ ᠡᠨᠡ ᠪᠣᠯ ᠴᠢᠩᠱᠠᠨ ᠲᠣᠭᠤᠷᠢᠭ ᠤᠨ ᠠᠩᠬᠠᠳᠠᠭᠴᠢ ᠤᠳᠠᠭᠠᠨ ᠤ ᠭᠠᠳᠠᠨ᠎ᠠ ᠭᠠᠵᠠᠷ ᠲᠤ ᠬᠢᠭᠰᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠬᠤ ᠬᠤᠷᠠᠯ ᠪᠣᠯᠣᠨ᠎ᠠ᠃      2 ᠰᠠᠷ᠎ᠠ ᠶᠢᠨ 27 ᠤ ᠡᠳᠦᠷ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠤᠭᠳᠠᠵᠤ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠳᠠᠰᠢ ᠥᠷᠭᠡᠵᠢᠭᠰᠡᠨ ᠢ ᠬᠠᠷᠠᠭᠤᠯᠵᠦ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号