ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠦᠷᠭᠦᠯᠵᠢᠯᠡᠨ ᠲᠣᠭᠲᠠᠭᠤᠨ ᠪᠤᠢ | 1—4 ᠳ᠋ᠤᠭᠡᠷ ᠰᠠᠷ᠎ᠠ ᠳᠤ᠂ ᠴᠢᠩᠱᠠᠨ ᠲᠣᠭᠤᠷᠢᠭ ᠤᠨ ᠲᠣᠭᠲᠠᠮᠠᠯ ᠬᠥᠷᠥᠩᠭᠡ ︵ᠲᠠᠷᠢᠶᠠᠴᠢᠨ ᠡᠷᠦᠬᠡ | ᠪᠠᠭᠲᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 24.4% ᠨᠡᠮᠡᠭᠳᠡᠵᠡᠢ᠃ ᠪᠦᠲᠦᠴᠡ ᠠᠴᠠ ᠨᠢ ᠦᠵᠡᠪᠡᠯ᠂ | 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ | ᠳᠠᠶᠢᠴᠢᠯᠠᠯᠲᠠ ᠬᠦᠴᠦᠲᠡᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 76.6% ᠪᠠᠷ ᠨᠡᠮᠡᠭᠳᠡᠨ᠂ ᠪᠥᠬᠦ ᠪᠡᠯᠡ | ᠣᠷᠣᠭᠤᠯᠤᠯᠲᠠ ᠶᠢᠨ ᠨᠡᠮᠡᠭᠳᠡᠯ ᠢ 49.5 ᠵᠠᠭᠤᠨ ᠤ ᠨᠢᠭᠡᠴᠢ ᠳᠠᠶᠢᠴᠢᠯᠠᠪᠠ︔ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 70. | 9% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ 25.1 ᠵᠠᠭᠤᠨ ᠤ ᠨᠢᠭᠡᠴᠢ ᠳᠣᠷᠣᠭᠰᠢ ᠲᠠᠲᠠᠪᠠ᠃ | ᠬᠤᠶᠠᠷ᠂ ᠭᠤᠷᠪᠠᠨ ᠠᠵᠤ ᠦᠢᠯᠡᠰ ᠤᠨ ᠪᠡᠯᠡ ᠣᠷᠣᠭᠤᠯᠤᠯᠲᠠ ︽ᠨᠢᠭᠡ ᠡᠶᠡᠷᠬᠦ ᠬᠤᠶᠠᠷ ᠰᠦᠬᠡᠷᠬᠦ︾ | ᠬᠠᠨᠳᠤᠰᠢ ᠲᠠᠢ ᠪᠣᠯᠪᠠ | ᠣᠶ ᠮᠣᠳᠣᠨ ᠤ ᠡᠵᠡᠩᠨᠡᠯᠲᠡ ᠪᠠ ᠬᠠᠮᠢᠶᠠᠷᠤᠯᠲᠠ ᠬᠠᠮᠠᠭᠠᠯᠠᠯᠲᠠ ᠪᠠᠷ ᠭᠤᠣᠯ ᠠᠵᠢᠯ ᠲᠥᠷᠥᠯ ᠪᠣᠯᠭᠠᠭᠰᠠᠨ | ᠲᠥᠷᠥᠯ ᠵᠦᠢᠯ ᠤᠨ ᠳᠠᠶᠢᠴᠢᠯᠠᠯᠲᠠ ᠬᠦᠷᠦᠯᠴᠡᠬᠦ ᠦᠭᠡᠢ ᠪᠠᠶᠢᠵᠤ᠂ ᠨᠢᠭᠡᠳᠦᠭᠡᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 97.4% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢᠨ | 0.1% ᠬᠤᠪᠢ ᠶᠢᠨ ᠵᠢᠩ ᠡᠵᠡᠯᠡᠵᠦ᠂ ᠪᠥᠬᠦ ᠪᠡᠯᠡ ᠣᠷᠣᠭᠤᠯᠤᠯᠲᠠ ᠶᠢ 3.1 ᠵᠠᠭᠤᠨ ᠤ ᠨᠢᠭᠡᠴᠢ | ᠳᠣᠷᠣᠭᠰᠢᠯᠠᠭᠤᠯᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 95.6% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 47.1 ᠵᠠᠭᠤᠨ ᠤ ᠨᠢᠭᠡᠴᠢ ᠳᠠᠶᠢᠴᠢᠯᠠᠵᠤ᠂ | ᠪᠥᠬᠦ ᠪᠡᠯᠡ ᠣᠷᠣᠭᠤᠯᠤᠯᠲᠠ ᠶᠢᠨ 77.4% ᠬᠤᠪᠢ ᠶᠢᠨ ᠵᠢᠩ ᠡᠵᠡᠯᠡᠪᠡ᠃ ᠡᠭᠦᠨ ᠳᠤ ᠦᠢᠯᠡᠳᠬᠦ ᠦᠢᠯᠡᠰ ᠤᠨ | ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠴᠢᠩᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 97.1% ᠪᠠᠷ ᠨᠡᠮᠡᠭᠳᠡᠨ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ 76.5% ᠬᠤᠪᠢ ᠶᠢᠨ | ᠵᠢᠩ ᠡᠵᠡᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 46.9 ᠵᠠᠭᠤᠨ ᠤ ᠨᠢᠭᠡᠴᠢ ᠳᠠᠶᠢᠴᠢᠯᠠᠪᠠ︔ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ | ᠪᠠᠭᠤᠷᠠᠯᠲᠠ ᠶᠢᠨ ᠨᠥᠯᠥᠭᠡ ᠠᠴᠠ ᠪᠣᠯᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ | ᠪᠠᠭᠤᠷᠠᠬᠤ ᠬᠠᠨᠳᠤᠰᠢ ᠦᠷᠭᠦᠯᠵᠢᠯᠡᠨ᠂ ᠠᠳᠠᠯᠢ ᠬᠤᠭᠤᠴᠠᠭᠠᠨ ᠤ ᠬᠢ ᠠᠴᠠ 41.1% ᠪᠠᠷ ᠪᠠᠭᠤᠷᠠᠵᠤ᠂ ᠪᠥᠬᠦ ᠪᠡᠯᠡ | ᠣᠷᠣᠭᠤᠯᠤᠯᠲᠠ ᠶᠢ 19.6 ᠵᠠᠭᠤᠨ ᠤ ᠨᠢᠭᠡᠴᠢ ᠪᠠᠭᠤᠷᠠᠭᠤᠯᠵᠤ᠂ ᠪᠥᠬᠦ ᠪᠡᠯᠡ ᠣᠷᠣᠭᠤᠯᠤᠯᠲᠠ ᠶᠢᠨ 22.5% ᠶᠢ | ᠡᠵᠡᠯᠡᠪᠡ᠃ | ᠭᠤᠷᠪᠠ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ | ᠦᠢᠯᠡᠳᠦᠯ ᠴᠢᠩᠭ᠎ᠠ | ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2. | 3 ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 58.1% ᠬᠤᠪᠢ ᠶᠢᠨ ᠵᠢᠩ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 36.5 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠲᠤᠭᠤᠷᠢᠭ ᠤᠨ ᠪᠡᠯᠡ | ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 207.2% ᠲᠤ ᠬᠦᠷᠴᠦ᠂ ᠪᠥᠬᠦ ᠪᠡᠯᠡ | ᠣᠷᠣᠭᠤᠯᠤᠯᠲᠠ ᠶᠢᠨ ᠨᠡᠮᠡᠭᠳᠡᠯ ᠢ 50.6 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ ᠭᠤᠣᠯᠳᠠᠭᠤ ᠴᠠᠬᠢᠯᠭᠠᠨ ᠤ | ᠮᠧᠬᠠᠨᠢᠭ ᠪᠠ ᠪᠠᠭᠠᠵᠢ ᠬᠡᠷᠡᠭᠰᠡᠯ᠂ ᠺᠣᠮᠫᠢᠦ᠋ᠲ᠋ᠧᠷ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ | ᠵᠡᠷᠭᠡ ᠦᠢᠯᠡᠳᠬᠦ ᠠᠵᠢᠯ ᠲᠦᠷᠦᠯ ᠤᠨ ᠵᠦᠢᠯᠡᠰ ᠢᠶᠠᠷ ᠬᠦᠴᠦᠲᠡᠢ ᠲᠠᠶᠢᠴᠢᠯᠠᠵᠤ᠂ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ 2.2 ᠲᠠᠬᠢᠨ ᠢᠶᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ 55.1% | ᠬᠤᠪᠢ ᠶᠢᠨ ᠵᠢᠩ ᠡᠵᠡᠯᠡᠪᠡ︔ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡᠨ ᠤ ᠠᠵᠢᠯ ᠲᠥᠷᠥᠯ ᠤᠨ ᠲᠥᠷᠥᠯ ᠵᠦᠢᠯ ᠤᠨ ᠳᠠᠭᠠᠭᠤᠯᠤᠯ ᠳᠣᠣᠷ᠎ᠠ᠂ ᠳᠡᠭᠡᠳᠦ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠴᠡᠪᠡᠷ ᠨᠡᠮᠡᠭᠳᠡᠯ ᠨᠢ ᠪᠥᠬᠦ ᠪᠡᠯᠡ | ᠣᠷᠣᠭᠤᠯᠤᠯᠲᠠ ᠶᠢᠨ 3.0% ᠶᠢ ᠡᠵᠡᠯᠡᠵᠦ ᠪᠠᠶᠢᠨ᠎ᠠ᠃ | ᠳᠥᠷᠪᠡ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠪᠠ | ᠪᠣᠷᠤᠯᠠᠭᠤᠯᠭ᠎ᠠ ᠶᠢᠨ ᠪᠠᠭᠤᠷᠠᠯᠲᠠ ᠶᠢᠨ ᠬᠡᠮᠵᠢᠶ᠎ᠡ ᠡᠳᠦᠢ ᠲᠡᠳᠦᠢ ᠪᠠᠭᠠᠰᠪᠠ | ᠬᠤᠷᠸ᠎ᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠨᠥᠯᠥᠭᠡ ᠠᠴᠠ ᠪᠣᠯᠵᠤ᠂ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠳᠠᠬᠢᠨ ᠳᠡᠭᠡᠭᠰᠢᠯᠡᠬᠦ ᠳᠤ ᠪᠠᠰᠠ ᠴᠠᠭ ᠬᠡᠷᠡᠭᠰᠡᠨ᠎ᠡ᠃ 4 ᠳ᠋ᠤᠭᠡᠷ ᠰᠠᠷ᠎ᠠ | ᠪᠣᠯᠲᠠᠯ᠎ᠠ᠂ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ | ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 70.9% ᠪᠠᠷ ᠪᠠᠭᠤᠷᠠᠵᠤ᠂ 1 — | 3 ᠳ᠋ᠤᠭᠠᠷ ᠰᠠᠷ᠎ᠠ ᠶᠢᠨ ᠬᠢ ᠠᠴᠠ 7.7 ᠵᠠᠭᠤᠨ ᠤ ᠨᠢᠭᠡᠴᠢ ᠪᠠᠭᠠᠰᠤᠭᠰᠠᠨ ᠪᠠᠶᠢᠨ᠎ᠠ᠃ ᠲᠠᠸᠠᠷ ᠤᠨ ᠭᠡᠷ ᠪᠠᠶᠢᠰᠢᠩ ᠤᠨ | ᠪᠣᠷᠣᠯᠠᠭᠤᠯᠤᠯᠲᠠ ᠶᠢᠨ ᠲᠠᠯᠠᠪᠠᠶ 11.6 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 27.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 3 ᠳ᠋ᠤᠭᠠᠷ | ᠰᠠᠷ᠎ᠠ ᠶᠢᠨ ᠬᠢ ᠠᠴᠠ 5.5 ᠵᠠᠭᠤᠨ ᠤ ᠨᠢᠭᠡᠴᠢ ᠪᠠᠭᠠᠰᠪᠠ︔ ᠪᠣᠷᠣᠯᠠᠭᠤᠯᠤᠯᠲᠠ ᠶᠢᠨ ᠬᠡᠮᠵᠢᠶ᠎ᠡ ᠠᠴᠠ ᠦᠵᠡᠪᠡᠯ᠂ | ᠨᠡᠶᠢᠲᠡ 9.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.3% ᠪᠠᠷ | ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1— 3 ᠳ᠋ᠤᠭᠠᠷ ᠰᠠᠷ᠎ᠠ ᠶᠢᠨ ᠬᠢ ᠠᠴᠠ 4.3 ᠵᠠᠭᠤᠨ ᠤ ᠨᠢᠭᠡᠴᠢ | ᠪᠠᠭᠠᠰᠴᠠᠢ᠃ | |