1—4 ᠳ᠋ᠤᠭᠡᠷ ᠰᠠᠷ᠎ᠠ ᠳᠤ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠣᠭᠲᠠᠭᠤᠨ ᠢᠶᠠᠷ ᠠᠵᠢᠯᠯᠠᠵᠤ ᠪᠣᠶ
ᠨᠡᠶᠢᠲᠡᠯᠡᠭᠰᠡᠨ ᠴᠠᠭ᠄
2023/5/23
      1—4 ᠳ᠋ᠤᠭᠡᠷ ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠰᠦᠯᠵᠢᠶ᠎ᠡ ᠪᠠᠷ ᠰᠢᠭᠤᠳ ᠮᠡᠳᠡᠭᠦᠯᠬᠦ ᠳᠤ ᠴᠠᠬᠢᠯᠭᠠᠨ ᠬᠠᠩᠭᠠᠬᠤ ᠶᠢ ᠪᠠᠭᠲᠠᠭᠠᠨ᠎ᠠ︶ ᠤᠨ ᠪᠡᠶᠡᠯᠡᠭᠦᠯᠦᠭᠰᠡᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.7%  ᠪᠠᠷ ᠪᠠᠭᠤᠷᠠᠵᠤ᠂ ᠲᠦᠷᠦᠭᠦᠸ ᠰᠠᠷ᠎ᠠ ᠶᠢᠨ ᠬᠢ ᠲᠠᠢ ᠲᠡᠩᠴᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.5% ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ 0.5 ᠵᠠᠭᠤᠨ ᠤ ᠨᠢᠭᠡᠴᠢ ᠳᠡᠭᠡᠭᠰᠢᠯᠡᠵᠡᠢ᠃      ᠬᠤᠶᠠᠷ ᠶᠡᠭᠡ ᠲᠦᠷᠦᠯ ᠠᠴᠠ ᠠᠪᠴᠤ ᠦᠵᠡᠪᠡᠯ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠰᠦᠯᠵᠢᠶ᠎ᠡ ᠪᠠᠷ ᠰᠢᠭᠤᠳ ᠮᠡᠳᠡᠭᠦᠯᠬᠦ ᠳᠤ ᠴᠠᠬᠢᠯᠭᠠᠨ ᠬᠠᠩᠭᠠᠬᠤ ᠶᠢ ᠪᠠᠭᠲᠠᠭᠠᠨ᠎ᠠ︶ ᠶᠢᠨ ᠦᠢᠯᠡᠳᠬᠦ ᠦᠢᠯᠡᠰ ᠤᠨ ᠪᠡᠶᠡᠯᠡᠭᠦᠯᠦᠭᠰᠡᠨ ᠦᠢᠯᠡᠳᠬᠦᠨ ᠤ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 21.8% ᠢᠶᠠᠷ ᠪᠠᠭᠤᠷᠠᠵᠠᠢ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠶᠡᠯᠡᠭᠦᠯᠦᠭᠰᠡᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 21.5% ᠪᠠᠷ ᠨᠡᠮᠡᠭᠳᠡᠪᠡ᠃     ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠰᠦᠯᠵᠢᠶ᠎ᠡ ᠪᠠᠷ ᠰᠢᠭᠤᠳ ᠮᠡᠳᠡᠭᠦᠯᠬᠦ ᠳᠤ ᠴᠠᠬᠢᠯᠭᠠᠨ ᠬᠠᠩᠭᠠᠬᠤ ᠶᠢ ᠪᠠᠭᠲᠠᠭᠠᠨ᠎ᠠ︶ ᠳᠤ ︽4 ᠡᠶᠡᠷᠬᠦ 9 ᠰᠥᠭᠡᠷᠭᠦ︾ ᠪᠠᠶᠢᠳᠠᠯ ᠢᠯᠡᠷᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠢᠳᠡᠭᠡᠨ ᠦᠢᠯᠡᠳᠬᠦ ᠦᠢᠯᠡᠰ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠭᠤᠮ ᠪᠠ ᠰᠦᠯᠢᠶᠥᠦ ᠪᠦᠲᠦᠭᠡᠭᠳᠡᠬᠦᠨ ᠤ ᠦᠢᠯᠡᠰ ᠤᠨ ᠡᠶᠡᠷᠭᠦ ᠨᠡᠮᠡᠭᠳᠡᠯ ᠢ ᠪᠡᠶᠡᠯᠡᠭᠦᠯᠵᠦ᠂ ᠡᠭᠦᠨ ᠳᠤ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠬᠠᠮᠤᠭ ᠤᠨ ᠶᠡᠭᠡ ᠪᠠᠷ ᠳᠠᠶᠢᠴᠢᠯᠠᠭᠰᠠᠨ ᠠᠵᠢᠯ ᠲᠥᠷᠥᠯ ᠪᠣᠯ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ 1—4 ᠳ᠋ᠤᠭᠡᠷ ᠰᠠᠷ᠎ᠠ ᠳᠤ ᠦᠢᠯᠡᠳᠬᠦᠨ ᠤ ᠥᠷᠲᠡᠭ ᠤᠨ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠬᠦ ᠶᠢ ᠪᠡᠶᠡᠯᠡᠭᠦᠯᠵᠦ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 7.9 ᠵᠠᠭᠤᠨ ᠤ ᠨᠢᠭᠡᠴᠢ ᠨᠡᠮᠡᠭᠳᠡᠭᠦᠯᠬᠦ ᠶᠢ ᠳᠠᠶᠢᠴᠢᠯᠠᠪᠠ︔ ᠪᠤᠰᠤᠳ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ  ᠪᠠᠭᠤᠷᠠᠵᠦ᠂ ᠡᠭᠦᠨ ᠳᠤ ᠳᠣᠷᠣᠭᠰᠢ ᠲᠠᠲᠠᠭᠰᠠᠨ ᠭᠤᠣᠯ ᠪᠣᠯᠬᠤ ᠠᠵᠢᠯ ᠲᠥᠷᠥᠯ ᠪᠣᠯ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ᠂ 1—4 ᠳ᠋ᠤᠭᠡᠷ ᠰᠠᠷ᠎ᠠ ᠳᠤ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠶᠢᠲᠡ 27.4% ᠪᠠᠭᠤᠷᠠᠵᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 8.8 ᠵᠠᠭᠤᠨ ᠤ ᠨᠢᠭᠡᠴᠢ ᠳᠤᠷᠤᠭᠰᠢ ᠲᠠᠲᠠᠪᠠ᠃     ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ 6 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 2 ᠵᠦᠢᠯ ᠤᠨ ᠦᠢᠯᠡᠳᠬᠦᠨ ᠤ ᠭᠠᠷᠤᠯᠲᠠ ᠨᠡᠮᠡᠭᠳᠡᠪᠡ᠃ ᠡᠭᠦᠨ ᠳᠤ᠂ ᠥᠭᠡᠷᠡᠴᠢᠯᠡᠨ ᠤᠭᠰᠠᠷᠠᠭᠰᠠᠨ ᠮᠠᠰᠢᠨ ᠲᠡᠷᠭᠡ ᠶᠢ 61.5% ᠨᠡᠮᠡᠭᠳᠡᠵᠦ᠂ ᠰᠢᠩᠭᠡᠨ ᠪᠡᠶᠡᠲᠦ ᠰᠦ᠋ ᠶᠢ 12.9% ᠪᠠᠷ ᠨᠡᠮᠡᠭᠳᠡᠪᠡ︔ ᠴᠢᠳᠬᠤᠮᠠᠯ ᠲᠡᠮᠦᠷ ᠲᠤᠨᠤᠭ 30.7% ᠪᠠᠷ ᠪᠠᠭᠤᠷᠠᠵᠦ᠂ ᠲᠠᠩ ᠲᠠᠯᠠᠰᠲᠤ ᠴᠠᠬᠢᠭᠤᠷ 18.8% ᠪᠠᠷ ᠪᠠᠭᠤᠷᠠᠵᠦ᠂ ᠪᠤᠯᠭᠤᠭᠰᠠᠨ ᠮᠢᠬᠠᠨ ᠤ ᠪᠦᠲᠦᠭᠡᠭᠳᠡᠬᠦᠨ 11.3% ᠪᠠᠷ ᠪᠠᠭᠤᠷᠠᠵᠦ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠳ᠋ ᠤᠨ ᠪᠦᠲᠦᠭᠡᠭᠳᠡᠬᠦᠨ 7.9% ᠪᠠᠭᠤᠷᠠᠪᠠ᠃     ᠠᠵᠤ ᠠᠬᠤᠶᠢᠯᠠᠯ ᠤᠨ ᠦᠷ᠎ᠡ ᠠᠰᠢᠭ ᠠᠴᠠ ᠦᠵᠡᠪᠡᠯ᠂ 1— 3 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠰᠦᠯᠵᠢᠶ᠎ᠡ ᠪᠠᠷ ᠰᠢᠭᠤᠳ ᠮᠡᠳᠡᠭᠦᠯᠬᠦ ᠳᠤ ᠴᠠᠬᠢᠯᠭᠠᠨ ᠬᠠᠩᠭᠠᠬᠤ ᠶᠢ ᠪᠠᠭᠲᠠᠭᠠᠨ᠎ᠠ︶ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 22.5% ᠪᠠᠷ ᠪᠠᠭᠤᠷᠠᠪᠠ︔ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 46.6% ᠪᠠᠷ ᠪᠠᠭᠤᠷᠠᠵᠤ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠴᠠᠬᠢᠯᠭᠠᠨ ᠬᠦᠴᠦᠨ ᠪᠠ ᠬᠡᠷᠡᠯ ᠴᠡᠨᠡᠭ ᠤᠨ ᠦᠢᠯᠡᠳᠬᠦ ᠦᠢᠯᠡᠰ ᠵᠡᠷᠭᠡ ᠭᠤᠷᠪᠠᠨ ᠶᠡᠭᠡ ᠭᠤᠣᠯᠳᠠᠯᠭ᠎ᠠ ᠲᠠᠢ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 47.8% ᠪᠠᠷ ᠪᠠᠭᠤᠷᠠᠪᠠ᠃ ᠡᠭᠦᠨ ᠠᠴᠠ ᠭᠠᠳᠠᠨ᠎ᠠ᠂ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 4.3 ᠵᠠᠭᠤᠨ ᠤ ᠨᠢᠭᠡᠴᠢ ᠪᠠᠭᠤᠷᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号