ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠲᠠᠪᠦᠷᠢᠵᠢᠭᠤᠯᠵᠦ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠵᠠᠷᠴᠢᠮ ᠢ ᠪᠠᠷᠢᠮᠲᠠᠯᠠᠬᠤ ᠶᠢᠨ ᠲᠦᠯᠦᠭᠡ᠂ | ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠤᠭᠤᠷᠢᠭ ᠤᠨ ᠣᠷᠣᠨ | ᠲᠤᠭ᠎ᠠ ᠶᠢᠨ ᠠᠯᠪᠠᠨ ᠭᠡᠷ ᠲᠠᠢ ᠬᠠᠮᠵᠢᠯᠴᠠᠨ ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ ᠶᠢ ᠵᠣᠬᠢᠶᠠᠨ | ᠪᠠᠶᠢᠭᠤᠯᠤᠨ ︽ᠡᠭᠦᠷᠭᠡ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ ᠴᠤᠪᠤᠷᠠᠯ ᠢ | ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠨᠢᠭᠡ ᠶᠢ ᠳᠤᠷᠤᠭᠰᠢ | ᠪᠠᠭᠤᠯᠭᠠᠵᠦ ᠭᠤᠷᠪᠠ ᠶᠢ ᠪᠠᠭᠠᠰᠬᠠᠬᠤ︾ ︵ᠬᠡᠷᠡᠭ ᠶᠠᠪᠤᠳᠠᠯ ᠢ ᠳᠣᠷᠣᠭᠰᠢ ᠪᠠᠭᠤᠯᠭᠠᠬᠤ ᠵᠢᠴᠢ ᠮᠠᠲ᠋ᠧᠷᠢᠶᠠᠯ ᠢ | ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ︶ ᠪᠠᠷ ᠳᠠᠮᠵᠢᠭᠤᠯᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢᠨ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ | ᠬᠠᠮᠲᠤ ᠶᠢᠨ ᠴᠢᠷᠮᠠᠶᠢᠯᠭ᠎ᠠ ᠪᠠᠷ᠂ ︽ᠬᠤᠶᠠᠷ ᠰᠢᠯᠢᠳᠡᠭ︾ ᠲᠤᠰᠬᠠᠢ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠪᠠ᠃ | ᠭᠠᠳᠠᠭᠠᠳᠤ ᠬᠡᠷᠡᠭ ᠶᠠᠪᠤᠳᠠᠯ ᠤᠨ ︽ᠨᠢᠭᠡ ᠶᠢ ᠳᠤᠷᠤᠭᠰᠢ ᠪᠠᠭᠤᠯᠭᠠᠵᠦ ᠭᠤᠷᠪᠠ ᠶᠢ ᠪᠠᠭᠠᠰᠬᠠᠬᠤ︾ ᠪᠠᠶᠢᠳᠠᠯ | ᠮᠠᠨ ᠤ ᠲᠤᠭᠤᠷᠢᠭ ᠤᠨ ᠭᠠᠳᠠᠨᠠᠬᠢ ᠬᠡᠷᠡᠭ ᠶᠠᠪᠤᠳᠠᠯ ᠤᠨ ᠰᠠᠭᠤᠷᠢ ᠲᠤᠭ᠎ᠠ 1119 ᠵᠦᠢᠯ ᠪᠠᠶᠢᠵᠤ᠂ ᠨᠡᠶᠢᠲᠡ | 28 ᠰᠠᠯᠠᠭ᠎ᠠ ᠮᠥᠴᠢᠷ ᠲᠤ ᠬᠤᠯᠪᠤᠭᠳᠠᠬᠤ 490 ᠵᠦᠢᠯᠡᠰ ᠲᠤ ︽ᠨᠢᠭᠡ ᠶᠢ ᠳᠤᠷᠤᠭᠰᠢ ᠪᠠᠭᠤᠯᠭᠠᠵᠦ ᠭᠤᠷᠪᠠ ᠶᠢ | ᠪᠠᠭᠠᠰᠬᠠᠬᠤ︾ ᠠᠵᠢᠯ ᠬᠢᠵᠡᠢ᠂ ᠡᠭᠦᠨ ᠳᠤ᠄ 51 ᠵᠦᠢᠯᠡᠰ ᠢ ᠵᠡᠭᠡᠯᠢ ᠪᠠᠯᠭᠠᠰᠤ᠂ ᠨᠡᠶᠢᠭᠡᠮ ᠲᠣᠭᠤᠷᠢᠭ ᠲᠤ | ᠰᠢᠯᠵᠢᠭᠦᠯᠦᠨ ᠭᠦᠢᠴᠡᠳᠬᠡᠨ᠎ᠡ︔ 439 ᠵᠦᠢᠯ ᠤᠨ ᠬᠡᠷᠡᠭ ᠡᠷᠬᠢᠯᠡᠬᠦ ᠮᠠᠲ᠋ᠧᠷᠢᠶᠠᠯ᠂ ᠭᠤᠭᠴᠤᠭ᠎ᠠ ᠵᠢᠴᠢ ᠴᠠᠭ ᠤᠨ | ᠬᠢᠵᠠᠭᠠᠷ ᠢ ᠴᠣᠮᠬᠠᠳᠬᠠᠬᠤ ᠶᠢ ᠪᠡᠶᠡᠯᠡᠭᠦᠯᠪᠡ᠃ ᠬᠠᠮᠤᠭ ᠡᠴᠦᠰ ᠤᠨ ᠴᠣᠮᠬᠠᠳᠬᠠᠭᠰᠠᠨ ᠦᠷ᠎ᠡ ᠪᠦᠲᠦᠭᠡᠯ᠄ | ᠮᠠᠲ᠋ᠧᠷᠢᠶᠠᠯ ᠢ ᠴᠣᠮᠬᠠᠳᠬᠠᠬᠤ ᠴᠢᠬᠤᠯᠠ ᠨᠥᠬᠦᠴᠡᠯ 191 ᠬᠤᠪᠢ ᠪᠠᠶᠢᠵᠤ᠂ ︽ᠬᠤᠶᠠᠷ ᠰᠢᠯᠢᠳᠡᠭ︾ ᠲᠤᠰᠬᠠᠢ | ᠠᠵᠢᠯᠯᠠᠭ᠎ᠠ ᠶᠢᠨ ᠡᠮᠦᠨᠡᠬᠢ ᠠᠴᠠ 35.4% ᠪᠠᠷ ᠪᠠᠭᠠᠰᠪᠠ︔ ᠬᠡᠷᠡᠭ ᠡᠷᠬᠢᠯᠡᠬᠦ ᠵᠠᠩᠭᠢᠯᠠᠭ᠎ᠠ ᠶᠢᠨ ᠲᠤᠭ᠎ᠠ ᠶᠢ 196 | ᠳᠥᠭᠦᠮᠴᠢᠯᠡᠵᠦ᠂ ︽ᠬᠤᠶᠠᠷ ᠰᠢᠯᠢᠳᠡᠭ︾ ᠲᠤᠰᠬᠠᠢ ᠠᠵᠢᠯᠯᠠᠭ᠎ᠠ ᠶᠢᠨ ᠡᠮᠦᠨᠡᠬᠢ ᠠᠴᠠ 45.1% ᠪᠠᠷ ᠪᠠᠭᠠᠰᠪᠠ︔ | ᠰᠢᠢᠳᠪᠦᠷᠢᠯᠡᠬᠦ ᠴᠠᠭ ᠤᠨ ᠬᠢᠵᠠᠭᠠᠷ ᠢ 6992 ᠠᠵᠢᠯ ᠤᠨ ᠡᠳᠦᠷ ᠠᠪᠴᠢᠭᠤᠯᠵᠦ᠂ ︽ᠬᠤᠶᠠᠷ ᠰᠢᠯᠢᠳᠡᠭ︾ ᠲᠤᠰᠬᠠᠢ | ᠠᠵᠢᠯᠯᠠᠭ᠎ᠠ ᠶᠢᠨ ᠡᠮᠦᠨᠡᠬᠢ ᠠᠴᠠ 82.2% ᠢᠶᠠᠷ ᠪᠠᠭᠠᠰᠪᠠ᠃ ᠬᠤᠯᠪᠣᠭᠳᠠᠯ ᠪᠦᠬᠦᠢ ᠦᠷ᠎ᠡ ᠪᠦᠲᠦᠭᠡᠯ ᠢ ᠨᠢᠭᠡᠨᠲᠡ | ᠵᠠᠰᠠᠭ ᠤᠨ ᠣᠷᠳᠣᠨ ᠤ ᠰᠦᠯᠵᠢᠶ᠎ᠡ ᠶᠢᠨ ᠲᠤᠰᠬᠠᠢ ᠪᠤᠯᠤᠩ ᠳᠤ ᠨᠡᠶᠢᠲᠡᠯᠡᠪᠡ᠃ | ᠳᠣᠲᠣᠭᠠᠳᠤ ᠶᠢᠨ ᠬᠡᠷᠡᠭ ᠶᠠᠪᠤᠳᠠᠯ ᠤᠨ ︽ᠨᠢᠭᠡ ᠶᠢ ᠳᠤᠷᠤᠭᠰᠢ ᠪᠠᠭᠤᠯᠭᠠᠵᠦ ᠭᠤᠷᠪᠠ ᠶᠢ ᠪᠠᠭᠠᠰᠬᠠᠬᠤ︾ | ᠪᠠᠶᠢᠳᠠᠯ | ᠮᠠᠨ ᠤ ᠲᠤᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠳᠤ ᠴᠥᠮ ᠳᠣᠲᠣᠭᠠᠳᠤ ᠶᠢᠨ ᠵᠦᠢᠯᠡᠰ ᠣᠷᠣᠰᠢᠵᠤ᠂ ᠨᠡᠶᠢᠲᠡ 58 ᠡᠮᠬᠢᠯᠡᠨ ᠭᠠᠷᠭᠠᠪᠠ᠂ | ᠡᠭᠦᠨ ᠳᠤ᠄ 28 ᠵᠦᠢᠯᠡᠰ ᠢ ᠴᠣᠮᠬᠠᠳᠬᠠᠵᠤ᠂ 5 ᠵᠦᠢᠯᠡᠰ ᠢ ᠳᠣᠷᠣᠭᠰᠢ ᠪᠠᠭᠤᠯᠭᠠᠨ᠎ᠠ᠃ ᠰᠢᠢᠳᠪᠦᠷᠢᠯᠡᠬᠦ | ᠭᠤᠭᠴᠤᠭ᠎ᠠ ᠶᠢ 23 ᠴᠣᠮᠬᠠᠳᠬᠠᠵᠤ᠂ ᠭᠤᠭᠴᠤᠭ᠎ᠠ ᠶᠢ ᠴᠣᠮᠬᠠᠳᠬᠠᠭᠰᠠᠨ ᠨᠤᠷᠮ᠎ᠠ ᠶᠢ 43.4% ᠪᠠᠷ | ᠴᠣᠮᠬᠠᠳᠬᠠᠪᠠ︔ ᠭᠤᠶᠤᠴᠢᠯᠠᠯ ᠤᠨ ᠮᠠᠲ᠋ᠧᠷᠢᠶᠠᠯ ᠢ 22 ᠬᠤᠪᠢ ᠴᠣᠮᠬᠠᠳᠬᠠᠵᠤ᠂ ᠮᠠᠲ᠋ᠧᠷᠢᠶᠠᠯ ᠢ ᠴᠣᠮᠬᠠᠳᠬᠠᠭᠰᠠᠨ | ᠨᠤᠷᠮ᠎ᠠ ᠨᠢ 73.3% ᠳᠤ ᠬᠦᠷᠴᠡᠢ︔ ᠭᠦᠢᠴᠡᠳᠬᠡᠬᠦ ᠴᠠᠭ ᠤᠨ ᠬᠢᠵᠠᠭᠠᠷ ᠢ 678 ᠠᠵᠢᠯ ᠤᠨ ᠡᠳᠦᠷ | ᠴᠣᠮᠬᠠᠳᠬᠠᠵᠤ᠂ ᠴᠠᠭ ᠤᠨ ᠬᠢᠵᠠᠭᠠᠷ ᠢ ᠴᠣᠮᠬᠠᠳᠬᠠᠭᠰᠠᠨ ᠨᠣᠷᠮ᠎ᠠ 50.5%᠃ | ᠲᠠᠷᠠᠭᠠᠴᠢ ᠶᠢᠨ ᠠᠯᠬᠤᠮ ᠳᠤ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠠᠰᠤᠷᠠᠯᠲᠠ ᠦᠭᠡᠢ | ᠪᠠᠷᠢᠮᠲᠠᠯᠠᠵᠤ᠂ ᠠᠵᠤ ᠠᠬᠤᠶᠢᠯᠠᠯ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠰᠢᠢᠳᠪᠦᠷᠢᠯᠡᠬᠦ ᠰᠡᠳᠬᠢᠬᠦᠢ ᠪᠠᠷ ᠬᠦᠴᠢᠷ ᠠᠰᠠᠭᠤᠳᠠᠯ ᠢ | ᠰᠢᠢᠳᠪᠦᠷᠢᠯᠡᠵᠦ᠂ ᠠᠵᠤ ᠠᠬᠤᠶᠢᠯᠠᠯ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ |