ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 — 2030 ᠣᠨ︶ | ᠡᠮᠦᠨᠡᠬᠢ ᠦᠭᠡ | ᠪᠠᠭᠠᠴᠤᠳ ᠬᠡᠦᠬᠡᠳ ᠪᠣᠯ ᠡᠬᠡ ᠤᠯᠤᠰ ᠤᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ | ᠢᠷᠡᠭᠡᠳᠦᠢ ᠮᠥᠨ᠃ ᠤᠳᠤ ᠦᠶ᠎ᠡ ᠶᠢᠨ ᠳᠤᠮᠳᠠᠳᠤ ᠤᠯᠤᠰ ᠤᠨ ᠪᠠᠭᠠᠴᠤᠳ ᠬᠡᠦᠬᠡᠳ ᠪᠣᠯ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠥᠩᠭᠡᠷᠡᠯᠲᠡ᠂ ᠭᠡᠷᠡᠴᠢᠯᠡᠭᠴᠢ ᠮᠥᠨ ᠪᠥᠭᠡᠳ ᠨᠡᠩ ᠴᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠰᠢᠨ᠎ᠡ ᠬᠦᠴᠦᠨ ᠮᠥᠨ᠃ ᠬᠡᠦᠬᠡᠳ ᠤᠨ ᠡᠷᠡᠭᠦᠯ ᠢᠶᠠᠷ ᠦᠰᠦᠨ | ᠪᠣᠶᠢᠵᠢᠬᠤ ᠶᠢ ᠠᠬᠢᠭᠤᠯᠵᠤ᠂ ᠤᠯᠤᠰ ᠣᠷᠣᠨ ᠤ ᠦᠷᠭᠦᠯᠵᠢᠯᠬᠦᠶᠢᠴᠡ ᠬᠥᠭᠵᠢᠯᠲᠡ ᠳᠤ ᠡᠷᠬᠢᠮ ᠨᠠᠨᠳᠢᠨ ᠡᠬᠢ | ᠪᠠᠶᠠᠯᠢᠭ ᠪᠠ ᠪᠠᠷᠠᠭᠳᠠᠰᠢ ᠦᠭᠡᠢ ᠬᠥᠳᠡᠯᠭᠡᠭᠦ ᠬᠦᠴᠦᠨ ᠢ ᠬᠠᠩᠭᠠᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ | ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ︾ ᠶᠢ ᠨᠠᠮ ᠤᠨ ᠵᠠᠰᠠᠭ | ᠶᠠᠪᠤᠭᠤᠯᠬᠤ ᠬᠥᠲᠥᠯᠪᠦᠷᠢ ᠳᠤ ᠪᠢᠴᠢᠨ ᠣᠷᠣᠭᠤᠯᠵᠤ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠴᠢᠬᠤᠯᠠ | ᠠᠭᠤᠯᠭ᠎ᠠ ᠪᠣᠯᠭᠠᠵᠤ᠂ ᠬᠡᠦᠬᠡᠳ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠡᠦᠬᠡᠳ ᠤᠨ ᠦᠢᠯᠡᠰ ᠤᠨ ᠬᠥᠭᠵᠢᠯᠲᠡ ᠳᠤ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠠᠢ᠃ | ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ | ᠠᠵᠢᠯ ᠤᠨ ᠲᠤᠬᠠᠢ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ | ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠦᠬᠡᠳ ᠢ ᠤᠷᠢᠳᠠᠪᠠᠷ | ᠪᠣᠳᠣᠯᠬᠢᠯᠠᠬᠤ ᠵᠠᠷᠴᠢᠮ ᠢ ᠪᠠᠷᠢᠮᠲᠠᠯᠠᠵᠤ᠂ ᠨᠠᠮ ᠤᠨ ᠬᠤᠷᠢᠶ᠎ᠠ ᠠᠴᠠ ᠤᠳᠤᠷᠢᠳᠬᠤ᠂ ᠵᠠᠰᠠᠭ ᠤᠨ ᠣᠷᠳᠣᠨ ᠠᠴᠠ | ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ︵ᠳᠣᠷᠣᠭᠰᠢ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠭᠡᠵᠦ ᠳᠥᠭᠦᠮᠴᠢᠯᠡᠨ᠎ᠡ︶ ᠤᠨ ᠵᠣᠬᠢᠴᠠᠭᠤᠯᠤᠭᠰᠠᠨ᠂ ᠤᠯᠠᠨ ᠰᠠᠯᠠᠭ᠎ᠠ ᠮᠥᠴᠢᠷ | ᠬᠠᠮᠲᠤᠷᠠᠯᠴᠠᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠬᠡᠦᠬᠡᠳ ᠤᠨ ᠠᠵᠢᠯ ᠤᠨ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ᠂ ᠠᠵᠢᠯ | ᠪᠠᠶᠢᠷᠢᠯᠠᠭᠤᠯᠬᠤ ᠳᠠᠭᠠᠨ ᠬᠡᠦᠬᠡᠳ ᠤᠨ ᠬᠥᠭᠵᠢᠯᠲᠡ ᠶᠢᠨ ᠡᠷᠬᠡ ᠠᠰᠢᠭ ᠢ ᠭᠦᠢᠴᠡᠳ ᠪᠠᠲᠤᠯᠠᠵᠤ᠂ ᠰᠢᠨ᠎ᠡ ᠴᠠᠭ | ᠦᠶ᠎ᠡ ᠶᠢᠨ ᠬᠡᠦᠬᠡᠳ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠲᠤᠭᠤᠷᠢᠭ ᠤᠨ ᠨᠠᠮ ᠤᠨ | ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠵᠠᠰᠠᠭ ᠤᠨ ᠣᠷᠳᠣᠨ ᠪᠤᠭᠤᠲᠤ ᠬᠤᠲᠠ ᠶᠢᠨ ᠬᠡᠦᠬᠡᠳ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠴᠢᠩᠭ᠎ᠠ ᠵᠢᠷᠤᠮᠯᠠᠨ ᠲᠣᠰ ᠣᠷᠣᠨ ᠤ ᠪᠠᠨ ᠬᠡᠦᠬᠡᠳ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠪᠥᠬᠦ ᠲᠤᠭᠤᠷᠢᠭ ᠤᠨ ᠬᠡᠦᠬᠡᠳ ᠤᠨ ᠪᠥᠬᠦ ᠲᠠᠯ᠎ᠠ ᠶᠢᠨ | ᠬᠥᠭᠵᠢᠯᠲᠡ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠬᠡᠦᠬᠡᠳ ᠤᠨ ᠡᠷᠡᠭᠦᠯ ᠮᠡᠨᠳᠦ ᠶᠢᠨ ᠬᠢᠷᠢ ᠲᠦᠪᠰᠢᠨ᠂ | ᠬᠡᠦᠬᠡᠳ ᠤᠨ ᠰᠤᠷᠭᠠᠨ ᠬᠥᠮᠦᠵᠢᠯ ᠬᠦᠷᠲᠡᠬᠦ ᠬᠢᠷᠢ ᠲᠦᠪᠰᠢᠨ᠂ ᠬᠡᠦᠬᠡᠳ ᠤᠨ ᠠᠰᠠᠷᠠᠮᠵᠢ ᠪᠠᠲᠤᠯᠠᠭ᠎ᠠ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠦᠬᠡᠳ ᠤᠨ ᠠᠮᠤᠷ ᠲᠦᠪᠰᠢᠨ ᠢ ᠤᠯᠠᠮ ᠨᠢᠭᠡ ᠠᠯᠬᠤᠮ | ᠪᠠᠲᠤᠯᠠᠵᠤ᠂ ᠬᠡᠦᠬᠡᠳ ᠤᠨ ᠣᠷᠣᠰᠢᠨ ᠲᠣᠭᠲᠠᠨᠢᠵᠤ ᠬᠥᠭᠵᠢᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ | ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ | ᠵᠡᠷᠭᠡ ᠬᠠᠮᠲᠤᠯᠢᠭ ᠲᠤ ᠨᠠᠩ ᠣᠯᠠᠨ ᠨᠡᠶᠢᠭᠡᠮ ᠤᠨ ᠬᠠᠯᠠᠮᠵᠢᠯᠠᠯ ᠪᠠ ᠠᠪᠤᠷᠠᠨ ᠲᠤᠰᠠᠯᠠᠯᠲᠠ ᠣᠯᠭᠤᠵᠤ᠂ ᠬᠡᠦᠬᠡᠳ ᠤᠨ | ᠠᠵᠢᠯ ᠤᠨ ᠬᠠᠤᠯᠢ ᠳᠦᠷᠢᠮᠵᠢᠯᠲᠡ ᠪᠠ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠂ ᠬᠡᠦᠬᠡᠳ ᠤᠨ ᠬᠥᠭᠵᠢᠯᠲᠡ ᠪᠠ ᠬᠡᠦᠬᠡᠳ ᠤᠨ ᠠᠵᠢᠯ ᠦᠢᠯᠡᠰ ᠲᠤ ᠢᠯᠡᠳᠲᠡ ᠠᠮᠵᠢᠯᠲᠠ | ᠪᠦᠲᠦᠮᠵᠢ ᠣᠯᠪᠠ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠤ᠂ ᠣᠳᠣᠬᠠᠨ ᠳᠤ | ᠮᠠᠨ ᠤ ᠲᠤᠭᠤᠷᠢᠭ ᠤᠨ ᠬᠡᠦᠬᠡᠳ ᠤᠨ ᠬᠥᠭᠵᠢᠯᠲᠡ ᠪᠠ ᠡᠷᠬᠡ ᠶᠢᠨ ᠬᠠᠮᠠᠭᠠᠯᠠᠯᠲᠠ ᠳᠤ ᠮᠥᠨ ᠬᠦ ᠵᠠᠷᠢᠮ ᠠᠰᠠᠭᠤᠳᠠᠯ | ᠪᠠ ᠥᠷᠢᠰᠦᠯᠳᠦᠭᠡᠨ ᠲᠤᠯᠭᠠᠷᠠᠵᠤ᠂ ᠬᠡᠦᠬᠡᠳ ᠤᠨ ᠦᠢᠯᠡᠰ ᠤᠨ ᠬᠥᠭᠵᠢᠯᠲᠡ ᠳᠤ ᠮᠥᠨ ᠯᠡ ᠲᠡᠩᠴᠡᠭᠦᠷᠢ ᠦᠭᠡᠢ | ᠭᠦᠢᠴᠡᠳ ᠦᠭᠡᠢ᠂ ᠰᠢᠨ᠎ᠡ ᠴᠠᠭ ᠦᠶ᠎ᠡ ᠶᠢᠨ ᠰᠢᠨ᠎ᠡ ᠬᠦᠰᠡᠯ ᠡᠷᠡᠮᠡᠯᠵᠡᠯ ᠪᠠ ᠰᠢᠨ᠎ᠡ ᠱᠠᠭᠠᠷᠳᠠᠯᠭ᠎ᠠ ᠳᠤ ᠵᠣᠬᠢᠴᠠᠬᠤ | ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠬᠡᠦᠬᠡᠳ ᠢ ᠲᠡᠷᠢᠭᠦᠨ ᠳᠤ ᠲᠠᠯᠪᠢᠬᠤ ᠵᠠᠷᠴᠢᠮ ᠢ | ᠲᠤᠤᠱᠯᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ᠂ ᠬᠡᠦᠬᠡᠳ ᠤᠨ ᠦᠵᠡᠯ | ᠰᠠᠨᠠᠭ᠎ᠠ ᠪᠠᠷ ᠬᠥᠲᠥᠯᠥᠨ ᠵᠢᠯᠤᠭᠤᠳᠬᠤ ᠶᠢ ᠮᠥᠨ ᠯᠡ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠵᠤ᠂ | ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠮᠥᠨᠯᠡ ᠦᠷᠭᠦᠯᠵᠢᠯᠡᠨ | ᠲᠦᠯᠬᠢᠨ ᠠᠬᠢᠭᠤᠯᠬᠤ ᠴᠢᠬᠤᠯᠠᠲᠠᠢ ᠪᠠᠶᠢᠵᠤ᠂ ᠬᠡᠦᠬᠡᠳ ᠤᠨ ᠬᠥᠭᠵᠢᠯᠲᠡ ᠶᠢᠨ ᠬᠤᠳᠠ ᠬᠥᠳᠡᠭᠡ᠂ ᠣᠷᠣᠨ ᠪᠦᠰᠡ ᠪᠠ | ᠬᠠᠮᠲᠤᠯᠢᠭ ᠤᠨ ᠵᠥᠷᠢᠶ᠎ᠡ ᠮᠥᠨ ᠯᠡ ᠣᠷᠣᠰᠢᠵᠤ᠂ ᠬᠡᠦᠬᠡᠳ ᠢ ᠬᠠᠮᠠᠭᠠᠯᠠᠬᠤ ᠪᠠ ᠦᠢᠯᠡᠴᠢᠯᠡᠬᠦ ᠲᠣᠭᠲᠠᠴᠠ ᠶᠢ ᠮᠥᠨ | ᠯᠡ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠲᠠᠪᠰᠢᠯᠳᠠ ᠪᠠ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠰᠤᠯᠲᠠ ᠨᠢ ᠬᠡᠦᠬᠡᠳ ᠤᠨ ᠠᠵᠢᠯ ᠢ ᠰᠠᠶᠢᠲᠤᠷ ᠬᠢᠬᠦ ᠳᠤ | ᠰᠢᠨ᠎ᠡ ᠥᠷᠢᠰᠦᠯᠳᠦᠭᠡᠨ ᠢ ᠠᠪᠴᠢᠷᠠᠬᠤ ᠴᠢᠬᠤᠯᠠᠲᠠᠢ ᠪᠠᠶᠢᠨ᠎ᠠ᠃ | 2021 ᠣᠨ ᠠᠴᠠ 2030 ᠣᠨ ᠪᠣᠯᠲᠠᠯ᠎ᠠ᠂ ᠮᠠᠨ ᠤ ᠤᠯᠤᠰ ᠤᠨ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ | ᠴᠠᠭ ᠦᠶ᠎ᠡ ᠮᠥᠨ᠂ ᠮᠥᠨ ᠴᠦ ᠮᠠᠨ ᠤ ᠲᠤᠭᠤᠷᠢᠭ ᠤᠨ ︽ᠭᠤᠷᠪᠠᠨ ᠰᠢᠰᠲ᠋ᠧᠮᠵᠢ︾ ᠶᠢ ᠲᠡᠭᠦᠯᠳᠡᠷᠵᠢᠭᠦᠯᠬᠦ᠂ | ︽ᠳᠥᠷᠪᠡᠨ ᠥᠨᠳᠥᠷ ᠭᠠᠵᠠᠷ︾ ᠢ ᠪᠠᠶᠢᠭᠤᠯᠬᠤ᠂ ︽ᠲᠠᠪᠤᠨ ᠬᠤᠲᠠ ᠲᠣᠭᠤᠷᠢᠭ︾ ᠢ ᠪᠦᠲᠦᠭᠡᠨ ᠪᠠᠶᠢᠭᠤᠯᠬᠤ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ︽ᠲᠤᠯᠤᠭᠠᠨ ᠰᠢᠨ᠎ᠡ ᠴᠢᠩᠱᠠᠨ︾ ᠶᠢ ᠪᠦᠲᠦᠭᠡᠨ ᠪᠠᠶᠢᠭᠤᠯᠬᠤ | ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠂ ᠡᠨᠡ ᠨᠢ ᠪᠥᠬᠦ ᠲᠤᠭᠤᠷᠢᠭ ᠤᠨ ᠬᠡᠦᠬᠡᠳ ᠤᠨ ᠦᠢᠯᠡᠰ ᠤᠨ | ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠴᠢᠬᠤᠯᠠ ᠶᠡᠭᠡ ᠠᠵᠠ ᠲᠣᠬᠢᠶᠠᠯ ᠬᠠᠩᠭᠠᠵᠤ᠂ ᠰᠠᠶᠢᠨ ᠰᠠᠶᠢᠬᠠᠨ | ᠠᠯᠤᠰ ᠢᠷᠡᠭᠡᠳᠦᠢ ᠶᠢ ᠵᠢᠷᠤᠭᠯᠠᠭᠰᠠᠨ ᠪᠠᠶᠢᠨ᠎ᠠ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠬᠡᠦᠬᠡᠳ ᠤᠨ | ᠣᠷᠣᠰᠢᠨ ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ᠂ ᠬᠠᠮᠠᠭᠠᠯᠠᠭᠳᠠᠬᠤ ᠡᠷᠬᠡ ᠪᠠ ᠣᠷᠤᠯᠴᠠᠬᠤ ᠡᠷᠬᠡ ᠶᠢ | ᠦᠨᠡᠨᠬᠦ ᠪᠠᠲᠤᠯᠠᠵᠤ᠂ ᠬᠡᠦᠬᠡᠳ ᠤᠨ ᠨᠥᠬᠦᠷᠰᠡᠭ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠵᠤ᠂ ᠬᠡᠦᠬᠡᠳ ᠢ | ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠨ᠂ ᠬᠡᠦᠬᠡᠳ ᠤᠨ ᠬᠠᠷᠠᠭ᠎ᠠ ᠶᠢ ᠢᠯᠡᠷᠡᠭᠦᠯᠵᠦ᠂ ᠬᠡᠦᠬᠡᠳ ᠤᠨ ᠣᠷᠤᠯᠴᠠᠬᠤ ᠶᠢ | ᠴᠢᠬᠤᠯᠠᠴᠢᠯᠠᠵᠤ᠂ ᠬᠡᠦᠬᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠶᠣᠰᠣ ᠮᠣᠷᠠᠯ | ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ ᠪᠣᠶᠢᠵᠢᠭᠤᠯᠵᠤ᠂ ᠪᠥᠬᠦ | ᠲᠤᠭᠤᠷᠢᠭ ᠤᠨ ᠥᠷᠭᠡᠨ ᠣᠯᠠᠨ ᠬᠡᠦᠬᠡᠳ ᠢ ᠬᠥᠲᠥᠯᠥᠨ ᠳᠠᠭᠠᠭᠤᠯᠵᠤ ᠪᠠᠶᠢᠭᠠᠳ ᠰᠢᠨ᠎ᠡ ᠡᠭᠦᠷᠭᠡ | ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠭᠦᠯᠦᠨ᠂ ᠰᠢᠨ᠎ᠡ ᠴᠠᠭ ᠦᠶ᠎ᠡ ᠳᠤ ᠭᠠᠪᠢᠶ᠎ᠠ ᠵᠢᠳᠬᠦᠯ ᠪᠠᠶᠢᠭᠤᠯᠤᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠵᠦ᠂ ︽ᠳᠤᠮᠳᠠᠳᠤ ᠤᠯᠤᠰ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ | ︵2021 —2030 ᠣᠨ︶︾᠂ ︽ᠪᠤᠭᠤᠲᠤ ᠬᠤᠲᠠ ᠶᠢᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 | —2030 ᠣᠨ︶︾ ᠪᠠ ︽ᠴᠢᠩᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ︾ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠤᠨ ᠬᠡᠦᠬᠡᠳ ᠤᠨ | ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠯᠦᠪᠵᠢᠭᠦᠯᠭᠡ ᠶᠢ ᠲᠣᠭᠲᠠᠭᠠᠪᠠ᠃ | ᠨᠢᠭᠡᠳᠦᠭᠡᠷ ᠪᠦᠯᠦᠭ ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ | ︵ᠨᠢᠭᠡ︶ ᠵᠢᠯᠤᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠬᠡᠦᠬᠡᠳ ᠪᠠ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠳᠠᠬᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠬᠡᠦᠬᠡᠳ ᠤᠨ ᠦᠢᠯᠡᠰ ᠲᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠡᠦᠬᠡᠳ ᠤᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠦ᠂ ᠬᠡᠦᠬᠡᠳ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠬᠤ ᠪᠠ | ᠲᠡᠭᠦᠯᠳᠡᠷᠵᠢᠭᠦᠯᠵᠦ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ | ᠪᠠᠷᠢᠮᠲᠠᠯᠠᠨ ᠲᠡᠭᠦᠯᠳᠡᠷᠵᠢᠭᠦᠯᠵᠦ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠬᠡᠦᠬᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠬᠡᠦᠬᠡᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠦᠬᠡᠳ ᠤᠨ | ᠣᠷᠣᠰᠢᠨ ᠲᠣᠭᠲᠠᠨᠢᠬᠤ᠂ ᠬᠥᠭᠵᠢᠬᠦ᠂ ᠬᠠᠮᠠᠭᠠᠯᠠᠭᠳᠠᠬᠤ ᠪᠠ ᠣᠷᠤᠯᠴᠠᠬᠤ ᠡᠷᠬᠡ ᠶᠢ ᠪᠠᠲᠤᠯᠠᠨ᠂ ᠴᠢᠩᠱᠠᠨ | ᠲᠣᠭᠤᠷᠢᠭ ᠤᠨ ᠬᠡᠦᠬᠡᠳ ᠤᠨ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠴᠢᠳᠠᠪᠤᠷᠢᠲᠠᠨ ᠤ ᠰᠠᠭᠤᠷᠢ ᠶᠢ | ᠲᠠᠯᠪᠢᠨ᠎ᠠ᠃ | ︵ᠬᠤᠶᠠᠷ︶ ᠦᠨᠳᠦᠰᠦᠨ ᠵᠠᠷᠴᠢᠮ | 1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠬᠡᠦᠬᠡᠳ ᠤᠨ ᠦᠢᠯᠡᠰ ᠤᠨ | ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠡᠦᠬᠡᠳ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠬᠡᠦᠬᠡᠳ ᠤᠨ ᠦᠢᠯᠡᠰ ᠤᠨ | ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠪᠠ ᠴᠢᠩᠱᠠᠨ | ᠲᠣᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠬᠡᠦᠬᠡᠳ ᠤᠨ ᠦᠢᠯᠡᠰ ᠤᠨ ᠬᠥᠭᠵᠢᠯᠲᠡ ᠶᠢᠨ | ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨᠬᠦ ᠲᠤᠤᠱᠯᠠᠭᠤᠯᠤᠨ᠎ᠠ᠃ | 2᠂ ᠬᠡᠦᠬᠡᠳ ᠤᠨ ᠬᠥᠭᠵᠢᠯᠲᠡ ᠶᠢ ᠤᠷᠢᠳᠠᠪᠠᠷ ᠪᠠᠲᠤᠯᠠᠬᠤ ᠶᠢ ᠪᠠᠷᠢᠮᠲᠠᠯᠠᠨ᠎ᠠ᠃ ᠣᠷᠣᠨ ᠨᠤᠲᠤᠭ ᠤᠨ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ | ᠵᠣᠬᠢᠶᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ᠂ ᠲᠣᠬᠢᠷᠠᠭᠤᠯᠤᠨ ᠪᠠᠶᠢᠷᠢᠯᠠᠭᠤᠯᠬᠤ ᠠᠵᠢᠯ ᠤᠨ | ᠳᠤᠮᠳᠠ ᠬᠡᠦᠬᠡᠳ ᠤᠨ ᠬᠠᠮᠤᠭ ᠤᠨ ᠶᠡᠭᠡ ᠠᠰᠢᠭ ᠲᠤᠰᠠ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠡᠩ | ᠲᠡᠷᠢᠭᠦᠨ ᠳᠤ ᠪᠤᠳᠤᠯᠬᠢᠯᠠᠨ᠎ᠠ᠃ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠢᠴᠢ ᠲᠡᠭᠦᠨ ᠤ | ᠬᠠᠷᠠᠯᠲᠠᠲᠤ ᠡᠭᠦᠷᠭᠡ ᠶᠢ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ | ᠲᠥᠯᠦᠪᠵᠢᠭᠦᠯᠭᠡ ᠳᠤ ᠣᠷᠣᠭᠤᠯᠵᠤ᠂ ᠰᠠᠯᠠᠭ᠎ᠠ ᠮᠥᠴᠢᠷ ᠤᠨ ᠲᠤᠰᠬᠠᠢ ᠵᠦᠢᠯ ᠤᠨ ᠲᠥᠯᠦᠪᠵᠢᠭᠦᠯᠭᠡ ᠳᠤ | ᠣᠷᠣᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ ᠬᠠᠮᠲᠤ ᠳᠤᠨᠢ | ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠤᠨ᠎ᠠ᠃ ᠬᠡᠦᠬᠡᠳ ᠤᠨ ᠢᠳᠡᠷᠡᠭᠦᠨ ᠢᠶᠠᠷ ᠦᠰᠦᠨ ᠪᠣᠶᠢᠵᠢᠬᠤ ᠳᠤ | ᠠᠰᠢᠭᠲᠠᠢ ᠨᠥᠬᠦᠴᠡᠯ ᠢ ᠪᠤᠢ ᠪᠣᠯᠭᠠᠵᠤ᠂ ᠨᠡᠶᠢᠭᠡᠮ ᠳᠠᠶᠠᠭᠠᠷ ᠲᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ | ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | 3᠂ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ ᠬᠡᠦᠬᠡᠳ ᠤᠨ | ᠬᠥᠮᠥᠨ ᠤ ᠨᠡᠷ᠎ᠡ ᠬᠦᠨᠳᠦ ᠶᠢ ᠬᠦᠨᠳᠦᠳᠬᠡᠵᠦ᠂ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠪᠠ | ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠵᠤ᠂ ᠬᠡᠦᠬᠡᠳ ᠤᠨ ᠶᠣᠰᠣ | ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠡᠯ᠎ᠡ ᠲᠠᠯ᠎ᠠ ᠪᠠᠷ ᠪᠦᠬᠦ ᠲᠠᠯ᠎ᠠ ᠪᠠᠷ | ᠬᠥᠭᠵᠢᠬᠦ ᠶᠢ ᠠᠬᠢᠭᠤᠯᠤᠨ᠎ᠠ᠃ | 4᠂ ᠬᠡᠦᠬᠡᠳ ᠤᠨ ᠡᠷᠬᠡ ᠲᠡᠭᠰᠢ ᠬᠥᠭᠵᠢᠯᠲᠡ ᠶᠢ ᠪᠠᠲᠤᠯᠠᠬᠤ ᠶᠢ ᠪᠠᠷᠢᠮᠲᠠᠯᠠᠨ᠎ᠠ᠃ ᠨᠡᠶᠢᠭᠡᠮ ᠤᠨ ᠡᠷᠬᠡ ᠲᠡᠭᠰᠢ | ᠣᠷᠴᠢᠨ ᠲᠣᠭᠤᠷᠢᠨ ᠢ ᠡᠭᠦᠳᠴᠦ᠂ ᠬᠡᠦᠬᠡᠳ ᠲᠤ ᠬᠠᠨᠳᠤᠭᠤᠯᠤᠭᠰᠠᠨ ᠠᠯᠢᠪᠠ ᠬᠡᠯᠪᠡᠷᠢ ᠶᠢᠨ ᠭᠠᠳᠠᠭᠤᠷᠴᠢᠯᠠᠯ ᠢ | ᠠᠷᠢᠯᠭᠠᠵᠤ᠂ ᠬᠤᠲᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠣᠬᠢ ᠬᠡᠦᠬᠡᠳ ᠤᠨ ᠵᠡᠷᠭᠡ ᠪᠠᠷ | ᠲᠡᠩᠴᠡᠭᠦᠷᠢᠲᠡᠢ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠶ ᠪᠦᠬᠦᠢ ᠬᠡᠦᠬᠡᠳ ᠤᠨ ᠬᠥᠭᠵᠢᠯᠲᠡ ᠶᠢᠨ | ᠡᠷᠬᠡ ᠪᠠ ᠠᠵᠠ ᠲᠣᠬᠢᠶᠠᠯ ᠢ ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ | 5᠂ ᠬᠡᠦᠬᠡᠳ ᠤᠨ ᠣᠷᠤᠯᠴᠠᠬᠤ ᠶᠢ ᠵᠣᠷᠢᠭᠵᠢᠭᠤᠯᠬᠤ ᠶᠢ ᠪᠠᠷᠢᠮᠲᠠᠯᠠᠨ᠎ᠠ᠃ ᠬᠡᠦᠬᠡᠳ ᠤᠨ ᠪᠡᠶᠡᠴᠢ | ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠬᠡᠦᠬᠡᠳ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ | ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠦᠬᠡᠳ ᠤᠨ ᠭᠡᠷ ᠪᠦᠯᠢ᠂ ᠨᠡᠶᠢᠭᠡᠮ ᠪᠠ ᠰᠣᠶᠣᠯ ᠤᠨ ᠠᠮᠢᠳᠤᠷᠠᠯ ᠳᠤ | ᠣᠷᠤᠯᠴᠠᠬᠤ ᠶᠢ ᠵᠣᠷᠢᠭᠵᠢᠭᠤᠯᠤᠨ ᠲᠡᠮᠵᠢᠵᠤ᠂ ᠬᠡᠦᠬᠡᠳ ᠤᠨ ᠣᠷᠤᠯᠴᠠᠬᠤ ᠳᠤ ᠠᠰᠢᠭᠲᠠᠢ ᠨᠡᠶᠢᠭᠡᠮ ᠤᠨ ᠣᠷᠴᠢᠨ | ᠨᠥᠬᠦᠴᠡᠯ ᠢ ᠪᠤᠢ ᠪᠣᠯᠭᠠᠨ᠎ᠠ᠃ | ᠬᠤᠶᠠᠳᠤᠭᠠᠷ ᠪᠦᠯᠦᠭ ᠶᠡᠷᠦᠩᠬᠡᠢ ᠬᠠᠷᠠᠯᠲᠠ | 2030 ᠣᠨ ᠪᠣᠯᠬᠤ ᠳᠤ᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠨᠠᠩ ᠪᠦᠷᠢᠨᠰᠢᠭᠦᠯᠵᠦ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠠᠵᠢᠯ ᠤᠨ | ᠲᠣᠭᠲᠠᠴᠠ ᠶᠢ ᠨᠠᠩ ᠲᠡᠭᠦᠯᠳᠡᠷᠵᠢᠭᠦᠯᠦᠨ᠂ ᠬᠡᠦᠬᠡᠳ ᠢ ᠤᠷᠢᠳᠠᠪᠠᠷ ᠪᠣᠳᠣᠯᠬᠢᠯᠠᠬᠤ ᠨᠡᠶᠢᠭᠡᠮ ᠤᠨ ᠬᠡᠪ ᠰᠤᠷᠲᠠᠯ ᠢ | ᠪᠥᠬᠦ ᠲᠠᠯ᠎ᠠ ᠪᠠᠷ ᠪᠣᠶ ᠪᠣᠯᠭᠠᠵᠤ᠂ ᠬᠤᠲᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠣᠬᠢ | ᠬᠡᠦᠬᠡᠳ ᠤᠨ ᠬᠥᠭᠵᠢᠯᠲᠡ ᠶᠢᠨ ᠵᠥᠷᠢᠶ᠎ᠡ ᠶᠢ ᠢᠯᠡᠳᠲᠡ ᠪᠠᠭᠠᠰᠬᠠᠨ᠎ᠠ᠃ ᠬᠡᠦᠬᠡᠳ ᠲᠤ ᠨᠡᠩ ᠠᠳᠠᠯᠢ ᠲᠡᠭᠰᠢ᠂ ᠬᠦᠷᠴᠦ | ᠪᠣᠯᠬᠤ ᠪᠠ ᠴᠢᠨᠠᠷ ᠰᠠᠶᠢᠲᠠᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠵᠦ᠂ ᠨᠡᠩ ᠲᠦᠭᠡᠮᠡᠯ | ᠬᠠᠷᠠᠭᠠᠯᠵᠠᠯ ᠪᠠ ᠳᠠᠪᠠᠭᠤᠯᠢᠭ ᠠᠰᠠᠷᠠᠮᠵᠢ ᠶᠢᠨ ᠪᠠᠲᠤᠯᠠᠭ᠎ᠠ ᠶᠢ ᠡᠳ᠋ᠯᠡᠭᠦᠯᠵᠦ᠂ ᠨᠡᠩ ᠡᠶ᠎ᠡ ᠵᠣᠬᠢᠴᠠᠯ ᠲᠠᠢ ᠨᠥᠬᠦᠷᠰᠡᠭ | ᠭᠡᠷ ᠪᠦᠯᠢ ᠪᠠ ᠨᠡᠶᠢᠭᠡᠮ ᠤᠨ ᠣᠷᠴᠢᠨ ᠨᠥᠬᠦᠴᠡᠯ ᠢ ᠡᠳ᠋ᠯᠡᠭᠦᠯᠦᠨ᠎ᠡ᠃ ᠬᠡᠦᠬᠡᠳ ᠤᠨ ᠡᠷᠡᠭᠦᠯ ᠮᠡᠨᠳᠦ᠂ ᠠᠮᠤᠷ | ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠭᠡᠷ ᠪᠦᠯᠢ᠂ ᠣᠷᠴᠢᠨ ᠲᠣᠭᠤᠷᠢᠨ᠂ ᠬᠠᠤᠯᠢ ᠴᠠᠭᠠᠵᠠ ᠶᠢᠨ | ᠬᠠᠮᠠᠭᠠᠯᠠᠯᠲᠠ ᠵᠡᠷᠭᠡ ᠬᠦᠷᠢᠶᠡᠨ ᠳᠠᠬᠢ ᠡᠷᠬᠡ ᠠᠰᠢᠭ ᠢ ᠤᠯᠠᠮ ᠨᠢᠭᠡ ᠠᠯᠬᠤᠮ ᠪᠡᠶᠡᠯᠡᠭᠦᠯᠵᠦ᠂ ᠦᠵᠡᠯ ᠰᠠᠨᠠᠭ᠎ᠠ ᠶᠣᠰᠣ | ᠰᠤᠷᠲᠠᠬᠤᠨ ᠤ ᠬᠡᠪ ᠪᠣᠯᠪᠠᠰᠤᠷᠠᠯ ᠪᠠ ᠪᠥᠬᠦ ᠲᠠᠯ᠎ᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠦᠨ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠢᠯᠡᠳᠲᠡ ᠨᠡᠮᠡᠭᠳᠡᠭᠦᠯᠦᠨ᠎ᠡ᠃ ᠬᠡᠦᠬᠡᠳ ᠢ ᠲᠡᠷᠢᠭᠦᠨ ᠳᠤ ᠲᠠᠯᠪᠢᠬᠤ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ | ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠨᠡᠩ ᠢᠯᠡ ᠲᠣᠳᠣ ᠪᠣᠳᠠᠲᠤ ᠠᠬᠢᠴᠠ ᠲᠠᠢ ᠪᠣᠯᠵᠤ᠂ ᠥᠷᠭᠡᠨ ᠤᠯᠠᠨ | ᠬᠡᠦᠬᠡᠳ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠪᠣᠯᠵᠤ | ᠬᠥᠮᠥᠵᠢᠭᠳᠡᠨ᠎ᠡ᠃ | ᠭᠤᠷᠪᠠᠳᠤᠭᠠᠷ ᠪᠦᠯᠦᠭ ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ | ᠬᠡᠮᠵᠢᠶ᠎ᠡ | (ᠨᠢᠭᠡ) ᠬᠡᠦᠬᠡᠳ ᠬᠢᠭᠡᠳ ᠡᠷᠡᠭᠦᠯ ᠮᠡᠨᠳᠦ | ᠭᠤᠣᠯ ᠬᠠᠷᠠᠯᠲᠠ᠄ | 1᠂ ᠬᠤᠲᠠ ᠬᠥᠳᠡᠭᠡ ᠶᠢ ᠬᠠᠮᠤᠷᠤᠭᠰᠠᠨ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠰᠢᠰᠲ᠋ᠧᠮᠵᠢ ᠶᠢ ᠨᠠᠩ ᠲᠡᠭᠦᠯᠳᠡᠷᠵᠢᠭᠦᠯᠵᠦ᠂ ᠬᠡᠦᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡᠨ ᠤ | ᠴᠢᠳᠠᠪᠤᠷᠢ ᠶᠢ ᠢᠯᠡᠳᠲᠡ ᠨᠡᠮᠡᠭᠳᠡᠭᠦᠯᠦᠨ᠂ ᠬᠡᠦᠬᠡᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ 3 ᠨᠠᠰᠤᠨ ᠠᠴᠠ ᠳᠣᠷᠣᠭᠰᠢᠬᠢ ᠬᠡᠦᠬᠡᠳ ᠤᠨ ᠰᠢᠰᠲ᠋ᠧᠮᠲᠦ ᠬᠠᠮᠢᠶᠠᠷᠤᠯᠲᠠ ᠶᠢᠨ ᠨᠣᠷᠮ᠎ᠠ ᠪᠠ | 7 ᠨᠠᠰᠤᠨ ᠠᠴᠠ ᠳᠣᠷᠣᠭᠰᠢᠬᠢ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠨᠣᠷᠮ᠎ᠠ ᠶᠢ ᠴᠥᠮ 90% | ᠠᠴᠠ ᠳᠡᠭᠡᠭᠰᠢ ᠬᠦᠷᠦᠭᠦᠯᠦᠨ᠎ᠡ᠃ ᠮᠢᠩᠭᠠᠨ ᠬᠡᠦᠬᠡᠳ ᠨᠢᠭᠡᠪᠦᠷᠢ ᠳᠤ ᠬᠡᠦᠬᠡᠳ ᠤᠨ ᠰᠠᠯᠠᠭᠠᠨ ᠤ ᠠᠵᠢᠯ ᠡᠷᠭᠢᠯᠡᠬᠦ | ︵ᠲᠤᠰᠠᠯᠠᠭᠴᠢ︶ ᠡᠮᠴᠢ 1.12 ᠪᠣᠯᠵᠤ᠂ ᠡᠪᠡᠳᠴᠢᠲᠡᠨ ᠤ ᠣᠷᠣ 3.17 ᠪᠣᠯᠵᠤ ᠨᠡᠮᠡᠭᠳᠡᠭᠦᠯᠦᠨ᠎ᠡ᠃ | 2᠂ ᠬᠡᠦᠬᠡᠳ ᠤᠨ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠵᠦ᠂ ᠬᠡᠦᠬᠡᠳ ᠵᠢᠴᠢ | ᠠᠰᠠᠷᠠᠨ ᠬᠠᠷᠠᠭᠠᠯᠵᠠᠭᠴᠢ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ | 3᠂ ᠨᠢᠷᠠᠢ ᠬᠡᠦᠬᠡᠳ᠂ ᠨᠢᠯᠬ᠎ᠠ ᠬᠡᠦᠬᠡᠳ ᠪᠠ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ | ᠨᠤᠷᠮ᠎ᠠ ᠶᠢ ᠲᠤᠰ ᠲᠤᠰ3.0‰᠂ 5.0‰ ᠪᠠ 6.0‰ ᠠᠴᠠ ᠳᠣᠷᠣᠭᠰᠢ ᠪᠠᠶᠢᠯᠭᠠᠵᠤ᠂ ᠬᠤᠳᠠ ᠬᠥᠳᠡᠭᠡ ᠶᠢᠨ | ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ | 4᠂ ᠤᠷᠤᠭᠯᠠᠬᠤ ᠠᠴᠠ ᠡᠮᠦᠨᠡᠬᠢ᠂ ᠵᠢᠷᠮᠦᠰᠦᠯᠡᠬᠦ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ᠂ ᠨᠢᠷᠠᠢ ᠬᠡᠦᠬᠡᠳ | ᠪᠠ ᠬᠡᠦᠬᠡᠳ ᠤᠨ ᠡᠯ᠎ᠡ ᠱᠠᠲᠤ ᠦᠶ᠎ᠡ ᠶᠢ ᠬᠠᠮᠤᠷᠤᠭᠰᠠᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠰᠢᠰᠲ᠋ᠧᠮᠵᠢ | ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠷᠡᠮᠳᠡᠭ ᠲᠦᠷᠦᠭᠦ ᠶᠢ ᠰᠡᠷᠭᠡᠶᠢᠯᠡᠬᠦ ᠪᠠ ᠬᠢᠵᠠᠭᠠᠷᠯᠠᠨ᠎ᠠ᠃ ᠨᠢᠷᠠᠢ ᠬᠡᠦᠬᠡᠳ ᠤᠨ | ᠠᠶᠢᠯᠴᠢᠯᠠᠨ ᠦᠵᠡᠬᠦ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ᠃ | 5᠂ ᠬᠡᠦᠬᠡᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠬᠤᠣᠷᠲᠤ ᠬᠠᠪᠤᠳᠠᠷ ᠵᠡᠷᠭᠡ ᠬᠡᠦᠬᠡᠳ ᠤᠨ | ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ ᠬᠥᠨᠥᠭᠡᠯ ᠲᠠᠢ ᠡᠪᠡᠳᠴᠢᠨ ᠡᠮᠭᠡᠭ ᠢ ᠪᠦᠲᠦᠮᠵᠢᠲᠡᠶ ᠰᠡᠷᠭᠡᠶᠢᠯᠡᠨ | ᠵᠠᠰᠠᠨ᠎ᠠ᠃ | 6᠂ ᠰᠤᠷᠬᠤ ᠨᠠᠰᠤᠨ ᠤ ᠬᠡᠦᠬᠡᠳ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ | ᠨᠣᠷᠮ᠎ᠠ ᠶᠢ ᠰᠢᠶᠠᠩ ᠪᠠᠯᠭᠠᠰᠤ ᠵᠡᠭᠡᠯᠢ ᠭᠤᠳᠤᠮᠵᠢ ᠪᠠᠷ ᠨᠢᠭᠡᠴᠢ ᠪᠣᠯᠭᠠᠨ 90% ᠠᠴᠠ ᠳᠡᠭᠡᠭᠰᠢ ᠳᠤ ᠪᠠᠶᠢᠯᠭᠠᠨ᠎ᠠ᠃ | 7᠂ ᠬᠤᠲᠠ ᠬᠥᠳᠡᠭᠡ ᠶᠢᠨ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢ ᠠᠬᠢᠭᠤᠯᠵᠤ᠂ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ ᠶᠢᠨ ᠮᠡᠳᠡᠯᠭᠡ᠂ ᠠᠷᠭ᠎ᠠ ᠪᠠ ᠤᠷ᠎ᠠ | ᠴᠢᠳᠠᠪᠤᠷᠢ ᠶᠢ ᠲᠦᠭᠡᠮᠡᠯᠵᠢᠭᠦᠯᠦᠨ᠎ᠡ᠃ | 8᠂ ᠬᠦᠩᠭᠡᠵᠢᠭᠰᠡᠨ ᠤ ᠳᠠᠷᠠᠭᠠᠨᠢᠷᠠᠢ ᠬᠡᠦᠬᠡᠳ ᠢ ᠡᠬᠡ ᠲᠠᠢ ᠨᠢ ᠡᠷᠲᠡᠬᠡᠨ ᠬᠦᠷᠦᠯᠴᠡᠭᠦᠯᠵᠦ᠂ 6 ᠰᠠᠷ᠎ᠠ ᠶᠢᠨ | ᠳᠣᠲᠣᠷ᠎ᠠ ᠬᠡᠦᠬᠡᠳ ᠤᠨ ᠡᠬᠡ ᠶᠢᠨ ᠰᠦ ᠪᠠᠷ ᠬᠥᠬᠦᠭᠦᠯᠬᠦ ᠨᠣᠷᠮ᠎ᠠ ᠶᠢ 50% ᠠᠴᠠ ᠳᠡᠭᠡᠭᠰᠢ ᠬᠦᠷᠭᠡᠨ᠎ᠡ᠃ 5 | ᠨᠠᠰᠤᠨ ᠠᠴᠠ ᠳᠣᠷᠣᠭᠰᠢᠬᠢ ᠬᠡᠦᠬᠡᠳ ᠤᠨ ᠴᠢᠰᠤ ᠳᠤᠲᠠᠬᠤ ᠨᠣᠷᠮ᠎ᠠ ᠪᠠ ᠥᠰᠦᠯᠲᠡ ᠤᠳᠠᠭᠠᠰᠢᠷᠠᠬᠤ ᠨᠣᠷᠮ᠎ᠠ ᠶᠢ | ᠲᠤᠰ ᠲᠤᠰ 10% ᠪᠠ 5% ᠠᠴᠠ ᠳᠣᠷᠣᠭᠰᠢ ᠪᠠᠶᠢᠯᠭᠠᠨ᠎ᠠ᠃ ᠬᠡᠦᠬᠡᠳ ᠤᠨ ᠪᠡᠶ᠎ᠡ ᠶᠢᠨ ᠬᠦᠨᠳᠦ ᠶᠢᠨ | ᠬᠢᠵᠠᠭᠠᠷᠯᠠᠯ᠂ ᠮᠠᠷᠢᠶᠠᠯᠠᠬᠤ ᠬᠠᠨᠳᠤᠰᠢ ᠶᠢ ᠪᠦᠲᠦᠮᠵᠢᠲᠡᠶ ᠪᠠᠷ ᠬᠢᠵᠠᠭᠠᠷᠯᠠᠨ᠎ᠠ᠃ | 9᠂ ᠬᠡᠦᠬᠡᠳ ᠤᠨ ᠠᠮᠠᠨ ᠬᠥᠨᠳᠡᠢ ᠶᠢᠨ ᠡᠷᠡᠭᠦᠯᠵᠢᠯ ᠢ ᠴᠢᠩᠭᠠᠳᠬᠠᠵᠤ᠂ 12 ᠨᠠᠰᠤᠲᠠᠢ ᠬᠡᠦᠬᠡᠳ ᠤᠨ ᠰᠢᠳᠦ | ᠬᠤᠷᠣᠬᠠᠶᠢᠲᠤᠬᠤ ᠨᠣᠷᠮ᠎ᠠ ᠶᠢ 25% ᠶᠢᠨ ᠳᠣᠲᠣᠷ᠎ᠠ ᠬᠢᠵᠠᠭᠠᠷᠯᠠᠵᠤ᠂ ᠬᠡᠦᠬᠡᠳ ᠤᠨ ᠰᠢᠳᠤᠨ ᠤ ᠨᠦᠬᠡᠨ ᠭᠤᠤ ᠶᠢ | ᠪᠢᠲᠡᠭᠦᠮᠵᠢᠯᠡᠬᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | 10᠂ ᠬᠡᠦᠬᠡᠳ ᠤᠨ ᠣᠶᠢᠷ᠎ᠠ ᠬᠠᠷᠠᠭ᠎ᠠ ᠰᠢᠨ᠎ᠡ ᠪᠠᠷ ᠡᠭᠦᠰᠬᠦ ᠨᠣᠷᠮ᠎ᠠ ᠶᠢ ᠢᠯᠡᠳᠲᠡ ᠪᠠᠭᠤᠷᠠᠭᠤᠯᠵᠤ᠂ ᠪᠠᠭ᠎ᠠ | ᠰᠤᠷᠭᠠᠭᠤᠯᠢ ᠶᠢᠨ ᠰᠣᠷᠣᠭᠴᠢ ᠶᠢᠨ ᠣᠶᠢᠷ᠎ᠠ ᠬᠠᠷᠠᠭ᠎ᠠ ᠶᠢᠨ ᠨᠣᠷᠮ᠎ᠠ ᠶᠢ 38% ᠠᠴᠠ ᠳᠣᠷᠣᠭᠰᠢ ᠪᠣᠯᠲᠠᠯ᠎ᠠ | ᠪᠠᠭᠤᠷᠠᠭᠤᠯᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠣᠶᠢᠷ᠎ᠠ ᠬᠠᠷᠠᠭ᠎ᠠ ᠶᠢᠨ | ᠨᠣᠷᠮ᠎ᠠ ᠶᠢ 60% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠤᠶᠢᠷ᠎ᠠ ᠬᠠᠷᠠᠭᠠᠨ ᠤ ᠨᠤᠷᠮ᠎ᠠ ᠶᠢ 70% ᠠᠴᠠ ᠳᠤᠷᠤᠭᠰᠢ ᠪᠠᠭᠤᠷᠠᠭᠤᠯᠤᠨ᠎ᠠ᠃ 0—6 | ᠨᠠᠰᠤᠨ ᠤ ᠬᠡᠦᠬᠡᠳ ᠤᠨ ᠨᠢᠳᠦᠨ ᠤ ᠡᠷᠡᠭᠦᠯᠵᠢᠯ ᠪᠠ ᠬᠠᠷᠠᠭᠠᠨ ᠤ ᠪᠠᠶᠢᠴᠠᠭᠠᠯᠲᠠ ᠶᠢᠨ ᠪᠦᠷᠬᠦᠴᠡ ᠶᠢ 90% ᠠᠴᠠ | ᠳᠡᠭᠡᠭᠰᠢ ᠳᠤ ᠬᠦᠷᠦᠭᠦᠯᠦᠨ᠎ᠡ᠃ | 11᠂ ᠬᠡᠦᠬᠡᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠣᠷᠣᠭᠴᠢ ᠶᠢᠨ ᠤᠯᠤᠰ ᠤᠨ ᠰᠣᠷᠣᠭᠴᠢ ᠶᠢᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠳᠤ ᠬᠦᠷᠴᠦ | ᠬᠢᠷᠢ ᠲᠡᠩᠴᠡᠭᠰᠡᠨ ᠨᠣᠷᠮ᠎ᠠ ᠶᠢ 85% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠰᠢᠯᠢᠳᠡᠭ ᠬᠢᠷᠢ ᠪᠦᠲᠦᠮᠵᠢ ᠶᠢ | 60% ᠠᠴᠠ ᠳᠡᠭᠡᠭᠰᠢ ᠬᠦᠷᠦᠭᠦᠯᠦᠨ᠎ᠡ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠡᠯᠡᠳᠬᠡᠮᠵᠢ | ᠬᠢᠭᠡᠳ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠶᠢ 100% ᠳᠤ | ᠬᠦᠷᠦᠭᠦᠯᠦᠨ᠎ᠡ᠃ | 12᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ | ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠶᠢ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ | ᠰᠤᠷᠭᠠᠭᠤᠯᠢ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠲᠣᠬᠢᠷᠠᠭᠤᠯᠬᠤ᠂ ᠰᠡᠳᠬᠢᠴᠡ ᠶᠢᠨ ᠡᠷᠡᠭᠦᠯ | ᠮᠡᠨᠳᠦ ᠶᠢᠨ ᠠᠰᠠᠭᠤᠨ ᠯᠠᠪᠯᠠᠬᠤ ᠲᠠᠰᠤᠭ ᠭᠠᠷᠭᠠᠬᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ | ᠪᠠ ᠲᠤᠰᠢᠶᠠᠯ ᠬᠠᠪᠰᠤᠷᠭᠠᠭᠰᠠᠨ ᠪᠠᠭᠰᠢ ᠶᠢ ᠴᠥᠮ 100% ᠳᠤ ᠬᠦᠷᠦᠭᠦᠯᠦᠨ᠎ᠡ᠃ | 13᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠨᠡᠶᠢᠳᠡᠮ ᠳᠡᠭᠡᠨ ᠪᠡᠯᠭᠡ ᠶᠢᠨ ᠰᠤᠷᠭᠠᠨ ᠬᠥᠮᠦᠵᠢᠯ | ᠬᠦᠷᠲᠡᠵᠦ᠂ ᠰᠤᠷᠭᠠᠭᠤᠯᠢ ᠨᠤᠭᠤᠳ ᠰᠤᠷᠭᠠᠭᠤᠯᠢ ᠶᠢᠨ ᠥᠪᠡᠷ ᠤᠨ ᠬᠢᠴᠢᠶᠡᠯ ᠪᠠ ᠭᠤᠣᠯ ᠰᠡᠳᠦᠪᠲᠦ ᠠᠩᠭᠢ ᠶᠢᠨ | ᠬᠤᠷᠠᠯ ᠲᠠᠢ ᠤᠶᠠᠯᠳᠤᠭᠤᠯᠤᠨ ᠪᠡᠯᠭᠡ ᠶᠢᠨ ᠮᠡᠳᠡᠯᠭᠡ ᠶᠢ ᠲᠦᠭᠡᠮᠡᠯᠵᠢᠭᠦᠯᠬᠦ ᠰᠤᠷᠭᠠᠨ ᠬᠥᠮᠦᠵᠢᠯ ᠢ ᠥᠷᠨᠢᠭᠦᠯᠵᠦ᠂ | ᠬᠡᠦᠬᠡᠳ ᠤᠨ ᠪᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠣᠯᠬᠤᠶᠢᠴᠠ ᠴᠢᠨᠠᠷ ᠢ ᠢᠯᠡᠳᠲᠡ | ᠳᠡᠭᠡᠭᠰᠢᠯᠡᠭᠦᠯᠦᠨ᠎ᠡ᠃ | ᠠᠷᠭ᠎ᠠ ᠪᠤᠳᠤᠯᠭ᠎ᠠ ᠠᠷᠭ᠎ᠠ ᠬᠡᠮᠵᠢᠶ᠎ᠡ᠄ | 1᠂ ᠬᠡᠤᠬᠡᠳ ᠤᠨ ᠡᠷᠡᠭᠦᠯ ᠮᠡᠨᠳᠦ ᠶᠢ ᠤᠷᠢᠳᠠᠪᠠᠷ ᠪᠠᠲᠤᠯᠠᠨ᠎ᠠ᠃ ᠬᠡᠤᠬᠡᠳ ᠤᠨ ᠡᠷᠡᠭᠦᠯ ᠮᠡᠨᠳᠦ ᠶᠢᠨ | ᠤᠨᠤᠯᠵᠢᠬᠤᠨ ᠢ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠲᠦᠷᠦ ᠶᠢᠨ ᠪᠤᠳᠤᠯᠭ᠎ᠠ ᠲᠠᠢ ᠠᠭᠤᠰᠤᠯᠴᠠᠭᠤᠯᠵᠦ᠂ | ᠬᠡᠤᠬᠡᠳ ᠤᠨ ᠡᠷᠡᠭᠦᠯ ᠮᠡᠨᠳᠦ ᠤᠨ ᠭᠤᠤᠯ ᠭᠦᠢᠴᠡᠳᠭᠡᠯ ᠲᠤᠭ᠎ᠠ ᠵᠠᠰᠠᠭ ᠤᠨ ᠤᠷᠳᠤᠨ ᠤ ᠬᠠᠷᠠᠯᠲᠠ ᠪᠠ | ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠳᠤ ᠤᠷᠤᠭᠤᠯᠤᠨ᠎ᠠ᠃《ᠡᠷᠡᠭᠦᠯ ᠡᠩᠬᠡ ᠪᠤᠭᠤᠲᠦ ᠶᠢᠨ ᠠᠵᠢᠯᠯᠠᠭ᠎ᠠ》 ᠶᠢ | ᠪᠦᠬᠦ ᠲᠠᠯ᠎ᠠ ᠪᠠᠷ ᠨᠠᠶᠢᠲᠠᠪᠦᠷᠢᠵᠢᠭᠤᠯᠵᠦ᠂ ᠪᠦᠬᠦ ᠲᠤᠭᠤᠷᠢᠭ ᠤᠨ ᠬᠡᠤᠬᠡᠳ ᠤᠨ ᠡᠷᠡᠭᠦᠯ ᠮᠡᠨᠳᠦ ᠶᠢᠨ ᠬᠡᠪ ᠴᠢᠨᠠᠷ ᠢ | ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ᠃ ᠬᠡᠤᠬᠡᠳ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠢ | ᠬᠠᠮᠤᠷᠤᠭᠰᠠᠨ ᠳᠦᠷᠢᠮ ᠢ ᠲᠡᠭᠦᠯᠳᠡᠷᠵᠢᠭᠦᠯᠵᠦ᠂ ᠬᠡᠤᠬᠡᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠦ ᠶᠢᠨ | ᠪᠣᠳᠣᠯᠭ᠎ᠠ ᠶᠢ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠦᠷᠦ ᠶᠢᠨ ᠪᠣᠳᠣᠯᠭ᠎ᠠ ᠲᠠᠢ ᠬᠤᠯᠪᠤᠯᠳᠠᠭᠤᠯᠤᠨᠠ᠃ | ᠬᠡᠦᠬᠡᠳ ᠤᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠦᠢᠯᠡᠰ ᠲᠠᠬᠢ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠠᠳᠠᠯᠢ ᠲᠡᠭᠰᠢ | ᠪᠣᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ | ᠲᠠᠪᠴᠠᠩ ᠬᠢᠭᠡᠳ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ︽ᠢᠨᠲ᠋ᠧᠷ ᠰᠦᠯᠵᠢᠶ᠎ᠡ + ᠡᠬᠡ | ᠨᠢᠯᠬᠠᠰ ᠤᠨ ᠡᠷᠡᠭᠦᠯ ᠮᠡᠨᠳᠦ︾ ᠶᠢᠨ ᠦᠢᠯᠡᠴᠢᠯᠡᠭᠡᠨ ᠤ ᠵᠠᠭᠪᠤᠷ ᠢ ᠠᠬᠢᠭᠤᠯᠵᠤ᠂ ᠡᠬᠡ ᠨᠢᠯᠬᠠᠰ ᠤᠨ ᠡᠷᠡᠭᠦᠯ | ᠮᠡᠨᠳᠦ ᠶᠢᠨ ᠲᠣᠮᠣ ᠳ᠋ᠠᠶᠢᠲ᠋ᠠ ᠶᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠮᠲᠤᠪᠠᠷ | ᠡᠳ᠋ᠯᠡᠬᠦ ᠶᠢ ᠴᠢᠩᠭᠠᠳᠬᠠᠵᠤ᠂ ᠬᠡᠦᠬᠡᠳ ᠤᠨ ᠡᠷᠡᠭᠦᠯ ᠮᠡᠨᠳᠦ ᠶᠢᠨ ᠪᠥᠬᠦ ᠦᠶᠡᠯᠡᠯ ᠪᠥᠬᠦ ᠶᠠᠪᠤᠴᠠ ᠶᠢᠨ ᠬᠠᠮᠢᠶᠠᠷᠤᠯᠲᠠ | ᠪᠠ ᠦᠢᠯᠡᠴᠢᠯᠡᠭᠡᠨ ᠤ ᠮᠡᠳᠡᠭᠡ ᠵᠠᠩᠭᠢᠵᠢᠯᠲᠠ᠂ ᠣᠶᠤᠨᠴᠢᠯᠠᠯᠲᠠ ᠶᠢ ᠪᠡᠶᠡᠯᠡᠭᠦᠯᠦᠨ᠎ᠡ᠃ | 2᠂ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠬᠡᠦᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠵᠤ᠂ ᠡᠬᠡ ᠨᠢᠯᠬᠠᠰ ᠤᠨ | ᠡᠷᠡᠭᠦᠯᠵᠢᠯ ᠤᠨ ᠪᠠᠶᠢᠭᠤᠯᠤᠮᠵᠢ᠂ ᠬᠡᠦᠬᠡᠳ ᠤᠨ ᠡᠮᠨᠡᠯᠭᠡ ᠶᠢᠨ ᠬᠤᠷᠢᠶ᠎ᠠ ᠪᠠ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠶᠢᠨ ᠬᠡᠦᠬᠡᠳ ᠤᠨ ᠰᠠᠯᠠᠭ᠎ᠠ ᠪᠠᠷ ᠭᠤᠣᠯᠳᠠᠯᠭ᠎ᠠ ᠪᠣᠯᠭᠠᠨ᠂ ᠣᠷᠣᠨ ᠪᠦᠰᠡ ᠶᠢᠨ ᠳᠣᠲᠣᠷᠠᠬᠢ ᠬᠡᠦᠬᠡᠳ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠤᠨ᠎ᠠ᠃ ᠡᠬᠡ | ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠴᠢᠩᠭᠠᠳᠬᠠᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠪᠠᠷ ᠬᠥᠲᠥᠴᠢ ᠪᠣᠯᠭᠠᠭᠰᠠᠨ᠂ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠢᠶᠠᠷ ᠬᠦᠢᠰᠦ ᠪᠣᠯᠭᠠᠭᠰᠠᠨ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ | ᠪᠣᠯᠭᠠᠭᠰᠠᠨ ᠦᠨᠳᠦᠰᠦᠨ ᠱᠠᠲᠤᠨ ᠤ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡᠨ ᠤ ᠲᠣᠣᠷ | ᠰᠦᠯᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠨᠢᠭᠡᠪᠦᠷᠢ ᠳᠤ ᠬᠡᠦᠬᠡᠳ ᠤᠨ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠵᠢᠷᠤᠮᠵᠢᠭᠤᠯᠬᠤ | ᠶᠡᠷᠦᠩᠬᠡᠢ ᠰᠠᠯᠠᠭᠠᠨ ᠤ ᠡᠮᠴᠢ ᠵᠢᠴᠢ ᠬᠡᠦᠬᠡᠳ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠲᠤᠰᠬᠠᠶᠢᠯᠠᠨ ᠬᠢᠳᠡᠭ | ᠡᠮᠴᠢ ᠶᠢ ᠲᠣᠬᠢᠷᠠᠭᠤᠯᠤᠨ᠎ᠠ᠃ ᠬᠡᠦᠬᠡᠳ ᠤᠨ ᠲᠦᠷᠭᠡᠨ ᠠᠪᠤᠷᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠡᠦᠬᠡᠳ ᠤᠨ | ᠠᠨᠠᠭᠠᠬᠤ ᠤᠬᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠲᠦᠷᠭᠡᠳᠬᠡᠵᠦ᠂ ᠶᠡᠷᠦᠩᠬᠡᠢ ᠰᠠᠯᠠᠭᠠᠨ ᠤ ᠡᠮᠴᠢ ᠶᠢᠨ | ᠬᠡᠦᠬᠡᠳ ᠤᠨ ᠰᠠᠯᠠᠭ᠎ᠠ ᠪᠠ ᠬᠡᠦᠬᠡᠳ ᠤᠨ ᠡᠷᠡᠭᠦᠯᠵᠢᠯ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠦᠨ᠂ ᠬᠡᠦᠬᠡᠳ ᠤᠨ ᠰᠠᠯᠠᠭᠠᠨ ᠤ ᠡᠮᠨᠡᠯᠭᠡ ᠶᠢᠨ ᠠᠵᠢᠯᠲᠠᠨ ᠤ ᠬᠥᠯᠥᠰᠦ ᠤᠯᠭᠤᠮᠵᠢ ᠶᠢ | ᠳᠡᠭᠡᠭᠰᠢᠯᠡᠭᠦᠯᠦᠨ᠎ᠡ᠃ | 3᠂ ᠬᠡᠦᠬᠡᠳ ᠤᠨ ᠡᠷᠡᠭᠦᠯ ᠮᠡᠨᠳᠦ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢ | ᠴᠢᠩᠭᠠᠷᠠᠭᠤᠯᠤᠨ᠎ᠠ᠃ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠪᠣᠯ ᠬᠡᠦᠬᠡᠳ ᠤᠨ ᠡᠷᠡᠭᠦᠯ ᠮᠡᠨᠳᠦ ᠶᠢᠨ | ᠨᠢᠭᠡᠳᠦᠭᠡᠷ ᠬᠠᠷᠢᠭᠤᠴᠠᠯᠭᠠᠲᠠᠨ ᠪᠣᠯᠬᠤ ᠣᠨᠣᠯᠵᠢᠬᠤᠨ ᠢ ᠴᠢᠩᠭᠠᠷᠠᠭᠤᠯᠵᠤ᠂ ᠭᠡᠷ ᠪᠦᠯᠢ᠂ ᠨᠡᠶᠢᠭᠡᠮ ᠲᠣᠭᠤᠷᠢᠭ᠂ | ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠲᠦᠰᠢᠭᠯᠡᠨ᠂ ᠰᠢᠨᠵᠢᠯᠡᠬᠦ | ᠤᠬᠠᠭᠠᠨᠴᠢ ᠪᠠᠷ ᠬᠡᠦᠬᠡᠳ ᠪᠣᠶᠢᠵᠢᠭᠤᠯᠬᠤ᠂ ᠡᠪᠡᠳᠴᠢᠨ ᠡᠮᠭᠡᠭ ᠢ ᠰᠡᠷᠭᠡᠶᠢᠯᠡᠬᠦ᠂ ᠴᠠᠭ ᠲᠤᠬᠠᠢ ᠳᠤᠨᠢ ᠡᠮᠨᠡᠭᠦᠯᠬᠦ᠂ ᠵᠦᠢ | ᠵᠣᠬᠢᠰᠲᠠᠢ ᠪᠠᠷ ᠡᠮ ᠬᠡᠷᠡᠭᠯᠡᠬᠦ᠂ ᠵᠦᠢ ᠵᠣᠬᠢᠰᠲᠠᠢ ᠪᠠᠷ ᠬᠤᠭᠤᠯᠠ ᠤᠮᠳᠠ ᠢᠳᠡᠬᠦ᠂ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠵᠠᠶᠢᠯᠠᠬᠤ᠂ ᠰᠡᠳᠬᠢᠴᠡ ᠶᠢᠨ ᠡᠷᠡᠭᠦᠯ ᠮᠡᠨᠳᠦ ᠵᠡᠷᠭᠡ ᠮᠡᠳᠡᠯᠭᠡ ᠪᠠ ᠮᠡᠷᠭᠡᠵᠢᠯ ᠴᠢᠳᠠᠪᠤᠷᠢ ᠶᠢ ᠤᠬᠠᠭᠤᠯᠤᠨ | ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠬᠡᠦᠬᠡᠳ ᠤᠨ ᠡᠷᠡᠭᠦᠯ ᠮᠡᠨᠳᠦ ᠶᠢᠨ ᠦᠶᠯᠡ ᠠᠵᠢᠯᠯᠠᠭᠠᠨ ᠤ | ᠳᠠᠳᠬᠠᠯ ᠲᠠᠢ ᠪᠣᠯᠬᠤ ᠶᠢ ᠠᠬᠢᠭᠤᠯᠤᠨ᠎ᠠ᠃ ᠬᠠᠮ ᠵᠠᠭᠤᠴᠢᠯᠠᠭᠤᠷ ᠤᠨ ᠡᠷᠡᠭᠦᠯ ᠮᠡᠨᠳᠦ ᠶᠢᠨ ᠮᠡᠳᠡᠯᠭᠡ ᠶᠢᠨ | ᠤᠬᠠᠭᠤᠯᠭ᠎ᠠ ᠶᠢ ᠴᠢᠩᠭᠠᠳᠬᠠᠨ᠎ᠠ᠃ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠯᠭᠡ ᠶᠢᠨ ᠡᠬᠢ | ᠪᠠᠶᠠᠯᠢᠭ ᠤᠨ ᠬᠥᠮᠥᠷᠭᠡ ᠶᠢᠨ ᠦᠢᠯᠡᠳᠦᠯ ᠢ ᠪᠠᠳᠠᠷᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ︽ᠵᠢᠷᠮᠦᠰᠦᠨ | ᠡᠮᠡᠭᠲᠡᠢ ᠶᠢᠨ ᠰᠤᠷᠭᠠᠭᠤᠯᠢ︾ ᠪᠠ ︽ᠭᠡᠷ ᠤᠨ ᠠᠬᠠᠮᠠᠳ ᠤᠨ ᠬᠢᠴᠢᠶᠡᠯ ᠤᠨ ᠲᠠᠩᠬᠢᠮ︾ ᠢ ᠵᠢᠷᠤᠮᠵᠢᠭᠤᠯᠤᠨ | ᠲᠣᠬᠢᠷᠠᠭᠤᠯᠬᠤ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ᠂ ᠲᠤᠰᠬᠠᠢ ᠨᠡᠶᠢᠭᠡᠮ ᠤᠨ | ᠵᠣᠬᠢᠶᠠᠨ ᠪᠠᠶᠢᠭᠤᠯᠤᠯᠲᠠ ᠵᠡᠷᠭᠡ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ | ᠥᠷᠨᠢᠭᠦᠯᠬᠦ ᠶᠢ ᠵᠣᠷᠢᠭᠵᠢᠭᠤᠯᠤᠨ᠎ᠠ᠃ ᠬᠡᠦᠬᠡᠳ ᠤᠨ ᠲᠠᠮᠠᠬᠢ ᠲᠠᠲᠠᠬᠤ ︵ᠡᠯᠧᠺᠲᠷᠣᠨ ᠲᠠᠮᠠᠬᠢ ᠪᠠᠭᠲᠠᠨ᠎ᠠ︶᠂ | ᠠᠷᠢᠬᠢᠨ ᠳᠤ ᠰᠣᠭᠲᠣᠬᠤ ᠶᠢ ᠰᠡᠷᠭᠡᠶᠢᠯᠡᠬᠦ ᠪᠠ ᠬᠤᠷᠢᠭᠯᠠᠵᠤ᠂ ᠬᠡᠦᠬᠡᠳ ᠢ ᠬᠠᠮᠠᠭᠠᠯᠠᠵᠦ ᠬᠤᠣᠷᠲᠤ ᠡᠳ᠋ ᠠᠴᠠ | ᠬᠤᠯᠠᠳᠠᠭᠤᠯᠤᠨᠠ᠃ ᠬᠡᠦᠬᠡᠳ ᠲᠤ ᠲᠠᠮᠠᠬᠢ᠂ ᠠᠷᠢᠬᠢ᠂ ᠬᠤᠣᠷᠲᠤ ᠡᠳ᠋ ᠬᠤᠳᠠᠯᠳᠤᠨ ᠪᠣᠷᠣᠯᠠᠭᠤᠯᠬᠤ ᠬᠤᠪᠢ ᠬᠥᠮᠥᠨ | ᠪᠠ ᠪᠠᠶᠢᠭᠤᠯᠤᠮᠵᠢ ᠶᠢ ᠵᠠᠯᠬᠠᠭᠠᠨ ᠰᠢᠢᠳᠭᠡᠬᠦ ᠡᠷᠴᠢᠮ ᠢᠶᠠᠨ ᠴᠢᠩᠭᠠᠷᠠᠭᠤᠯᠤᠨ᠎ᠠ᠃ | 4᠂ ᠨᠢᠷᠠᠢ ᠬᠡᠦᠬᠡᠳ ᠤᠨ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠨ᠎ᠠ᠃ ᠬᠦᠨᠳᠦ ᠲᠦᠭᠰᠢᠭᠦᠷᠢᠲᠡᠢ | ᠡᠪᠡᠳᠴᠢᠨ ᠲᠠᠢ ᠨᠢᠷᠠᠢ ᠬᠡᠦᠬᠡᠳ ᠢ ᠰᠢᠭᠰᠢᠨ ᠪᠠᠶᠢᠴᠠᠭᠠᠬᠤ ᠪᠠ ᠦᠨᠡᠯᠡᠨ ᠵᠢᠱᠢᠬᠦ᠂ ᠠᠶᠤᠯ ᠶᠡᠬᠡᠲᠡᠢ ᠨᠢᠷᠠᠢ ᠬᠡᠦᠬᠡᠳ ᠢ | ᠲᠤᠰᠬᠠᠢ ᠬᠡᠷᠡᠭ ᠢᠶᠠᠷ ᠬᠠᠮᠢᠶᠠᠷᠬᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ᠂ ᠨᠢᠷᠠᠢ | ᠬᠡᠦᠬᠡᠳ ᠤᠨ ᠦᠬᠦᠭᠰᠡᠨ ᠢ ᠬᠢᠨᠠᠨ ᠲᠣᠭᠲᠠᠭᠠᠬᠤ ᠵᠡᠷᠭᠡ ᠳᠦᠷᠢᠮ ᠢ ᠭᠦᠨᠵᠡᠭᠡᠢ ᠬᠡᠷᠡᠭᠵᠢᠭᠦᠯᠦᠨ᠎ᠡ᠃ ᠨᠢᠷᠠᠢ ᠬᠡᠦᠬᠡᠳ ᠢ | ᠵᠢᠷᠤᠮᠵᠢᠭᠤᠯᠤᠨ ᠰᠤᠷᠪᠤᠯᠵᠢᠯᠠᠵᠤ ᠦᠵᠡᠬᠦ ᠠᠵᠢᠯ ᠢ ᠴᠢᠩᠭᠠᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ | ᠬᠥᠩᠭᠡᠵᠢᠭᠦᠯᠬᠦ ᠰᠠᠯᠠᠭ᠎ᠠ᠂ ᠨᠢᠷᠠᠢ ᠬᠡᠦᠬᠡᠳ ᠤᠨ ᠰᠠᠯᠠᠭ᠎ᠠ ᠶᠢᠨ ᠶᠠᠰᠤ ᠴᠢᠨᠠᠷ ᠤᠨ ᠵᠢᠷᠤᠮᠵᠢᠭᠰᠠᠨ ᠬᠠᠮᠢᠶᠠᠷᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠢᠷᠠᠢ ᠬᠡᠦᠬᠡᠳ ᠤᠨ ᠡᠷᠡᠭᠦᠯᠵᠢᠯ ᠤᠨ ᠲᠤᠰᠬᠠᠢ ᠰᠠᠯᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠨ᠂ ᠡᠷᠲᠡ ᠬᠥᠩᠭᠡᠵᠢᠭᠰᠡᠨ ᠬᠡᠦᠬᠡᠳ ᠤᠨ ᠢᠮᠵᠢ ᠮᠠᠶ᠋ᠢᠭ ᠤᠨ ᠰᠤᠪᠢᠯᠠᠯᠲᠠ ᠵᠡᠷᠭᠡ | ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠦᠨ᠎ᠡ᠃ ᠣᠲᠣ ᠶᠢᠨ ᠪᠠᠶᠢᠭ᠎ᠠ ᠪᠠᠶᠢᠭᠤᠯᠤᠮᠵᠢ ᠳᠤ ᠲᠦᠰᠢᠭᠯᠡᠨ ᠬᠦᠨᠳᠦ | ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠨᠢᠷᠠᠢ | ᠬᠡᠦᠬᠡᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠪᠦᠷᠬᠦᠭᠰᠡᠨ ᠨᠤᠷᠮ᠎ᠠ ᠶᠢ ᠳᠡᠭᠡᠭᠰᠢᠯᠡᠭᠦᠯᠦᠨ᠎ᠡ᠃ | 5᠂ ᠵᠡᠷᠡᠮᠳᠡᠭ ᠲᠦᠷᠦᠭᠦ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠣᠯᠠᠨ ᠰᠠᠯᠠᠭ᠎ᠠ | ᠮᠥᠴᠢᠷ ᠬᠤᠯᠪᠤᠭᠠᠯᠠᠨ ᠬᠥᠳᠡᠯᠦᠯᠴᠡᠵᠦ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠵᠡᠷᠡᠮᠳᠡᠭ ᠲᠦᠷᠦᠭᠦ ᠶᠢ ᠭᠤᠷᠪᠠᠨ ᠱᠠᠲᠤ ᠪᠠᠷ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠮᠡᠳᠡᠯᠭᠡ ᠶᠢ ᠲᠦᠭᠡᠮᠡᠯᠵᠢᠭᠦᠯᠬᠦ ᠪᠠ ᠵᠡᠷᠡᠮᠳᠡᠭ ᠲᠦᠷᠦᠭᠦ ᠶᠢ ᠰᠡᠷᠭᠡᠶᠢᠯᠡᠨ ᠡᠵᠡᠮᠳᠡᠬᠦ | ᠯᠠᠪᠯᠠᠯᠭ᠎ᠠ ᠶᠢ ᠴᠢᠩᠭᠠᠳᠬᠠᠵᠤ᠂ ᠣᠷᠤᠭ ᠤᠨ ᠳᠠᠩᠰᠠᠯᠠᠯᠲᠠ᠂ ᠣᠷᠤᠭ ᠬᠤᠷᠢᠮ ᠦᠷᠡᠵᠢᠯ ᠤᠨ ᠡᠷᠡᠭᠦᠯ ᠮᠡᠨᠳᠦ ᠶᠢᠨ | ᠤᠬᠠᠭᠤᠯᠭ᠎ᠠ ᠬᠥᠮᠦᠵᠢᠯ᠂ ᠦᠷᠡᠵᠢᠯ ᠤᠨ ᠵᠢᠯᠣᠭᠤᠳᠤᠯᠭ᠎ᠠ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ | ᠳᠡᠯᠭᠡᠷᠡᠭᠦᠯᠦᠨ᠎ᠡ᠃ ᠤᠷᠤᠭᠯᠠᠬᠤ ᠠᠴᠠ ᠡᠮᠦᠨᠡᠬᠢ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢ ᠬᠠᠮᠠᠭᠠᠯᠠᠬᠤ ᠶᠢ | ᠴᠢᠩᠭᠠᠳᠬᠠᠵᠤ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠣᠨᠣᠰᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠂ ᠵᠢᠷᠮᠦᠰᠦᠯᠡᠬᠦ ᠬᠤᠭᠤᠴᠠᠭ᠎ᠠ᠂ ᠬᠥᠩᠭᠡᠵᠢᠬᠦ ᠠᠴᠠ ᠡᠮᠦᠨᠡᠬᠢ ᠪᠠ ᠬᠥᠩᠭᠡᠵᠢᠭᠰᠡᠨ ᠤ ᠳᠠᠷᠠᠭᠠᠬᠢ ᠨᠢᠭᠡ | ᠴᠣᠭᠴᠠᠵᠢᠯᠲᠠ ᠪᠠ ᠣᠯᠠᠨ ᠰᠢᠨᠵᠢᠯᠡᠭᠡᠨ ᠤ ᠰᠠᠯᠠᠭ᠎ᠠ ᠶᠢᠨ ᠣᠨᠣᠰᠢᠯᠠᠨ ᠡᠮᠨᠡᠬᠦ ᠬᠠᠮᠵᠢᠯᠴᠠᠭ᠎ᠠ ᠶᠢ ᠠᠬᠢᠭᠤᠯᠵᠤ᠂ | ᠦᠢᠯᠡᠴᠢᠯᠡᠭᠡ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠨᠢᠷᠠᠢ ᠬᠡᠦᠬᠡᠳ ᠤᠨ | ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠢᠭᠰᠢᠨ ᠪᠠᠶᠢᠴᠠᠭᠠᠬᠤ᠂ | ᠠᠷᠭ᠎ᠠ ᠶᠢᠨ ᠴᠢᠨᠠᠷᠲᠠᠢ ᠡᠪᠡᠳᠴᠢᠨ ᠤ ᠵᠢᠱᠢᠶ᠎ᠡ ᠶᠢ ᠡᠭᠡᠭᠦᠯᠦᠨ ᠠᠪᠴᠢᠷᠠᠬᠤ᠂ ᠣᠨᠣᠰᠢᠯᠠᠬᠤ᠂ ᠡᠮᠨᠡᠨ ᠵᠠᠰᠠᠬᠤ ᠪᠠ | ᠳᠠᠭᠠᠵᠤ ᠰᠤᠷᠪᠤᠯᠵᠢᠯᠠᠬᠤ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠵᠠᠭᠪᠤᠷ ᠢ ᠪᠠᠶᠢᠭᠤᠯᠵᠤ᠂ ᠡᠷᠲᠡ | ᠰᠢᠭᠰᠢᠵᠦ ᠡᠷᠲᠡ ᠣᠨᠣᠰᠢᠯᠠᠵᠤ ᠡᠷᠲᠡ ᠵᠠᠰᠠᠬᠤ ᠶᠢ ᠠᠬᠢᠭᠤᠯᠤᠨ᠎ᠠ᠃ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ | ᠲᠣᠣᠷ ᠰᠦᠯᠵᠢᠶ᠎ᠡ ᠶᠢ ᠪᠦᠷᠢᠨᠰᠢᠭᠦᠯᠵᠦ᠂ ᠵᠡᠷᠡᠮᠳᠡᠭ ᠲᠦᠷᠦᠭᠦ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠵᠡᠷᠡᠮᠳᠡᠭ | ᠲᠦᠷᠦᠭᠦ ᠶᠢ ᠰᠡᠷᠭᠡᠶᠢᠯᠡᠨ ᠵᠠᠰᠠᠬᠤ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠤᠨ᠎ᠠ᠃ | 6᠂ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠬᠡᠦᠬᠡᠳ ᠤᠨ | ᠡᠷᠡᠭᠦᠯᠵᠢᠯ ᠤᠨ ᠡᠭᠦᠳᠡᠨ ᠡᠮᠨᠡᠯᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ | ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠡᠦᠬᠡᠳ ᠤᠨ ᠡᠮᠴᠢᠯᠡᠭᠡ | ᠡᠷᠡᠭᠦᠯᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠳᠤ ᠲᠦᠰᠢᠭᠯᠡᠨ 0 —6 ᠨᠠᠰᠤᠨ ᠤ ᠬᠡᠦᠬᠡᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ 0 —6 ᠨᠠᠰᠤᠨ ᠤ ᠬᠡᠦᠬᠡᠳ ᠤᠨ | ᠵᠡᠮᠳᠡᠭ ᠢ ᠰᠢᠭᠰᠢᠨ ᠪᠠᠶᠢᠴᠠᠭᠠᠬᠤ ᠶᠢ ᠠᠬᠢᠭᠤᠯᠤᠨ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠬᠦ᠂ | ᠲᠡᠩᠬᠡᠷᠡᠭᠦᠯᠦᠨ ᠲᠤᠰᠠᠯᠠᠬᠤ ᠶᠢ ᠬᠠᠷᠢᠯᠴᠠᠨ ᠵᠣᠯᠭᠠᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠪᠠᠶᠢᠩᠭᠤ ᠲᠣᠬᠢᠶᠠᠯᠳᠤᠳᠠᠭ | ᠡᠪᠡᠳᠴᠢᠨ ᠢ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠴᠢᠳᠠᠪᠤᠷᠢ ᠶᠢ ᠴᠢᠩᠭᠠᠳᠬᠠᠵᠤ᠂ ᠰᠤᠷᠭᠠᠭᠤᠯᠢ ᠶᠢᠨ ᠡᠮᠴᠢ᠂ | ᠬᠡᠦᠬᠡᠳ ᠤᠨ ᠴᠡᠴᠡᠷᠯᠢᠭ ᠵᠢᠴᠢ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ | ᠠᠵᠢᠯᠲᠠᠨ ᠪᠠ ᠴᠢᠬᠤᠯᠠ ᠪᠦᠬᠦᠢ ᠡᠷᠡᠭᠦᠯᠵᠢᠯ ᠤᠨ ᠲᠥᠬᠦᠭᠡᠷᠦᠮᠵᠢ ᠶᠢ ᠪᠠᠷᠢᠮᠵᠢᠶ᠎ᠠ ᠶᠣᠰᠣᠭᠠᠷ ᠲᠤᠬᠢᠷᠠᠭᠤᠯᠤᠨ᠎ᠠ᠃ | ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ | ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ | ᠵᠡᠷᠭᠡ ᠬᠠᠮᠲᠤᠯᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | 7᠂ ᠬᠡᠦᠬᠡᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠡᠷᠲᠡ ᠬᠥᠩᠭᠡᠵᠢᠭᠰᠡᠨ᠂ | ᠪᠡᠶ᠎ᠡ ᠶᠢᠨ ᠬᠦᠨᠳᠦ ᠨᠢ ᠳᠣᠣᠷ᠎ᠠ᠂ ᠴᠢᠰᠤ ᠳᠤᠲᠠᠬᠤ᠂ ᠠᠭᠤᠰᠬᠢᠨ ᠦᠷᠪᠢᠰᠦᠯ᠂ ᠮᠠᠷᠢᠶᠠᠯᠠᠬᠤ᠂ ᠰᠠᠭᠤᠯᠭᠠᠬᠤ᠂ | ᠰᠡᠳᠬᠢᠴᠡ ᠶᠢᠨ ᠦᠶᠯᠡ ᠠᠵᠢᠯᠯᠠᠭ᠎ᠠ ᠬᠡᠪ ᠤᠨ ᠪᠤᠰᠤ᠂ ᠬᠠᠷᠠᠭ᠎ᠠ ᠮᠠᠭᠤᠳᠠᠬᠤ᠂ ᠰᠢᠳᠦ ᠬᠤᠷᠣᠬᠠᠶᠢᠲᠤᠬᠤ ᠵᠡᠷᠭᠡ | ᠬᠡᠦᠬᠡᠳ ᠤᠨ ᠡᠷᠡᠭᠦᠯ ᠮᠡᠨᠳᠦ ᠶᠢᠨ ᠠᠰᠠᠭᠤᠳᠠᠯ ᠢᠶᠠᠷ ᠭᠤᠣᠯᠳᠠᠯᠭ᠎ᠠ ᠪᠣᠯᠭᠠᠨ᠂ ᠬᠡᠦᠬᠡᠳ ᠤᠨ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠳᠤ ᠲᠣᠬᠢᠷᠠᠬᠤ ᠮᠡᠷᠭᠡᠵᠢᠯ ᠢ ᠳᠡᠯᠭᠡᠷᠡᠭᠦᠯᠵᠦ᠂ ᠠᠩᠬᠠᠨ ᠤ ᠬᠤᠭᠤᠴᠠᠭᠠᠨ ᠤ ᠰᠢᠭᠰᠢᠨ | ᠪᠠᠶᠢᠴᠠᠭᠠᠬᠤ᠂ ᠣᠨᠣᠰᠢᠯᠠᠬᠤ ᠪᠠ ᠬᠠᠮᠢᠶᠠᠷᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠎ᠠ᠃ ᠬᠡᠦᠬᠡᠳ ᠤᠨ ᠠᠮᠠᠨ | ᠬᠥᠨᠳᠡᠢ ᠶᠢᠨ ᠡᠷᠡᠭᠦᠯ ᠮᠡᠨᠳᠦ ᠶᠢ ᠴᠢᠩᠭᠠᠳᠬᠠᠨ᠎ᠠ᠃ ᠬᠡᠦᠬᠡᠳ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ᠂ | ᠰᠢᠨ᠎ᠡ ᠪᠠᠷ ᠡᠭᠦᠰᠦᠭᠰᠡᠨ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠵᠢᠴᠢ ᠠᠶᠢᠽ ᠡᠪᠡᠳᠴᠢᠨ᠂ ᠲᠡᠮᠪᠦᠦ᠂ | ᠡᠯᠢᠭᠡᠨ ᠤB ᠦᠷᠪᠢᠰᠦᠯ ᠤᠨ ᠡᠬᠡ ᠨᠢᠯᠬᠠᠰ ᠢ ᠬᠤᠷᠢᠭᠯᠠᠨ ᠲᠠᠰᠤᠯᠬᠤ ᠠᠵᠢᠯ ᠢ ᠴᠢᠩᠭᠠᠳᠬᠠᠨ᠎ᠠ᠃ ᠬᠡᠦᠬᠡᠳ ᠤᠨ | ᠴᠢᠰᠤᠨ ᠡᠪᠡᠳᠴᠢᠨ᠂ ᠬᠤᠣᠷᠲᠤ ᠬᠠᠪᠤᠳᠠᠷ ᠵᠡᠷᠭᠡ ᠬᠦᠨᠳᠦ ᠡᠪᠡᠳᠴᠢᠨ ᠢ ᠣᠨᠣᠰᠢᠯᠠᠨ ᠡᠮᠨᠡᠬᠦ ᠰᠢᠰᠲ᠋ᠧᠮ᠂ ᠡᠮ ᠤᠨ | ᠵᠦᠢᠯ ᠤᠨ ᠬᠠᠩᠭᠠᠯᠭ᠎ᠠ ᠶᠢᠨ ᠳᠦᠷᠢᠮ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠬᠤᠣᠷᠲᠤ ᠬᠠᠪᠤᠳᠠᠷ ᠵᠡᠷᠭᠡ ᠡᠪᠡᠳᠴᠢᠨ ᠢ ᠡᠮᠨᠡᠨ ᠵᠠᠰᠠᠬᠤ ᠣᠨᠴᠠ ᠦᠢᠯᠡᠳᠦᠯ ᠲᠠᠢ ᠡᠮ ᠢ ᠨᠡᠭᠡᠭᠡᠨ ᠬᠥᠭᠵᠢᠭᠦᠯᠦᠨ᠎ᠡ᠃ | ᠬᠤᠪᠣᠷ ᠲᠣᠬᠢᠶᠠᠯᠳᠤᠬᠤ ᠡᠪᠡᠳᠴᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠢᠲᠠᠳ ︵ᠮᠣᠩᠭᠤᠯ︶ ᠡᠮᠴᠢᠯᠡᠭᠡᠨ ᠤ | ᠬᠡᠦᠬᠡᠳ ᠤᠨ ᠰᠠᠯᠠᠭᠠᠨ ᠤ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃ | 8᠂ ᠬᠡᠦᠬᠡᠳ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠬᠠᠮᠢᠶᠠᠷᠤᠯᠲᠠ ᠪᠠ ᠰᠡᠷᠭᠡᠶᠢᠯᠡᠬᠦ | ᠲᠠᠷᠢᠯᠭ᠎ᠠ ᠶᠢ ᠴᠢᠩᠭᠠᠳᠬᠠᠨ᠎ᠠ᠃ ᠨᠡᠯᠢᠶᠡᠳ ᠥᠨᠳᠥᠷ ᠬᠢᠷᠢ ᠲᠦᠪᠰᠢᠨ ᠪᠦᠬᠦᠢ ᠡᠭᠡᠯᠢᠯᠡᠭᠡ ᠶᠢᠨ | ᠲᠥᠯᠦᠪᠵᠢᠭᠦᠯᠭᠡ ᠶᠢᠨ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠪᠠᠷᠢᠮᠲᠠᠯᠠᠨ᠎ᠠ᠃ ᠸᠠᠺᠼᠢᠨ ᠤ ᠶᠠᠰᠤ ᠴᠢᠨᠠᠷ᠂ ᠬᠦᠢᠲᠡᠨ | ᠬᠡᠯᠬᠢᠶᠡᠲᠦ ᠬᠠᠳᠠᠭᠠᠯᠠᠵᠤ ᠵᠥᠭᠡᠭᠡᠪᠦᠷᠢᠯᠡᠬᠦ᠂ ᠡᠭᠡᠯᠢᠯᠡᠭᠡ ᠶᠢᠨ ᠲᠥᠯᠦᠪᠵᠢᠭᠦᠯᠭᠡ ᠶᠢᠨ ᠳᠦᠷᠢᠮ ᠤᠨ | ᠨᠠᠶᠢᠳᠠᠪᠤᠷᠢᠵᠢᠭᠤᠯᠤᠯᠲᠠ᠂ ᠰᠡᠷᠭᠡᠶᠢᠯᠡᠬᠦ ᠲᠠᠷᠢᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠳᠬᠠᠨ᠎ᠠ᠃ ᠸᠠᠺᠼᠢᠨ ᠤ ᠬᠡᠪ ᠤᠨ ᠪᠤᠰᠤ ᠤᠷᠪᠠᠯ ᠤᠨ ᠨᠥᠬᠦᠪᠦᠷᠢ ᠶᠢᠨ ᠬᠠᠮᠢᠶ᠎ᠠ ᠪᠦᠬᠦᠢ ᠲᠣᠭᠲᠠᠭᠠᠯ ᠢ | ᠬᠡᠷᠡᠭᠵᠢᠭᠦᠯᠵᠦ᠂ ᠨᠥᠬᠦᠪᠦᠷᠢ ᠶᠢᠨ ᠭᠠᠷᠴᠠᠭ ᠤᠨ ᠬᠡᠪᠴᠢᠶ᠎ᠡ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠰᠡᠷᠭᠡᠶᠢᠯᠡᠬᠦ | ᠲᠠᠷᠢᠯᠭ᠎ᠠ ᠶᠢᠨ ᠬᠡᠪ ᠤᠨ ᠪᠤᠰᠤ ᠤᠷᠪᠠᠯ ᠤᠨ ᠨᠥᠬᠦᠪᠦᠷᠢ ᠶᠢᠨ ᠳᠠᠭᠠᠳᠬᠠᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | 9᠂ ᠬᠡᠦᠬᠡᠳ ᠤᠨ ᠠᠩᠬᠠᠨ ᠤ ᠬᠥᠭᠵᠢᠯᠲᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠣᠯᠠᠨ ᠰᠠᠯᠠᠭ᠎ᠠ ᠮᠥᠴᠢᠷ ᠬᠠᠮᠵᠢᠯᠴᠠᠭᠰᠠᠨ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ | ᠣᠨᠣᠯᠵᠢᠬᠤᠨ ᠤ ᠮᠡᠳᠡᠯᠭᠡ ᠶᠢ ᠢᠳᠡᠪᠬᠢᠲᠡᠢ ᠪᠠᠷ ᠤᠯᠠᠮᠵᠢᠯᠠᠨ ᠳᠡᠯᠭᠡᠷᠡᠭᠦᠯᠵᠦ᠂ ᠭᠡᠷ ᠤᠨ ᠠᠬᠠᠮᠠᠳ ᠵᠢᠴᠢ ᠠᠰᠠᠷᠠᠨ | ᠬᠠᠷᠠᠭᠠᠯᠵᠠᠭᠴᠢᠳ ᠢ ᠬᠠᠪᠰᠤᠷᠤᠨ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠵᠥᠪ | ᠤᠶᠢᠯᠭᠠᠭᠳᠠᠬᠤᠨ ᠢ ᠪᠠᠶᠢᠭᠤᠯᠤᠨ᠎ᠠ᠃ 0 —3 ᠨᠠᠰᠤᠨ ᠤ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ | ᠬᠥᠭᠵᠢᠯᠲᠡ ᠪᠠ ᠬᠠᠷᠠᠭᠠᠯᠵᠠᠨ ᠠᠰᠠᠷᠠᠬᠤ ᠮᠡᠳᠡᠯᠭᠡ ᠶᠢ ᠲᠦᠭᠡᠮᠡᠯᠵᠢᠭᠦᠯᠵᠦ᠂ ᠬᠠᠷᠠᠭᠠᠯᠵᠠᠨ ᠠᠰᠠᠷᠠᠬᠤ ᠵᠢᠭᠠᠨ | ᠰᠤᠷᠭᠠᠬᠤ ᠪᠠᠭᠠᠵᠢ ᠬᠡᠷᠡᠭᠰᠡᠯ ︵ᠬᠠᠷ᠎ᠠ ᠴᠠᠭᠠᠨ ᠺᠠᠷᠲ᠂ ᠳᠤᠷ᠎ᠠ ᠬᠦᠰᠡᠯ ᠤᠨ ᠬᠤᠭᠤᠴᠠᠭᠠᠨ ᠤ ᠲᠣᠭᠯᠠᠭᠠᠮ᠂ ᠰᠠᠭᠤᠷᠢ | ᠵᠢᠷᠤᠭᠲᠤ ᠳᠡᠪᠲᠡᠷ ᠵᠡᠷᠭᠡ︶᠂ ᠬᠠᠷᠠᠭᠠᠨ ᠳᠠᠪᠲᠠᠮᠵᠢ ᠶᠢᠨ ᠬᠢᠴᠢᠶᠡᠯ ᠪᠠ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ | ᠵᠡᠷᠭᠡ ᠦᠢᠯᠡᠴᠢᠯᠡᠭᠡᠨ ᠤ ᠬᠠᠩᠭᠠᠯᠭ᠎ᠠ ᠲᠠᠢ ᠬᠠᠮᠵᠢᠯᠴᠠᠨ᠂ ᠬᠠᠷᠠᠭᠠᠯᠵᠠᠨ ᠠᠰᠠᠷᠠᠭᠴᠢ ᠶᠢ ᠬᠠᠪᠰᠤᠷᠤᠨ ᠬᠡᠦᠬᠡᠳ ᠤᠨ | ᠰᠡᠷᠭᠡᠭ ᠬᠤᠭᠤᠴᠠᠭᠠᠨ ᠤ ᠬᠥᠭᠵᠢᠯᠲᠡ ᠶᠢᠨ ᠥᠩᠭᠡᠷᠡᠯᠲᠡ ᠶᠢ ᠣᠶᠢᠯᠠᠭᠠᠭᠤᠯᠵᠤ᠂ ᠬᠡᠦᠬᠡᠳ ᠤᠨ ᠮᠡᠳᠡᠷᠡᠬᠦᠢ᠂ | ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ᠂ ᠬᠥᠳᠡᠯᠭᠡᠭᠡᠨ ᠤ ᠴᠢᠳᠠᠪᠤᠷᠢ᠂ ᠦᠭᠡ ᠬᠡᠯᠡᠨ ᠤ ᠴᠢᠳᠠᠪᠤᠷᠢ᠂ ᠠᠰᠠᠭᠤᠳᠠᠯ ᠢ | ᠰᠢᠢᠳᠪᠦᠷᠢᠯᠡᠬᠦ ᠴᠢᠳᠠᠪᠤᠷᠢ᠂ ᠤᠷᠮ᠎ᠠ ᠰᠡᠳᠬᠢᠯᠭᠡ ᠪᠠᠨ ᠵᠣᠬᠢᠴᠠᠭᠤᠯᠬᠤ ᠴᠢᠳᠠᠪᠤᠷᠢ ᠵᠡᠷᠭᠡ ᠶᠢᠨ ᠲᠣᠭᠤᠷᠢᠨ ᠳᠤ ᠡᠷᠲᠡ | ᠦᠶ᠎ᠡ ᠶᠢᠨ ᠰᠤᠷᠭᠠᠨ ᠬᠥᠮᠦᠵᠢᠯ ᠢ ᠡᠷᠲᠡᠬᠡᠨ ᠥᠷᠨᠢᠭᠦᠯᠦᠨ᠎ᠡ᠃ ᠰᠠᠶᠢᠨ ᠰᠠᠶᠢᠬᠠᠨ ᠡᠷᠡᠭᠦᠯ ᠮᠡᠨᠳᠦ᠂ ᠭᠦᠢᠴᠡᠳ ᠰᠢᠮ᠎ᠡ | ᠲᠡᠵᠢᠭᠡᠯ᠂ ᠬᠠᠷᠢᠭᠤ ᠲᠤᠰᠬᠠᠯ ᠤᠨ ᠴᠢᠨᠠᠷᠲᠠᠢ ᠬᠠᠷᠠᠭᠠᠯᠵᠠᠯ᠂ ᠠᠩᠬᠠᠨ ᠤ ᠬᠤᠭᠤᠴᠠᠭᠠᠨ ᠤ ᠰᠤᠷᠤᠯᠴᠠᠯᠭ᠎ᠠ᠂ ᠠᠮᠤᠷ | ᠲᠦᠪᠰᠢᠨ ᠤ ᠪᠠᠲᠤᠯᠠᠭ᠎ᠠ ᠵᠡᠷᠭᠡ ᠣᠯᠠᠨ ᠲᠠᠯ᠎ᠠ ᠶᠢ ᠬᠠᠮᠤᠷᠤᠭᠰᠠᠨ ᠬᠡᠦᠬᠡᠳ ᠤᠨ ᠠᠩᠬᠠᠨ ᠤ ᠬᠤᠭᠤᠴᠠᠭᠠᠨ ᠤ | ᠶᠡᠷᠦᠩᠬᠡᠶᠢᠯᠡᠭᠰᠡᠨ ᠦᠢᠯᠡᠴᠢᠯᠡᠭᠡ ᠶᠢ ᠥᠷᠭᠡᠳᠬᠡᠨ᠎ᠡ᠃ ᠭᠡᠷ ᠪᠦᠯᠢ ᠶᠢᠨ ᠨᠢᠯᠬ᠎ᠠ ᠬᠡᠦᠬᠡᠳ ᠤᠨ ᠠᠩᠬᠠᠨ ᠤ | ᠬᠤᠭᠤᠴᠠᠭᠠᠨ ᠤ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠳᠡᠮᠵᠢᠯᠭᠡ ᠪᠠ ᠦᠢᠯᠡᠴᠢᠯᠡᠭᠡ ᠶᠢ ᠴᠢᠩᠭᠠᠳᠬᠠᠵᠤ᠂ | ᠭᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ ᠴᠢᠳᠠᠪᠤᠷᠢ ᠶᠢ ᠨᠡᠮᠡᠭᠳᠡᠭᠦᠯᠦᠨ᠎ᠡ᠃ | ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠳᠤ ᠬᠦᠷᠭᠡᠬᠦ᠂ | ᠨᠡᠶᠢᠭᠡᠮ ᠲᠣᠭᠤᠷᠢᠭ ᠲᠤ ᠬᠦᠷᠭᠡᠬᠦ᠂ ᠭᠡᠷ ᠪᠦᠯᠢ ᠳᠤ ᠬᠦᠷᠭᠡᠬᠦ ᠶᠢ ᠠᠬᠢᠭᠤᠯᠵᠤ᠂ ᠬᠡᠦᠬᠡᠳ ᠤᠨ ᠠᠩᠬᠠᠨ ᠤ | ᠬᠤᠭᠤᠴᠠᠭᠠᠨ ᠤ ᠬᠥᠭᠵᠢᠯᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ ᠡᠷᠦᠬᠡ ᠳᠤ | ᠬᠦᠷᠴᠦ ᠠᠶᠢᠯᠴᠢᠯᠠᠨ ᠵᠢᠭᠠᠨ ᠵᠢᠯᠤᠭᠤᠳᠬᠤ ᠵᠡᠷᠭᠡ ᠬᠥᠳᠡᠭᠡ ᠲᠣᠰᠬᠤᠨ ᠤ ᠬᠡᠦᠬᠡᠳ᠂ ᠭᠡᠷ ᠢᠶᠠᠨ ᠰᠠᠬᠢᠵᠤ | ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠲᠤ ᠲᠣᠬᠢᠷᠠᠬᠤ ᠠᠩᠬᠠᠨ ᠤ | ᠬᠤᠭᠤᠴᠠᠭᠠᠨ ᠤ ᠬᠥᠭᠵᠢᠯᠲᠡ ᠶᠢᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠳᠡᠯᠭᠡᠷᠡᠭᠦᠯᠦᠨ᠎ᠡ᠃ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠤ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ | ᠦᠢᠯᠡᠴᠢᠯᠡᠭᠡᠨ ᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 10᠂ ᠬᠡᠦᠬᠡᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠤᠨ᠎ᠠ᠃ ᠬᠡᠦᠬᠡᠳ ᠤᠨ ᠠᠮᠢ ᠨᠠᠰᠤᠨ ᠤ | ᠡᠬᠢᠨ ᠤ ᠦᠶ᠎ᠡ ᠶᠢᠨ 1000 ᠡᠳᠦᠷ ᠤᠨ ᠰᠢᠮ᠎ᠡ ᠲᠡᠵᠢᠭᠡᠯ ᠢ ᠠᠩᠬᠠᠷᠴᠤ᠂ ᠵᠢᠷᠮᠦᠰᠦᠯᠡᠬᠦ ᠠᠴᠠ ᠡᠮᠦᠨᠡᠬᠢ᠂ | ᠵᠢᠷᠮᠦᠰᠦᠯᠡᠵᠦ ᠬᠥᠩᠭᠡᠵᠢᠬᠦ ᠬᠤᠭᠤᠴᠠᠭᠠᠨ ᠳᠠᠬᠢ ᠰᠢᠮ᠎ᠡ ᠲᠡᠵᠢᠭᠡᠯ ᠬᠢᠭᠡᠳ ᠢᠳᠡᠰᠢ ᠶᠢᠨ ᠦᠨᠡᠯᠡᠯᠲᠡ | ᠵᠢᠯᠣᠭᠤᠳᠤᠯᠭ᠎ᠠ ᠶᠢ ᠥᠷᠨᠢᠭᠦᠯᠦᠨ᠎ᠡ᠃ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠡᠬᠡ ᠶᠢᠨ ᠰᠦ ᠪᠠᠷ ᠬᠥᠬᠦᠭᠦᠯᠦᠨ ᠲᠡᠵᠢᠭᠡᠬᠦ ᠶᠢ ᠠᠬᠢᠭᠤᠯᠬᠤ ᠪᠠ ᠳᠡᠮᠵᠢᠵᠦ᠂ 6 ᠰᠠᠷ᠎ᠠ ᠠᠴᠠ | ᠳᠡᠭᠡᠭᠰᠢᠬᠢ ᠬᠡᠦᠬᠡᠳ ᠲᠤ ᠲᠤᠰᠠᠯᠠᠬᠤ ᠢᠳᠡᠭᠡᠨ ᠵᠦᠢ ᠵᠣᠬᠢᠰᠲᠠᠢ ᠨᠡᠮᠡᠬᠦ ᠮᠡᠳᠡᠯᠭᠡ ᠴᠢᠳᠠᠪᠤᠷᠢ ᠶᠢ ᠲᠦᠭᠡᠮᠡᠯᠵᠢᠭᠦᠯᠦᠨ᠎ᠡ᠃ | ᠨᠢᠯᠬ᠎ᠠ ᠬᠡᠦᠬᠡᠳ ᠢᠶᠠᠨ ᠬᠠᠶᠢᠷᠠᠯᠠᠬᠤ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠣᠯᠠᠨ | ᠨᠡᠶᠢᠲᠡ ᠶᠢᠨ ᠲᠠᠯᠠᠪᠤᠷ ᠭᠠᠵᠠᠷ ᠪᠠ ᠠᠵᠢᠯᠯᠠᠬᠤ ᠲᠠᠯᠠᠪᠤᠷ ᠲᠠᠬᠢ ᠡᠬᠡ ᠨᠢᠯᠬᠠᠰ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠬᠡᠦᠬᠡᠳ ᠤᠨ ᠥᠰᠦᠯᠲᠡ ᠪᠤᠶᠢᠵᠢᠯᠲᠠ ᠶᠢᠨ ᠬᠢᠨᠠᠨ ᠬᠡᠮᠵᠢᠯᠲᠡ ᠪᠠ ᠦᠨᠡᠯᠡᠯᠲᠡ ᠶᠢ | ᠥᠷᠨᠢᠭᠦᠯᠵᠦ᠂ ᠥᠪᠡᠷᠮᠢᠴᠡ ᠰᠢᠮ᠎ᠡ ᠲᠡᠵᠢᠭᠡᠯ ᠤᠨ ᠵᠢᠯᠣᠭᠤᠳᠤᠯᠭ᠎ᠠ ᠶᠢ ᠴᠢᠩᠭᠠᠳᠬᠠᠨ᠂ ᠬᠡᠦᠬᠡᠳ ᠤᠨ ᠰᠢᠮ᠎ᠡ ᠲᠡᠵᠢᠭᠡᠯ | ᠭᠦᠢᠴᠡᠳ ᠪᠠᠶᠢᠬᠤ ᠶᠢ ᠪᠠᠲᠤᠯᠠᠨ᠎ᠠ᠃ ᠢᠳᠡᠭᠡᠨ ᠤ ᠪᠤᠶᠢᠵᠢᠯᠲᠠ ᠶᠢᠨ ᠬᠥᠮᠦᠵᠢᠯ ᠢ ᠴᠢᠩᠭᠠᠳᠬᠠᠵᠤ᠂ ᠢᠳᠡᠭᠡᠨ | ᠤᠮᠳᠠᠭᠠᠨ ᠢ ᠰᠢᠨᠵᠢᠯᠡᠬᠦ ᠤᠬᠠᠭᠠᠨᠴᠢ ᠪᠠᠷ ᠲᠡᠩᠴᠡᠭᠦᠷᠢᠲᠡᠢ ᠪᠠᠶᠢᠯᠭᠠᠬᠤ᠂ ᠢᠳᠡᠭᠡᠨ ᠤᠮᠳᠠᠭᠠᠨ ᠢ ᠲᠡᠩᠴᠡᠭᠦᠷᠢ ᠲᠠᠢ | ᠪᠠᠶᠢᠯᠭᠠᠬᠤ ᠶᠢ ᠬᠥᠲᠥᠯᠥᠨ ᠵᠢᠯᠤᠭᠤᠳᠴᠤ᠂ ᠬᠡᠦᠬᠡᠳ ᠤᠨ ᠬᠦᠨᠳᠦᠴᠡ ᠬᠡᠲᠦᠷᠡᠬᠦ ᠪᠠ ᠮᠠᠷᠢᠶᠠᠯᠠᠬᠤ ᠶᠢ ᠰᠡᠷᠭᠡᠶᠢᠯᠡᠨ | ᠬᠢᠵᠠᠭᠠᠷᠯᠠᠨ᠎ᠠ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠰᠢᠮ᠎ᠡ | ᠲᠡᠵᠢᠭᠡᠯᠲᠦ ᠢᠳᠡᠭᠡᠨ ᠤᠮᠳᠠᠭᠠᠨ ᠤ ᠬᠠᠮᠢᠶᠠᠷᠤᠯᠲᠠ ᠶᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ | ᠠᠮᠤᠷ ᠲᠦᠪᠰᠢᠨ ᠢ ᠰᠠᠬᠢᠨ ᠬᠠᠮᠠᠭᠠᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠡᠷ ᠤᠨ ᠠᠬᠠᠮᠠᠳ ᠬᠡᠦᠬᠡᠳ ᠤᠨ | ᠢᠳᠡᠭᠡᠨ ᠤᠮᠳᠠᠭᠠᠨ ᠤ ᠰᠢᠨᠵᠢᠯᠡᠬᠦ ᠤᠬᠠᠭᠠᠨ ᠤ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ | ᠢᠳᠡᠭᠡᠨ ᠤᠮᠳᠠᠭᠠᠨ ᠤ ᠳᠤᠮᠳᠠᠬᠢ ᠡᠷᠡᠭᠦᠯ ᠮᠡᠨᠳᠦ ᠳᠤ ᠠᠰᠢᠭ ᠦᠭᠡᠢ ᠬᠦᠴᠦᠨ ᠵᠦᠢᠯ ᠢ ᠬᠢᠵᠠᠭᠠᠷᠯᠠᠨ᠂ ᠢᠳᠡᠭᠡᠨ ᠤ | ᠢᠷᠡᠯᠲᠡ ᠶᠢ ᠡᠷᠢᠬᠦ ᠲᠣᠭᠲᠠᠴᠠ ᠪᠠ ᠱᠣᠰᠢᠭ᠎ᠠ ᠲᠡᠮᠳᠡᠭ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | 11᠂ ᠬᠡᠦᠬᠡᠳ ᠤᠨ ᠣᠶᠢᠷ᠎ᠠ ᠬᠠᠷᠠᠭ᠎ᠠ ᠶᠢ ᠪᠦᠲᠦᠮᠵᠢᠲᠡᠶ ᠬᠢᠵᠠᠭᠠᠷᠯᠠᠨ᠎ᠠ᠃ ᠬᠡᠦᠬᠡᠳ ᠤᠨ ᠡᠮᠴᠢᠯᠡᠭᠡ | ᠡᠷᠡᠭᠦᠯᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠳᠤ ᠲᠦᠰᠢᠭᠯᠡᠨ 0 —6 ᠨᠠᠰᠤᠨ ᠤ ᠬᠡᠦᠬᠡᠳ ᠤᠨ | ᠨᠢᠳᠦᠨ ᠤ ᠡᠷᠡᠭᠦᠯᠵᠢᠯ ᠪᠠ ᠬᠠᠷᠠᠭᠠᠨ ᠤ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠤ᠂ ᠬᠡᠦᠬᠡᠳ ᠤᠨ ᠬᠠᠷᠠᠭᠠᠨ ᠤ | ᠡᠯᠧᠺᠲᠷᠣᠨ ᠲᠠᠩᠰᠠ ᠡᠪᠬᠡᠮᠡᠯ ᠪᠠᠶᠢᠭᠤᠯᠬᠤ ᠶᠢ ᠠᠬᠢᠭᠤᠯᠤᠨ᠎ᠠ᠃ ᠪᠤᠭᠤᠲᠤ ᠬᠤᠲᠠ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠤᠱᠯᠠᠭᠤᠯᠤᠨ᠂ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ | ᠬᠥᠩᠭᠡᠷᠡᠭᠦᠯᠵᠦ᠂ ᠰᠤᠷᠤᠭᠴᠢᠳ ᠤᠨ ᠨᠢᠳᠦᠨ ᠤ ᠡᠷᠡᠭᠦᠯᠵᠢᠯ ᠤᠨ ᠲᠠᠮᠢᠷ ᠢ ᠰᠠᠶᠢᠲᠤᠷ ᠬᠢᠬᠦ ᠳᠤ ᠬᠢᠨᠠᠯᠲᠠ ᠲᠠᠯᠪᠢᠵᠤ᠂ | ᠮᠠᠭᠤ ᠤᠩᠰᠢᠵᠤ ᠪᠢᠴᠢᠬᠦ ᠬᠡᠯᠪᠡᠷᠢ ᠶᠢ ᠵᠠᠯᠠᠷᠠᠭᠤᠯᠤᠨ᠎ᠠ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠭᠡᠷ ᠳᠣᠲᠣᠷᠠᠬᠢ ᠬᠡᠷᠡᠯ ᠲᠤᠰᠬᠠᠬᠤ᠂ ᠭᠡᠷᠡᠯᠲᠦᠭᠦᠯᠬᠦ ᠪᠠ ᠬᠢᠴᠢᠶᠡᠯ ᠤᠨ ᠰᠢᠷᠡᠭᠡ | ᠰᠠᠨᠳᠠᠯᠢ᠂ ᠰᠠᠮᠪᠠᠷ᠎ᠠ ᠵᠡᠷᠭᠡ ᠶᠢ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ ᠭᠡᠷ ᠤᠨ ᠠᠬᠠᠮᠠᠳ ᠤᠨ | ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠠᠮᠠᠭᠠᠯᠠᠬᠤ ᠮᠡᠳᠡᠯᠭᠡ ᠶᠢ ᠡᠵᠡᠮᠰᠢᠬᠦ ᠶᠢ ᠵᠢᠯᠤᠭᠤᠳᠴᠤ᠂ ᠬᠡᠦᠬᠡᠳ ᠤᠨ | ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠠᠮᠠᠭᠠᠯᠠᠬᠤ ᠮᠡᠳᠡᠯᠭᠡ ᠶᠢ ᠡᠵᠡᠮᠰᠢᠬᠦ ᠶᠢ ᠵᠢᠯᠤᠭᠤᠳᠴᠤ᠂ ᠬᠡᠦᠬᠡᠳ ᠢ ᠣᠷᠣ | ᠳᠡᠭᠡᠷ᠎ᠡ ᠪᠠᠨ ᠬᠡᠪᠲᠡᠵᠦ᠂ ᠭᠡᠷᠡᠯ ᠮᠠᠭᠤ ᠵᠡᠷᠭᠡ ᠪᠠᠶᠢᠳᠠᠯ ᠳᠣᠣᠷ᠎ᠠ ᠨᠣᠮ ᠦᠵᠡᠬᠦ ᠪᠤᠶᠤ ᠬᠠᠷᠠᠭᠠᠨ ᠳᠡᠯᠭᠡᠴᠡ ᠳᠤ | ᠦᠵᠡᠭᠦᠯᠬᠦ ᠦᠭᠡᠢ ᠪᠠᠶᠢᠬᠤ ᠶᠢ ᠬᠥᠲᠥᠯᠥᠨ ᠵᠢᠯᠤᠭᠤᠳᠴᠤ᠂ ᠬᠡᠦᠬᠡᠳ ᠢ ᠬᠡᠷᠡᠭᠴᠡᠭᠡ ᠶᠣᠰᠣᠭᠠᠷ ᠡᠯᠧᠺᠲᠷᠣᠨ | ᠦᠢᠯᠡᠳᠬᠦᠨ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠵᠦᠢ ᠵᠣᠬᠢᠰᠲᠠᠢ ᠪᠠᠷ ᠬᠡᠷᠡᠭᠯᠡᠬᠦ ᠶᠢ ᠰᠤᠷᠭᠠᠨ | ᠬᠥᠮᠥᠵᠢᠭᠦᠯᠵᠦ᠂ ᠬᠡᠦᠬᠡᠳ ᠤᠨ ᠡᠳᠦᠷ ᠪᠦᠷᠢ ᠭᠡᠷ ᠤᠨ ᠭᠠᠳᠠᠨᠠᠬᠢ ᠪᠠᠶᠢᠭᠠᠯᠢ ᠶᠢᠨ ᠭᠡᠷᠡᠯ ᠳᠤ 2 ᠴᠠᠭ ᠠᠴᠠ ᠳᠡᠭᠡᠭᠰᠢ | ᠣᠶᠢᠷᠠᠳᠬᠤ ᠶᠢ ᠪᠠᠲᠤᠯᠠᠨ᠎ᠠ᠃ | 12᠂ ᠬᠡᠦᠬᠡᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠪᠥᠬᠦ ᠨᠡᠶᠢᠭᠡᠮ ᠢᠶᠠᠷ ᠢᠶᠠᠨ | ᠰᠠᠶᠢᠨ ᠰᠠᠶᠢᠬᠠᠨ ᠬᠡᠦᠬᠡᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠪᠣᠶ ᠪᠣᠯᠭᠠᠬᠤ ᠣᠶᠢᠯᠠᠭᠠᠭᠳᠠᠬᠤᠨ ᠪᠠ | ᠬᠠᠮᠲᠤ ᠶᠢᠨ ᠲᠠᠨᠢᠯᠲᠠ ᠶᠢ ᠪᠣᠶ ᠪᠣᠯᠭᠠᠵᠤ᠂ ᠰᠤᠷᠭᠠᠭᠤᠯᠢ ᠨᠢ ᠪᠡᠶ᠎ᠡ ᠶᠢᠨ ᠲᠠᠮᠢᠷ ᠬᠢᠭᠡᠳ ᠡᠷᠡᠭᠦᠯ ᠮᠡᠨᠳᠦ ᠶᠢᠨ | ᠬᠢᠴᠢᠶᠡᠯ ᠢ ᠭᠦᠢᠴᠡᠳ ᠪᠥᠭᠡᠳ ᠪᠦᠷᠢᠨ ᠭᠦᠢᠴᠡᠳ ᠨᠡᠭᠡᠭᠡᠵᠦ᠂ ᠬᠡᠦᠬᠡᠳ ᠤᠨ ᠡᠳᠦᠷ ᠪᠦᠷᠢ ᠨᠠᠭᠠᠲᠤ ᠵᠠᠬ᠎ᠠ ᠳᠠᠭᠠᠨ | 1 ᠴᠠᠭ ᠨᠡᠷᠡᠨ ᠬᠡᠷᠡᠯᠳᠦ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠪᠠᠲᠤᠯᠠᠵᠤ᠂ ᠬᠡᠦᠬᠡᠳ ᠤᠨ ᠰᠠᠶᠢᠨ ᠰᠠᠶᠢᠬᠠᠨ | ᠪᠡᠶ᠎ᠡ ᠶᠢᠨ ᠲᠠᠮᠢᠷ ᠤᠨ ᠳᠠᠳᠬᠠᠯ ᠢ ᠬᠥᠮᠥᠵᠢᠭᠦᠯᠦᠨ᠎ᠡ᠃ ︽ᠤᠯᠤᠰ ᠤᠨ ᠰᠤᠷᠤᠭᠴᠢᠳ ᠤᠨ ᠪᠡᠶ᠎ᠡ ᠮᠠᠬᠠᠪᠤᠳ ᠤᠨ | ᠡᠷᠡᠭᠦᠯ ᠮᠡᠨᠳᠤ ᠶᠢᠨ ᠪᠠᠷᠢᠮᠵᠢᠶ᠎ᠠ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠤᠭᠴᠢᠳ ᠤᠨ ᠡᠷᠡᠭᠦᠯ ᠮᠡᠨᠳᠤ ᠶᠢᠨ | ᠪᠠᠶᠢᠴᠠᠭᠠᠯᠲᠠ ᠪᠠ ᠪᠡᠶ᠎ᠡ ᠮᠠᠬᠠᠪᠤᠳ ᠤᠨ ᠬᠢᠨᠠᠨ ᠬᠡᠮᠵᠢᠯᠲᠡ ᠵᠢᠨᠲ᠋ᠦ᠋ᠷᠢᠮ ᠢ ᠲᠡᠭᠦᠯᠳᠡᠷᠵᠢᠭᠦᠯᠦᠨ᠎ᠡ᠃ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠶ ᠶᠢᠨ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠢ ᠪᠤᠶᠤ | ᠬᠠᠷᠠᠭᠠᠯᠵᠠᠯ ᠲᠠᠢ ᠪᠠᠷ ᠡᠷᠬᠢᠨ ᠲᠣᠭᠤᠷᠢᠨ ᠤ ᠰᠤᠷᠭᠠᠭᠤᠯᠢ ᠪᠠ ᠬᠡᠦᠬᠡᠳ ᠲᠤ ᠴᠢᠯᠦᠭᠡᠲᠡᠢ ᠨᠡᠭᠡᠭᠡᠬᠦ ᠶᠢ | ᠵᠣᠷᠢᠭᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠲᠠᠯᠠᠪᠠᠶ ᠶᠢᠨ ᠪᠡᠯᠡᠳᠬᠡᠮᠵᠢ ᠶᠢ ᠬᠢᠴᠢᠶᠡᠯ ᠤᠨ | ᠭᠠᠳᠠᠨᠠᠬᠢ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠲᠤ ᠰᠤᠷᠤᠭᠴᠢᠳ ᠲᠤ ᠴᠢᠯᠦᠭᠡᠲᠡᠢ ᠨᠡᠭᠡᠭᠡᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠥᠷᠥᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠠᠴᠠ ᠬᠢᠴᠢᠶᠡᠯ ᠦᠨᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ᠂ ᠪᠡᠶ᠎ᠡ | ᠴᠢᠭᠢᠷᠠᠭᠵᠢᠭᠤᠯᠤᠯᠲᠠ ᠰᠡᠯᠡᠭᠦᠴᠡᠯ ᠵᠡᠷᠭᠡ ᠢᠵᠢ ᠪᠦᠷᠢᠳᠦᠭᠰᠡᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ | ᠪᠠᠶᠢᠭᠤᠯᠤᠨ᠎ᠠ᠃ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ᠂ ᠲᠣᠭᠤᠷᠢᠭ ᠤᠨ ᠬᠥᠯ ᠪᠥᠮᠪᠦᠭᠡ ᠶᠢᠨ | ᠲᠠᠯᠠᠪᠤᠷ ᠲᠤ ᠭᠠᠵᠠᠷ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠡᠦᠬᠡᠳ ᠤᠨ ᠠᠵᠢᠯᠯᠠᠵᠤ ᠠᠮᠠᠷᠠᠬᠤ ᠶᠢ ᠵᠦᠢ | ᠵᠣᠬᠢᠰᠲᠠᠢ ᠲᠣᠬᠢᠷᠠᠭᠤᠯᠵᠤ᠂ ᠡᠳᠦᠷ ᠪᠦᠷᠢ ᠪᠠᠭ᠎ᠠ ᠰᠤᠷᠭᠠᠭᠤᠯᠢ ᠶᠢᠨ ᠰᠤᠷᠤᠭᠴᠢᠳ ᠤᠨ 10 ᠴᠠᠭ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ 9 ᠴᠠᠭ᠂ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ 8 ᠴᠠᠭ ᠤᠨᠲᠠᠬᠤ ᠶᠢ ᠪᠠᠲᠤᠯᠠᠨ᠎ᠠ᠃ | 13᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠬᠡᠦᠬᠡᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠠᠰᠠᠭᠤᠨ ᠯᠠᠪᠯᠠᠬᠤ ᠦᠢᠯᠡᠴᠢᠯᠡᠭᠡ᠂ ᠦᠨᠡᠯᠡᠨ ᠵᠢᠱᠢᠵᠦ ᠡᠮᠨᠡᠨ | ᠵᠠᠰᠠᠬᠤ᠂ ᠬᠢᠮᠤᠷᠠᠯ ᠳᠤ ᠭᠠᠷ ᠲᠦᠷᠦᠭᠦ ᠪᠠ ᠰᠡᠳᠬᠢᠴᠡ ᠶᠢᠨ ᠲᠤᠰᠠᠯᠠᠮᠵᠢ ᠦᠵᠡᠭᠦᠯᠬᠦ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠴᠢᠷᠮᠠᠶᠢᠨ ᠪᠠᠶᠢᠭᠤᠯᠤᠨ᠎ᠠ᠃ ᠡᠬᠡ ᠨᠢᠯᠬᠠᠰ ᠤᠨ ᠡᠷᠡᠭᠦᠯ ᠮᠡᠨᠳᠦ ᠶᠢ | ᠬᠠᠮᠠᠭᠠᠯᠠᠬᠤ ᠪᠠᠶᠢᠭᠤᠯᠤᠮᠵᠢ ᠶᠢᠨ ᠬᠡᠦᠬᠡᠳ ᠤᠨ ᠰᠡᠳᠬᠢᠴᠡ ᠶᠢᠨ ᠯᠠᠪᠯᠠᠯᠭ᠎ᠠ ᠵᠢᠴᠢ ᠲᠤᠰᠬᠠᠢ ᠰᠠᠯᠠᠭᠠᠨ ᠤ ᠡᠭᠦᠳᠡᠨ | ᠡᠮᠨᠡᠯᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠲᠣᠭᠤᠷᠢᠭ ᠤᠨ ᠨᠠᠰᠤᠨ ᠳᠤ ᠥᠯᠥ | ᠭᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠪᠰᠤᠷᠤᠨ ᠵᠢᠯᠤᠭᠤᠳᠬᠤ ᠲᠥᠪ ︵ᠥᠷᠲᠡᠭᠡ︶ ᠤᠨ | ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠲᠤᠰᠬᠠᠢ ᠠᠵᠢᠯᠲᠠᠨ ᠤ ᠬᠡᠦᠬᠡᠳ ᠵᠢᠴᠢ ᠲᠡᠲᠡᠨᠤᠰ ᠤᠨ ᠬᠢᠨᠠᠨ | ᠬᠠᠮᠠᠭᠠᠯᠠᠭᠴᠢ ᠳᠤ ᠬᠠᠨᠳᠤᠭᠤᠯᠤᠨ ᠰᠡᠳᠬᠢᠴᠡ ᠶᠢᠨ ᠡᠷᠡᠭᠦᠯ ᠮᠡᠨᠳᠦ ᠵᠡᠷᠭᠡ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | ᠳᠤᠮᠳᠠᠳᠤ ᠪᠠᠭ᠎ᠠ ᠰᠤᠷᠭᠠᠭᠤᠯᠢ ᠳᠤ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠲᠣᠬᠢᠷᠠᠭᠤᠯᠵᠤ᠂ ᠰᠡᠳᠬᠢᠴᠡ ᠶᠢᠨ | ᠡᠷᠡᠭᠦᠯ ᠮᠡᠨᠳᠦ ᠶᠢᠨ ᠠᠰᠠᠭᠤᠨ ᠯᠠᠪᠯᠠᠬᠤ ᠲᠠᠰᠤᠭ ᠭᠠᠷᠭᠠᠵᠤ᠂ ᠰᠡᠳᠬᠢᠴᠡ ᠶᠢᠨ ᠵᠦᠢ᠂ ᠨᠡᠶᠢᠭᠡᠮ ᠤᠨ ᠠᠵᠢᠯ ᠵᠡᠷᠭᠡ | ᠲᠤᠰᠬᠠᠢ ᠮᠡᠷᠭᠡᠵᠢᠯ ᠢ ᠪᠠᠭᠲᠠᠭᠠᠭᠰᠠᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠰᠬᠠᠢ ᠪᠠ ᠲᠤᠰᠢᠶᠠᠯ | ᠬᠠᠪᠰᠤᠷᠭᠠᠭᠰᠠᠨ ᠪᠠᠭᠰᠢ ᠶᠢ ᠲᠣᠬᠢᠷᠠᠭᠤᠯᠤᠨ᠎ᠠ᠃ ᠠᠮᠢ ᠨᠠᠰᠤᠨ ᠤ ᠬᠥᠮᠦᠵᠢᠯ ᠪᠠ ᠨᠤᠭᠤᠷᠠᠯ ᠪᠦᠳᠦᠷᠢᠯ ᠤᠨ | ᠬᠥᠮᠦᠵᠢᠯ ᠢ ᠢᠳᠡᠪᠬᠢᠲᠡᠢ ᠥᠷᠨᠢᠭᠦᠯᠵᠦ᠂ ᠬᠡᠦᠬᠡᠳ ᠤᠨ ᠠᠮᠢ ᠨᠠᠰᠤ ᠪᠠᠨ ᠨᠠᠨᠳᠢᠩᠨᠠᠨ ᠬᠠᠶᠢᠷᠠᠯᠠᠬᠤ ᠦᠵᠡᠯ ᠤᠬᠠᠮᠰᠠᠷ | ᠪᠠ ᠥᠪᠡᠷ ᠤᠨ ᠤᠷᠮ᠎ᠠ ᠰᠡᠳᠬᠢᠯᠭᠡ ᠪᠠᠨ ᠵᠣᠬᠢᠴᠠᠭᠤᠯᠬᠤ ᠴᠢᠳᠠᠪᠤᠷᠢ ᠶᠢ ᠬᠥᠮᠥᠵᠢᠭᠦᠯᠦᠨ᠎ᠡ᠃ ᠬᠡᠦᠬᠡᠳ ᠤᠨ ᠠᠮᠤᠷ | ᠲᠦᠪᠰᠢᠨ ᠤ ᠰᠡᠳᠬᠢᠭᠳᠡᠯ ᠢ ᠡᠭᠦᠳᠦᠨ ᠪᠠᠶᠢᠭᠤᠯᠬᠤ ᠪᠠ ᠬᠠᠮᠠᠭᠠᠯᠠᠵᠤ᠂ ᠥᠪᠡᠷ ᠢ ᠪᠠᠨ ᠲᠠᠨᠢᠨ ᠮᠡᠳᠡᠬᠦᠢ ᠶᠢᠨ | ᠬᠥᠮᠦᠵᠢᠯ ᠢ ᠪᠠᠶᠢᠭᠤᠯᠵᠤ᠂ ᠡᠷᠡᠭᠦᠯ ᠴᠢᠭᠢᠷᠠᠭ ᠵᠠᠩ ᠠᠷᠠᠨᠰᠢᠨ ᠢ ᠪᠠᠶᠢᠭᠤᠯᠵᠤ᠂ ᠥᠪᠡᠷ ᠢ ᠪᠠᠨ ᠡᠵᠡᠮᠳᠡᠬᠦ ᠪᠠ ᠨᠤᠭᠤᠷᠠᠯ | ᠪᠦᠳᠦᠷᠢᠯ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠵᠦ᠂ ᠬᠡᠦᠬᠡᠳ ᠤᠨ ᠰᠡᠳᠬᠢᠴᠡ ᠶᠢᠨ ᠤᠶᠠᠨ ᠬᠠᠳᠠᠨ ᠴᠢᠨᠠᠷ ᠢ | ᠪᠦᠷᠢᠯᠳᠦᠭᠦᠯᠦᠨ᠎ᠡ᠃ ᠪᠠᠭᠰᠢ᠂ ᠭᠡᠷ ᠤᠨ ᠠᠬᠠᠮᠠᠳ ᠤᠨ ᠬᠡᠦᠬᠡᠳ ᠤᠨ ᠰᠡᠳᠬᠢᠴᠡ ᠶᠢᠨ ᠠᠵᠢᠯᠯᠠᠭ᠎ᠠ ᠶᠢᠨ ᠬᠡᠪ ᠤᠨ | ᠪᠤᠰᠤ ᠪᠠᠶᠢᠳᠠᠯ ᠢ ᠤᠷᠢᠳᠴᠢᠯᠠᠨ ᠰᠡᠷᠭᠡᠶᠢᠯᠡᠬᠦ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠦᠷᠢᠲᠠᠨ ᠢ ᠬᠦᠴᠦᠯᠡᠨ | ᠪᠤᠯᠪᠠᠰᠤᠷᠠᠭᠤᠯᠤᠨ᠎ᠠ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ | ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ | ᠵᠡᠷᠭᠡ ᠬᠠᠮᠲᠤᠯᠢᠭ ᠤᠨ ᠰᠡᠳᠬᠢᠴᠡ ᠶᠢᠨ ᠬᠥᠭᠵᠢᠯᠲᠡ ᠶᠢᠨ ᠬᠡᠷᠡᠭᠴᠡᠭᠡ ᠶᠢ ᠠᠩᠬᠠᠷᠤᠨ ᠬᠠᠩᠭᠠᠨ᠎ᠠ᠃ | 14᠂ ᠬᠡᠦᠬᠡᠳ ᠲᠤ ᠪᠡᠯᠭᠡ ᠶᠢᠨ ᠬᠥᠮᠦᠵᠢᠯ ᠪᠠ ᠪᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ | ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠴᠢᠨᠠᠷ ᠤᠨ ᠢᠯᠭᠠᠯ ᠤᠨ ᠦᠵᠡᠯᠲᠡ ᠪᠠ ᠶᠣᠰᠣ ᠮᠣᠷᠠᠯ ᠤᠨ | ᠦᠵᠡᠯᠲᠡ ᠲᠠᠢ ᠪᠣᠯᠭᠠᠵᠤ᠂ ᠡᠷ᠎ᠡ ᠡᠮ᠎ᠡ ᠶᠢᠨ ᠬᠠᠷᠢᠴᠠᠭ᠎ᠠ ᠶᠢ ᠵᠥᠪ ᠢᠶᠠᠷ ᠲᠠᠨᠢᠯᠴᠠᠭᠤᠯᠤᠨ᠎ᠠ᠃ ᠡᠴᠢᠭᠡ ᠡᠬᠡ ᠪᠤᠶᠤ | ᠪᠤᠰᠤᠳ ᠬᠢᠨᠠᠨ ᠬᠠᠮᠠᠭᠠᠯᠠᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠬᠡᠦᠬᠡᠳ ᠤᠨ ᠨᠠᠰᠤᠨ ᠤ ᠱᠠᠲᠤ ᠦᠶ᠎ᠡ ᠪᠠ | ᠬᠥᠭᠵᠢᠯᠲᠡ ᠶᠢᠨ ᠣᠨᠴᠠᠯᠢᠭ ᠢ ᠦᠨᠳᠦᠰᠦᠯᠡᠨ ᠪᠡᠯᠭᠡ ᠶᠢᠨ ᠬᠥᠮᠦᠵᠢᠯ ᠥᠷᠨᠢᠭᠦᠯᠵᠦ᠂ ᠪᠡᠯᠭᠡ ᠬᠠᠯᠳᠠᠯᠭ᠎ᠠ ᠶᠢᠨ | ᠬᠥᠮᠦᠵᠢᠯ ᠢ ᠰᠡᠷᠭᠡᠶᠢᠯᠡᠨ ᠴᠢᠩᠭᠠᠳᠬᠠᠨ᠂ ᠬᠡᠦᠬᠡᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ | ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠬᠢᠭᠡᠳ ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ ᠤᠨ ᠠᠵᠢᠯ ᠤᠨ | ᠲᠤᠰᠬᠠᠢ ᠪᠠᠶᠢᠭᠤᠯᠤᠮᠵᠢ ᠶᠢᠨ ᠨᠢᠭᠲᠠ ᠬᠠᠮᠵᠢᠯᠴᠠᠬᠤ ᠶᠢ ᠠᠬᠢᠭᠤᠯᠵᠤ᠂ ᠬᠡᠦᠬᠡᠳ ᠲᠤ ᠲᠣᠬᠢᠷᠠᠬᠤ ᠪᠡᠯᠭᠡ ᠶᠢᠨ ᠡᠷᠡᠭᠦᠯ | ᠮᠡᠨᠳᠦ ᠶᠢᠨ ᠦᠢᠯᠡᠴᠢᠯᠡᠭᠡ ᠬᠠᠩᠭᠠᠵᠤ᠂ ᠡᠮᠨᠡᠭᠦᠯᠦᠭᠰᠡᠨ ᠬᠡᠦᠬᠡᠳ ᠤᠨ ᠬᠤᠪᠢ ᠶᠢᠨ ᠨᠢᠭᠤᠴᠠ ᠶᠢ ᠬᠠᠮᠠᠭᠠᠯᠠᠨ᠎ᠠ᠃ | 15᠂ ᠬᠡᠦᠬᠡᠳ ᠤᠨ ᠡᠷᠡᠭᠦᠯ ᠮᠡᠨᠳᠦ ᠶᠢᠨ ᠬᠦᠷᠢᠶᠡᠨ ᠳᠠᠬᠢ ᠡᠮ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ | ᠬᠡᠦᠬᠡᠳ ᠤᠨ ᠡᠮᠴᠢᠯᠡᠭᠡᠨ ᠳᠤ ᠬᠡᠷᠡᠭᠯᠡᠬᠦ ᠡᠮ ᠤᠨ ᠵᠢᠷᠤᠮᠵᠢᠯ ᠢ ᠴᠢᠩᠭ᠎ᠠ ᠵᠢᠷᠤᠮᠯᠠᠵᠤ᠂ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠵᠢᠴᠢ ᠮᠠᠭᠤ ᠤᠷᠪᠠᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ | ᠴᠢᠩᠭᠠᠳᠬᠠᠨ᠂ ᠲᠤᠰᠬᠠᠢ ᠵᠦᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠦᠬᠡᠳ ᠤᠨ ᠬᠡᠷᠡᠭᠯᠡᠬᠦ | ᠡᠮ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ︵ᠬᠤᠶᠠᠷ︶ ᠬᠡᠦᠬᠡᠳ ᠬᠢᠭᠡᠳ ᠠᠮᠤᠷ ᠲᠦᠪᠰᠢᠨ | ᠭᠤᠣᠯ ᠬᠠᠷᠠᠯᠲᠠ᠄ | 1᠂ ᠬᠡᠦᠬᠡᠳ ᠤᠨ ᠭᠡᠮᠲᠦᠯ ᠠᠴᠠ ᠪᠣᠯᠵᠤ ᠦᠬᠦᠬᠦ ᠪᠠ ᠵᠡᠮᠳᠡᠭ ᠪᠣᠯᠬᠤ ᠶᠢ ᠪᠠᠭᠠᠰᠬᠠᠨ᠎ᠠ᠃ ᠬᠡᠦᠬᠡᠳ ᠤᠨ | ᠭᠡᠮᠲᠦᠯ ᠤᠨ ᠦᠬᠦᠯᠲᠡ ᠶᠢᠨ ᠨᠤᠷᠮ᠎ᠠ ᠶᠢ 2020 ᠣᠨ ᠤ ᠲᠤᠭ᠎ᠠ ᠪᠠᠷᠢᠮᠲᠠ ᠪᠠᠷ ᠰᠠᠭᠤᠷᠢ ᠲᠤᠭ᠎ᠠ ᠪᠣᠯᠭᠠᠵᠤ | 20% ᠪᠠᠷ ᠪᠠᠭᠤᠷᠠᠭᠤᠯᠤᠨ᠎ᠠ᠃ | 2᠂ ᠤᠰᠤᠨ ᠳᠤ ᠵᠢᠪᠬᠦ ᠳᠠᠯᠳᠠ ᠬᠡᠮ ᠢ ᠵᠢᠭᠰᠠᠭᠠᠨ ᠪᠠᠶᠢᠴᠠᠭᠠᠵᠤ ᠠᠷᠢᠯᠭᠠᠵᠤ᠂ ᠬᠡᠦᠬᠡᠳ ᠤᠨ ᠤᠰᠤᠨ ᠳᠤ | ᠵᠢᠪᠴᠦ ᠦᠬᠦᠬᠦ ᠨᠣᠷᠮ᠎ᠠ ᠶᠢ ᠪᠠᠭᠤᠷᠠᠭᠤᠯᠤᠨ᠎ᠠ᠃ | 3᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠬᠡᠦᠬᠡᠳ ᠤᠨ ᠠᠮᠤᠷ ᠲᠦᠪᠰᠢᠨ ᠤ ᠰᠠᠭᠤᠳᠠᠯ᠂ ᠠᠶᠦᠯᠭᠦᠢ | ᠳᠤᠭᠤᠯᠠᠭ᠎ᠠ ᠶᠢ ᠳᠡᠯᠭᠡᠷᠡᠭᠦᠯᠦᠨ ᠬᠡᠷᠡᠭᠯᠡᠵᠦ᠂ ᠬᠡᠦᠬᠡᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠢ ᠪᠦᠲᠦᠮᠵᠢᠲᠡᠶ | ᠪᠠᠲᠤᠯᠠᠵᠤ᠂ ᠬᠡᠦᠬᠡᠳ ᠤᠨ ᠵᠠᠮ ᠬᠠᠷᠢᠯᠴᠠᠭᠠᠨ ᠤ ᠠᠳᠡᠯ ᠠᠴᠠ ᠭᠡᠮᠲᠦᠵᠦ ᠦᠬᠦᠬᠦ ᠶᠢ ᠪᠠᠭᠠᠰᠬᠠᠨ᠎ᠠ᠃ | 4᠂ ᠬᠡᠦᠬᠡᠳ ᠤᠨ ᠣᠶᠢᠴᠢᠬᠤ᠂ ᠬᠠᠯᠠᠵᠤ ᠰᠢᠷᠬᠠᠲᠤᠬᠤ ᠪᠠ ᠬᠤᠣᠷᠳᠠᠭᠳᠠᠬᠤ ᠵᠡᠷᠭᠡ ᠰᠢᠷᠬᠠᠲᠤᠯ ᠡᠭᠦᠰᠬᠦ᠂ | ᠵᠡᠮᠳᠡᠭ ᠪᠣᠯᠬᠤ ᠪᠠ ᠦᠬᠦᠬᠦ ᠶᠢ ᠪᠠᠭᠠᠰᠬᠠᠨ᠎ᠠ᠃ | 5᠂ ᠬᠡᠦᠬᠡᠳ ᠤᠨ ᠢᠳᠡᠭᠡᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠨ᠎ᠠ᠃ | 6᠂ ᠬᠡᠦᠬᠡᠳ ᠤᠨ ᠬᠡᠷᠡᠭᠰᠡᠯ ᠤᠨ ᠶᠠᠰᠤ ᠴᠢᠨᠠᠷ ᠤᠨ ᠠᠮᠦᠷ ᠲᠦᠪᠰᠢᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | 7᠂ ᠬᠡᠦᠬᠡᠳ ᠲᠤ ᠴᠢᠭᠯᠡᠭᠦᠯᠦᠭᠰᠡᠨ ᠠᠯᠢᠪᠠ ᠬᠡᠯᠪᠡᠷᠢ ᠶᠢᠨ ᠬᠦᠴᠦᠷᠬᠡᠭᠯᠡᠯ ᠢ ᠤᠷᠢᠳᠴᠢᠯᠠᠨ ᠰᠡᠷᠭᠡᠶᠢᠯᠡᠬᠦ ᠪᠠ | ᠬᠤᠷᠢᠭᠯᠠᠨ ᠵᠣᠭᠰᠣᠭᠠᠨ᠎ᠠ᠃ | 8᠂ ᠰᠤᠷᠤᠭᠴᠢᠳ ᠤᠨ ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠬᠦ ᠪᠠ ᠪᠦᠲᠦᠮᠵᠢᠲᠡᠶ ᠪᠠᠷ ᠰᠢᠢᠳᠪᠦᠷᠢᠯᠡᠨ᠎ᠡ᠃ | 9᠂ ᠬᠡᠦᠬᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠪᠠ ᠲᠡᠭᠦᠨ ᠳᠤ ᠭᠠᠷ ᠲᠦᠷᠦᠭᠦ᠂ ᠡᠷᠡᠭᠦᠯ ᠪᠤᠰᠤ | ᠮᠡᠳᠡᠭᠡ ᠵᠠᠩᠭᠢ᠂ ᠬᠤᠪᠢ ᠶᠢᠨ ᠨᠢᠭᠤᠴᠠ ᠶᠢ ᠵᠠᠳᠠᠷᠠᠭᠤᠯᠬᠤ ᠵᠡᠷᠭᠡ ᠠᠰᠠᠭᠤᠳᠠᠯ ᠢ ᠪᠦᠲᠦᠮᠵᠢᠲᠡᠶ ᠵᠠᠰᠠᠨ᠎ᠠ᠃ | 10᠂ ᠬᠡᠦᠬᠡᠳ ᠤᠨ ᠰᠠᠨᠠᠭᠠᠨ ᠳᠤ ᠦᠭᠡᠢ ᠬᠡᠷᠡᠭ ᠪᠠ ᠬᠦᠴᠦᠷᠬᠡᠭᠯᠡᠯ ᠤᠨ ᠬᠤᠣᠷᠯᠠᠯ ᠳᠤ ᠤᠴᠠᠷᠠᠭᠰᠠᠨ ᠢ | ᠬᠢᠨᠠᠨ ᠬᠡᠮᠵᠢᠵᠦ ᠮᠡᠳᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠬᠡᠦᠬᠡᠳ ᠤᠨ ᠠᠮᠤᠷ ᠲᠦᠪᠰᠢᠨ ᠬᠠᠷᠰᠢ ᠰᠠᠭᠠᠳ ᠦᠭᠡᠢ ᠣᠷᠴᠢᠨ ᠲᠣᠭᠤᠷᠢᠨ ᠢ ᠡᠭᠦᠳᠦᠨ | ᠪᠠᠶᠢᠭᠤᠯᠤᠨ᠎ᠠ᠃ ᠤᠬᠠᠭᠤᠯᠤᠨ ᠬᠥᠮᠥᠵᠢᠭᠦᠯᠬᠦ᠂ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠠᠤᠯᠢ ᠬᠡᠷᠡᠭᠵᠢᠭᠦᠯᠬᠦ ᠶᠢ | ᠴᠢᠩᠭᠠᠳᠬᠠᠬᠤ᠂ ᠠᠮᠤᠷ ᠲᠦᠪᠰᠢᠨ ᠤ ᠦᠢᠯᠡᠳᠬᠦᠨ ᠢ ᠬᠡᠷᠡᠭᠯᠡᠬᠦ᠂ ᠦᠨᠡᠯᠡᠨ ᠵᠢᠱᠢᠬᠦ ᠵᠡᠷᠭᠡ ᠠᠷᠭ᠎ᠠ ᠪᠣᠳᠣᠯᠭ᠎ᠠ ᠶᠢ | ᠥᠷᠨᠢᠭᠦᠯᠬᠦ ᠪᠠᠷ ᠳᠠᠮᠵᠢᠭᠤᠯᠤᠨ᠂ ᠬᠡᠦᠬᠡᠳ ᠤᠨ ᠦᠰᠦᠨ ᠪᠤᠶᠢᠵᠢᠯᠲᠠ ᠳᠤ ᠠᠰᠢᠭᠲᠠᠢ ᠭᠡᠷ ᠪᠦᠯᠢ᠂ ᠰᠤᠷᠭᠠᠭᠤᠯᠢ᠂ | ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠭᠡᠷ ᠪᠦᠯᠢ᠂ | ᠰᠤᠷᠭᠠᠭᠤᠯᠢ᠂ ᠨᠡᠶᠢᠭᠡᠮ ᠲᠣᠭᠤᠷᠢᠭ ᠲᠤ ᠲᠦᠰᠢᠭᠯᠡᠨ ᠠᠮᠤᠷ ᠲᠦᠪᠰᠢᠨ ᠤ ᠥᠪᠡᠷ ᠢ ᠪᠠᠨ ᠬᠠᠮᠠᠭᠠᠯᠠᠬᠤ ᠬᠥᠮᠦᠵᠢᠯ ᠢ | ᠥᠷᠨᠢᠭᠦᠯᠵᠦ᠂ ᠢᠯᠠᠩᠭᠤᠶ᠎ᠠ ᠡᠯ᠎ᠡ ᠵᠦᠢᠯ ᠤᠨ ᠪᠠᠶᠢᠭᠠᠯᠢ ᠶᠢᠨ ᠭᠠᠢ ᠭᠠᠮᠰᠢᠭ ᠤᠨ ᠤᠭ ᠶᠤᠰᠦ ᠵᠢᠴᠢ ᠬᠤᠣᠷ | ᠬᠥᠨᠥᠭᠡᠯ ᠢ ᠲᠠᠨᠢᠵᠤ᠂ ᠭᠠᠢ ᠭᠠᠮᠰᠢᠭ ᠡᠭᠦᠰᠬᠦ ᠠᠴᠠ ᠡᠮᠦᠨᠡᠬᠢ ᠪᠡᠯᠭᠡ ᠲᠡᠮᠳᠡᠭ ᠢ ᠢᠯᠭᠠᠨ ᠲᠠᠨᠢᠵᠤ᠂ ᠭᠠᠵᠠᠷ | ᠬᠥᠳᠡᠯᠦᠯᠲᠡ᠂ ᠦᠶᠡᠷ ᠵᠡᠷᠭᠡ ᠭᠠᠢ ᠭᠠᠮᠰᠢᠭ ᠤᠨ ᠠᠮᠢ ᠵᠢᠭᠤᠲᠠᠬᠤ ᠶᠡᠷᠦ ᠶᠢᠨ ᠮᠡᠳᠡᠯᠭᠡ ᠶᠢ ᠡᠵᠡᠮᠰᠢᠯᠡᠭᠦᠯᠦᠨ᠎ᠡ᠃ | ᠬᠡᠦᠬᠡᠳ ᠵᠢᠴᠢ ᠬᠠᠷᠠᠵᠤ ᠬᠠᠮᠠᠭᠠᠯᠠᠭᠴᠢ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ | ᠲᠡᠲᠡᠨᠤᠰ ᠢ ᠬᠠᠪᠰᠤᠷᠤᠨ ᠠᠮᠤᠷ ᠲᠦᠪᠰᠢᠨ ᠤ ᠮᠡᠳᠡᠯᠭᠡ ᠴᠢᠳᠠᠪᠤᠷᠢ ᠶᠢ ᠡᠵᠡᠮᠰᠢᠭᠦᠯᠵᠦ᠂ ᠬᠡᠦᠬᠡᠳ ᠤᠨ ᠠᠮᠤᠷ | ᠲᠦᠪᠰᠢᠨ ᠤ ᠦᠶᠯᠡ ᠠᠵᠢᠯᠯᠠᠭᠠᠨ ᠤ ᠳᠠᠳᠬᠠᠯ ᠢ ᠬᠥᠮᠥᠵᠢᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ | ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂ ᠣᠯᠠᠨ ᠨᠡᠶᠢᠲᠡ ᠶᠢᠨ ᠲᠠᠯᠠᠪᠤᠷ ᠤᠨ ᠭᠠᠯ ᠤᠨ ᠭᠠᠮᠰᠢᠭ ᠠᠴᠠ ᠠᠮᠢ | ᠵᠢᠭᠤᠲᠠᠬᠤ ᠤᠷ᠎ᠠ ᠴᠢᠳᠠᠪᠤᠷᠢ᠂ ᠬᠠᠮᠲᠤᠯᠢᠭ ᠤᠨ ᠴᠢᠨᠠᠷᠲᠠᠢ ᠬᠡᠷᠡᠭ ᠢ ᠠᠷᠭᠠᠴᠠᠬᠤ ᠤᠷ᠎ᠠ ᠮᠡᠷᠭᠡᠵᠢᠯ᠂ ᠬᠤᠪᠢ ᠬᠥᠮᠥᠨ ᠤ | ᠬᠠᠮᠠᠭᠠᠯᠠᠯᠲᠠ ᠶᠢᠨ ᠦᠨᠳᠦᠰᠦᠨ ᠶᠡᠷᠦ ᠶᠢᠨ ᠮᠡᠳᠡᠯᠭᠡ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠠᠮᠤᠷ | ᠲᠦᠪᠰᠢᠨ ᠢᠶᠠᠷ ᠬᠡᠷᠡᠭᠯᠡᠬᠦ ᠶᠡᠷᠦ ᠶᠢᠨ ᠮᠡᠳᠡᠯᠭᠡ᠂ ᠠᠶᠤᠯᠲᠠᠢ ᠪᠣᠳᠠᠰ ᠵᠢᠴᠢ ᠦᠶᠯᠡ ᠠᠵᠢᠯᠯᠠᠭ᠎ᠠ ᠶᠢ ᠢᠯᠭᠠᠨ ᠲᠠᠨᠢᠬᠤ | ︽ᠵᠢᠷᠭᠤᠭ᠎ᠠ ᠶᠢ ᠨᠢᠭᠡ ᠴᠣᠭᠴᠠᠵᠢᠭᠤᠯᠤᠭᠰᠠᠨ︾ ᠬᠡᠦᠬᠡᠳ ᠤᠨ ︽ᠣᠯᠠᠨ ᠨᠡᠶᠢᠲᠡ ᠶᠢᠨ ᠠᠮᠤᠷ ᠲᠦᠪᠰᠢᠨ︾ ᠤ | ᠬᠢᠴᠢᠶᠡᠯ ᠢ ᠦᠷᠨᠢᠭᠦᠯᠵᠦ᠂ ᠬᠠᠭᠤᠷᠤᠨ ᠮᠡᠬᠡᠯᠡᠬᠦ ᠶᠢ ᠡᠰᠡᠷᠭᠦᠴᠡᠬᠦ᠂ ᠬᠤᠣᠷ ᠴᠠᠭᠠᠵᠠᠯᠠᠬᠤ᠂ ᠠᠶᠢᠽ ᠡᠪᠡᠳᠴᠢᠨ ᠢ | ᠰᠡᠷᠭᠡᠶᠢᠯᠡᠬᠦ ᠤᠬᠠᠭᠤᠯᠭ᠎ᠠ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ᠭᠠᠯ | ᠤᠨᠲᠠᠷᠠᠭᠠᠬᠤ ᠰᠣᠷᠢᠯᠲᠠ ᠶᠢ ᠪᠠᠶᠢᠩᠭᠤᠵᠢᠭᠤᠯᠤᠨ᠂ ᠬᠡᠦᠬᠡᠳ ᠤᠨ ᠣᠯᠠᠨ ᠨᠡᠶᠢᠲᠡ ᠶᠢᠨ ᠲᠠᠯᠠᠪᠤᠷ ᠲᠤ ᠥᠪᠡᠷ ᠢ ᠪᠠᠨ | ᠬᠠᠮᠠᠭᠠᠯᠠᠬᠤ ᠦᠵᠡᠯ ᠤᠬᠠᠮᠰᠠᠷ ᠢ ᠬᠥᠮᠥᠵᠢᠭᠦᠯᠵᠦ᠂ ᠬᠡᠦᠬᠡᠳ ᠢ ᠬᠠᠪᠰᠤᠷᠤᠨ ᠠᠶᠤᠯ ᠲᠦᠭᠰᠢᠭᠦᠷᠢ ᠡᠭᠦᠰᠬᠦ | ᠦᠶ᠎ᠡ ᠳᠤ ᠵᠥᠪ ᠢᠶᠠᠷ ᠢᠯᠭᠠᠨ ᠲᠠᠨᠢᠬᠤ᠂ ᠵᠠᠶᠢᠯᠠᠭᠤᠯᠬᠤ᠂ ᠠᠪᠤᠷᠠᠯ ᠭᠤᠶᠤᠬᠤ ᠪᠠ ᠥᠪᠡᠷ ᠢ ᠪᠠᠨ ᠠᠪᠤᠷᠠᠵᠦ ᠴᠢᠳᠠᠬᠤ | ᠪᠤᠯᠤᠨ᠎ᠠ᠃ ᠠᠮᠤᠷ ᠲᠦᠪᠰᠢᠨ ᠤ ᠬᠥᠮᠦᠵᠢᠯ ᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠠᠰᠠᠷᠠᠨ | ᠬᠥᠮᠥᠵᠢᠭᠦᠯᠬᠦ ᠬᠠᠮᠢᠶᠠᠷᠤᠯᠲᠠ ᠶᠢᠨ ᠪᠥᠬᠦ ᠶᠠᠪᠤᠴᠠ ᠳᠤ ᠣᠷᠣᠭᠤᠯᠤᠨ᠎ᠠ᠃ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠎ᠠ᠃ ᠨᠠᠰᠤᠨ ᠳᠤ ᠥᠯᠥ | ᠭᠦᠷᠦᠭᠰᠡᠳ ᠤᠨ ᠲᠥᠪᠯᠡᠷᠡᠨ ᠠᠵᠢᠯᠯᠠᠭ᠎ᠠ ᠬᠢᠵᠦ ᠪᠠᠶᠢᠭ᠎ᠠ ᠣᠯᠠᠨ ᠨᠡᠶᠢᠲᠡ ᠶᠢᠨ ᠲᠠᠯᠠᠪᠤᠷ ᠭᠠᠵᠠᠷ ᠵᠢᠴᠢ ᠬᠥᠮᠥᠨ | ᠣᠯᠠᠨ ᠴᠤᠭᠯᠠᠷᠠᠳᠠᠭ ᠲᠠᠯᠠᠪᠤᠷ ᠭᠠᠵᠠᠷ ᠲᠤ ᠬᠡᠦᠬᠡᠳ ᠤᠨ ᠠᠮᠤᠷ ᠲᠦᠪᠰᠢᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠵᠢᠴᠢ ᠵᠣᠬᠢᠶᠠᠨ ᠪᠠᠶᠢᠭᠤᠯᠤᠯᠲᠠ ᠨᠤᠭᠤᠳ ᠬᠡᠦᠬᠡᠳ ᠤᠨ ᠠᠮᠤᠷ | ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠲᠠᠪᠦᠷᠢᠵᠢᠭᠤᠯᠤᠨ᠎ᠠ᠃ | 2᠂ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠬᠦᠷᠢᠶᠡᠨ ᠳᠠᠬᠢ ᠣᠷᠣᠨ ᠨᠤᠲᠤᠭ ᠤᠨ ᠬᠠᠤᠯᠢ | ᠲᠣᠭᠲᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠣᠯᠠᠨ ᠰᠠᠯᠠᠭ᠎ᠠ ᠮᠥᠴᠢᠷ | ᠬᠠᠮᠲᠤᠷᠠᠯᠴᠠᠭᠰᠠᠨ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ ᠭᠡᠮᠲᠦᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠂ | ᠨᠡᠶᠢᠭᠡᠮ ᠤᠨ ᠬᠦᠴᠦᠨ ᠤ ᠬᠡᠦᠬᠡᠳ ᠤᠨ ᠭᠡᠮᠲᠦᠯ ᠢ ᠰᠡᠷᠭᠡᠶᠢᠯᠡᠨ ᠡᠵᠡᠮᠳᠡᠬᠦ ᠳᠤ ᠣᠷᠤᠯᠴᠠᠬᠤ ᠶᠢ ᠵᠣᠷᠢᠭᠵᠢᠭᠤᠯᠤᠨ᠎ᠠ᠃ | ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠨᠥᠬᠦᠴᠡᠯ ᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶᠡᠨ ᠤ | ᠬᠡᠷᠡᠭᠯᠡᠯᠲᠡ ᠪᠠᠷ ᠭᠤᠣᠯᠳᠠᠯᠭ᠎ᠠ ᠪᠣᠯᠭᠠᠵᠤ᠂ ᠬᠤᠲᠠ᠂ ᠲᠣᠭᠤᠷᠢᠭ᠂ ᠰᠤᠷᠭᠠᠭᠤᠯᠢ ᠶᠢᠨ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠰᠦᠯᠵᠢᠶᠡᠨ ᠤ ᠰᠢᠰᠲ᠋ᠧᠮ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠢ ᠬᠤᠯᠪᠣᠭᠰᠠᠨ ᠪᠠᠴᠢᠮ | ᠪᠠᠶᠢᠳᠠᠯ ᠢ ᠠᠷᠭᠠᠴᠠᠬᠤ ᠲᠦᠭᠰᠢᠭᠦᠷᠢ ᠮᠡᠳᠡᠭᠡᠯᠡᠬᠦ ᠰᠢᠰᠲ᠋ᠧᠮ ᠢ ᠬᠡᠷᠡᠭᠯᠡᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ | ᠠᠰᠠᠭᠤᠳᠠᠯ ᠤᠨ ᠨᠠᠷᠢᠨ ᠬᠠᠭᠤᠳᠠᠰᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠶᠢᠨ ᠮᠡᠳᠡᠭᠡ ᠵᠠᠩᠭᠢᠵᠢᠯᠲᠠ ᠶᠢ ᠪᠡᠶᠡᠯᠡᠭᠦᠯᠦᠨ᠎ᠡ᠃ ᠭᠡᠷ ᠪᠦᠯᠢ ᠶᠢᠨ ᠠᠮᠤᠷ ᠲᠦᠪᠰᠢᠨ ᠤ | ᠰᠡᠷᠭᠡᠶᠢᠯᠡᠯᠲᠡ ᠪᠠ ᠠᠶᠤᠯ ᠲᠦᠭᠰᠢᠭᠦᠷᠢ ᠶᠢ ᠢᠯᠭᠠᠨ ᠲᠠᠨᠢᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ ᠶᠢ ᠴᠢᠩᠭᠠᠳᠬᠠᠵᠤ᠂ ᠬᠡᠦᠬᠡᠳ ᠤᠨ ᠲᠤᠰᠠᠭᠠᠷ ᠭᠡᠷ ᠲᠡᠭᠡᠨ ᠠᠮᠤᠷ ᠲᠦᠪᠰᠢᠨ ᠪᠠᠶᠢᠬᠤ᠂ ᠭᠡᠷ ᠪᠦᠯᠢ ᠶᠢᠨ | ᠳᠠᠯᠳᠠ ᠠᠶᠤᠯ ᠲᠦᠭᠰᠢᠭᠦᠷᠢ ᠲᠠᠢ ᠣᠷᠣᠨ ᠪᠦᠰᠡ᠂ ᠡᠩᠬᠦᠷᠡᠢ ᠲᠡᠵᠢᠭᠡᠪᠦᠷᠢ ᠶᠢᠨ ᠠᠮᠤᠷ ᠲᠦᠪᠰᠢᠨ ᠪᠠᠶᠢᠬᠤ᠂ ᠭᠡᠷ | ᠪᠦᠯᠢ ᠶᠢᠨ ᠪᠠᠴᠢᠮ ᠠᠪᠤᠷᠠᠯᠳᠠ᠂ ᠭᠡᠷ ᠤᠨ ᠴᠠᠬᠢᠯᠭᠠᠨ ᠬᠡᠷᠡᠭᠰᠡᠯ ᠤᠨ ᠠᠶᠤᠯ ᠲᠦᠭᠰᠢᠭᠦᠷᠢ ᠶᠢ ᠢᠯᠭᠠᠨ ᠲᠠᠨᠢᠬᠤ ᠵᠢᠴᠢ | ᠥᠨᠳᠥᠷ ᠠᠰᠠᠷ ᠤᠨ ᠭᠠᠯ ᠤᠨ ᠭᠠᠮᠰᠢᠭ ᠠᠴᠠ ᠠᠮᠢ ᠵᠢᠭᠤᠲᠠᠬᠤ ᠵᠡᠷᠭᠡ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠵᠤ | ᠰᠡᠷᠭᠡᠶᠢᠯᠡᠨ ᠬᠠᠮᠠᠭᠠᠯᠠᠬᠤ ᠪᠠ ᠵᠠᠰᠠᠬᠤ ᠶᠢ ᠠᠩᠬᠠᠷᠤᠨ᠎ᠠ᠃ ᠮᠠᠨ ᠤ ᠬᠤᠲᠠ ᠶᠢᠨ ᠬᠡᠦᠬᠡᠳ ᠤᠨ ᠭᠡᠮᠲᠦᠯ ᠢ ᠰᠡᠷᠭᠡᠶᠢᠯᠡᠨ | ᠡᠵᠡᠮᠳᠡᠬᠦ ᠠᠵᠢᠯᠯᠠᠭ᠎ᠠ ᠶᠢᠨ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠬᠡᠦᠬᠡᠳ ᠤᠨ ᠭᠡᠮᠲᠦᠯ ᠢ ᠰᠡᠷᠭᠡᠶᠢᠯᠡᠨ | ᠡᠵᠡᠮᠳᠡᠬᠦ ᠲᠣᠬᠢᠷᠠᠮᠵᠢᠲᠠᠢ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠦᠪᠡᠭᠴᠢᠯᠡᠬᠦ ᠶᠢᠨ ᠬᠠᠮᠲᠤ ᠶᠡᠭᠡ ᠪᠠᠷ | ᠳᠡᠯᠭᠡᠷᠡᠭᠦᠯᠵᠦ᠂ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ | ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ | ᠬᠡᠦᠬᠡᠳ ᠵᠡᠷᠭᠡ ᠬᠠᠮᠲᠤᠯᠢᠭ ᠲᠤ ᠴᠢᠭᠯᠡᠭᠦᠯᠦᠭᠰᠡᠨ ᠭᠡᠮᠲᠦᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ | 3᠂ ᠬᠡᠦᠬᠡᠳ ᠤᠨ ᠤᠰᠤᠨ ᠳᠤ ᠵᠢᠪᠬᠦ ᠶᠢ ᠰᠡᠷᠭᠡᠶᠢᠯᠡᠬᠦ ᠪᠠ ᠬᠢᠵᠠᠭᠠᠷᠯᠠᠨ᠎ᠠ᠃ ᠬᠠᠷᠠᠵᠤ ᠬᠠᠮᠠᠭᠠᠯᠠᠬᠤ ᠪᠠᠨ | ᠴᠢᠩᠭᠠᠳᠬᠠᠵᠤ᠂ ᠬᠡᠦᠬᠡᠳ ᠢ ᠠᠶᠤᠯ ᠲᠠᠢ ᠤᠰᠤᠨ ᠴᠣᠭᠴᠠ ᠠᠴᠠ ᠬᠤᠯᠠ ᠪᠠᠶᠢᠯᠭᠠᠬᠤ ᠶᠢ ᠪᠠᠲᠤᠯᠠᠨ᠎ᠠ᠃ ᠭᠡᠷ ᠪᠦᠯᠢ | ᠵᠢᠴᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠤᠰᠤᠨ ᠳᠤ ᠵᠢᠪᠬᠦ ᠬᠡᠮ ᠰᠣᠭᠤᠭ ᠢ ᠲᠤᠰᠠᠭᠠᠷᠯᠠᠨ | ᠠᠷᠢᠯᠭᠠᠵᠤ᠂ ᠬᠥᠳᠡᠭᠡ ᠲᠣᠰᠬᠤᠨ ᠤ ᠬᠠᠮᠢᠶ᠎ᠠ ᠪᠦᠬᠦᠢ ᠤᠰᠤᠨ ᠴᠣᠭᠴᠠ ᠶᠢᠨ ᠬᠠᠮᠠᠭᠠᠯᠠᠯᠲᠠ ᠲᠤᠰᠠᠭᠠᠷᠯᠠᠯ ᠪᠠ ᠠᠮᠤᠷ | ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠨᠡᠭᠡᠭᠡᠯᠲᠡᠲᠤ ᠴᠢᠨᠠᠷᠲᠠᠢ ᠤᠰᠤᠨ ᠣᠷᠣᠨ᠂ ᠤᠰᠤᠨ | ᠳᠡᠭᠡᠷᠡᠬᠢ ᠵᠤᠭ᠎ᠠ ᠴᠡᠩᠭᠡᠯ ᠤᠨ ᠭᠠᠵᠠᠷ᠂ ᠣᠩᠭᠤᠴᠠ ᠵᠡᠷᠭᠡ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ ᠶᠢᠨ ᠬᠠᠮᠲᠤ ᠬᠡᠦᠬᠡᠳ ᠲᠤ ᠲᠣᠬᠢᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠲᠣᠨᠤᠭ ᠲᠥᠬᠦᠭᠡᠷᠦᠮᠵᠢ ᠶᠢ ᠲᠣᠬᠢᠷᠠᠭᠤᠯᠤᠨ᠎ᠠ᠃ ᠤᠰᠤᠨ ᠳᠤ ᠵᠢᠪᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠳᠡᠯᠭᠡ ᠮᠡᠷᠭᠡᠵᠢᠯ ᠴᠢᠳᠠᠪᠤᠷᠢ ᠶᠢᠨ ᠬᠥᠮᠦᠵᠢᠯ ᠢ ᠴᠢᠩᠭᠠᠳᠬᠠᠵᠤ᠂ | ︽ᠬᠤᠶᠠᠷ ᠢ ᠬᠦᠩᠭᠡᠷᠡᠭᠦᠯᠦᠭᠰᠡᠨ︾ ᠤ ᠳᠠᠷᠠᠭᠠᠬᠢ ᠬᠢᠴᠢᠶᠡᠯ ᠤᠨ ᠭᠠᠳᠠᠨᠠᠬᠢ ᠴᠠᠭ᠂ ᠬᠢᠴᠢᠶᠡᠯ ᠤᠨ ᠳᠠᠷᠠᠭᠠᠬᠢ | ᠦᠢᠯᠡᠴᠢᠯᠡᠭᠡ ᠪᠠ ᠡᠪᠦᠯ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠬᠤ ᠶᠢ ᠠᠰᠢᠭᠯᠠᠨ᠂ | ᠬᠡᠦᠬᠡᠳ ᠤᠨ ᠤᠮᠪᠠᠯᠲᠠ ᠵᠢᠴᠢ ᠤᠰᠤᠨ ᠳᠡᠭᠡᠷᠡᠬᠢ ᠠᠮᠤᠷ ᠲᠦᠪᠰᠢᠨ ᠤ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠢ ᠰᠦᠪᠡᠭᠴᠢᠯᠡᠨ ᠥᠷᠨᠢᠭᠦᠯᠵᠦ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠠᠮᠤᠷ | ᠲᠦᠪᠰᠢᠨ ᠤᠮᠪᠠᠯᠲᠠ ᠶᠢᠨ ᠲᠠᠯᠠᠪᠤᠷ ᠭᠠᠵᠠᠷ ᠬᠡᠷᠡᠭᠯᠡᠭᠦᠯᠬᠦ ᠬᠡᠷᠡᠭᠲᠡᠢ᠃ | 4᠂ ᠬᠡᠦᠬᠡᠳ ᠤᠨ ᠵᠠᠮ ᠬᠠᠷᠢᠯᠴᠠᠭᠠᠨ ᠤ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠨ᠎ᠠ᠃ ᠰᠤᠷᠬᠤ | ᠨᠠᠰᠤᠨ ᠠᠴᠠ ᠡᠮᠦᠨᠡᠬᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠵᠠᠮ ᠬᠠᠷᠢᠯᠴᠠᠭᠠᠨ ᠤ | ᠠᠮᠤᠷ ᠲᠦᠪᠰᠢᠨ ᠤ ᠬᠥᠮᠦᠵᠢᠯ ᠤᠨ ᠠᠭᠤᠯᠭ᠎ᠠ ᠶᠢ ᠨᠡᠮᠡᠨ ᠲᠤᠬᠢᠷᠠᠭᠤᠯᠵᠦ ᠬᠡᠦᠬᠡᠳ ᠢ ᠬᠠᠪᠰᠤᠷᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠢᠯᠡᠳᠬᠡᠮᠵᠢ ᠶᠢ ᠢᠯᠭᠠᠨ ᠲᠠᠨᠢᠬᠤ᠂ ᠶᠠᠪᠤᠵᠤ ᠰᠠᠭᠤᠬᠤ ᠦᠨᠳᠦᠰᠦᠨ ᠠᠮᠤᠷ | ᠲᠦᠪᠰᠢᠨ ᠤ ᠶᠡᠷᠦ ᠶᠢᠨ ᠮᠡᠳᠡᠯᠭᠡ᠂ ᠲᠡᠷᠭᠡᠨ ᠳᠤ ᠰᠠᠭᠤᠬᠤ ᠠᠮᠤᠷ ᠲᠦᠪᠰᠢᠨ ᠤ ᠰᠠᠬᠢᠯᠭ᠎ᠠ ᠳᠦᠷᠢᠮ᠂ ᠭᠡᠨᠡᠳᠲᠡ ᠶᠢᠨ | ᠲᠡᠷᠭᠡᠨ ᠠᠳᠡᠯ ᠢ ᠵᠥᠪ ᠣᠨᠣᠪᠴᠢᠲᠠᠶ ᠠᠷᠭᠠᠴᠠᠬᠤ ᠠᠷᠭ᠎ᠠ ᠮᠠᠶ᠋ᠢᠭ᠂ ᠨᠢᠰᠬᠡᠯ ᠤᠨ ᠲᠦᠷᠭᠡᠨ ᠠᠮᠢ ᠵᠢᠭᠤᠲᠠᠬᠤ᠂ | ᠲᠡᠷᠭᠡ ᠬᠥᠰᠬᠡ ᠭᠠᠯ ᠭᠠᠷᠴᠤ ᠠᠮᠢ ᠵᠢᠭᠤᠲᠠᠬᠤ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ | ᠰᠤᠷᠤᠯᠴᠠᠭᠤᠯᠵᠤ᠂ ᠬᠡᠦᠬᠡᠳ ᠢ ᠬᠥᠮᠥᠵᠢᠭᠦᠯᠦᠨ ᠰᠠᠶᠢᠨ ᠰᠠᠶᠢᠬᠠᠨ ᠵᠠᠮ ᠬᠠᠷᠢᠯᠴᠠᠭᠠᠨ ᠤ ᠦᠶᠯᠡ ᠠᠵᠢᠯᠯᠠᠭ᠎ᠠ ᠶᠢᠨ | ᠳᠠᠳᠬᠠᠯ ᠲᠠᠢ ᠪᠣᠯᠭᠠᠵᠤ᠂ ᠬᠡᠦᠬᠡᠳ ᠢ ᠵᠠᠮ ᠬᠠᠷᠢᠯᠴᠠᠭᠠᠨ ᠤ ᠠᠵᠢᠯᠯᠠᠭ᠎ᠠ ᠳᠤᠮᠳᠠ ᠥᠪᠡᠷ ᠢ ᠪᠠᠨ ᠬᠠᠮᠠᠭᠠᠯᠠᠬᠤ ᠦᠵᠡᠯ | ᠤᠬᠠᠮᠰᠠᠷ ᠪᠠ ᠴᠢᠳᠠᠪᠤᠷᠢ ᠲᠠᠢ ᠪᠤᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠡᠷᠡᠯ | ᠣᠶᠢᠯᠭᠠᠬᠤ ᠰᠤᠷᠭᠠᠭᠤᠯᠢ ᠶᠢᠨ ᠬᠤᠪᠴᠠᠰᠤ᠂ ᠬᠡᠦᠬᠡᠳ ᠤᠨ ᠠᠮᠤᠷ ᠲᠦᠪᠰᠢᠨ ᠤ ᠰᠠᠭᠤᠳᠠᠯ ᠪᠠ ᠠᠶᠦᠯᠭᠦᠢ | ᠳᠤᠭᠤᠯᠠᠭ᠎ᠠ ᠶᠢ ᠳᠡᠯᠭᠡᠷᠡᠭᠦᠯᠦᠨ ᠬᠡᠷᠡᠭᠯᠡᠨ᠎ᠡ᠃ ᠬᠡᠦᠬᠡᠳ ᠠᠰᠠᠷᠠᠭᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ | ᠦᠵᠡᠯ ᠤᠬᠠᠮᠰᠠᠷ ᠪᠠ ᠪᠣᠯᠪᠠᠰᠤᠨ ᠶᠠᠪᠤᠵᠤ ᠰᠠᠭᠤᠬᠤ ᠳᠠᠳᠬᠠᠯ ᠢ ᠴᠢᠩᠭᠠᠳᠬᠠᠵᠤ᠂ ᠬᠡᠦᠬᠡᠳ ᠤᠨ ᠲᠣᠰ ᠪᠡᠶ᠎ᠡ ᠶᠢᠨ | ᠣᠨᠴᠠᠯᠢᠭ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠮᠤᠷ ᠲᠦᠪᠰᠢᠨ ᠢ ᠬᠠᠷᠠᠭᠠᠯᠵᠠᠬᠤ ᠦᠨᠳᠦᠰᠦᠨ | ᠶᠡᠷᠦ ᠶᠢᠨ ᠮᠡᠳᠡᠯᠭᠡ ᠪᠠ ᠠᠩᠬᠠᠷᠬᠤ ᠵᠦᠢᠯᠡᠰ ᠲᠠᠢ ᠤᠶᠠᠯᠳᠤᠭᠤᠯᠤᠨ᠂ ᠬᠡᠦᠬᠡᠳ ᠠᠰᠠᠷᠠᠭᠴᠢ ᠶᠢᠨ ᠬᠠᠷᠠᠵᠤ | ᠬᠠᠷᠠᠭᠠᠯᠵᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠤᠨ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠬᠡᠷᠡᠭᠰᠡᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠦᠢᠯᠡᠳᠪᠦᠷᠢᠯᠡᠬᠦ ᠪᠤᠶᠤ ᠪᠣᠷᠣᠯᠠᠭᠤᠯᠬᠤ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠵᠠᠮ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠲᠤ ᠬᠡᠦᠬᠡᠳ ᠤᠨ | ᠨᠠᠰᠤ ᠵᠢᠯ ᠤᠨ ᠣᠨᠴᠠᠯᠢᠭ ᠢ ᠭᠦᠢᠴᠡᠳ ᠪᠣᠳᠣᠯᠬᠢᠯᠠᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ | ᠠᠮᠤᠷ ᠲᠦᠪᠰᠢᠨ ᠤ ᠪᠡᠯᠡᠳᠬᠡᠮᠵᠢ ᠶᠢ ᠲᠡᠭᠦᠯᠳᠡᠷᠵᠢᠭᠦᠯᠦᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ | ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠴᠢᠩᠭ᠎ᠠ ᠰᠢᠢᠳᠪᠦᠷᠢᠯᠡᠨ᠎ᠡ᠃ ᠰᠤᠷᠤᠭᠴᠢ ᠵᠥᠭᠡᠭᠡᠪᠦᠷᠢᠯᠡᠬᠦ ᠲᠡᠷᠭᠡ | ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ | 5᠂ ᠬᠡᠦᠬᠡᠳ ᠤᠨ ᠣᠶᠢᠴᠢᠬᠤ᠂ ᠬᠠᠯᠠᠭᠠᠭᠳᠠᠬᠤ᠂ ᠬᠤᠣᠷᠳᠠᠭᠳᠠᠬᠤ ᠵᠡᠷᠭᠡ ᠬᠤᠣᠷᠳᠠᠯ ᠢ ᠤᠷᠢᠳᠴᠢᠯᠠᠨ | ᠰᠡᠷᠭᠡᠶᠢᠯᠡᠬᠦ ᠪᠠ ᠬᠢᠵᠠᠭᠠᠷᠯᠠᠨ᠎ᠠ᠃ ᠣᠷᠴᠢᠨ ᠠᠬᠤᠢ ᠶᠢᠨ ᠠᠶᠤᠯ ᠲᠠᠢ ᠬᠦᠴᠦᠨ ᠵᠦᠢᠯ ᠢ ᠠᠷᠢᠯᠭᠠᠵᠤ᠂ ᠴᠣᠩᠬᠤᠨ ᠤ | ᠬᠠᠯᠬᠠᠪᠴᠢ ᠬᠡᠷᠡᠰᠬᠡ᠂ ᠴᠣᠩᠬᠤᠨ ᠤ ᠪᠠᠶᠢᠷᠢ ᠬᠢᠵᠠᠭᠠᠷᠯᠠᠭᠤᠷ ᠵᠡᠷᠭᠡ ᠬᠠᠮᠠᠭᠠᠯᠠᠯᠲᠠ ᠶᠢᠨ ᠬᠡᠷᠡᠭᠰᠡᠯ ᠢ ᠳᠡᠯᠭᠡᠷᠡᠭᠦᠯᠦᠨ | ᠬᠡᠷᠡᠭᠯᠡᠵᠦ᠂ ᠬᠡᠦᠬᠡᠳ ᠤᠨ ᠣᠶᠢᠴᠢᠬᠤ ᠶᠢ ᠪᠠᠭᠠᠰᠬᠠᠨ᠎ᠠ᠃ ᠬᠡᠦᠬᠡᠳ ᠢ ᠭᠠᠯ ᠤᠨ ᠰᠤᠷᠪᠤᠯᠵᠢ ᠠᠴᠠ ᠬᠤᠯᠠᠳᠠᠭᠤᠯᠬᠤ ᠪᠠᠷ | ᠰᠤᠷᠭᠠᠨ ᠬᠥᠮᠥᠵᠢᠭᠦᠯᠵᠦ᠂ ᠭᠡᠷ ᠪᠦᠯᠢ ᠶᠢ ᠬᠥᠲᠥᠯᠥᠨ ᠵᠢᠯᠤᠭᠤᠳᠴᠤ ᠪᠠᠶᠢᠭᠠᠳ ᠢᠯᠴᠢ ᠶᠢᠨ ᠰᠤᠷᠪᠤᠯᠵᠢ ᠶᠢ | ᠰᠠᠯᠭᠠᠵᠤ᠂ ᠭᠡᠷ ᠪᠦᠯᠢ ᠶᠢᠨ ᠴᠠᠬᠢᠯᠭᠠᠨ ᠬᠡᠷᠡᠭᠰᠡᠯ ᠢ ᠠᠮᠤᠷ ᠲᠦᠪᠰᠢᠨ ᠢᠶᠠᠷ ᠬᠡᠷᠡᠭᠯᠡᠭᠦᠯᠵᠦ᠂ ᠬᠡᠦᠬᠡᠳ ᠢ ᠬᠠᠮᠠᠭᠠᠯᠠᠬᠤ | ᠴᠢᠳᠠᠮᠵᠢ ᠲᠠᠢ ᠭᠡᠷ ᠪᠦᠯᠢ ᠶᠢᠨ ᠴᠠᠬᠢᠯᠭᠠᠨ ᠬᠡᠷᠡᠭᠰᠡᠯ ᠢ ᠳᠡᠯᠭᠡᠷᠡᠭᠦᠯᠦᠨ ᠬᠡᠷᠡᠭᠯᠡᠵᠦ᠂ ᠬᠡᠦᠬᠡᠳ ᠤᠨ ᠰᠢᠲᠠᠵᠤ | ᠰᠢᠷᠬᠠᠲᠤᠬᠤ ᠶᠢ ᠤᠷᠢᠳᠴᠢᠯᠠᠨ ᠰᠡᠷᠭᠡᠶᠢᠯᠡᠨ᠎ᠡ᠃ ᠬᠡᠦᠬᠡᠳ ᠤᠨ ᠠᠮᠤᠷ ᠲᠦᠪᠰᠢᠨ ᠤ ᠪᠣᠭᠤᠳᠠᠯ ᠪᠠᠭᠯᠠᠭ᠎ᠠ ᠶᠢ | ᠳᠡᠯᠭᠡᠷᠡᠭᠦᠯᠦᠨ ᠬᠡᠷᠡᠭᠯᠡᠵᠦ᠂ ᠬᠡᠦᠬᠡᠳ ᠢ ᠬᠠᠷᠠᠵᠤ ᠰᠤᠪᠢᠯᠠᠭᠴᠢ ᠶᠢᠨ ᠲᠠᠷᠢᠶᠠᠨ ᠡᠮ᠂ ᠡᠮ᠂ ᠡᠳᠦᠷ ᠲᠤᠳᠤᠮ ᠤᠨ | ᠬᠡᠷᠡᠭᠯᠡᠭᠡᠨ ᠤ ᠬᠢᠮᠢ ᠶᠢᠨ ᠪᠣᠳᠠᠰ ᠵᠡᠷᠭᠡ ᠶᠢ ᠢᠯᠭᠠᠨ ᠲᠠᠨᠢᠬᠤ ᠪᠠ ᠬᠠᠳᠠᠭᠠᠯᠠᠨ ᠬᠠᠮᠢᠶᠠᠷᠬᠤ ᠴᠢᠳᠠᠪᠤᠷᠢ ᠶᠢ | ᠳᠡᠭᠡᠭᠰᠢᠯᠡᠭᠦᠯᠵᠦ᠂ ᠬᠡᠦᠬᠡᠳ ᠲᠤ ᠬᠤᠣᠷᠳᠠᠭᠳᠠᠬᠤ ᠠᠴᠠ ᠵᠠᠶᠢᠯᠠᠰᠬᠢᠨ᠎ᠡ᠃ ᠨᠢᠯᠬ᠎ᠠ ᠨᠢᠷᠠᠢ ᠬᠡᠦᠬᠡᠳ ᠤᠨ ᠠᠮᠢᠰᠬᠤᠯ | ᠪᠦᠲᠡᠩᠰᠡᠬᠦ ᠶᠢ ᠤᠷᠢᠳᠴᠢᠯᠠᠨ ᠰᠡᠷᠭᠡᠶᠢᠯᠡᠵᠦ᠂ ᠠᠰᠠᠷᠠᠭᠴᠢ ᠶᠢᠨ ᠨᠢᠯᠬ᠎ᠠ ᠨᠢᠷᠠᠢ ᠬᠡᠦᠬᠡᠳ ᠢ ᠪᠦᠲᠦᠮᠵᠢᠲᠡᠶ ᠪᠠᠷ | ᠬᠠᠷᠠᠭᠠᠯᠵᠠᠨ ᠠᠰᠠᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠣᠬᠠᠢ ᠶᠢᠨ ᠲᠥᠷᠥᠯ ᠤᠨ ᠬᠠᠮᠢᠶᠠᠷᠤᠯᠲᠠ ᠵᠢᠴᠢ | ᠡᠩᠬᠦᠷᠡᠢ ᠲᠡᠵᠢᠭᠡᠪᠦᠷᠢ ᠶᠢ ᠵᠢᠷᠤᠮᠵᠢᠭᠤᠯᠵᠤ᠂ ᠠᠮᠢᠲᠠᠨ ᠳᠤ ᠬᠠᠵᠠᠭᠳᠠᠵᠤ ᠰᠢᠷᠬᠠᠲᠤᠬᠤ ᠶᠢ ᠰᠡᠷᠭᠡᠶᠢᠯᠡᠨ᠎ᠡ᠃ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠬᠡᠦᠬᠡᠳ ᠵᠢᠴᠢ ᠬᠠᠷᠠᠵᠤ | ᠬᠠᠮᠠᠭᠠᠯᠠᠭᠴᠢ ᠶᠢᠨ ᠭᠠᠵᠠᠷ ᠬᠥᠳᠡᠯᠦᠯᠲᠡ᠂ ᠭᠠᠯ ᠤᠨ ᠠᠶᠤᠯ᠂ ᠭᠢᠰᠬᠢᠯᠲᠡ ᠵᠡᠷᠭᠡ ᠭᠠᠮᠰᠢᠭ ᠤᠨ ᠴᠢᠨᠠᠷᠲᠠᠢ᠂ | ᠭᠡᠨᠡᠳᠲᠡ ᠶᠢᠨ ᠴᠢᠨᠠᠷᠲᠠᠢ ᠬᠡᠷᠡᠭ ᠲᠤ ᠴᠢᠭᠯᠡᠭᠦᠯᠦᠭᠰᠡᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠤᠷ᠎ᠠ | ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠭᠰᠠᠨ ᠪᠠᠴᠢᠮ ᠪᠠᠶᠢᠳᠠᠯ ᠢ | ᠠᠷᠭᠠᠴᠠᠬᠤ ᠴᠢᠬᠤᠯᠠ ᠡᠳ᠋ ᠪᠣᠳᠠᠰ ᠢ ᠨᠦᠬᠡᠴᠡᠯᠡᠨ᠎ᠡ᠃ | 6᠂ ᠬᠡᠦᠬᠡᠳ ᠤᠨ ᠢᠳᠡᠭᠡᠨ ᠤ ᠠᠶᠦᠯᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠡᠦᠬᠡᠳ ᠤᠨ | ᠡᠷᠡᠭᠦᠯ ᠬᠠᠮᠠᠭᠠᠯᠠᠯ ᠪᠠ ᠢᠳᠡᠭᠡᠨ ᠤᠮᠳᠠᠭᠠᠨ ᠤ ᠶᠡᠷᠦ ᠶᠢᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ | ᠬᠡᠦᠬᠡᠳ ᠢ ᠬᠠᠪᠰᠤᠷᠴᠤ ᠪᠠᠶᠢᠭᠠᠳ ᠬᠤᠪᠢ ᠬᠥᠮᠥᠨ ᠤ ᠡᠷᠡᠭᠦᠯ ᠬᠠᠮᠠᠭᠠᠯᠠᠯ ᠪᠠ ᠡᠷᠡᠭᠦᠯ ᠴᠢᠭᠢᠷᠠᠭ ᠢᠳᠡᠭᠡᠨ | ᠤᠮᠳᠠᠭᠠᠨ ᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠦᠷᠭᠦᠯᠵᠢ ᠲᠣᠬᠢᠶᠠᠯᠳᠤᠳᠠᠭ ᠡᠪᠡᠳᠴᠢᠨ ᠪᠠ | ᠬᠠᠯᠳᠠᠪᠤᠷᠢᠲᠤ ᠡᠪᠡᠳᠴᠢᠨ ᠤ ᠬᠤᠣᠷ ᠬᠥᠨᠥᠭᠡᠯ᠂ ᠬᠠᠯᠳᠠᠪᠤᠷᠢᠯᠠᠬᠤ ᠠᠷᠭ᠎ᠠ ᠵᠠᠮ ᠪᠠ ᠤᠷᠢᠳᠴᠢᠯᠠᠨ ᠰᠡᠷᠭᠡᠶᠢᠯᠡᠬᠦ | ᠠᠷᠭ᠎ᠠ ᠬᠡᠮᠵᠢᠶ᠎ᠡ ᠶᠢ ᠤᠶᠢᠯᠭᠠᠭᠤᠯᠤᠨ᠎ᠠ᠃ ᠬᠡᠦᠬᠡᠳ ᠤᠨ ᠢᠳᠡᠭᠡᠨ ᠤ ᠠᠶᠤᠯᠭᠦᠢ ᠶᠢᠨ ᠨᠢᠯᠬ᠎ᠠ ᠬᠡᠦᠬᠡᠳ ᠤᠨ | ᠨᠠᠶᠢᠷᠠᠯᠭ᠎ᠠ ᠲᠠᠢ ᠢᠳᠡᠭᠡᠨ ᠪᠠ ᠨᠢᠯᠬ᠎ᠠ ᠬᠡᠦᠬᠡᠳ ᠤᠨ ᠲᠤᠰᠠᠯᠠᠬᠤ ᠢᠳᠡᠭᠡᠨ ᠤ ᠠᠶᠦᠯᠭᠦᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠂ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠶᠢᠨ ᠦᠢᠯᠡᠳᠬᠦᠨ ᠢ | ᠰᠤᠭᠤᠴᠠᠨ ᠪᠠᠶᠢᠴᠠᠭᠠᠵᠤ ᠬᠢᠨᠠᠨ ᠬᠡᠮᠵᠢᠬᠦ ᠵᠢᠴᠢ ᠬᠢᠷᠢ ᠲᠡᠩᠴᠡᠬᠦ ᠦᠭᠡᠢ ᠢᠳᠡᠭᠡᠨ ᠢ ᠰᠢᠢᠳᠭᠡᠨ ᠲᠣᠷᠭᠠᠬᠤ ᠡᠷᠴᠢᠮ ᠢ | ᠨᠡᠮᠡᠭᠳᠡᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠢᠳᠡᠭᠡᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠡᠦᠬᠡᠳ ᠤᠨ ᠨᠡᠶᠢᠲᠡ ᠶᠢᠨ ᠬᠤᠭᠤᠯᠠᠨ ᠤ ᠡᠯ᠎ᠡ ᠭᠤᠭᠴᠤᠭ᠎ᠠ ᠳᠠᠬᠢ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠢ | ᠠᠷᠢᠯᠭᠠᠵᠤ᠂ ᠰᠤᠷᠭᠠᠭᠤᠯᠢ ᠶᠢᠨ ᠳᠣᠲᠣᠷᠠᠬᠢ ᠪᠠ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠬᠢᠨᠠᠨ | ᠬᠠᠮᠢᠶᠠᠷᠤᠯᠲᠠ ᠶᠢ ᠴᠢᠩᠭᠠᠳᠬᠠᠨ᠎ᠠ᠃ ᠢᠳᠡᠭᠡᠨ ᠤ ᠠᠶᠦᠯᠭᠦᠢ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | 7᠂ ᠬᠡᠦᠬᠡᠳ ᠤᠨ ᠬᠡᠷᠡᠭᠯᠡᠭᠡᠨ ᠤ ᠵᠦᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ ᠪᠠ ᠪᠠᠭᠠᠰᠬᠠᠨ᠎ᠠ᠃ | ᠦᠢᠯᠡᠳᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠡᠦᠬᠡᠳ ᠤᠨ | ᠬᠡᠷᠡᠭᠯᠡᠭᠡᠨ ᠤ ᠵᠦᠢᠯ᠂ ᠬᠡᠦᠬᠡᠳ ᠤᠨ ᠲᠣᠭᠯᠠᠭᠠᠮ ᠤᠨ ᠵᠦᠢᠯ ᠳᠤ ᠠᠯᠪᠠᠳᠠᠯᠭ᠎ᠠ ᠶᠢᠨ ᠴᠢᠨᠠᠷᠲᠠᠢ ᠤᠯᠤᠰ ᠤᠨ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠡᠦᠬᠡᠳ ᠤᠨ ᠬᠡᠷᠡᠭᠯᠡᠭᠡᠨ ᠤ ᠵᠦᠢᠯ ᠤᠨ ᠠᠵᠢᠯ ᠲᠥᠷᠥᠯ ᠤᠨ ᠥᠪᠡᠷ ᠢ ᠪᠠᠨ | ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠬᠦ ᠦᠢᠯᠡᠳᠬᠦᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠬᠡᠦᠬᠡᠳ ᠤᠨ | ᠬᠡᠷᠡᠭᠯᠡᠬᠦᠨ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠡᠦᠬᠡᠳ ᠤᠨ ᠬᠡᠷᠡᠭᠯᠡᠭᠡᠨ ᠤ | ᠵᠦᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠬᠤᠳᠠᠯ ᠬᠠᠭᠤᠷᠮᠠᠭ ᠮᠠᠭᠤ ᠦᠢᠯᠡᠳᠬᠦᠨ ᠦᠢᠯᠡᠳᠴᠦ ᠪᠣᠷᠣᠯᠠᠭᠤᠯᠬᠤ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠷᠡᠭᠯᠡᠭᠴᠢᠳ ᠤᠨ ᠦᠢᠯᠡᠳᠬᠦᠨ ᠤ ᠠᠮᠤᠷ ᠲᠦᠪᠰᠢᠨ ᠤ | ᠠᠰᠠᠭᠤᠳᠠᠯ ᠢ ᠬᠠᠤᠯᠢ ᠶᠣᠰᠣᠭᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠦᠢᠯᠡᠳᠬᠦᠨ ᠠᠴᠠ ᠪᠣᠯᠤᠭᠰᠠᠨ | ᠬᠡᠦᠬᠡᠳ ᠤᠨ ᠭᠡᠮᠲᠦᠯ ᠤᠨ ᠮᠡᠳᠡᠭᠡ ᠵᠠᠩᠭᠢ ᠶᠢ ᠬᠢᠨᠠᠨ ᠰᠢᠨᠵᠢᠬᠦ᠂ ᠵᠠᠳᠠᠯᠬᠤ᠂ ᠬᠢᠨᠠᠯᠲᠠ ᠲᠠᠯᠪᠢᠵᠤ ᠪᠠᠶᠢᠴᠠᠭᠠᠬᠤ ᠪᠠ | ᠵᠡᠷᠡᠮᠳᠡᠭ ᠦᠢᠯᠡᠳᠬᠦᠨ ᠢ ᠡᠭᠡᠭᠦᠯᠦᠨ ᠠᠪᠴᠢᠷᠠᠬᠤ ᠠᠵᠢᠯ ᠢ ᠴᠢᠩᠭᠠᠳᠬᠠᠨ᠎ᠠ᠃ ︽ᠬᠤᠣᠷᠲᠤ ᠭᠦᠶᠦᠯᠲᠡ ᠶᠢᠨ ᠵᠠᠮ︾᠂ | ︽ᠬᠤᠣᠷᠲᠤ ᠰᠤᠷᠭᠠᠭᠤᠯᠢ ᠶᠢᠨ ᠬᠤᠪᠴᠠᠰᠤ︾ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠣᠮᠣ ᠬᠡᠯᠪᠡᠷᠢ ᠶᠢᠨ ᠵᠤᠭ᠎ᠠ | ᠴᠡᠩᠭᠡᠯ ᠤᠨ ᠪᠡᠯᠡᠳᠬᠡᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ | ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠦᠰᠢᠭᠦᠷ ᠱᠠᠲᠤ᠂ ᠡᠷᠭᠢᠯᠳᠦᠭᠡ | ᠡᠭᠦᠳᠡ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠠᠮᠤᠷ ᠲᠦᠪᠰᠢᠨ ᠢᠶᠠᠷ ᠬᠡᠷᠡᠭᠯᠡᠭᠦᠯᠬᠦ ᠬᠡᠷᠡᠭᠲᠡᠢ᠃ ᠰᠤᠷᠭᠠᠭᠤᠯᠢ᠂ | ᠬᠡᠦᠬᠡᠳ ᠤᠨ ᠴᠡᠴᠡᠷᠯᠢᠭ᠂ ᠨᠡᠶᠢᠭᠡᠮ ᠲᠣᠭᠤᠷᠢᠭ ᠨᠢ ᠬᠡᠦᠬᠡᠳ ᠤᠨ ᠬᠡᠷᠡᠭᠯᠡᠭᠡᠨ ᠤ ᠵᠦᠢᠯ ᠤᠨ ᠠᠮᠤᠷ ᠲᠦᠪᠰᠢᠨ᠂ | ᠦᠢᠯᠡᠳᠬᠦᠨ ᠤ ᠠᠮᠤᠷ ᠲᠦᠪᠰᠢᠨ ᠢᠶᠠᠷ ᠬᠡᠷᠡᠭᠯᠡᠬᠦ ᠵᠡᠷᠭᠡ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠨᠡᠶᠢᠳᠡᠮ | ᠥᠷᠨᠢᠭᠦᠯᠦᠨ᠎ᠡ᠃ | 8᠂ ᠬᠡᠦᠬᠡᠳ ᠲᠤ ᠴᠢᠭᠯᠡᠭᠦᠯᠦᠭᠰᠡᠨ ᠬᠦᠴᠦᠷᠬᠡᠭᠯᠡᠯ ᠤᠨ ᠬᠤᠣᠷᠯᠠᠯ ᠢ ᠰᠡᠷᠭᠡᠶᠢᠯᠡᠬᠦ ᠪᠠ ᠬᠢᠵᠠᠭᠠᠷᠯᠠᠨ᠎ᠠ᠃ | ᠬᠡᠦᠬᠡᠳ ᠤᠨ ᠬᠦᠴᠦᠷᠬᠡᠭᠯᠡᠯ ᠢ ᠣᠭᠲᠣᠬᠠᠨ ᠴᠤ ᠥᠯᠥ ᠬᠦᠯᠢᠴᠡᠬᠦ ᠣᠨᠣᠯᠵᠢᠬᠤᠨ ᠢ ᠤᠬᠠᠭᠤᠯᠤᠨ ᠰᠠᠨᠠᠭᠠᠴᠢᠯᠠᠵᠤ᠂ | ᠣᠯᠠᠨ ᠨᠡᠶᠢᠲᠡ ᠶᠢᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠬᠡᠦᠬᠡᠳ ᠢ ᠬᠠᠮᠠᠭᠠᠯᠠᠬᠤ ᠦᠵᠡᠯ ᠤᠬᠠᠮᠰᠠᠷ ᠢ | ᠳᠡᠭᠡᠭᠰᠢᠯᠡᠭᠦᠯᠦᠨ᠂ ᠬᠡᠦᠬᠡᠳ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ | ᠴᠢᠳᠠᠪᠤᠷᠢ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ᠂ ᠨᠡᠶᠢᠭᠡᠮ᠂ ᠰᠤᠷᠭᠠᠭᠤᠯᠢ᠂ ᠭᠡᠷ ᠪᠦᠯᠢ ᠶᠢᠨ | ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠡᠦᠬᠡᠳ ᠤᠨ ᠬᠦᠴᠦᠷᠬᠡᠭᠯᠡᠯ ᠢᠶᠠᠷ ᠭᠡᠮᠲᠦᠭᠡᠬᠦ ᠶᠢ | ᠰᠡᠷᠭᠡᠶᠢᠯᠡᠨ ᠡᠵᠡᠮᠳᠡᠬᠦ ᠳᠤ ᠴᠢᠭᠯᠡᠭᠦᠯᠦᠭᠰᠡᠨ ᠣᠯᠠᠨ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠬᠤ ᠲᠣᠭᠲᠠᠴᠠ ᠶᠢ | ᠪᠠᠶᠢᠭᠤᠯᠤᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠠᠪᠴᠠᠩ ᠢ ᠪᠦᠷᠢᠨᠰᠢᠭᠦᠯᠵᠦ᠂ | ᠬᠡᠦᠬᠡᠳ ᠤᠨ ᠬᠦᠴᠦᠷᠬᠡᠭᠯᠡᠯ ᠢᠶᠠᠷ ᠭᠡᠮᠲᠦᠭᠡᠬᠦ ᠶᠢ ᠢᠯᠡᠷᠡᠭᠦᠯᠬᠦ᠂ ᠮᠡᠳᠡᠭᠦᠯᠬᠦ᠂ ᠬᠠᠮᠢᠶᠠᠷᠬᠤ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ᠨᠠᠰᠤᠨ ᠳᠤ ᠥᠯᠥ ᠭᠦᠷᠦᠭᠰᠡᠳ ᠲᠠᠢ ᠨᠢᠭᠲᠠ ᠬᠠᠷᠢᠯᠴᠠᠬᠤ ᠪᠠᠶᠢᠭᠤᠯᠤᠮᠵᠢ ᠪᠠ | ᠠᠵᠢᠯᠲᠠᠨ ᠤ ᠠᠯᠪᠠᠳᠠᠯᠭ᠎ᠠ ᠪᠠᠷ ᠮᠡᠳᠡᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠯᠠᠨ ᠨᠡᠶᠢᠲᠡ ᠶᠢᠨ | ᠬᠡᠦᠬᠡᠳ ᠲᠤ ᠴᠢᠭᠯᠡᠭᠦᠯᠦᠭᠰᠡᠨ ᠬᠦᠴᠦᠷᠬᠡᠭᠯᠡᠯ ᠤᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠢᠳᠬᠠᠨ | ᠬᠤᠷᠢᠭᠯᠠᠬᠤ᠂ ᠬᠤᠷᠢᠭᠯᠠᠬᠤ᠂ ᠢᠯᠡᠴᠢᠯᠡᠬᠦ᠂ ᠵᠠᠭᠠᠯᠳᠤᠬᠤ ᠶᠢ ᠵᠣᠷᠢᠭᠵᠢᠭᠤᠯᠤᠨ᠎ᠠ᠃ ᠬᠡᠦᠬᠡᠳ ᠲᠤ ᠬᠦᠴᠦᠷᠬᠡᠭᠯᠡᠯ | ᠶᠠᠪᠤᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ | ᠰᠢᠢᠳᠭᠡᠨ᠎ᠡ᠃ | 9᠂ ᠰᠤᠷᠤᠭᠴᠢᠳ ᠢ ᠳᠣᠷᠣᠮᠵᠢᠯᠠᠬᠤ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠰᠤᠷᠤᠭᠴᠢᠳ ᠤᠨ | ᠳᠣᠷᠣᠮᠵᠢᠯᠠᠯ ᠢ ᠶᠡᠷᠦᠩᠬᠡᠶᠢᠯᠡᠨ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ | ᠪᠣᠯᠪᠠᠰᠤᠨ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠦᠵᠡᠯ | ᠰᠠᠨᠠᠭ᠎ᠠ ᠶᠣᠰᠣ ᠰᠤᠷᠲᠠᠬᠤᠨ ᠤ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ ᠪᠠ ᠰᠡᠳᠬᠢᠴᠡ ᠶᠢᠨ ᠡᠷᠡᠭᠦᠯ | ᠮᠡᠨᠳᠦ ᠶᠢᠨ ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ ᠡᠷᠡᠭᠦᠯ ᠴᠢᠭᠢᠷᠠᠭ ᠵᠠᠩ ᠠᠷᠠᠨᠰᠢᠨ ᠪᠠ ᠨᠡᠶᠢᠭᠡᠮ ᠤᠨ | ᠬᠠᠷᠢᠯᠴᠠᠭᠠᠨ ᠤ ᠴᠢᠳᠠᠪᠤᠷᠢ ᠶᠢ ᠬᠥᠮᠥᠵᠢᠭᠦᠯᠦᠨ᠎ᠡ᠃ ᠰᠤᠷᠭᠠᠭᠤᠯᠢ ᠶᠢᠨ ᠡᠳᠦᠷ ᠲᠤᠲᠤᠮ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠳᠠᠯᠠᠵᠤ᠂ ᠰᠣᠷᠣᠭᠴᠢ ᠶᠢᠨ ᠳᠣᠷᠣᠮᠵᠢᠯᠠᠯ ᠢ ᠡᠷᠲᠡ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ | ᠳᠤᠮᠳᠠ ᠰᠢᠢᠳᠪᠦᠷᠢᠯᠡᠬᠦ᠂ ᠬᠡᠷᠡᠭ ᠤᠨ ᠳᠠᠷᠠᠭ᠎ᠠ ᠭᠠᠷ ᠲᠦᠷᠦᠭᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ | ᠪᠠᠭᠰᠢ ᠠᠵᠢᠯᠲᠠᠨ ᠠᠵᠢᠯᠴᠢᠨ᠂ ᠭᠡᠷ ᠤᠨ ᠠᠬᠠᠮᠠᠳ᠂ ᠰᠣᠷᠣᠭᠴᠢ ᠶᠢᠨ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ ᠪᠠ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠣᠷᠣᠮᠵᠢᠯᠠᠭᠰᠠᠨ ᠬᠡᠷᠡᠭ ᠢ ᠬᠠᠤᠯᠢ ᠲᠣᠭᠲᠠᠭᠠᠯ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠰᠤᠷᠭᠠᠨ ᠬᠥᠮᠥᠵᠢᠭᠦᠯᠵᠦ ᠵᠠᠯᠬᠠᠭᠠᠨ ᠴᠡᠭᠡᠷᠯᠡᠭᠦᠯᠬᠦ ᠦᠢᠯᠡᠳᠦᠯ ᠢ ᠪᠠᠳᠠᠷᠠᠭᠤᠯᠤᠨ᠎ᠠ᠃ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠰᠤᠷᠤᠭᠴᠢᠳ ᠤᠨ ᠳᠣᠷᠣᠮᠵᠢᠯᠠᠯ ᠤᠨ ᠲᠤᠰᠬᠠᠢ ᠵᠠᠰᠠᠯᠲᠠ ᠶᠢ | ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠳᠤ ᠤᠷᠤᠭᠤᠯᠤᠨ᠎ᠠ᠃ | 10᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠵᠠᠰᠭ ᠤᠨ | ᠤᠷᠳᠤᠨ ᠠᠵᠦ ᠠᠬᠤᠶᠢᠯᠠᠯ᠂ ᠰᠤᠷᠭᠠᠭᠤᠯᠢ᠂ ᠭᠡᠷ ᠪᠦᠯᠢ᠂ ᠨᠡᠶᠢᠭᠡᠮ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠡᠦᠬᠡᠳ ᠲᠤ ᠠᠮᠤᠷ ᠲᠦᠪᠰᠢᠨ᠂ ᠡᠷᠡᠭᠦᠯ ᠰᠠᠷᠠᠭᠤᠯ ᠰᠦᠯᠵᠢᠶᠡᠨ ᠤ ᠣᠷᠴᠢᠨ ᠲᠣᠭᠤᠷᠢᠨ ᠢ | ᠬᠠᠩᠭᠠᠵᠤ᠂ ᠬᠡᠦᠬᠡᠳ ᠤᠨ ᠰᠦᠯᠵᠢᠶᠡᠨ ᠤ ᠣᠷᠣᠨ ᠵᠠᠢ ᠳᠠᠬᠢ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ | ᠰᠦᠯᠵᠢᠶᠡᠨ ᠤ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠭᠢ ᠶᠢ ᠬᠢᠨᠠᠨ | ᠬᠡᠮᠵᠢᠬᠦ᠂ ᠢᠯᠭᠠᠨ ᠲᠠᠨᠢᠬᠤ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ ᠳᠦᠷᠢᠮ ᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠰᠦᠯᠵᠢᠶ᠎ᠡ ᠶᠢ ᠠᠰᠢᠭᠯᠠᠨ ᠦᠷᠳᠡᠭ ᠤᠨ ᠤᠳᠤᠷᠢᠳᠤᠮᠵᠢ ᠶᠢᠨ ᠮᠠᠭᠤ ᠮᠡᠳᠡᠭᠡ ᠵᠠᠩᠭᠢ ᠶᠢ | ᠲᠠᠷᠬᠠᠭᠠᠵᠤ᠂ ᠨᠠᠰᠤᠨ ᠳᠤ ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠳᠤ ᠬᠤᠣᠷ ᠬᠥᠨᠥᠭᠡᠯ | ᠤᠴᠠᠷᠠᠭᠤᠯᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠨ᠎ᠡ᠃ ᠰᠦᠯᠵᠢᠶᠡᠨ ᠤ ᠲᠣᠭᠯᠠᠭᠠᠮ᠂ | ᠰᠦᠯᠵᠢᠶᠡᠨ ᠤ ᠰᠢᠭᠤᠳ ᠨᠡᠪᠲᠡᠷᠡᠭᠦᠯᠭᠡ᠂ ᠰᠦᠯᠵᠢᠶᠡᠨ ᠤ ᠲᠠᠭᠤ ᠳᠦᠷᠰᠦ ᠰᠢᠩᠭᠡᠭᠡᠯᠲᠡ᠂ ᠰᠦᠯᠵᠢᠶᠡᠨ ᠤ | ᠨᠡᠶᠢᠭᠡᠮ ᠤᠨ ᠬᠠᠷᠢᠯᠴᠠᠭ᠎ᠠ ᠵᠡᠷᠭᠡ ᠬᠡᠦᠬᠡᠳ ᠤᠨ ᠰᠦᠯᠵᠢᠶᠡᠨ ᠳᠤ ᠭᠠᠷᠬᠤ ᠭᠤᠣᠯᠳᠠᠯᠭ᠎ᠠ ᠲᠠᠢ ᠭᠤᠭᠴᠤᠭ᠎ᠠ ᠪᠠ | ᠬᠡᠷᠡᠭᠯᠡᠭᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠦᠢᠯᠡᠴᠢᠯᠡᠭᠡ ᠶᠢ | ᠬᠡᠷᠡᠭᠯᠡᠬᠦ ᠳᠤ ᠴᠢᠭᠯᠡᠭᠦᠯᠦᠨ ᠵᠣᠬᠢᠬᠤ ᠴᠠᠭ ᠤᠨ ᠬᠠᠮᠢᠶᠠᠷᠤᠯᠲᠠ᠂ ᠡᠷᠬᠡ ᠮᠡᠳᠡᠯ ᠤᠨ ᠬᠠᠮᠢᠶᠠᠷᠤᠯᠲᠠ᠂ ᠬᠡᠷᠡᠭᠯᠡᠭᠡᠨ ᠤ | ᠬᠠᠮᠢᠶᠠᠷᠤᠯᠲᠠ ᠵᠡᠷᠭᠡ ᠴᠢᠳᠠᠮᠵᠢ ᠶᠢ ᠲᠣᠬᠢᠷᠠᠭᠤᠯᠵᠤ᠂ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠬᠡᠦᠬᠡᠳ ᠲᠤ | ᠰᠦᠯᠵᠢᠶᠡᠨ ᠤ ᠰᠢᠭᠤᠳ ᠨᠡᠪᠲᠡᠷᠡᠭᠦᠯᠭᠡ ᠨᠡᠶᠢᠲᠡᠯᠡᠭᠴᠢ ᠶᠢᠨ ᠲᠠᠩᠰᠠᠨ ᠨᠣᠮᠧᠷ ᠢ ᠳᠠᠩᠰᠠᠯᠠᠬᠤ ᠦᠢᠯᠡᠴᠢᠯᠡᠭᠡ | ᠬᠠᠩᠭᠠᠵᠤ ᠪᠣᠯᠬᠤ ᠦᠭᠡᠢ᠃ ᠰᠦᠯᠵᠢᠶᠡᠨ ᠤ ᠦᠭᠡ ᠬᠡᠯᠡᠨ ᠤ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ | ᠰᠦᠯᠵᠢᠶᠡᠨ ᠤ ᠦᠭᠡ ᠬᠡᠯᠡᠨ ᠤ ᠪᠣᠯᠬᠢ ᠪᠠᠯᠠᠮᠠᠳ ᠳᠠᠮᠵᠢᠭᠤᠯᠭ᠎ᠠ ᠶᠢ ᠡᠷᠡᠰ ᠬᠤᠷᠢᠭᠯᠠᠨ᠎ᠠ᠃ ᠤᠯᠤᠰ ᠤᠨ ᠨᠢᠭᠡᠳᠦᠯᠲᠡᠢ | ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠲᠣᠭᠯᠠᠭᠠᠮ ᠤᠨ ᠡᠯᠧᠺᠲᠷᠣᠨ ᠪᠡᠶ᠎ᠡ ᠬᠡᠮ ᠤᠨ ᠭᠡᠷᠡᠴᠢᠯᠡᠯ ᠤᠨ | ᠰᠢᠰᠲ᠋ᠧᠮ ᠢ ᠬᠡᠷᠡᠭᠵᠢᠭᠦᠯᠵᠦ᠂ ᠲᠣᠭᠯᠠᠭᠠᠮ ᠤᠨ ᠪᠦᠲᠦᠭᠡᠭᠳᠡᠬᠦᠨ ᠢ ᠲᠥᠷᠥᠯ ᠬᠤᠪᠢᠶᠠᠬᠤ᠂ ᠠᠭᠤᠯᠭ᠎ᠠ ᠶᠢ ᠬᠢᠨᠠᠨ | ᠬᠠᠷᠭᠤᠭᠤᠯᠬᠤ᠂ ᠴᠠᠭ ᠤᠨ ᠣᠷᠳᠣ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ᠬᠡᠦᠬᠡᠳ ᠤᠨ ᠬᠤᠪᠢ ᠬᠥᠮᠥᠨ ᠤ ᠮᠡᠳᠡᠭᠡ ᠵᠠᠩᠭᠢ ᠪᠠ ᠬᠤᠪᠢ ᠶᠢᠨ ᠨᠢᠭᠤᠴᠠ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | | 11᠂ ᠬᠡᠦᠬᠡᠳ ᠤᠨ ᠰᠠᠨᠠᠭᠠᠨ ᠳᠤ ᠦᠭᠡᠢ ᠬᠡᠷᠡᠭ ᠪᠠ ᠬᠦᠴᠦᠷᠬᠡᠭᠯᠡᠯ ᠤᠨ ᠬᠤᠣᠷᠯᠠᠯ ᠳᠤ ᠤᠴᠠᠷᠠᠭᠰᠠᠳ ᠢ | ᠲᠦᠷᠭᠡᠨ ᠠᠪᠤᠷᠠᠨ ᠲᠤᠰᠠᠯᠠᠬᠤ᠂ ᠡᠮᠨᠡᠨ ᠠᠪᠤᠷᠠᠬᠤ᠂ ᠡᠷᠡᠭᠦᠯᠵᠢᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠡᠦᠬᠡᠳ ᠤᠨ ᠪᠠᠴᠢᠮ ᠠᠪᠤᠷᠠᠯᠳᠠ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠠᠰᠠᠷᠠᠭᠴᠢ᠂ | ᠪᠠᠭᠰᠢ ᠶᠢᠨ ᠪᠠᠴᠢᠮ ᠠᠪᠤᠷᠠᠯᠳᠠ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ | ᠲᠠᠯᠠᠪᠤᠷ ᠤᠨ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠶᠢᠨ ᠲᠤᠬᠢᠷᠠᠭᠤᠯᠤᠯᠲᠠ ᠶᠢ ᠲᠡᠭᠦᠯᠳᠡᠷᠵᠢᠭᠦᠯᠦᠨ᠎ᠡ᠃ | ᠤᠯᠤᠰ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠵᠤ᠂ ᠬᠡᠦᠬᠡᠳ ᠤᠨ ᠭᠡᠮᠲᠦᠯ ᠰᠢᠷᠬᠠᠲᠤᠯ ᠤᠨ ᠡᠮᠨᠡᠯᠭᠡ ᠶᠢᠨ ᠬᠤᠷᠢᠶ᠎ᠠ | ᠠᠴᠠ ᠡᠮᠦᠨᠡᠬᠢ ᠲᠦᠷᠭᠡᠨ ᠠᠪᠤᠷᠠᠯᠳᠠ ᠶᠢᠨ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ | ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠲᠦᠷᠭᠡᠨ ᠠᠪᠤᠷᠠᠯᠲᠠ ᠬᠢᠭᠡᠳ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ | ᠲᠦᠷᠭᠡᠨ ᠠᠪᠤᠷᠠᠯᠲᠠ ᠶᠢᠨ ᠪᠦᠲᠦᠮᠵᠢᠲᠡᠢ ᠵᠤᠯᠭᠠᠬᠤ ᠶᠢ ᠪᠡᠶᠡᠯᠡᠭᠦᠯᠦᠨ᠎ᠡ᠃ ᠡᠷᠡᠭᠦᠯᠵᠢᠭᠦᠯᠬᠦ ᠪᠠᠶᠢᠭᠤᠯᠤᠮᠵᠢ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠦᠬᠡᠳ ᠤᠨ ᠠᠨᠠᠭᠠᠬᠤ ᠤᠬᠠᠭᠠᠨ ᠤ ᠠᠪᠤᠷᠠᠨ ᠡᠮᠨᠡᠬᠦ ᠵᠢᠴᠢ | ᠡᠷᠡᠭᠦᠯᠵᠢᠭᠦᠯᠬᠦ ᠦᠢᠯᠡᠴᠢᠯᠡᠭᠡᠨ ᠤ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 12᠂ ᠬᠢᠨᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠬᠡᠦᠬᠡᠳ ᠤᠨ | ᠰᠠᠨᠠᠭᠠᠨ ᠳᠤ ᠦᠭᠡᠢ ᠬᠡᠷᠡᠭ ᠪᠠ ᠬᠦᠴᠦᠷᠬᠡᠭᠯᠡᠯ ᠤᠨ ᠭᠡᠮᠲᠦᠯ ᠳᠤ ᠤᠴᠠᠷᠠᠭᠰᠠᠨ ᠢ ᠬᠢᠨᠠᠨ ᠬᠡᠮᠵᠢᠬᠦ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠶᠢᠭᠤᠯᠤᠮᠵᠢ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠶᠢᠳᠠᠨ | ᠬᠥᠮᠥᠵᠢᠭᠦᠯᠬᠦ ᠪᠠᠶᠢᠭᠤᠯᠤᠮᠵᠢ᠂ ᠨᠡᠶᠢᠭᠡᠮ ᠲᠣᠭᠤᠷᠢᠭ᠂ ᠬᠠᠤᠯᠢ ᠴᠠᠭᠠᠵᠠ ᠶᠢᠨ ᠪᠠᠶᠢᠭᠤᠯᠭ᠎ᠠ ᠵᠡᠷᠭᠡ ᠣᠯᠠᠨ ᠠᠷᠭ᠎ᠠ | ᠵᠠᠮ ᠢᠶᠠᠷ ᠳᠠᠮᠵᠢᠭᠤᠯᠤᠨ ᠬᠡᠦᠬᠡᠳ ᠤᠨ ᠭᠡᠮᠲᠦᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠲᠤᠭ᠎ᠠ ᠪᠠᠷᠢᠮᠲᠠ ᠶᠢᠨ | ᠵᠢᠷᠦᠮᠵᠢᠯᠲᠡ ᠶᠢ ᠠᠬᠢᠭᠤᠯᠤᠨ᠎ᠠ᠃ ᠣᠯᠠᠨ ᠰᠠᠯᠠᠭ᠎ᠠ ᠮᠥᠴᠢᠷ᠂ ᠣᠯᠠᠨ ᠲᠤᠰᠬᠠᠢ ᠮᠡᠷᠭᠡᠵᠢᠯ ᠣᠷᠣᠯᠴᠠᠭᠰᠠᠨ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠬᠦ᠂ ᠵᠠᠳᠠᠯᠬᠤ᠂ ᠦᠨᠡᠯᠡᠨ ᠵᠢᠱᠢᠬᠦ ᠪᠠ ᠠᠰᠢᠭᠯᠠᠬᠤ ᠠᠵᠢᠯ ᠤᠨ ᠲᠣᠭᠲᠠᠴᠠ ᠶᠢ | ᠪᠠᠶᠢᠭᠤᠯᠤᠨ᠎ᠠ᠃ | ︵ᠭᠤᠷᠪᠠ︶ ᠬᠡᠦᠬᠡᠳ ᠬᠢᠭᠡᠳ ᠰᠤᠷᠭᠠᠨ ᠬᠥᠮᠦᠵᠢᠯ | ᠭᠤᠣᠯ ᠬᠠᠷᠠᠯᠲᠠ᠄ | 1᠂ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ | ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ | ᠬᠥᠮᠥᠵᠢᠭᠦᠯᠦᠨ᠎ᠡ᠃ | 2᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠰᠤᠷᠬᠤ ᠨᠠᠰᠤᠨ ᠠᠴᠠ ᠡᠮᠦᠨᠡᠬᠢ ᠴᠢᠨᠠᠷ ᠴᠢᠨᠰᠠᠭ᠎ᠠ ᠲᠠᠢ | ᠰᠤᠷᠭᠠᠨ ᠬᠥᠮᠦᠵᠢᠯ ᠢ ᠨᠡᠶᠢᠳᠡᠮ ᠭᠥᠷᠳᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠬᠡᠦᠬᠡᠳ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠶᠢ 100% ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ | ᠪᠠᠲᠤᠯᠠᠵᠤ᠂ ᠠᠯᠪᠠᠨ ᠠᠴᠠ ᠡᠷᠭᠢᠯᠡᠭᠰᠡᠨ ᠪᠠ ᠨᠡᠶᠢᠳᠡᠮ ᠬᠠᠷᠠᠭᠠᠯᠵᠠᠬᠤ ᠴᠢᠨᠠᠷᠲᠠᠢ ᠠᠷᠠᠳ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 95% ᠳᠤ ᠬᠦᠷᠦᠭᠦᠯᠦᠨ᠎ᠡ᠃ | 3᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠬᠦ ᠪᠠ | ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 97% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ | 4᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠠᠵᠢᠯ ᠤᠨ ᠶᠡᠷᠦᠩᠬᠡᠢ ᠬᠡᠮᠵᠢᠶ᠎ᠡ ᠪᠠ | ᠴᠠᠭ ᠤᠨ ᠤᠷᠲᠤ ᠶᠢ ᠪᠥᠬᠦ ᠲᠠᠯ᠎ᠠ ᠪᠠᠷ ᠪᠠᠭᠠᠰᠬᠠᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ | ᠦᠢᠯᠡᠳᠦᠯ ᠢ ᠴᠢᠩᠭᠠᠷᠠᠭᠤᠯᠵᠤ᠂ ᠰᠤᠷᠤᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠢᠷᠤᠮᠵᠢᠭᠤᠯᠤᠨ᠎ᠠ᠃ | 5᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠤᠷᠮ᠎ᠠ ᠶᠢ100% ᠳᠤ | ᠬᠦᠷᠬᠦ ᠶᠢ ᠪᠠᠲᠤᠯᠠᠨ᠎ᠠ᠃ | 6᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ | ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ | ᠵᠡᠷᠭᠡ ᠬᠠᠮᠲᠤᠯᠢᠭ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠳᠦᠰᠦᠨ ᠠᠴᠠ ᠨᠢ ᠪᠠᠲᠤᠯᠠᠨ᠎ᠠ᠃ ᠵᠡᠮᠳᠡᠭ | ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | 7᠂ ᠬᠡᠦᠬᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨᠵᠢᠯᠡᠬᠦ | ᠤᠬᠠᠭᠠᠨ ᠤ ᠳᠤᠷ᠎ᠠ ᠰᠣᠨᠢᠷᠬᠠᠯ᠂ ᠰᠢᠨ᠎ᠡ ᠶᠢ ᠡᠭᠦᠳᠬᠦ ᠦᠵᠡᠯ ᠤᠬᠠᠮᠰᠠᠷ᠂ ᠦᠢᠯᠡᠳᠦᠯᠭᠡ ᠶᠢᠨ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | 8᠂ ᠬᠡᠦᠬᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠭᠰᠠᠨ | ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮᠵᠢ ᠶᠢ ᠨᠠᠩ ᠲᠡᠭᠦᠯᠳᠡᠷᠵᠢᠭᠦᠯᠦᠨ᠎ᠡ᠃ | 9᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠥᠬᠦᠷᠰᠡᠭ᠂ ᠡᠷᠬᠡ | ᠲᠡᠭᠰᠢ᠂ ᠬᠠᠷᠢᠯᠴᠠᠨ ᠬᠦᠨᠳᠦᠳᠬᠡᠬᠦ ᠪᠠᠭᠰᠢ ᠰᠣᠷᠣᠭᠴᠢ ᠶᠢᠨ ᠬᠠᠷᠢᠴᠠᠭ᠎ᠠ ᠪᠠ ᠬᠠᠮᠲᠤ ᠰᠣᠷᠣᠭᠴᠢ ᠶᠢᠨ ᠬᠠᠷᠢᠴᠠᠭ᠎ᠠ ᠶᠢ | ᠪᠣᠶ ᠪᠣᠯᠭᠠᠨ᠎ᠠ᠃ | 10᠂ ᠰᠤᠷᠭᠠᠭᠤᠯᠢ ᠶᠢᠨ ᠭᠡᠷ ᠪᠦᠯᠢ ᠶᠢᠨ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ ᠨᠡᠶᠢᠭᠡᠮ | ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠨ᠂ ᠶᠣᠰᠣ ᠮᠣᠷᠠᠯ ᠢ ᠪᠤᠢ ᠪᠣᠯᠭᠠᠵᠤ ᠬᠥᠮᠥᠨ ᠢ | ᠬᠥᠮᠥᠵᠢᠭᠦᠯᠬᠦ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠢ | ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ | ᠲᠠᠯ᠎ᠠ ᠪᠠᠷ ᠬᠥᠮᠥᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠵᠡᠯ ᠰᠠᠨᠠᠭ᠎ᠠ ᠶᠣᠰᠣ | ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠦᠰᠡᠯᠡᠩ ᠪᠠ | ᠢᠲᠡᠭᠡᠯ ᠵᠣᠷᠢᠭ ᠢ ᠨᠢ ᠪᠠᠲᠤᠳᠬᠠᠵᠤ᠂ ᠡᠬᠡ ᠣᠷᠣᠨ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ | ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ᠂ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠦᠨ᠎ᠡ᠃ ᠤᠶᠤᠨ ᠤ | ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠤᠭᠴᠢᠳ ᠤᠨ ᠨᠠᠰᠤᠨ ᠲᠤᠷᠰᠢᠲᠠ ᠰᠤᠷᠤᠯᠴᠠᠬᠤ | ᠴᠢᠳᠠᠪᠤᠷᠢ ᠶᠢ ᠬᠥᠭᠵᠢᠭᠦᠯᠵᠦ᠂ ᠰᠡᠳᠬᠢᠬᠦᠢ ᠶᠢᠨ ᠬᠥᠭᠵᠢᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠤᠬᠠᠮᠰᠠᠷ ᠢ | ᠬᠥᠭᠵᠢᠭᠡᠨ᠎ᠡ᠃ ᠡᠷᠡᠭᠦᠯ ᠮᠡᠨᠳᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠡᠶ᠎ᠡ ᠶᠢᠨ ᠲᠠᠮᠢᠷ ᠪᠠ ᠰᠤᠷᠭᠠᠨ | ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠰᠤᠷᠤᠭᠴᠢᠳ ᠢ ᠬᠠᠪᠰᠤᠷᠤᠨ ᠡᠷᠡᠰ ᠬᠠᠲᠠᠭᠤ ᠰᠥᠰᠥ | ᠵᠣᠷᠢᠭ ᠢ ᠨᠢ ᠳᠠᠪᠲᠠᠨ ᠪᠣᠯᠪᠠᠰᠤᠷᠠᠭᠤᠯᠵᠤ᠂ ᠡᠷᠡᠭᠦᠯ ᠴᠢᠭᠢᠷᠠᠭ ᠪᠡᠶ᠎ᠡ ᠮᠠᠬᠠᠪᠤᠳ ᠢ ᠨᠢ ᠳᠠᠪᠲᠠᠨ ᠪᠣᠯᠪᠠᠰᠤᠷᠠᠭᠤᠯᠤᠨ᠎ᠠ᠃ | ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢ ᠰᠠᠶᠢᠵᠢᠷᠠᠭᠤᠯᠵᠤ᠂ ᠰᠤᠷᠤᠭᠴᠢᠳ ᠤᠨ ᠭᠤᠸ᠎ᠠ | ᠲᠠᠭᠠᠰᠢᠶᠠᠯ ᠪᠠ ᠬᠥᠮᠥᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠬᠥᠮᠦᠵᠢᠯ ᠢ | ᠴᠢᠩᠭᠠᠳᠬᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠢ ᠬᠥᠳᠡᠯᠮᠦᠷᠢ ᠶᠢᠨ | ᠦᠵᠡᠯᠲᠡ ᠲᠠᠢ ᠪᠣᠯᠭᠠᠵᠤ᠂ ᠰᠠᠶᠢᠨ ᠰᠠᠶᠢᠬᠠᠨ ᠬᠥᠳᠡᠯᠮᠦᠷᠢ ᠶᠢᠨ ᠳᠠᠳᠬᠠᠯ ᠢ ᠪᠤᠢ ᠪᠣᠯᠭᠠᠵᠤ᠂ ᠠᠵᠢᠯᠴᠢ ᠠᠷᠪᠢᠴᠢ᠂ | ᠲᠡᠮᠡᠴᠡᠬᠦ᠂ ᠰᠢᠨ᠎ᠡ ᠶᠢ ᠡᠭᠦᠳᠬᠦ᠂ ᠬᠤᠪᠢ ᠨᠡᠮᠡᠷᠢ ᠦᠵᠡᠭᠦᠯᠬᠦ ᠬᠥᠳᠡᠯᠮᠦᠷᠢ ᠶᠢᠨ ᠵᠣᠷᠢᠭ ᠰᠠᠨᠠᠭ᠎ᠠ ᠶᠢ ᠬᠥᠮᠥᠵᠢᠭᠦᠯᠦᠨ᠎ᠡ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠳᠤ ᠣᠷᠣᠯᠴᠠᠭᠰᠠᠨ ᠢ ᠲᠡᠮᠳᠡᠭᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠠᠵᠢᠯ ᠢ ᠭᠤᠤᠯᠳᠠᠯᠭ᠎ᠠ ᠲᠠᠢ ᠰᠠᠶᠢᠲᠦᠷ | ᠬᠢᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠲᠤᠷᠰᠢᠯᠲᠠ ᠶᠢᠨ ᠣᠷᠣᠨ ᠢ | ᠰᠦᠪᠡᠭᠴᠢᠯᠡᠨ ᠪᠠᠶᠢᠭᠤᠯᠤᠨ᠎ᠠ᠃ | 2᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠠᠯ᠎ᠠ ᠪᠠᠷ ᠰᠤᠷᠭᠠᠨ | ᠬᠥᠮᠦᠵᠢᠯ ᠢ ᠤᠷᠢᠳᠠᠪᠠᠷ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠤᠭᠤᠯᠤᠯᠲᠠ ᠶᠢᠨ ᠲᠠᠯ᠎ᠠ ᠪᠠᠷ | ᠰᠤᠷᠭᠠᠨ ᠬᠥᠮᠦᠵᠢᠯ ᠢ ᠤᠷᠢᠳᠠᠪᠠᠷ ᠪᠠᠲᠤᠯᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠲᠠᠯ᠎ᠠ ᠪᠠᠷ ᠰᠤᠷᠭᠠᠨ ᠬᠥᠮᠦᠵᠢᠯ ᠢ ᠤᠷᠢᠳᠠᠪᠠᠷ ᠬᠠᠩᠭᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ | ᠪᠦᠲᠦᠴᠡ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠤᠷᠭᠠᠨ ᠬᠥᠮᠦᠵᠢᠯ ᠤᠨ | ᠣᠷᠤᠭᠤᠯᠤᠯᠲᠠ ᠶᠢᠨ ᠴᠢᠬᠤᠯᠠ ᠠᠴᠠ ᠴᠢᠬᠤᠯᠠ ᠵᠦᠢᠯ ᠪᠣᠯᠭᠠᠨ᠎ᠠ᠃ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠵᠠᠷᠤᠯᠭ᠎ᠠ ᠶᠢᠨ ᠬᠠᠷᠢᠭᠤᠴᠠᠯᠭ᠎ᠠ ᠪᠠ ᠡᠯ᠎ᠡ ᠰᠤᠷᠭᠠᠨ ᠬᠥᠮᠦᠵᠢᠯ ᠤᠨ ᠱᠠᠲᠤᠨ ᠤ ᠡᠳ᠋ ᠤᠨ ᠵᠠᠰᠠᠭ ᠤᠨ | ᠨᠥᠬᠦᠪᠦᠷᠢ ᠵᠢᠨᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠪᠠ ᠪᠦᠬᠦ ᠲᠠᠯ᠎ᠠ ᠶᠢᠨ ᠴᠢᠨᠠᠷᠲᠠᠢ ᠰᠤᠷᠭᠠᠨ | ᠬᠥᠮᠦᠵᠢᠯ ᠤᠨ ᠴᠢᠬᠤᠯᠠ ᠶᠡᠭᠡ ᠢᠨᠵᠧᠨᠧᠷᠢᠩ ᠪᠠ ᠵᠦᠢᠯᠡᠰ ᠲᠤ ᠵᠠᠷᠤᠳᠠᠯ ᠤᠨ ᠣᠷᠤᠭᠤᠯᠤᠯᠲᠠ ᠶᠢ ᠦᠷᠭᠦᠯᠵᠢᠯᠡᠨ | ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠠᠶᠢᠳᠠᠪᠤᠷᠢᠵᠢᠭᠤᠯᠬᠤ ᠪᠣᠯ ᠤᠯᠤᠰ ᠤᠨ ᠠᠵᠢᠯ | ᠶᠠᠪᠤᠳᠠᠯ ᠤᠨ ᠡᠷᠬᠡ ᠮᠥᠨ᠂ ᠬᠠᠤᠯᠢ ᠶᠣᠰᠣᠭᠠᠷ ᠤᠯᠤᠰ ᠠᠴᠠ ᠡᠷᠬᠢᠯᠡᠬᠦ ᠶᠢᠨ ᠶᠡᠷᠦᠩᠬᠡᠢ ᠱᠠᠭᠠᠷᠳᠠᠯᠭ᠎ᠠ ᠮᠥᠨ᠂ | ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠵᠢᠷᠤᠮᠵᠢᠭᠤᠯᠵᠤ᠂ ᠰᠤᠷᠭᠠᠨ ᠬᠥᠮᠦᠵᠢᠯ ᠤᠨ | ᠡᠬᠢ ᠪᠠᠶᠠᠯᠢᠭ ᠢ ᠪᠤᠢ ᠪᠦᠬᠦᠢ ᠭᠡᠷ ᠪᠦᠯᠢ ᠪᠠ ᠬᠡᠦᠬᠡᠳ ᠲᠤ ᠠᠰᠢᠭ ᠬᠦᠷᠲᠡᠭᠡᠨ᠎ᠡ᠃ | 3᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠬᠠᠤᠯᠢ ᠪᠠᠷ ᠵᠠᠰᠠᠬᠤ | ᠦᠵᠡᠯ ᠤᠬᠠᠮᠰᠠᠷ ᠪᠠ ᠦᠶᠯᠡ ᠠᠵᠢᠯᠯᠠᠭᠠᠨ ᠤ ᠳᠠᠳᠬᠠᠯ ᠢ ᠬᠥᠮᠥᠵᠢᠭᠦᠯᠦᠨ᠎ᠡ᠃ ᠬᠦᠰᠡᠯᠡᠩ ᠤᠨ ᠬᠥᠮᠦᠵᠢᠯ᠂ ᠶᠣᠰᠣ | ᠮᠣᠷᠠᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ ᠴᠢᠩᠭᠠᠳᠬᠠᠵᠤ᠂ ᠰᠠᠶᠢᠨ | ᠰᠠᠶᠢᠬᠠᠨ ᠶᠣᠰᠣ ᠮᠣᠷᠠᠯ ᠤᠨ ᠬᠡᠪ ᠴᠢᠨᠠᠷ᠂ ᠬᠠᠤᠯᠢ ᠪᠠᠷ ᠵᠠᠰᠠᠬᠤ ᠤᠬᠠᠮᠰᠠᠷ ᠪᠠ ᠦᠢᠯᠡ ᠠᠵᠢᠯᠯᠠᠭᠠᠨ ᠤ ᠵᠠᠩ | ᠳᠠᠳᠬᠠᠯ ᠢ ᠪᠤᠢ ᠪᠣᠯᠭᠠᠵᠤ᠂ ᠢᠳᠡᠪᠬᠢᠲᠡᠢ ᠡᠷᠡᠭᠦᠯ ᠴᠢᠭᠢᠷᠠᠭ ᠵᠠᠩ ᠠᠷᠠᠨᠰᠢᠨ ᠪᠠ ᠰᠠᠶᠢᠨ ᠰᠠᠶᠢᠬᠠᠨ ᠰᠡᠳᠬᠢᠴᠡ ᠶᠢᠨ | ᠬᠡᠪ ᠴᠢᠨᠠᠷ ᠢ ᠪᠤᠢ ᠪᠣᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠦᠢᠰᠦ ᠶᠢᠨ | ᠢᠯᠭᠠᠯ ᠤᠨ ᠡᠷᠬᠡ ᠲᠡᠭᠰᠢ ᠪᠠᠶᠢᠬᠤ ᠬᠦᠮᠦᠵᠢᠯ ᠢ ᠦᠷᠭᠡᠨ ᠢᠶᠠᠷ ᠦᠷᠨᠢᠭᠦᠯᠦᠨ᠎ᠡ᠃ ᠬᠡᠦᠬᠡᠳ ᠲᠤ ᠵᠣᠷᠢᠭᠤᠯᠤᠭᠰᠠᠨ | ᠨᠠᠭᠠᠳᠤᠮ ᠤᠨ ᠵᠦᠢᠯ᠂ ᠬᠤᠪᠴᠠᠰᠤ ᠵᠠᠰᠠᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠲᠣᠭᠯᠠᠭᠠᠮ ᠤᠨ ᠵᠢᠷᠤᠭ | ᠲᠥᠯᠥᠪᠯᠡᠭᠡ ᠪᠠ ᠠᠵᠢᠯ ᠮᠡᠷᠭᠡᠵᠢᠯ ᠤᠨ ᠲᠥᠯᠦᠪᠵᠢᠭᠦᠯᠭᠡ ᠵᠡᠷᠭᠡ ᠬᠦᠷᠢᠶ᠎ᠡ ᠴᠠᠷᠠᠭ᠎ᠠ ᠳᠤ ᠬᠦᠢᠰᠦ ᠶᠢᠨ ᠢᠯᠭᠠᠯ ᠤᠨ | ᠱᠣᠰᠢᠭ᠎ᠠ ᠶᠢ ᠦᠭᠡᠶᠢᠰᠬᠡᠨ᠎ᠡ᠃ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ | ᠬᠢᠴᠢᠶᠡᠯ ᠢᠶᠠᠷ ᠬᠥᠮᠥᠨ ᠢ ᠬᠥᠮᠥᠵᠢᠭᠦᠯᠬᠦ᠂ ᠰᠣᠶᠣᠯ ᠢᠶᠠᠷ ᠬᠥᠮᠥᠨ ᠢ ᠬᠥᠮᠥᠵᠢᠭᠦᠯᠬᠦ᠂ ᠠᠵᠢᠯᠯᠠᠭ᠎ᠠ ᠪᠠᠷ ᠬᠥᠮᠥᠨ ᠢ | ᠬᠥᠮᠥᠵᠢᠭᠦᠯᠬᠦ᠂ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ᠂ ᠬᠠᠮᠢᠶᠠᠷᠤᠯᠲᠠ ᠪᠠᠷ ᠬᠥᠮᠥᠨ ᠢ ᠬᠥᠮᠥᠵᠢᠭᠦᠯᠬᠦ᠂ | ᠬᠠᠮᠵᠢᠯᠴᠠᠨ ᠬᠥᠮᠥᠨ ᠢ ᠬᠥᠮᠥᠵᠢᠭᠦᠯᠬᠦ ᠶᠢ ᠭᠦᠨᠵᠡᠭᠡᠶᠢᠷᠡᠭᠦᠯᠦᠨ᠎ᠡ᠃ ᠶᠣᠰᠣ ᠮᠣᠷᠠᠯ ᠤᠨ ᠬᠥᠮᠦᠵᠢᠯ ᠤᠨ ᠠᠵᠢᠯ ᠤᠨ | ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠶᠣᠰᠣ ᠮᠣᠷᠠᠯ ᠤᠨ ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠤᠨ᠂ | ᠶᠣᠰᠣ ᠮᠣᠷᠠᠯ ᠤᠨ ᠬᠥᠮᠦᠵᠢᠯ ᠤᠨ ᠠᠵᠢᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠ ᠪᠤᠳᠠᠲᠦ ᠦᠷ᠎ᠡ | ᠠᠰᠢᠭ ᠴᠢᠨᠠᠷ ᠢ ᠴᠢᠩᠭᠠᠳᠬᠠᠨ᠎ᠠ᠃ | 4᠂ ᠰᠤᠷᠭᠠᠨ ᠬᠥᠮᠦᠵᠢᠯ ᠤᠨ ᠣᠨᠣᠯᠵᠢᠬᠤᠨ᠂ ᠰᠢᠰᠲ᠋ᠧᠮᠵᠢ᠂ ᠳᠦᠷᠢᠮ᠂ ᠠᠭᠤᠯᠭ᠎ᠠ ᠪᠠ ᠠᠷᠭ᠎ᠠ ᠶᠢᠨ ᠰᠢᠨ᠎ᠡ ᠶᠢ | ᠡᠭᠦᠳᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠢᠴᠢᠶᠡᠯ ᠤᠨ ᠲᠥᠰᠥᠯ ᠪᠠ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠬᠡ ᠣᠷᠣᠨᠴᠢ ᠦᠵᠡᠯ ᠤᠨ | ᠬᠥᠮᠦᠵᠢᠯ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠵᠢᠭᠠᠨ ᠰᠤᠷᠭᠠᠯᠲᠠ ᠳᠤ ᠣᠷᠣᠭᠤᠯᠵᠤ᠂ ᠦᠨᠳᠦᠰᠦᠲᠡᠨ ᠤ ᠮᠡᠳᠡᠯᠭᠡ᠂ ᠦᠨᠳᠦᠰᠦᠲᠡᠨ ᠤ | ᠲᠦᠷᠦ ᠶᠢᠨ ᠪᠣᠳᠣᠯᠭ᠎ᠠ᠂ ᠦᠨᠳᠦᠰᠦᠲᠡᠨ ᠤ ᠤᠨᠤᠯ ᠢ ︽ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ | ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠢ ᠳᠤ ᠣᠷᠣᠭᠤᠯᠬᠤ︾ ᠶᠢ ᠲᠦᠯᠬᠢᠨ ᠠᠬᠢᠭᠤᠯᠤᠨ᠎ᠠ᠃ ᠰᠤᠷᠭᠠᠨ | ᠬᠥᠮᠦᠵᠢᠯ ᠤᠨ ᠵᠢᠮ᠎ᠡ ᠶᠣᠰᠣ ᠪᠠ ᠰᠤᠷᠤᠭᠴᠢᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠵᠢᠮ᠎ᠡ ᠶᠣᠰᠣ ᠶᠢ | ᠵᠢᠷᠤᠮᠯᠠᠨ᠂ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠵᠦ᠂ ᠪᠠᠶᠢᠳᠠᠯ ᠳᠤᠨᠢ ᠲᠣᠬᠢᠷᠠᠭᠤᠯᠤᠨ ᠵᠢᠭᠠᠵᠤ᠂ | ᠰᠡᠩᠬᠡᠷᠡᠭᠦᠯᠬᠦ ᠮᠠᠶ᠋ᠢᠭ ᠤᠨ᠂ ᠬᠠᠶᠢᠨ ᠰᠦᠪᠡᠭᠴᠢᠯᠡᠬᠦ ᠮᠠᠶ᠋ᠢᠭ ᠤᠨ᠂ ᠣᠷᠣᠯᠴᠠᠬᠤ ᠮᠠᠶ᠋ᠢᠭ ᠤᠨ᠂ ᠬᠤᠷᠰᠢᠬᠤ ᠮᠠᠶ᠋ᠢᠭ ᠤᠨ | ᠵᠢᠭᠠᠨ ᠰᠤᠷᠭᠠᠯᠲᠠ ᠶᠢ ᠬᠡᠷᠡᠭᠵᠢᠭᠦᠯᠦᠨ᠎ᠡ᠃ ᠣᠨᠴᠠᠭᠠᠶ ᠠᠪᠢᠶᠠᠰ ᠴᠢᠳᠠᠪᠤᠷᠢ ᠲᠠᠢ ᠰᠤᠷᠤᠭᠴᠢᠳ ᠢ ᠬᠥᠮᠥᠵᠢᠭᠦᠯᠬᠦ | ᠰᠢᠰᠲ᠋ᠧᠮ ᠢ ᠬᠠᠶᠢᠨ ᠰᠦᠪᠡᠭᠴᠢᠯᠡᠨ᠎ᠡ᠃ ᠰᠤᠷᠭᠠᠭᠤᠯᠢ ᠶᠢᠨ ᠬᠦᠷᠢᠶᠡᠨ ᠤ ᠣᠶᠤᠨᠴᠢᠯᠠᠭᠰᠠᠨ ᠲᠦᠪᠰᠢᠨ ᠢ | ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠪᠠ | ᠬᠠᠮᠢᠶᠠᠷᠤᠯᠲᠠ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠢᠯᠢᠳᠡᠭ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠬᠥᠳᠡᠭᠡ ᠲᠣᠰᠬᠤᠨ ᠤ ᠪᠠᠭᠤᠷᠠᠢ ᠰᠤᠷᠭᠠᠭᠤᠯᠢ ᠶᠢ ᠰᠦᠯᠵᠢᠶᠡᠨ ᠳᠡᠭᠡᠷ᠎ᠡ ᠨᠥᠯᠥᠭᠡᠯᠡᠬᠦ ᠶᠢ ᠲᠦᠯᠬᠢᠨ | ᠠᠬᠢᠭᠤᠯᠵᠤ᠂ ᠠᠳᠠᠯᠢ ᠪᠤᠰᠤ ᠰᠤᠷᠤᠭᠴᠢᠳ ᠲᠤ ᠲᠣᠬᠢᠷᠠᠬᠤ ᠮᠡᠳᠡᠭᠡ ᠵᠠᠩᠭᠢᠵᠢᠯᠲᠠ ᠶᠢᠨ ᠪᠡᠶ᠎ᠡ ᠪᠠᠨ ᠳᠠᠭᠠᠭᠠᠵᠤ | ᠰᠤᠷᠤᠯᠴᠠᠬᠤ ᠠᠷᠭ᠎ᠠ ᠮᠠᠶ᠋ᠢᠭ ᠢ ᠲᠦᠷᠭᠡᠪᠴᠢᠯᠡᠨ ᠬᠥᠭᠵᠢᠭᠦᠯᠵᠦ᠂ ᠥᠪᠡᠷᠮᠢᠴᠡ ᠬᠥᠭᠵᠢᠯᠲᠡ ᠶᠢᠨ ᠬᠡᠷᠡᠭᠴᠡᠭᠡ ᠶᠢ | ᠬᠠᠩᠭᠠᠨ᠎ᠠ᠃ | 5᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠭᠡᠮᠡᠯᠵᠢᠭᠦᠯᠬᠦ ᠶᠢ ᠠᠯᠬᠤᠮ | ᠠᠯᠬᠤᠮ ᠢᠶᠠᠷ ᠲᠦᠯᠬᠢᠨ ᠠᠬᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠠᠵᠢᠯᠯᠠᠭ᠎ᠠ ᠶᠢᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠬᠥᠮᠥᠨ ᠠᠮᠠ ᠶᠢᠨ ᠲᠥᠪᠯᠡᠷᠡᠨ ᠣᠷᠣᠵᠤ | ᠢᠷᠡᠭᠰᠡᠨ ᠭᠠᠵᠠᠷ᠂ ᠬᠥᠳᠡᠭᠡ ᠲᠣᠰᠬᠤᠨ ᠤ ᠭᠠᠵᠠᠷ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ | ᠪᠠᠶᠠᠯᠢᠭ ᠤᠨ ᠳᠤᠲᠠᠭᠤᠳᠠᠯ ᠢ ᠭᠤᠣᠯᠳᠠᠯᠭ᠎ᠠ ᠲᠠᠢ ᠪᠠᠷ ᠨᠥᠬᠦᠪᠦᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠨᠡᠶᠢᠳᠡᠮ ᠬᠠᠮᠤᠷᠬᠤ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠨᠡᠶᠢᠲᠡᠯᠢᠭ ᠬᠡᠯᠡᠨ ᠤ ᠬᠥᠮᠦᠵᠢᠯ ᠢ ᠴᠢᠩᠭᠠᠳᠬᠠᠵᠤ᠂ | ᠰᠤᠷᠬᠤ ᠨᠠᠰᠤᠨ ᠠᠴᠠ ᠡᠮᠦᠨᠡᠬᠢ ᠨᠡᠶᠢᠲᠡᠯᠢᠭ ᠬᠡᠯᠡ ᠶᠢ ᠰᠤᠷᠴᠤ ᠡᠵᠡᠮᠰᠢᠬᠦ ᠶᠢ ᠲᠦᠯᠬᠢᠨ ᠠᠬᠢᠭᠤᠯᠤᠨ᠎ᠠ᠃ ᠬᠤᠲᠠ | ᠪᠠᠯᠭᠠᠰᠤ ᠶᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠠᠴᠠ ᠡᠷᠭᠢᠯᠡᠭᠰᠡᠨ ᠪᠠ ᠲᠦᠭᠡᠮᠡᠯ ᠬᠠᠷᠠᠭᠠᠯᠵᠠᠯ ᠤᠨ | ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠤᠲᠠ ᠪᠠᠯᠭᠠᠰᠤ ᠶᠢᠨ ᠵᠢᠵᠢᠭ ᠲᠣᠭᠤᠷᠢᠭ ᠤᠨ ᠢᠵᠢ | ᠪᠦᠷᠢᠳᠦᠭᠦᠯᠬᠦ ᠬᠡᠦᠬᠡᠳ ᠤᠨ ᠴᠡᠴᠡᠷᠯᠢᠭ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ | ᠬᠡᠷᠡᠭᠯᠡᠵᠦ᠂ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠤᠨ ᠠᠯᠪᠠᠨ ᠠᠴᠠ ᠡᠷᠭᠢᠯᠡᠭᠰᠡᠨ ᠪᠤᠶᠤ ᠲᠦᠭᠡᠮᠡᠯ | ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠢᠭᠯᠡᠯ ᠢ ᠦᠨᠡᠨᠬᠦ ᠪᠠᠲᠤᠯᠠᠨ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠵᠡᠭᠡᠯᠢ ᠭᠤᠳᠤᠮᠵᠢ᠂ ᠲᠣᠰᠬᠤᠨ ᠤ | ᠬᠠᠮᠲᠤ ᠪᠠᠷ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠡᠷᠭᠢᠯᠡᠬᠦ ᠶᠢ ᠵᠤᠷᠢᠭᠵᠢᠭᠤᠯᠤᠨ᠎ᠠ᠃ ᠲᠦᠭᠡᠮᠡᠯ | ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠪᠡᠷ ᠤᠨ ᠥᠷᠲᠡᠭ ᠢ | ᠬᠤᠪᠢᠶᠠᠨ ᠡᠭᠦᠷᠭᠡᠯᠡᠬᠦ ᠲᠣᠭᠲᠠᠴᠠ ᠶᠢ ᠪᠦᠷᠢᠨᠰᠢᠭᠦᠯᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠠᠰᠢᠭ | ᠬᠤᠨᠵᠢᠪᠤᠷᠢ ᠶᠢᠨ ᠪᠤᠰᠤ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠦᠢᠳᠬᠡᠯ | ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠲᠦ ᠠᠰᠢᠭ ᠬᠥᠭᠡᠭᠡᠴᠡᠯᠳᠦᠬᠦ ᠦᠶᠯᠡ | ᠠᠵᠢᠯᠯᠠᠭ᠎ᠠ ᠶᠢ ᠬᠤᠷᠢᠭᠯᠠᠨ᠎ᠠ᠃ ᠰᠢᠨᠵᠢᠯᠡᠬᠦ ᠤᠬᠠᠭᠠᠨᠴᠢ ᠪᠠᠷ ᠠᠰᠠᠷᠠᠨ ᠬᠥᠮᠥᠵᠢᠭᠦᠯᠬᠦ ᠶᠢ ᠴᠢᠬᠤᠯᠠᠴᠢᠯᠠᠵᠤ᠂ | ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠶᠠᠰᠤ ᠴᠢᠨᠠᠷ ᠢ ᠬᠢᠨᠠᠨ ᠰᠢᠯᠭᠠᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠬᠡᠦᠬᠡᠳ ᠤᠨ ᠴᠡᠴᠡᠷᠯᠢᠭ ᠬᠢᠭᠡᠳ ᠪᠠᠭ᠎ᠠ ᠰᠤᠷᠭᠠᠭᠤᠯᠢ ᠶᠢ ᠵᠣᠯᠭᠠᠭᠤᠯᠤᠨ | ᠵᠢᠯᠤᠭᠤᠳᠬᠤ ᠶᠢ ᠰᠠᠶᠢᠲᠤᠷ ᠬᠢᠵᠦ᠂ ᠬᠡᠦᠬᠡᠳ ᠤᠨ ᠴᠡᠴᠡᠷᠯᠢᠭ ᠢ ︽ᠪᠠᠭ᠎ᠠ ᠰᠤᠷᠭᠠᠭᠤᠯᠢᠴᠢᠯᠠᠬᠤ︾ ᠲᠤᠰᠬᠠᠢ | ᠵᠦᠢᠯ ᠢᠶᠠᠷ ᠵᠠᠰᠠᠬᠤ ᠶᠢ ᠦᠷᠭᠦᠯᠵᠢᠯᠡᠨ ᠥᠷᠨᠢᠭᠦᠯᠵᠦ᠂ ︽ᠪᠠᠭ᠎ᠠ ᠰᠤᠷᠭᠠᠭᠤᠯᠢᠴᠢᠯᠠᠬᠤ︾ ᠬᠠᠨᠳᠤᠰᠢ ᠶᠢ ᠡᠷᠡᠰ | ᠲᠡᠪᠴᠢᠬᠦ ᠪᠠ ᠵᠠᠯᠠᠷᠠᠭᠤᠯᠵᠤ᠂ ᠠᠰᠠᠷᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | 6᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠬᠤᠲᠠ ᠪᠠᠯᠭᠠᠰᠤ ᠶᠢᠨ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ | ᠰᠤᠷᠭᠠᠭᠤᠯᠢ ᠶᠢᠨ ᠲᠣᠭᠲᠠᠭᠠᠯ ᠢ ᠨᠠᠶᠢᠳᠠᠪᠤᠷᠢᠵᠢᠭᠤᠯᠤᠨ᠂ ᠬᠤᠲᠠ ᠪᠠᠯᠭᠠᠰᠤ ᠶᠢᠨ ᠠᠯᠪᠠᠨ ᠠᠴᠠ ᠡᠷᠭᠢᠯᠡᠭᠰᠡᠨ | ᠰᠤᠷᠭᠠᠭᠤᠯᠢ ᠶᠢᠨ ᠡᠷᠳᠡᠮ ᠤᠨ ᠴᠣᠯᠠ ᠶᠢᠨ ᠬᠠᠩᠭᠠᠯᠲᠠ ᠶᠢ ᠵᠦᠢ ᠵᠤᠬᠢᠰᠲᠠᠢ ᠢᠶᠠᠷ ᠦᠷᠭᠡᠳᠭᠡᠨ᠎ᠡ᠃ ᠬᠤᠲᠠ | ᠪᠠᠯᠭᠠᠰᠤᠨ ᠤ ᠰᠤᠷᠤᠭᠴᠢ ᠣᠯᠠᠨᠲᠠᠢ ᠠᠩᠭᠢ ᠶᠢᠨ ᠠᠰᠠᠭᠤᠳᠠᠯ ᠢ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠤᠷᠠᠢ ᠭᠤᠭᠴᠤᠭ᠎ᠠ ᠪᠠ ᠴᠢᠳᠠᠪᠤᠷᠢ ᠶᠢᠨ ᠳᠡᠭᠡᠭᠰᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ | ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠪᠠ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠣᠰᠬᠤᠨ ᠤ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠥᠳᠡᠭᠡ | ᠲᠣᠰᠬᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠰᠤᠷᠤᠯᠭ᠎ᠠ ᠪᠠᠨ ᠳᠣᠷᠭᠤᠨ ᠵᠣᠭᠰᠣᠬᠤ ᠶᠢ ᠨᠠᠷᠢᠯᠢᠭ ᠤᠨᠤᠪᠴᠢᠲᠠᠢ ᠢᠶᠠᠷ ᠬᠢᠵᠠᠭᠠᠷᠯᠠᠨ ᠰᠤᠷᠤᠯᠭ᠎ᠠ ᠶᠢ ᠪᠠᠲᠤᠯᠠᠬᠤ | ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠡᠭᠲᠡᠢ ᠬᠡᠤᠬᠡᠳ ᠤᠨ ᠡᠷᠬᠡ ᠲᠡᠭᠰᠢ ᠪᠠᠷ ᠠᠯᠪᠠᠨ | ᠵᠢᠷᠤᠮ ᠤᠨ ᠰᠤᠷᠭᠠᠨ ᠬᠥᠮᠦᠵᠢᠯ ᠬᠦᠷᠲᠡᠬᠦ ᠶᠢ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢ ᠰᠢᠯᠭᠠᠬᠤ ᠦᠭᠡᠢ ᠪᠠᠷ ᠭᠡᠷ ᠠᠴᠠ ᠪᠠᠨ ᠣᠶᠢᠷᠠᠬᠠᠨ ᠰᠤᠷᠭᠠᠭᠤᠯᠢ ᠳᠤ ᠣᠷᠣᠭᠤᠯᠬᠤ ᠶᠢ ᠨᠡᠶᠢᠳᠡᠮ | ᠬᠠᠮᠤᠷᠬᠤ ᠶᠢ ᠲᠦᠯᠬᠢᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠯᠪᠠᠨ ᠠᠴᠠ ᠡᠷᠬᠢᠯᠡᠭᠰᠡᠨ | ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠵᠡᠷᠭᠡ ᠪᠠᠷ ᠰᠤᠷᠤᠭᠴᠢ ᠡᠯᠰᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠬᠡᠪᠴᠢᠶ᠎ᠠ ᠶᠢ ᠵᠦᠢ | ᠵᠤᠬᠢᠰᠲᠠᠢ ᠬᠢᠵᠠᠭᠠᠷᠯᠠᠨ᠎ᠠ᠃ | 7᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠤᠭᠴᠢᠳ ᠤᠨ ᠳᠠᠰᠬᠠᠯ ᠤᠨ | ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ ᠠᠵᠢᠯ ᠤᠨ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠡᠯ᠎ᠡ ᠬᠢᠴᠢᠶᠡᠯ ᠲᠥᠷᠥᠯ ᠤᠨ ᠠᠵᠢᠯ ᠤᠨ ᠬᠠᠷᠢᠴᠠᠯ ᠤᠨ | ᠪᠦᠲᠦᠴᠡ ᠶᠢ ᠵᠦᠢ ᠵᠣᠬᠢᠰᠲᠠᠢ ᠲᠣᠭᠲᠠᠭᠠᠵᠤ᠂ ᠠᠵᠢᠯ ᠤᠨ ᠵᠢᠷᠤᠭ ᠲᠥᠯᠥᠪᠯᠡᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ᠂ ᠠᠵᠢᠯ ᠤᠨ ᠪᠡᠶᠡᠯᠡᠭᠳᠡᠯ ᠤᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠳᠠᠰᠬᠠᠯ ᠤᠨ ᠶᠡᠷᠦᠩᠬᠡᠢ | ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠭᠡᠷ ᠪᠦᠯᠢ ᠶᠢᠨ | ᠪᠢᠴᠢᠭ ᠤᠨ ᠳᠠᠰᠬᠠᠯ ᠲᠣᠬᠢᠷᠠᠭᠤᠯᠬᠤ ᠦᠭᠡᠢ᠂ ᠭᠤᠷᠪᠠ ᠠᠴᠠ ᠵᠢᠷᠭᠤᠳᠤᠭᠠᠷ ᠣᠨ ᠤ ᠪᠢᠴᠢᠭ ᠤᠨ ᠳᠠᠰᠬᠠᠯ ᠢ | ᠪᠡᠶᠡᠯᠡᠭᠦᠯᠬᠦ ᠳᠤᠮᠳᠠᠴᠢ ᠴᠠᠭ ᠢ 60 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ 90 ᠮᠢᠨᠦ᠋ᠲ ᠠᠴᠠ ᠬᠡᠲᠦᠷᠡᠭᠦᠯᠵᠦ ᠪᠣᠯᠬᠤ ᠦᠭᠡᠢ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠪᠦᠬᠦᠨ ᠢ ᠬᠠᠮᠤᠷᠤᠭᠰᠠᠨ ᠦᠷ᠎ᠡ | ᠪᠦᠲᠦᠭᠡᠯ ᠢ ᠪᠠᠬᠢᠵᠢᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠠᠭ ᠢ ᠪᠠᠲᠤᠯᠠᠨ᠂ ᠡᠪᠦᠯ ᠵᠣᠨ ᠤ | ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠢ ᠥᠷᠨᠢᠭᠦᠯᠦᠨ᠎ᠡ᠃ ᠣᠯᠠᠨ ᠰᠠᠯᠠᠭ᠎ᠠ | ᠮᠥᠴᠢᠷ ᠬᠠᠮᠲᠤᠷᠠᠨ ᠬᠥᠳᠡᠯᠦᠯᠴᠡᠵᠦ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ | ᠪᠠᠭᠠᠴᠤᠳ ᠤᠨ ᠣᠷᠳᠣᠨ ︵ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ︶᠂ ᠵᠠᠯᠠᠭᠤᠴᠤᠳ ᠪᠠᠭᠠᠴᠤᠳ ᠤᠨ | ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠵᠡᠷᠭᠡ ᠡᠬᠢ ᠪᠠᠶᠠᠯᠢᠭ ᠢ ᠰᠠᠶᠢᠲᠤᠷ ᠪᠠᠳᠠᠷᠠᠭᠤᠯᠵᠤ᠂ ᠤᠳᠬ᠎ᠠ | ᠤᠷᠠᠯᠢᠭ᠂ ᠪᠡᠶ᠎ᠡ ᠶᠢᠨ ᠲᠠᠮᠢᠷ᠂ ᠬᠥᠳᠡᠯᠮᠦᠷᠢ᠂ ᠨᠣᠮ ᠤᠩᠰᠢᠬᠤ᠂ ᠰᠡᠳᠬᠢᠴᠡ ᠶᠢᠨ ᠬᠠᠪᠰᠤᠷᠤᠨ ᠵᠢᠯᠤᠭᠤᠳᠬᠤ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠷ᠎ᠠ ᠰᠣᠨᠢᠷᠬᠠᠯ ᠤᠨ ᠳᠤᠭᠤᠶᠢᠯᠠᠩ ᠵᠢᠴᠢ ᠨᠡᠶᠢᠭᠡᠮ ᠤᠨ ᠪᠦᠯᠬᠦᠮ ᠤᠨ | ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠡᠯ᠎ᠡ ᠲᠥᠷᠥᠯ ᠤᠨ ᠳᠤᠷ᠎ᠠ ᠰᠣᠨᠢᠷᠬᠠᠯ ᠤᠨ ᠲᠤᠷᠰᠢᠯᠲᠠ ᠪᠠ ᠨᠡᠶᠢᠭᠡᠮ ᠤᠨ | ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠣᠯᠠᠨ ᠶᠠᠩᠵᠤ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠨᠡᠶᠢᠲᠡ ᠶᠢᠨ | ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ | ᠲᠠᠪᠴᠠᠩ ᠢ ᠭᠦᠢᠴᠡᠳ ᠠᠰᠢᠭᠯᠠᠨ᠂ ︽ᠨᠠᠷᠠᠲᠤ ᠪᠠᠭᠰᠢ ᠶᠢᠨ ᠬᠠᠷᠠᠭᠠᠨ ᠬᠢᠵᠠᠭᠠᠷ︾ ᠤᠨ ᠰᠦᠯᠵᠢᠶᠡᠨ ᠳᠡᠭᠡᠷᠡᠬᠢ | ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠪᠠᠶᠠᠯᠢᠭᠵᠢᠭᠤᠯᠵᠤ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠡᠬᠢ | ᠪᠠᠶᠠᠯᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠠᠬᠢᠭᠤᠯᠤᠨ᠎ᠠ᠃ | ᠪᠠᠷᠢᠮᠵᠢᠶ᠎ᠠ ᠠᠴᠠ ᠬᠡᠲᠦᠷᠡᠭᠦᠯᠦᠨ ᠪᠣᠯᠪᠠᠰᠤᠷᠠᠭᠤᠯᠬᠤ ᠶᠢ ᠴᠢᠩᠭ᠎ᠠ ᠴᠠᠭᠠᠵᠠᠯᠠᠵᠤ᠂ ᠰᠢᠨᠵᠢᠯᠡᠭᠡᠨ ᠤ ᠲᠥᠷᠥᠯ ᠤᠨ ᠪᠤᠰᠤ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠡᠷᠭᠢᠯᠡᠬᠦ ᠶᠢ ᠴᠢᠩᠭ᠎ᠠ | ᠴᠠᠭᠠᠵᠠᠯᠠᠨ᠎ᠠ᠃ | 8᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠤᠯᠠᠮ ᠨᠢᠭᠡ | ᠠᠯᠬᠤᠮ ᠲᠦᠭᠡᠮᠡᠯᠵᠢᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠶᠢᠨ ᠬᠥᠮᠥᠨ ᠬᠥᠮᠥᠵᠢᠭᠦᠯᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢ ᠲᠦᠷᠭᠡᠳᠬᠡᠵᠦ᠂ ᠥᠨᠳᠥᠷ ᠵᠡᠷᠭᠡ ᠶᠢᠨ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ | ᠣᠯᠠᠨ ᠶᠠᠩᠵᠤ ᠶᠢᠨ ᠣᠨᠴᠠᠯᠢᠭ ᠲᠠᠢ ᠬᠥᠭᠵᠢᠯᠲᠡ ᠶᠢ ᠠᠬᠢᠭᠤᠯᠵᠤ᠂ ᠰᠢᠶᠠᠨ ᠤ ᠬᠡᠪᠴᠢᠶᠡᠨ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠪᠠ ᠰᠤᠷᠭᠠᠨ | ᠬᠥᠮᠦᠵᠢᠯ ᠤᠨ ᠰᠠᠭᠤᠷᠢ ᠪᠠᠷ ᠪᠠᠭᠤᠷᠠᠢ ᠬᠤᠰᠢᠭᠤ ᠰᠢᠶᠠᠨ ᠲᠣᠭᠤᠷᠢᠭ ᠤᠨ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢ ᠥᠭᠡᠷᠡᠴᠢᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠥᠭᠵᠢᠯᠲᠡ ᠶᠢᠨ ᠴᠢᠭᠯᠡᠯ ᠢ ᠪᠦᠬᠦᠯᠢ ᠴᠣᠭᠴᠠ ᠪᠠᠷ ᠨᠢ ᠰᠦᠪᠡᠭᠴᠢᠯᠡᠵᠦ᠂ ᠰᠢᠨᠵᠢᠯᠡᠬᠦ ᠤᠬᠠᠭᠠᠨ | ᠮᠡᠷᠭᠡᠵᠢᠯ᠂ ᠬᠥᠮᠥᠨ ᠰᠣᠶᠣᠯ᠂ ᠪᠡᠶ᠎ᠡ ᠶᠢᠨ ᠲᠠᠮᠢᠷ ᠤᠷᠠᠯᠢᠭ᠂ ᠶᠡᠷᠦᠩᠬᠡᠶᠢᠯᠡᠭᠰᠡᠨ ᠵᠡᠷᠭᠡ ᠲᠣᠰ ᠲᠣᠰ ᠤᠨ | ᠣᠨᠴᠠᠯᠢᠭ ᠲᠠᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢᠨ ᠪᠠᠶᠢᠷᠢᠰᠢᠯ ᠢ | ᠠᠯᠬᠤᠮ ᠠᠯᠬᠤᠮ ᠢᠶᠠᠷ ᠪᠣᠶ ᠪᠣᠯᠭᠠᠵᠤ᠂ ᠰᠤᠷᠤᠭᠴᠢᠳ ᠤᠨ ᠥᠪᠡᠷᠮᠢᠴᠡ᠂ ᠣᠯᠠᠨ ᠶᠠᠩᠵᠤ ᠶᠢᠨ ᠬᠥᠭᠵᠢᠯᠲᠡ ᠶᠢᠨ | ᠬᠡᠷᠡᠭᠴᠡᠭᠡ ᠶᠢ ᠬᠠᠩᠭᠠᠨ᠎ᠠ᠃ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠪᠠᠭᠤᠯᠢᠭ ᠢᠶᠠᠷ | ᠰᠤᠷᠭᠠᠭᠤᠯᠢ ᠡᠷᠬᠢᠯᠡᠬᠦ ᠶᠢ ᠲᠦᠪᠯᠡᠷᠡᠭᠦᠯᠦᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠣᠩᠭᠤᠨ ᠰᠤᠷᠬᠤ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠭᠠᠳᠠᠨᠠᠬᠢ ᠰᠤᠷᠭᠠᠨ | ᠬᠥᠮᠦᠵᠢᠯ ᠤᠨ ᠡᠬᠢ ᠪᠠᠶᠠᠯᠢᠭ ᠢ ᠠᠰᠢᠭᠯᠠᠨ ᠰᠤᠷᠭᠠᠭᠤᠯᠢ ᠶᠢᠨ ᠳᠣᠲᠣᠷᠠᠬᠢ ᠬᠢᠴᠢᠶᠡᠯ ᠤᠨ ᠥᠷᠭᠡᠴᠡ ᠭᠦᠨᠴᠡ ᠶᠢ | ᠥᠷᠭᠡᠳᠬᠡᠵᠦ᠂ ᠬᠢᠴᠢᠶᠡᠯ ᠤᠨ ᠰᠣᠩᠭᠤᠯᠲᠠ ᠶᠢᠨ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠎ᠠ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠤᠭᠴᠢᠳ ᠢ ᠲᠡᠳᠬᠦᠨ ᠲᠤᠰᠠᠯᠠᠬᠤ ᠲᠦᠷᠦ ᠶᠢᠨ | ᠪᠤᠳᠤᠯᠭ᠎ᠠ ᠶᠢ ᠨᠠᠶᠢᠲᠠᠪᠦᠷᠢᠵᠢᠭᠤᠯᠤᠨ ᠲᠤᠤᠱᠯᠠᠭᠤᠯᠤᠨ᠎ᠠ᠃ | 9᠂ ᠣᠨᠴᠠᠭᠠᠶ ᠬᠡᠦᠬᠡᠳ ᠪᠠᠭᠠᠴᠤᠳ ᠤᠨ ᠬᠠᠮᠲᠤᠯᠢᠭ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ | ᠪᠠᠲᠤᠯᠠᠨ᠎ᠠ᠃ ᠣᠨᠴᠠᠭᠠᠶ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠤᠷᠬᠤ | ᠨᠠᠰᠤᠨ ᠤ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠦᠷᠬᠦᠴᠡ ᠶᠢᠨ ᠨᠤᠷᠮ᠎ᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠶᠠᠰᠤ ᠣᠨᠴᠣᠭᠤᠢ | ᠰᠤᠷᠭᠠᠨ ᠬᠥᠮᠦᠵᠢᠯ ᠢ ᠰᠤᠷᠬᠤ ᠨᠠᠰᠤᠨ ᠠᠴᠠ ᠡᠮᠦᠨᠡᠬᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠨ ᠬᠥᠮᠦᠵᠢᠯ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠵᠡᠮᠳᠡᠭ ᠬᠡᠦᠬᠡᠳ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠦᠯᠬᠢᠨ | ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ ᠪᠣᠯᠭᠠᠭᠰᠠᠨ ᠵᠡᠮᠳᠡᠭᠴᠦᠳ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠨ ᠬᠥᠮᠦᠵᠢᠯ ᠢ ᠲᠦᠷᠭᠡᠳᠬᠡᠨ | ᠬᠥᠭᠵᠢᠭᠦᠯᠦᠨ᠎ᠡ᠃ ᠵᠡᠮᠳᠡᠭᠴᠦᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ | ᠬᠥᠮᠦᠵᠢᠯ ᠢ ᠴᠢᠩᠭᠠᠳᠬᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠩ ᠤᠨ ᠰᠤᠷᠭᠠᠨ | ᠬᠥᠮᠦᠵᠢᠯ ᠭᠥᠷᠳᠡᠬᠦ ᠴᠢᠳᠠᠪᠤᠷᠢ ᠲᠠᠢ ᠵᠡᠮᠳᠡᠭ ᠰᠣᠷᠣᠭᠴᠢ ᠡᠯᠰᠡᠬᠦ ᠶᠢ ᠵᠣᠷᠢᠭᠵᠢᠭᠤᠯᠤᠨ᠎ᠠ᠃ ᠥᠨᠥᠴᠢᠷᠡᠮᠡᠯ ᠭᠡᠮ ᠲᠠᠢ | ᠬᠡᠦᠬᠡᠳ ᠢ ᠰᠤᠷᠭᠠᠨ ᠬᠥᠮᠥᠵᠢᠭᠦᠯᠬᠦ ᠠᠵᠢᠯ ᠢ ᠲᠦᠯᠬᠢᠨ ᠠᠬᠢᠭᠤᠯᠤᠨ᠎ᠠ᠃ ᠤᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ ᠳᠤ ᠤᠯᠤᠰ ᠤᠨ ᠨᠡᠶᠢᠳᠡᠮ ᠬᠡᠷᠡᠭᠯᠡᠬᠦ ᠳᠣᠬᠢᠶᠠᠨ ᠤ ᠬᠡᠯᠡ ᠪᠠ ᠤᠯᠤᠰ ᠤᠨ ᠨᠡᠶᠢᠳᠡᠮ ᠬᠡᠷᠡᠭᠯᠡᠬᠦ | ᠰᠣᠬᠤᠷᠴᠤᠳ ᠤᠨ ᠪᠢᠴᠢᠭ ᠢ ᠶᠡᠬᠡᠪᠡᠷ ᠳᠡᠯᠭᠡᠷᠡᠭᠦᠯᠦᠨ᠎ᠡ᠃ ᠡᠮᠴᠢᠯᠡᠭᠡ ᠡᠷᠡᠭᠦᠯᠵᠢᠯ ᠰᠤᠷᠭᠠᠨ ᠬᠥᠮᠦᠵᠢᠯ ᠢ | ᠤᠶᠠᠯᠳᠤᠭᠤᠯᠤᠭᠰᠠᠨ ᠵᠡᠮᠳᠡᠭ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠥᠬᠦ | ᠲᠠᠯ᠎ᠠ ᠪᠠᠷ ᠬᠥᠭᠵᠢᠭᠦᠯᠵᠦ᠂ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠪᠠ ᠨᠥᠬᠦᠴᠡᠯ ᠲᠠᠢ ᠬᠡᠦᠬᠡᠳ ᠤᠨ | ᠠᠰᠠᠷᠠᠮᠵᠢ ᠶᠢᠨ ᠪᠠᠶᠢᠭᠤᠯᠤᠮᠵᠢ᠂ ᠵᠡᠮᠳᠡᠭ ᠬᠡᠦᠬᠡᠳ ᠤᠨ ᠡᠷᠡᠭᠦᠯᠵᠢᠯ ᠤᠨ ᠪᠠᠶᠢᠭᠤᠯᠤᠮᠵᠢ ᠳᠤ ᠰᠤᠷᠬᠤ ᠨᠠᠰᠤᠨ ᠠᠴᠠ | ᠡᠮᠦᠨᠡᠬᠢ ᠬᠡᠰᠡᠭ ᠪᠤᠶᠤ ᠳᠠᠭᠠᠯᠳᠤᠭᠤᠯᠤᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠢ ᠨᠡᠶᠢᠳᠡᠮ ᠨᠡᠮᠡᠭᠳᠡᠭᠦᠯᠦᠨ᠎ᠡ᠃ | ᠰᠢᠶᠠᠨ ᠤ ᠱᠠᠲᠤᠨ ᠤ ᠵᠡᠮᠳᠡᠭᠴᠦᠳ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠦᠨᠡᠯᠡᠨ | ᠵᠢᠱᠢᠵᠦ ᠮᠠᠭᠠᠳᠯᠠᠨ ᠲᠣᠭᠲᠠᠭᠠᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠤᠷᠤᠯᠴᠠᠬᠤ ᠨᠥᠬᠦᠴᠡᠯ ᠢ | ᠪᠦᠷᠢᠳᠦᠭᠦᠯᠦᠭᠰᠡᠨ ᠦᠭᠡᠢ ᠵᠡᠮᠳᠡᠭ ᠬᠡᠦᠬᠡᠳ ᠢ ᠲᠡᠩᠬᠡᠷᠡᠭᠦᠯᠦᠨ ᠲᠤᠰᠠᠯᠠᠵᠤ ᠪᠠᠲᠤᠯᠠᠬᠤ ᠠᠵᠢᠯ ᠢ ᠰᠠᠶᠢᠲᠤᠷ ᠬᠢᠨ᠎ᠡ᠃ | 10᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠡᠷᠡᠭᠴᠡᠭᠡ ᠪᠦᠬᠦᠢ ᠬᠠᠮᠲᠤᠯᠢᠭ ᠤᠨ ᠰᠤᠷᠭᠠᠨ | ᠬᠥᠮᠦᠵᠢᠯ ᠭᠥᠷᠳᠡᠬᠦ ᠡᠷᠬᠡ ᠶᠢ ᠶᠡᠬᠡᠪᠡᠷ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠥᠮᠥᠨ | ᠠᠮᠠ ᠶᠢᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠢ ᠡᠷᠬᠡ ᠲᠡᠭᠰᠢ ᠪᠠᠷ ᠡᠳᠡᠯᠡᠭᠦᠯᠦᠨᠡ᠃ ᠬᠦᠰᠡᠯ ᠢᠨᠵᠧᠨᠧᠷᠢᠩ ᠤᠨ ᠲᠤᠰᠠᠯᠠᠬᠤ ᠡᠷᠴᠢᠮ ᠢ | ᠴᠢᠩᠭᠠᠷᠠᠭᠤᠯᠵᠤ᠂ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠢ ᠨᠠᠷᠢᠯᠢᠭ ᠤᠨᠤᠪᠴᠢᠲᠠᠢ ᠢᠶᠠᠷ | ᠲᠤᠰᠠᠯᠠᠬᠤ ᠠᠵᠢᠯ ᠢ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠠᠵᠢᠯᠯᠠᠭ᠎ᠠ ᠶᠢ | ᠢᠳᠡᠪᠬᠢᠲᠡᠢ ᠥᠷᠨᠢᠭᠦᠯᠦᠨ᠂ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠠ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠠᠭᠠᠴᠤᠳ | ᠬᠡᠦᠬᠡᠳ ᠢ ᠬᠠᠪᠰᠤᠷᠤᠨ ᠰᠤᠷᠤᠯᠭ᠎ᠠ ᠶᠢᠨ ᠣᠷᠴᠢᠨ ᠨᠥᠬᠦᠴᠡᠯ ᠢ ᠨᠢ ᠰᠢᠯᠢᠳᠡᠭᠵᠢᠭᠦᠯᠦᠨ᠎ᠡ᠃ ᠥᠨᠥᠴᠢᠨ ᠬᠡᠦᠬᠡᠳ᠂ | ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ | ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠠᠮᠲᠤᠯᠢᠭ ᠤᠨ ᠬᠠᠤᠯᠢ ᠪᠠᠷ ᠵᠠᠰᠠᠬᠤ | ᠬᠥᠮᠦᠵᠢᠯ᠂ ᠠᠮᠤᠷ ᠲᠦᠪᠰᠢᠨ ᠤ ᠬᠥᠮᠦᠵᠢᠯ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ | ᠭᠡᠷ ᠲᠡᠭᠡᠨ ᠬᠤᠴᠣᠷᠤᠭᠰᠠᠨ ᠬᠡᠦᠬᠡᠳ ᠤᠨ ᠪᠠᠶᠢᠷᠢ ᠳᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ | ᠬᠠᠩᠭᠠᠨ᠎ᠠ᠃ | 11᠂ ᠬᠡᠦᠬᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠨᠠᠰᠤᠨ ᠳᠤ ᠥᠯᠥ | ᠭᠦᠷᠦᠭᠰᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠤᠷᠭᠠᠨ ᠬᠥᠮᠦᠵᠢᠯ ᠤᠨ ᠪᠥᠬᠦ ᠶᠠᠪᠤᠴᠠ ᠳᠤ | ᠲᠤᠤᠱᠯᠠᠭᠤᠯᠵᠤ᠂ ᠰᠤᠷᠬᠤ ᠨᠠᠰᠤᠨ ᠠᠴᠠ ᠡᠮᠦᠨᠡᠬᠢ ᠰᠢᠨᠵᠢᠯᠡᠬᠦ ᠤᠬᠠᠭᠠᠨ ᠤ ᠰᠡᠬᠡᠭᠡᠷᠡᠭᠦᠯᠬᠦ ᠬᠥᠮᠦᠵᠢᠯ ᠢ | ᠥᠷᠨᠢᠭᠦᠯᠦᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ | ᠬᠢᠴᠢᠶᠡᠯ ᠤᠨ ᠪᠠᠷᠢᠮᠵᠢᠶ᠎ᠠ ᠪᠠ ᠬᠢᠴᠢᠶᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠢᠴᠢᠶᠡᠯ ᠤᠨ ᠡᠬᠢ ᠪᠠᠶᠠᠯᠢᠭ ᠢ | ᠪᠠᠶᠠᠯᠢᠭᠵᠢᠭᠤᠯᠵᠤ᠂ ᠰᠤᠷᠤᠭᠴᠢᠳ ᠤᠨ ᠡᠷᠳᠡᠮ ᠰᠤᠷᠬᠤ ᠬᠦᠰᠡᠯ ᠪᠠ ᠲᠥᠰᠥᠭᠡᠯᠡᠨ ᠪᠤᠳᠤᠬᠤ ᠴᠢᠳᠠᠪᠤᠷᠢ ᠶᠢ | ᠬᠥᠭᠵᠢᠭᠡᠨ᠂ ᠬᠡᠦᠬᠡᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ | ᠬᠥᠮᠥᠵᠢᠭᠦᠯᠵᠦ᠂ ᠰᠢᠨ᠎ᠡ ᠶᠢ ᠡᠭᠦᠳᠬᠦ ᠳᠠᠯᠳᠠ ᠴᠢᠨᠠᠷ ᠲᠠᠢ ᠰᠤᠷᠤᠭᠴᠢᠳ ᠤᠨ ᠥᠪᠡᠷᠮᠢᠴᠡ ᠬᠥᠭᠵᠢᠯᠲᠡ ᠶᠢ | ᠵᠣᠷᠢᠭᠵᠢᠭᠤᠯᠤᠨ᠎ᠠ᠃ ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠨᠣᠮ ᠤᠨ ᠰᠠᠩ᠂ | ᠰᠣᠶᠣᠯ ᠤᠨ ᠣᠷᠳᠣᠨ᠂ ᠪᠠᠭᠠᠴᠤᠳ ᠤᠨ ᠣᠷᠳᠣᠨ ︵ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ︶᠂ | ᠵᠠᠯᠠᠭᠤᠴᠤᠳ ᠪᠠᠭᠠᠴᠤᠳ ᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠵᠡᠷᠭᠡ ᠰᠤᠷᠭᠠᠭᠤᠯᠢ ᠶᠢᠨ | ᠭᠠᠳᠠᠨᠠᠬᠢ ᠲᠠᠯᠠᠪᠤᠷ ᠢ ᠠᠰᠢᠭᠯᠠᠨ ᠰᠤᠷᠭᠠᠭᠤᠯᠢ ᠶᠢᠨ ᠭᠠᠳᠠᠨᠠᠬᠢ ᠪᠠ ᠰᠤᠷᠭᠠᠭᠤᠯᠢ ᠶᠢᠨ ᠣᠷᠳᠣᠨ ᠢ | ᠤᠶᠠᠯᠳᠤᠭᠤᠯᠤᠭᠰᠠᠨ ᠰᠢᠨᠵᠢᠯᠡᠬᠦ ᠤᠬᠠᠭᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠶᠢ | ᠴᠢᠬᠤᠯᠠᠴᠢᠯᠠᠨ᠎ᠠ᠃ ᠨᠡᠶᠢᠭᠡᠮ ᠲᠣᠭᠤᠷᠢᠭ ᠤᠨ ᠬᠡᠦᠬᠡᠳ ᠤᠨ ᠠᠵᠢᠯᠯᠠᠭᠠᠨ ᠤ ᠲᠠᠰᠤᠭ ᠤᠨ ᠰᠢᠨᠵᠢᠯᠡᠬᠦ ᠤᠬᠠᠭᠠᠨ | ᠮᠡᠷᠭᠡᠵᠢᠯ ᠢ ᠲᠦᠭᠡᠮᠡᠯᠵᠢᠭᠦᠯᠬᠦ ᠡᠭᠦᠷᠭᠡ ᠴᠢᠳᠠᠪᠤᠷᠢ ᠶᠢ ᠲᠦᠯᠬᠢᠨ ᠠᠬᠢᠭᠤᠯᠤᠨ᠎ᠠ᠃ ᠲᠤᠰᠬᠠᠢ ᠪᠠ ᠲᠤᠰᠢᠶᠠᠯ | ᠬᠠᠪᠰᠤᠷᠭᠠᠭᠰᠠᠨ ᠰᠢᠨᠵᠢᠯᠡᠬᠦ ᠤᠬᠠᠭᠠᠨ ᠤ ᠪᠠᠭᠰᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠪᠰᠤᠷᠤᠨ | ᠵᠢᠯᠣᠭᠤᠳᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | 12᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠨᠡᠯᠡᠯᠲᠡ ᠶᠢᠨ ᠳᠦᠷᠢᠮ ᠤᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠦᠨ᠎ᠡ᠃ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠵᠡᠯᠲᠡ ᠶᠢ | ᠪᠤᠢ ᠪᠣᠯᠭᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ | ᠤᠬᠠᠭᠠᠨᠴᠢ ᠦᠨᠡᠯᠡᠯᠲᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠢᠶᠠᠨ ᠤ ᠬᠡᠪᠴᠢᠶᠡᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠪᠠ | ᠰᠣᠷᠣᠭᠴᠢ ᠶᠢᠨ ᠬᠥᠭᠵᠢᠯᠲᠡ ᠶᠢᠨ ᠶᠠᠰᠤ ᠴᠢᠨᠠᠷ ᠢ ᠦᠨᠡᠯᠡᠬᠦ ᠪᠠᠷᠢᠮᠵᠢᠶ᠎ᠠ ᠶᠢ ᠨᠠᠶᠢᠲᠠᠪᠦᠷᠢᠵᠢᠭᠤᠯᠤᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠤᠭᠰᠠᠨ ᠵᠡᠷᠭᠡ ᠳᠡᠰ ᠤᠨ ᠦᠨᠡᠯᠡᠨ | ᠵᠢᠱᠢᠯᠲᠡ ᠶᠢ ᠭᠦᠨᠵᠡᠭᠡᠶᠢᠷᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ | ᠠᠵᠢᠯ ᠢ ᠦᠷᠭᠦᠯᠵᠢᠯᠡᠨ ᠥᠷᠨᠢᠭᠦᠯᠵᠦ᠂ ᠬᠢᠨᠠᠨ ᠬᠡᠮᠵᠢᠭᠰᠡᠨ ᠦᠷ᠎ᠡ ᠳ᠋ᠦᠩ ᠦᠨᠠᠳᠠᠯᠢ ᠪᠤᠰᠤ ᠪᠡᠶᠡᠴᠢ ᠴᠣᠭᠴᠠ ᠪᠠ | ᠠᠳᠠᠯᠢ ᠪᠤᠰᠤ ᠰᠤᠷᠤᠯᠭ᠎ᠠ ᠶᠢᠨ ᠱᠠᠲᠤ᠂ ᠠᠳᠠᠯᠢ ᠪᠤᠰᠤ ᠲᠦᠷᠦᠯ ᠬᠡᠯᠪᠡᠷᠢ ᠶᠢᠨ ᠰᠤᠷᠭᠠᠨ ᠬᠥᠮᠦᠵᠢᠯ ᠤᠨ | ᠣᠨᠴᠠᠯᠢᠭ ᠲᠤ ᠴᠢᠭᠯᠡᠭᠦᠯᠦᠨ᠂ ᠦᠷ᠎ᠡ ᠳ᠋ᠦᠩ ᠤᠨ ᠦᠨᠡᠯᠡᠯᠲᠡ ᠶᠢ ᠰᠠᠶᠢᠵᠢᠷᠠᠭᠤᠯᠵᠤ᠂ ᠶᠠᠪᠤᠴᠠ ᠶᠢᠨ ᠦᠨᠡᠯᠡᠯᠲᠡ ᠶᠢ | ᠴᠢᠩᠭᠠᠳᠬᠠᠵᠤ᠂ ᠦᠷᠳᠡᠭ ᠨᠡᠮᠡᠭᠳᠡᠯ ᠤᠨ ᠦᠨᠡᠯᠡᠯᠲᠡ ᠶᠢ ᠬᠠᠶᠢᠨ ᠰᠦᠪᠡᠭᠴᠢᠯᠡᠵᠦ᠂ ᠶᠡᠷᠦᠩᠬᠡᠶᠢᠯᠡᠭᠰᠡᠨ ᠦᠨᠡᠯᠡᠯᠲᠡ ᠶᠢ | ᠪᠦᠷᠢᠨᠰᠢᠭᠦᠯᠵᠦ᠂ ᠬᠤᠪᠢ ᠶᠢ ᠯᠠ ᠬᠥᠭᠡᠭᠡᠴᠡᠯᠳᠦᠬᠦ᠂ ᠰᠤᠷᠭᠠᠭᠤᠯᠢ ᠳᠡᠪᠰᠢᠬᠦ ᠶᠢ ᠯᠡ ᠡᠷᠬᠢᠮᠯᠡᠬᠦ ᠬᠠᠨᠳᠤᠰᠢ ᠶᠢ | ᠲᠡᠪᠴᠢᠨ᠎ᠡ᠃ ᠰᠤᠷᠤᠭᠴᠢᠳ ᠤᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠪᠠ ᠶᠡᠷᠦᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ ᠶᠢᠨ ᠳᠦᠷᠢᠮ ᠢ ᠴᠢᠩᠭ᠎ᠠ ᠨᠠᠶᠢᠲᠠᠪᠦᠷᠢᠵᠢᠭᠤᠯᠤᠨ᠎ᠠ᠃ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠭᠰᠠᠨ᠂ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠲᠠᠢ ᠤᠶᠠᠯᠳᠤᠭᠤᠯᠤᠭᠰᠠᠨ ᠰᠣᠷᠣᠭᠴᠢ ᠡᠯᠰᠡᠬᠦ ᠵᠠᠭᠪᠤᠷ ᠢ ᠬᠡᠷᠡᠭᠵᠢᠭᠦᠯᠵᠦ᠂ ᠰᠢᠯᠢᠳᠡᠭ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ ᠶᠢ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠳᠤ ᠬᠤᠪᠢᠶᠠᠨ ᠲᠤᠬᠢᠷᠠᠭᠤᠯᠬᠤ ᠶᠢ ᠨᠠᠶᠢᠲᠠᠪᠦᠷᠵᠢᠭᠤᠯᠤᠨᠠ᠃ | 13᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ | ᠪᠠᠭᠰᠢ ᠶᠢᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠬᠦ ᠶᠢ ᠬᠥᠲᠥᠯᠥᠨ ᠵᠢᠯᠤᠭᠤᠳᠴᠤ᠂ ᠠᠵᠢᠯ ᠮᠡᠷᠭᠡᠵᠢᠯ ᠤᠨ ᠶᠣᠰᠣ ᠮᠣᠷᠠᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠶᠢ ᠰᠠᠬᠢᠨ ᠪᠠᠲᠤᠯᠠᠨ᠎ᠠ᠃ | ᠪᠠᠭᠰᠢ ᠶᠢᠨ ᠣᠷᠣᠬᠤ ᠵᠥᠪᠰᠢᠶᠡᠷᠡᠯ ᠤᠨ ᠳᠦᠷᠢᠮ ᠢ ᠲᠡᠭᠦᠯᠳᠡᠷᠵᠢᠭᠦᠯᠵᠦ᠂ ᠪᠠᠭᠰᠢ ᠶᠢᠨ ᠪᠦᠲᠦᠴᠡ ᠶᠢᠨ ᠴᠢᠨᠠᠷᠲᠠᠢ᠂ | ᠱᠠᠲᠤ ᠦᠶᠡᠴᠢ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠳᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠪᠠᠭᠰᠢ ᠨᠠᠷ ᠤᠨ ᠪᠣᠯᠪᠠᠰᠤᠷᠠᠯ ᠢ ᠴᠢᠩᠭᠠᠳᠬᠠᠵᠤ᠂ ᠵᠢᠭᠠᠨ ᠰᠤᠷᠭᠠᠬᠤ ᠦᠨᠳᠦᠰᠦᠨ ᠪᠣᠯᠪᠠᠰᠤᠷᠠᠯ | ᠪᠠ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ | ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠲᠠᠢ᠂ ᠶᠣᠰᠣ | ᠰᠤᠷᠲᠠᠬᠤᠨ ᠲᠠᠢ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ᠂ ᠡᠨᠡᠷᠢᠩᠭᠦᠢ ᠰᠡᠳᠬᠢᠯ ᠲᠠᠢ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ ᠬᠥᠮᠥᠵᠢᠭᠦᠯᠦᠨ | ᠪᠤᠢ ᠪᠣᠯᠭᠠᠨ᠎ᠠ᠃ ᠤᠨᠴᠠᠭᠠᠢ ᠰᠤᠷᠭᠠᠨ ᠬᠥᠮᠦᠵᠢᠯ ᠤᠨ ᠪᠠᠭᠰᠢ ᠶᠢᠨ ᠣᠷᠣᠨ ᠲᠤᠭ᠎ᠠ ᠶᠢ ᠬᠥᠳᠡᠯᠦᠩᠭᠦᠢ ᠪᠠᠷ | ᠲᠣᠬᠢᠷᠠᠭᠤᠯᠬᠤ ᠲᠣᠭᠲᠠᠴᠠ ᠪᠠ ᠣᠯᠭᠤᠮᠵᠢ ᠶᠢ ᠪᠠᠲᠤᠯᠠᠬᠤ ᠲᠣᠭᠲᠠᠴᠠ ᠶᠢ ᠪᠦᠷᠢᠨᠰᠢᠭᠦᠯᠦᠨ᠎ᠡ᠃ | 14᠂ ᠠᠷᠠᠳᠴᠢᠯᠠᠯ ᠲᠠᠢ᠂ ᠪᠣᠯᠪᠠᠰᠤᠨ᠂ ᠡᠶ᠎ᠡ ᠵᠣᠬᠢᠴᠠᠯ ᠲᠠᠢ᠂ ᠡᠷᠬᠡ ᠲᠡᠭᠰᠢ ᠣᠷᠴᠢᠨ ᠲᠣᠭᠤᠷᠢᠨ ᠳᠤ | ᠨᠥᠬᠦᠷᠰᠡᠭ ᠬᠡᠯᠪᠡᠷᠢ ᠶᠢᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠰᠤᠷᠭᠠᠭᠤᠯᠢ ᠶᠢᠨ | ᠰᠤᠷᠲᠠᠯ᠂ ᠵᠢᠭᠠᠨ ᠰᠤᠷᠭᠠᠬᠤ ᠰᠤᠷᠲᠠᠯ᠂ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ | ᠰᠤᠷᠭᠠᠭᠤᠯᠢ ᠶᠢᠨ ᠳᠦᠷᠢᠮ᠂ ᠰᠤᠷᠭᠠᠭᠤᠯᠢ ᠶᠢᠨ ᠲᠡᠦᠬᠡ ᠪᠠ ᠴᠢᠬᠤᠯᠠ ᠵᠠᠩᠭᠢᠯᠠᠭ᠎ᠠ ᠶᠢᠨ ᠴᠡᠭ ᠵᠡᠷᠭᠡ ᠶᠢ ᠠᠰᠢᠭᠯᠠᠨ | ᠢᠳᠡᠪᠬᠢᠲᠡᠢ ᠪᠠᠷ ᠥᠭᠡᠳᠡᠯᠡᠨ ᠲᠠᠪᠰᠢᠭᠰᠠᠨ᠂ ᠡᠷᠡᠭᠦᠯ ᠰᠠᠷᠠᠭᠤᠯ ᠪᠣᠯᠪᠠᠰᠤᠨ ᠰᠤᠷᠭᠠᠭᠤᠯᠢ ᠶᠢᠨ ᠬᠦᠷᠢᠶᠡᠨ ᠤ | ᠰᠣᠶᠣᠯ ᠢ ᠪᠣᠶᠢᠵᠢᠭᠤᠯᠤᠨ ᠪᠠᠶᠠᠯᠢᠭᠵᠢᠭᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ | ᠠᠵᠢᠯ ᠢ ᠥᠷᠨᠢᠭᠦᠯᠵᠦ᠂ ᠪᠠᠭᠰᠢ ᠪᠠᠨ ᠬᠦᠨᠳᠦᠯᠡᠵᠦ ᠰᠤᠷᠤᠭᠴᠢ ᠪᠠᠨ ᠬᠠᠶᠢᠷᠠᠯᠠᠬᠤ ᠪᠠᠭᠰᠢ ᠰᠤᠷᠤᠭᠴᠢ ᠶᠢᠨ | ᠬᠠᠷᠢᠴᠠᠭ᠎ᠠ ᠪᠠ ᠪᠦᠯᠬᠦᠮᠳᠡᠯ ᠲᠠᠢ ᠨᠥᠬᠦᠷᠰᠡᠭ ᠳᠣᠲᠣᠨᠣ ᠬᠠᠮᠲᠤ ᠰᠤᠷᠤᠭᠴᠢ ᠶᠢᠨ ᠬᠠᠷᠢᠴᠠᠭ᠎ᠠ ᠶᠢ ᠪᠠᠶᠢᠭᠤᠯᠤᠨ᠎ᠠ᠃ | ᠰᠤᠷᠤᠭᠴᠢᠳ ᠤᠨ ᠰᠤᠷᠭᠠᠭᠤᠯᠢ ᠶᠢᠨ ᠬᠡᠷᠡᠭ ᠶᠠᠪᠤᠳᠠᠯ ᠳᠤ ᠣᠷᠣᠯᠴᠠᠬᠤ ᠡᠷᠬᠡ ᠶᠢ ᠪᠠᠲᠤᠯᠠᠨ᠎ᠠ᠃ ᠰᠤᠷᠭᠠᠭᠤᠯᠢ ᠶᠢᠨ | ᠬᠦᠷᠢᠶᠡᠨ ᠤ ᠣᠷᠴᠢᠨ ᠠᠬᠤᠢ ᠶᠢ ᠭᠤᠶᠣᠯᠠᠨ ᠴᠢᠮᠡᠵᠦ᠂ ᠰᠤᠷᠤᠭᠴᠢᠳ ᠤᠨ ᠰᠤᠷᠤᠯᠴᠠᠯᠭ᠎ᠠ᠂ ᠠᠮᠢᠳᠤᠷᠠᠯ ᠤᠨ | ᠨᠥᠬᠦᠴᠡᠯ ᠢ ᠰᠢᠯᠢᠳᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠠᠷᠰᠢ ᠰᠠᠭᠠᠳ ᠦᠭᠡᠢ ᠣᠷᠴᠢᠨ ᠠᠬᠤᠢ ᠶᠢᠨ | ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠤᠷᠤᠭᠴᠢᠳ ᠲᠤ ᠠᠶᠤᠯᠭᠦᠢ | ᠤᠤᠭᠤᠬᠤ ᠤᠰᠤ᠂ ᠠᠷᠢᠭᠤᠨ ᠴᠡᠪᠡᠷ ᠵᠣᠷᠯᠣᠩ ᠪᠠ ᠪᠡᠶ᠎ᠡ ᠶᠢᠨ ᠥᠨᠳᠥᠷ ᠲᠤ ᠲᠣᠬᠢᠷᠠᠭᠰᠠᠨ ᠬᠢᠴᠢᠶᠡᠯ ᠤᠨ ᠰᠢᠷᠡᠭᠡ | ᠰᠠᠨᠳᠠᠯᠢ ᠬᠠᠩᠭᠠᠵᠤ᠂ ᠰᠤᠷᠭᠠᠭᠤᠯᠢ ᠶᠢᠨ ᠬᠤᠭᠤᠯᠠ ᠢᠳᠡᠬᠦ ᠪᠠ ᠰᠤᠷᠤᠭᠴᠢᠳ ᠤᠨ ᠪᠠᠶᠢᠷᠢ ᠳᠤ ᠰᠠᠭᠤᠬᠤ | ᠨᠥᠬᠦᠴᠡᠯ ᠢ ᠰᠠᠶᠢᠵᠢᠷᠠᠭᠤᠯᠤᠨ᠎ᠠ᠃ | 15᠂ ᠰᠤᠷᠭᠠᠭᠤᠯᠢ ᠶᠢᠨ ᠰᠤᠷᠭᠠᠨ ᠬᠥᠮᠦᠵᠢᠯ ᠢ ᠭᠡᠷ ᠪᠦᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ | ᠰᠤᠷᠭᠠᠨ ᠬᠥᠮᠦᠵᠢᠯ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠪᠤᠭᠤᠲᠤ ᠬᠤᠲᠠ ᠶᠢᠨ ᠳᠤᠮᠳᠠᠳᠤ | ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠴᠤ | ᠳᠡᠭᠡᠭᠰᠢᠯᠡᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ︽ᠰᠤᠷᠬᠤ ᠨᠠᠰᠤᠨ ᠠᠴᠠ ᠡᠮᠦᠨᠡᠬᠢ ᠱᠠᠲᠤ ᠦᠶ᠎ᠡ᠂ ᠪᠠᠭ᠎ᠠ | ᠰᠤᠷᠭᠠᠭᠤᠯᠢ ᠶᠢᠨ ᠱᠠᠲᠤ ᠦᠶ᠎ᠡ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ᠂ ᠤᠨᠴᠠᠭᠠᠢ ᠬᠡᠦᠬᠡᠳ︾ ᠵᠡᠷᠭᠡ ᠲᠠᠪᠤᠨ ᠲᠠᠰ | ᠳᠠᠪᠬᠤᠷᠭ᠎ᠠ ᠶᠢᠨ ᠲᠥᠷᠥᠯ ᠢᠯᠭᠠᠯ ᠤᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ | ᠠᠵᠢᠯ ᠢ ᠰᠠᠶᠢᠲᠤᠷ ᠬᠢᠬᠦ ᠶᠢ ᠠᠬᠢᠭᠤᠯᠤᠨ᠎ᠠ᠃ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠡᠷ ᠤᠨ | ᠠᠬᠠᠮᠠᠳ ᠤᠨ ᠰᠤᠷᠭᠠᠭᠤᠯᠢ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠰᠤᠷᠭᠠᠭᠤᠯᠢ ᠪᠠᠶᠢᠭᠤᠯᠤᠭᠰᠠᠨ | ᠨᠣᠷᠮ᠎ᠠ ᠶᠢ 100% ᠳᠤ ᠬᠦᠷᠦᠭᠦᠯᠦᠨ᠎ᠡ᠃ ᠭᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠭᠡᠮ ᠤᠨ ᠳᠡᠮᠵᠢᠯᠭᠡ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ | ᠬᠥᠮᠥᠷᠭᠡ ᠶᠢ ᠪᠠᠶᠢᠭᠤᠯᠤᠨ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠣᠭᠤᠳᠤᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠤᠭᠤᠳᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠷ ᠪᠦᠯᠢ ᠪᠠ ᠰᠤᠷᠭᠠᠭᠤᠯᠢ ᠶᠢᠨ ᠬᠠᠮᠲᠤᠷᠠᠯᠴᠠᠭᠠᠨ ᠤ ᠲᠠᠪᠴᠠᠩ ᠢ | ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠡᠶᠢᠭᠡᠮ ᠲᠣᠭᠤᠷᠢᠭ ᠤᠨ ᠭᠡᠷ ᠤᠨ | ᠠᠬᠠᠮᠠᠳ ᠤᠨ ᠰᠤᠷᠭᠠᠭᠤᠯᠢ᠂ ᠭᠡᠷ ᠤᠨ ᠠᠬᠠᠮᠠᠳ ᠤᠨ ᠵᠥᠪᠯᠡᠯ᠂ ᠭᠡᠷ ᠤᠨ ᠠᠬᠠᠮᠠᠳ ᠤᠨ ᠬᠤᠷᠠᠯ ᠵᠡᠷᠭᠡ ᠠᠷᠭ᠎ᠠ | ᠵᠠᠮ ᠢᠶᠠᠷ ᠭᠡᠷ ᠪᠦᠯᠢ᠂ ᠰᠤᠷᠭᠠᠭᠤᠯᠢ᠂ ᠬᠤᠷᠰᠢᠶ᠎ᠠ ᠶᠢᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠭᠡᠷ ᠪᠦᠯᠢ ᠶᠢᠨ | ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠭᠡᠷ ᠪᠦᠯᠢ ᠶᠢᠨ ᠬᠥᠮᠦᠵᠢᠯ ᠤᠨ ᠲᠤᠷᠰᠢᠯᠭ᠎ᠠ ᠶᠢ ᠳᠡᠯᠭᠡᠷᠡᠭᠦᠯᠵᠦ᠂ | ᠪᠠᠭᠰᠢ ᠶᠢᠨ ᠭᠡᠷ ᠤᠨ ᠰᠣᠷᠪᠤᠯᠵᠢᠯᠠᠭ᠎ᠠ ᠶᠢ ᠳᠦᠷᠢᠮᠵᠢᠭᠦᠯᠬᠦ ᠪᠠ ᠪᠠᠶᠢᠩᠭᠤᠵᠢᠭᠤᠯᠬᠤ ᠶᠢ ᠠᠬᠢᠭᠤᠯᠤᠨ᠎ᠠ᠃ | ᠨᠡᠶᠢᠭᠡᠮ ᠤᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠲᠠᠯᠠᠪᠤᠷ ᠭᠠᠵᠠᠷ᠂ ᠪᠡᠯᠡᠳᠬᠡᠮᠵᠢ ᠪᠠ ᠡᠩᠨᠡᠭᠡ ᠵᠡᠷᠭᠡ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠠᠭᠤᠯᠭ᠎ᠠ ᠪᠠ | ᠬᠡᠯᠪᠡᠷᠢ ᠶᠢ ᠪᠠᠶᠠᠯᠢᠭᠵᠢᠭᠤᠯᠤᠨ᠂ ᠬᠡᠦᠬᠡᠳ ᠤᠨ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ | ᠤᠷᠠᠯᠢᠭ᠂ ᠬᠥᠳᠡᠯᠮᠦᠷᠢ ᠵᠡᠷᠭᠡ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ | ᠡᠳᠦᠷ ᠲᠤᠲᠤᠮ ᠤᠨ ᠠᠮᠢᠳᠤᠷᠠᠯ ᠤᠨ ᠬᠥᠳᠡᠯᠮᠦᠷᠢ᠂ ᠦᠢᠯᠡᠳᠪᠦᠷᠢᠯᠡᠯ ᠬᠥᠳᠡᠯᠮᠦᠷᠢ᠂ ᠲᠤᠰᠬᠠᠢ ᠰᠡᠳᠦᠪᠲᠦ | ᠪᠠᠶᠢᠴᠠᠭᠠᠯᠲᠠ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠭᠡᠮ ᠤᠨ | ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ ᠳᠤ ᠣᠷᠣᠯᠴᠠᠬᠤ ᠶᠢ ᠵᠣᠷᠢᠭᠵᠢᠭᠤᠯᠵᠤ᠂ ᠰᠤᠷᠤᠭᠴᠢᠳ ᠢ ᠬᠠᠪᠰᠤᠷᠤᠨ | ᠤᠯᠤᠰ ᠤᠨ ᠪᠠᠶᠢᠳᠠᠯ᠂ ᠨᠡᠶᠢᠭᠡᠮ ᠤᠨ ᠪᠠᠶᠢᠳᠠᠯ᠂ ᠠᠷᠠᠳ ᠤᠨ ᠪᠠᠶᠢᠳᠠᠯ ᠢ ᠭᠦᠨᠵᠡᠭᠡᠢ ᠣᠶᠢᠯᠠᠭᠠᠭᠤᠯᠤᠨ᠎ᠠ᠃ ᠡᠪ ᠬᠠᠮᠲᠤ | ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ ᠵᠡᠷᠭᠡ ᠵᠣᠬᠢᠶᠠᠨ | ᠪᠠᠶᠢᠭᠤᠯᠤᠯᠲᠠ ᠶᠢᠨ ᠬᠥᠮᠥᠨ ᠬᠥᠮᠥᠵᠢᠭᠦᠯᠬᠦ ᠦᠢᠯᠡᠳᠦᠯ ᠢ ᠪᠠᠳᠠᠷᠠᠭᠤᠯᠵᠤ᠂ ᠰᠤᠷᠭᠠᠭᠤᠯᠢ᠂ ᠭᠡᠷ ᠪᠦᠯᠢ᠂ ᠨᠡᠶᠢᠭᠡᠮ ᠤᠨ | ᠬᠠᠮᠵᠢᠯᠴᠠᠨ ᠬᠥᠮᠥᠨ ᠬᠥᠮᠥᠵᠢᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | (ᠳᠦᠷᠪᠡ) ᠬᠡᠦᠬᠡᠳ ᠬᠢᠭᠡᠳ ᠠᠰᠠᠷᠠᠮᠵᠢ | ᠭᠤᠣᠯ ᠬᠠᠷᠠᠯᠲᠠ᠄ | 1᠂ ᠬᠡᠦᠬᠡᠳ ᠤᠨ ᠠᠰᠠᠷᠠᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠵᠣᠬᠢᠬᠤ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ | ᠬᠡᠦᠬᠡᠳ ᠤᠨ ᠠᠰᠠᠷᠠᠮᠵᠢ ᠶᠢᠨ ᠳᠦᠷᠢᠮ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ | 2᠂ ᠬᠡᠦᠬᠡᠳ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠠᠳᠠᠯᠢ ᠲᠡᠭᠰᠢ | ᠪᠣᠯᠭᠠᠬᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠬᠤᠲᠠ ᠬᠥᠳᠡᠭᠡ᠂ ᠣᠷᠣᠨ ᠪᠦᠰᠡ ᠪᠠ ᠠᠳᠠᠯᠢ ᠪᠤᠰᠤ | ᠬᠠᠮᠲᠤᠯᠢᠭ ᠤᠨ ᠬᠡᠦᠬᠡᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠡᠷᠬᠡ | ᠲᠡᠭᠰᠢ ᠪᠠᠷ ᠬᠠᠩᠭᠠᠨ᠎ᠠ᠃ | 3᠂ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠬᠡᠦᠬᠡᠳ ᠤᠨ ᠦᠨᠳᠦᠰᠦᠨ ᠡᠮᠴᠢᠯᠡᠭᠡᠨ ᠤ ᠡᠷᠬᠡ ᠠᠰᠢᠭ ᠢ ᠪᠠᠲᠤᠯᠠᠨ᠎ᠠ᠃ | 4᠂ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠦᠷᠭᠦᠯᠵᠢᠯᠡᠨ ᠪᠦᠷᠢᠨ ᠪᠦᠲᠦᠨ | ᠳᠡᠮᠵᠢᠬᠦ ᠰᠢᠰᠲ᠋ᠧᠮᠵᠢ ᠶᠢ ᠪᠠᠶᠢᠭᠤᠯᠤᠨ᠎ᠠ᠃ | 5᠂ ᠨᠡᠶᠢᠳᠡᠮ ᠬᠠᠷᠠᠭᠠᠯᠵᠠᠬᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠪᠠ ᠪᠠᠶᠢᠷᠢ ᠰᠠᠭᠠᠲᠠᠭᠤᠯᠬᠤ ᠲᠤᠭ᠎ᠠ | ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠦᠨ᠎ᠡ᠃ | 6᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠵᠡᠮᠳᠡᠭ ᠬᠡᠦᠬᠡᠳ᠂ | ᠲᠡᠨᠦᠭᠦᠯ ᠬᠡᠦᠬᠡᠳ ᠤᠨ ᠣᠷᠣᠰᠢᠨ ᠲᠣᠭᠲᠠᠨᠢᠬᠤ᠂ ᠬᠥᠭᠵᠢᠬᠦ ᠪᠠ ᠠᠮᠤᠷ ᠲᠦᠪᠰᠢᠨ ᠤ ᠡᠷᠬᠡ ᠠᠰᠢᠭ ᠢ ᠪᠦᠲᠦᠮᠵᠢᠲᠡᠢ | ᠪᠠᠲᠤᠯᠠᠨ᠎ᠠ᠃ | 7᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠭᠦᠳᠡᠯ ᠬᠡᠦᠬᠡᠳ ᠤᠨ ᠦᠢᠯᠡᠴᠢᠯᠡᠭᠡᠨ ᠤ ᠲᠣᠭᠲᠠᠴᠠ ᠶᠢ ᠨᠠᠩ | ᠪᠦᠷᠢᠨᠰᠢᠭᠦᠯᠦᠨ᠎ᠡ᠃ | 8᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠡᠦᠬᠡᠳ ᠤᠨ ᠭᠡᠷ ᠪᠦᠯᠢ ᠶᠢᠨ ᠪᠦᠷᠬᠦᠴᠡ ᠶᠢᠨ | ᠨᠣᠷᠮ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ | 9᠂ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ᠂ ᠠᠯᠪᠠᠳᠠᠯᠭ᠎ᠠ ᠪᠠᠷ ᠮᠡᠳᠡᠭᠦᠯᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ᠂ ᠦᠨᠡᠯᠡᠨ ᠵᠢᠱᠢᠵᠦ ᠬᠠᠪᠰᠤᠷᠤᠨ ᠲᠡᠳᠬᠦᠬᠦ᠂ ᠬᠠᠷᠠᠭᠠᠯᠵᠠᠨ ᠬᠠᠮᠠᠭᠠᠯᠠᠵᠤ ᠭᠠᠷ ᠲᠦᠷᠦᠭᠦ | ︽ᠲᠠᠪᠤ ᠶᠢ ᠨᠢᠭᠡ ᠴᠣᠭᠴᠠᠵᠢᠭᠤᠯᠬᠤ︾ ᠦᠨᠳᠦᠰᠦᠨ ᠱᠠᠲᠤᠨ ᠤ ᠬᠡᠦᠬᠡᠳ ᠢ ᠬᠠᠮᠠᠭᠠᠯᠠᠬᠤ ᠲᠣᠭᠲᠠᠴᠠ ᠶᠢ | ᠪᠦᠲᠦᠮᠵᠢᠲᠡᠢ ᠠᠵᠢᠯᠯᠠᠭᠤᠯᠤᠨ᠎ᠠ᠃ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠪᠠᠶᠢᠭᠤᠯᠬᠤ ᠪᠠᠷ | ᠬᠦᠴᠦᠯᠡᠨ ᠴᠢᠷᠮᠠᠶᠢᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠳᠤ ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ | ᠠᠵᠢᠯ ᠤᠨ ᠦᠷᠳᠡᠭᠡ ᠪᠠᠶᠢᠭᠤᠯᠬᠤ ᠪᠤᠶᠤ ᠲᠤᠰᠬᠠᠢ ᠠᠵᠢᠯᠲᠠᠨ ᠵᠢᠭᠠᠨ ᠲᠣᠭᠲᠠᠭᠠᠵᠤ᠂ ᠨᠠᠰᠤᠨ ᠳᠤ ᠦᠯᠤ | ᠬᠥᠷᠦᠭᠰᠡᠳ ᠤᠨ ᠬᠤᠯᠪᠣᠭᠳᠠᠯ ᠪᠦᠬᠦᠢ ᠬᠡᠷᠡᠭ ᠶᠠᠪᠤᠳᠠᠯ ᠢ ᠴᠠᠭ ᠲᠤᠬᠠᠢ ᠲᠤᠨᠢ ᠭᠦᠢᠴᠡᠳᠭᠡᠨ᠎ᠡ᠃ | 10᠂ ᠦᠨᠳᠦᠰᠦᠨ ᠱᠠᠲᠤᠨ ᠤ ᠬᠡᠦᠬᠡᠳ ᠤᠨ ᠠᠰᠠᠷᠠᠮᠵᠢ ᠶᠢᠨ ᠠᠵᠢᠯ ᠤᠨ ᠵᠢᠭᠰᠠᠭᠠᠯ ᠤᠨ ᠭᠠᠵᠠᠷ ᠪᠣᠯᠣᠨ | ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | 11᠂ ᠬᠡᠦᠬᠡᠳ ᠲᠤ ᠦᠢᠯᠡᠴᠢᠯᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠡᠦᠬᠡᠳ ᠤᠨ ᠨᠡᠶᠢᠭᠡᠮ ᠤᠨ | ᠠᠵᠢᠯ ᠤᠨ ᠲᠤᠰᠬᠠᠢ ᠮᠡᠷᠭᠡᠵᠢᠯ ᠤᠨ ᠡᠩᠨᠡᠭᠡ ᠶᠢ ᠢᠯᠡᠳᠲᠡ ᠪᠤᠵᠠᠭᠠᠶᠢᠷᠠᠭᠤᠯᠤᠨ᠎ᠠ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠪᠠ ᠠᠪᠤᠷᠠᠨ ᠲᠤᠰᠠᠯᠠᠬᠤ ᠳᠦᠷᠢᠮ ᠤᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠯᠤᠭ᠎ᠠ ᠲᠣᠬᠢᠷᠠᠯᠴᠠᠭᠰᠠᠨ᠂ | ᠬᠡᠦᠬᠡᠳ ᠤᠨ ᠬᠡᠷᠡᠭᠴᠡᠭᠡ ᠯᠦᠭᠡ ᠲᠣᠬᠢᠷᠠᠯᠴᠠᠭᠰᠠᠨ᠂ ᠬᠠᠮᠢᠶ᠎ᠠ ᠪᠦᠬᠦᠢ ᠠᠰᠠᠷᠠᠮᠵᠢ ᠶᠢᠨ ᠳᠦᠷᠢᠮ ᠯᠦᠭᠡ ᠬᠠᠷᠢᠯᠴᠠᠨ | ᠵᠣᠯᠭᠠᠯᠳᠤᠭᠰᠠᠨ ᠵᠣᠬᠢᠬᠤ ᠬᠡᠮᠵᠢᠶᠡᠨ ᠤ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠬᠡᠦᠬᠡᠳ ᠤᠨ ᠠᠰᠠᠷᠠᠮᠵᠢ ᠶᠢᠨ | ᠳᠦᠷᠢᠮ ᠤᠨ ᠰᠢᠰᠲ᠋ᠧᠮ ᠢ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠬᠡᠦᠬᠡᠳ ᠤᠨ ᠠᠰᠠᠷᠠᠮᠵᠢ ᠶᠢᠨ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠡᠦᠬᠡᠳ ᠤᠨ ᠠᠰᠠᠷᠠᠮᠵᠢ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠵᠦ᠂ ᠬᠡᠦᠬᠡᠳ ᠤᠨ ᠠᠰᠠᠷᠠᠮᠵᠢ ᠶᠢᠨ ᠵᠦᠢᠯᠡᠰ ᠢ ᠨᠡᠮᠡᠭᠳᠡᠭᠦᠯᠵᠦ᠂ ᠬᠡᠦᠬᠡᠳ ᠤᠨ | ᠠᠰᠠᠷᠠᠮᠵᠢ ᠵᠢᠨᠬᠦ᠋ᠴᠢᠷᠳᠡᠯ ᠳᠤ ᠲᠤᠯᠭᠠᠷᠠᠭᠰᠠᠨ ᠬᠡᠦᠬᠡᠳ ᠢ ᠲᠥᠷᠥᠯ ᠬᠤᠪᠢᠶᠠᠨ ᠪᠠᠲᠤᠯᠠᠬᠤ ᠶᠢ ᠰᠢᠯᠢᠳᠡᠭᠵᠢᠭᠦᠯᠵᠦ᠂ | ᠳᠦᠷᠢᠮ ᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠬᠦᠴᠢᠷᠳᠡᠯ ᠳᠤ ᠲᠤᠯᠭᠠᠷᠠᠭᠰᠠᠨ | ᠬᠡᠦᠬᠡᠳ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ᠂ ᠲᠦᠷ ᠴᠠᠭ ᠤᠨ ᠠᠪᠤᠷᠠᠨ | ᠲᠤᠰᠠᠯᠠᠬᠤ ᠬᠡᠪᠴᠢᠶᠡᠨ ᠳᠤ ᠣᠷᠣᠭᠤᠯᠬᠤ ᠶᠢᠨ ᠬᠠᠮᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ | ᠬᠡᠮᠵᠢᠶ᠎ᠡ ᠶᠢ ᠦᠨᠳᠦᠰᠦᠯᠡᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯᠲᠡᠢ ᠪᠠᠶᠢᠬᠤ | ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ ᠬᠡᠦᠬᠡᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠤᠨ᠎ᠠ᠃ | 2᠂ ᠬᠡᠦᠬᠡᠳ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ | ᠪᠠ ᠬᠦᠷᠦᠯᠴᠡᠬᠦᠶᠢᠴᠡ ᠴᠢᠨᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠦᠬᠡᠳ ᠤᠨ ᠰᠤᠷᠭᠠᠨ ᠬᠥᠮᠦᠵᠢᠯ᠂ ᠡᠮ | ᠡᠮᠨᠡᠯᠭᠡ ᠡᠷᠡᠭᠦᠯ ᠬᠠᠮᠠᠭᠠᠯᠠᠯ᠂ ᠠᠰᠠᠷᠠᠮᠵᠢ ᠶᠢᠨ ᠪᠠᠲᠤᠯᠠᠭ᠎ᠠ ᠶᠢᠨ ᠵᠦᠢᠯᠡᠰ ᠢ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠲᠣᠳᠣᠷᠬᠠᠢ ᠬᠠᠭᠤᠳᠠᠰᠤᠨ ᠳᠤ ᠤᠷᠢᠳᠠᠪᠠᠷ ᠣᠷᠣᠭᠤᠯᠵᠤ᠂ ᠦᠢᠯᠡᠴᠢᠯᠡᠭᠡ ᠶᠢ ᠤᠶᠤᠨᠵᠢᠭᠤᠯᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠡᠦᠬᠡᠳ ᠲᠤ ᠬᠠᠨᠳᠤᠭᠤᠯᠤᠭᠰᠠᠨ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠪᠠᠭᠤᠷᠠᠢ ᠭᠤᠭᠴᠤᠭ᠎ᠠ᠂ ᠣᠨᠴᠠᠭᠠᠶ ᠬᠡᠦᠬᠡᠳ ᠤᠨ | ᠬᠠᠮᠲᠤᠯᠢᠭ ᠲᠡᠶᠢᠰᠢ ᠬᠡᠯᠪᠡᠶᠢᠯᠭᠡᠬᠦ ᠶᠢ ᠲᠦᠯᠬᠢᠨ ᠠᠬᠢᠭᠤᠯᠤᠨ᠎ᠠ᠃ ᠬᠥᠩᠭᠡᠵᠢᠯᠲᠡ ᠶᠢᠨ ᠠᠨᠠᠭᠠᠬᠤ ᠤᠬᠠᠭᠠᠨ ᠤ | ᠭᠡᠷᠡᠴᠢᠯᠡᠯ᠂ ᠬᠡᠦᠬᠡᠳ ᠤᠨ ᠰᠡᠷᠭᠡᠶᠢᠯᠡᠬᠦ ᠲᠠᠷᠢᠯᠭ᠎ᠠ᠂ ᠡᠷᠦᠬᠡ ᠠᠮᠠ ᠶᠢᠨ ᠳᠠᠩᠰᠠᠯᠠᠯᠲᠠ᠂ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ᠂ ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ ᠵᠡᠷᠭᠡ | ︽ᠬᠥᠩᠭᠡᠵᠢᠯᠲᠡ ᠶᠢᠨ ᠨᠢᠭᠡ ᠶᠠᠪᠤᠳᠠᠯ︾ ᠢ ᠬᠠᠮᠲᠤᠷᠠᠨ ᠭᠦᠢᠴᠡᠳᠬᠡᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ | ᠰᠠᠭᠤᠬᠤ ᠪᠠ ᠲᠣᠭᠤᠷᠢᠨ ᠦᠵᠡᠬᠦ ᠪᠢᠯᠧᠲ ᠤᠨ ᠦᠨ᠎ᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠨᠠᠰᠤᠨ ᠤ ᠪᠠᠷᠢᠮᠵᠢᠶ᠎ᠠ ᠶᠢ ᠲᠡᠷᠢᠭᠦᠨ ᠳᠤ ᠲᠠᠯᠪᠢᠬᠤ᠂ ᠪᠡᠶ᠎ᠡ ᠶᠢᠨ ᠥᠨᠳᠥᠷ ᠤᠨ ᠪᠠᠷᠢᠮᠵᠢᠶ᠎ᠠ ᠪᠠᠷ | ᠨᠥᠬᠦᠪᠦᠷᠢᠯᠡᠬᠦ ᠬᠡᠦᠬᠡᠳ ᠤᠨ ᠪᠧᠯᠲ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠲᠦᠯᠬᠢᠨ ᠠᠬᠢᠭᠤᠯᠤᠨ᠎ᠠ᠃ | 3᠂ ᠬᠡᠦᠬᠡᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠦᠨᠳᠦᠰᠦᠨ ᠡᠮ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ | ᠭᠤᠷᠪᠠᠨ ᠳᠠᠪᠬᠤᠷ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠵᠤ᠂ ᠬᠡᠦᠬᠡᠳ ᠤᠨ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠡᠦᠬᠡᠳ ᠢᠯᠠᠩᠭᠤᠶ᠎ᠠ ᠣᠷᠣᠯᠭ᠎ᠠ ᠪᠠᠭᠠᠲᠠᠢ ᠭᠡᠷ ᠪᠦᠯᠢ ᠶᠢᠨ ᠬᠡᠦᠬᠡᠳ ᠢ | ᠳᠠᠭᠠᠳᠬᠠᠯ ᠳᠤ ᠣᠷᠣᠭᠤᠯᠬᠤ ᠠᠵᠢᠯ ᠢ ᠰᠠᠶᠢᠲᠤᠷ ᠬᠢᠨ᠎ᠡ᠃ ᠡᠮ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ | ᠪᠠ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ | ᠭᠠᠷᠴᠠᠭ ᠤᠨ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠥᠬᠦᠴᠡᠯ ᠳᠤ ᠨᠡᠶᠢᠴᠡᠬᠦ | ᠬᠡᠦᠬᠡᠳ ᠤᠨ ᠬᠦᠨᠳᠦ ᠶᠡᠭᠡ ᠡᠪᠡᠳᠴᠢᠨ ᠡᠮᠭᠡᠭ᠂ ᠬᠡᠦᠬᠡᠳ ᠲᠤ ᠬᠤᠪᠣᠷ ᠲᠣᠬᠢᠶᠠᠯᠳᠤᠬᠤ ᠡᠪᠡᠳᠴᠢᠨ ᠢ ᠡᠮᠨᠡᠨ | ᠵᠠᠰᠠᠬᠤ ᠡᠮ ᠢ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ | ᠲᠡᠩᠬᠡᠷᠡᠭᠦᠯᠦᠨ ᠲᠤᠰᠠᠯᠠᠬᠤ ᠨᠥᠬᠦᠴᠡᠯ ᠲᠤ ᠨᠡᠶᠢᠴᠡᠬᠦ ᠭᠡᠷ ᠪᠦᠯᠢ ᠶᠢᠨ ᠠᠵᠤ ᠠᠬᠤᠢ ᠨᠢ ᠬᠦᠴᠢᠷᠳᠡᠯ ᠲᠠᠢ | ᠡᠪᠡᠳᠴᠢᠨ ᠲᠠᠢ ᠬᠡᠦᠬᠡᠳ ᠢ ᠲᠡᠩᠬᠡᠷᠡᠭᠦᠯᠦᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠲᠥᠷᠥᠯ ᠤᠨ | ᠡᠮᠴᠢᠯᠡᠭᠡᠨ ᠤ ᠪᠠᠲᠤᠯᠠᠭ᠎ᠠ ᠶᠢᠨ ᠬᠠᠷᠢᠯᠴᠠᠨ ᠨᠥᠬᠦᠪᠦᠷᠢᠯᠡᠬᠦ ᠶᠢ ᠵᠣᠯᠭᠠᠭᠤᠯᠬᠤ ᠶᠢ ᠠᠬᠢᠭᠤᠯᠵᠤ᠂ ᠨᠢᠭᠦᠯᠡᠰᠦᠩᠭᠦᠢ ᠶᠢᠨ | ᠡᠮᠴᠢᠯᠡᠭᠡᠨ ᠤ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠯᠡᠨ ᠳᠠᠶᠢᠴᠢᠯᠠᠵᠤ᠂ ᠡᠮᠴᠢᠯᠡᠭᠡᠨ ᠤ ᠬᠠᠷᠢᠯᠴᠠᠨ | ᠲᠤᠰᠠᠯᠠᠯᠴᠠᠬᠤ ᠡᠮᠬᠢ ᠵᠢᠷᠤᠮ ᠲᠠᠢ ᠬᠥᠭᠵᠢᠬᠦ ᠶᠢ ᠳᠡᠮᠵᠢᠵᠦ᠂ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ | ᠡᠮᠴᠢᠯᠡᠭᠡᠨ ᠤ ᠵᠠᠷᠤᠳᠠᠯ ᠤᠨ ᠳᠠᠷᠤᠭᠠᠰᠦ ᠶᠢ ᠵᠦᠢ ᠵᠤᠬᠢᠰᠲᠠᠢ ᠪᠠᠭᠠᠰᠬᠠᠨ᠎ᠠ᠃ | 4᠂ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠥᠯᠥᠪᠯᠡᠭᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠭᠤᠯᠠ ᠤᠮᠳᠠ ᠶᠢᠨ ᠵᠠᠷᠤᠳᠠᠯ ᠢ | ᠬᠤᠪᠢᠶᠠᠨ ᠳᠠᠭᠠᠭᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠂ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠬᠢᠷᠢ | ᠬᠡᠮᠵᠢᠶ᠎ᠡ ᠶᠢ ᠦᠨᠳᠦᠰᠦᠯᠡᠨ ᠬᠦᠳᠡᠯᠦᠩᠭᠦᠢ ᠢᠶᠠᠷ ᠲᠤᠰᠠᠯᠠᠮᠵᠢ ᠶᠢᠨ ᠪᠠᠷᠢᠮᠵᠢᠶ᠎ᠠ ᠶᠢ ᠲᠤᠬᠢᠷᠠᠭᠤᠯᠤᠨ᠎ᠠ᠃ ᠪᠥᠬᠦ | ᠦᠶᠡᠯᠡᠯ ᠤᠨ ᠬᠤᠭᠤᠴᠠᠭᠠᠨ ᠳᠠᠬᠢ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ | ᠬᠡᠦᠬᠡᠳ ᠤᠨ ᠬᠤᠭᠤᠴᠠᠭ᠎ᠠ ᠪᠠ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠥᠯᠥᠪᠯᠡᠭᠡ ᠶᠢ ᠬᠡᠷᠡᠭᠵᠢᠭᠦᠯᠦᠨ᠂ ᠰᠤᠷᠬᠤ ᠨᠠᠰᠤᠨ ᠤ ᠬᠤᠭᠤᠴᠠᠭᠠᠨ ᠳᠠᠬᠢ ᠬᠡᠦᠬᠡᠳ ᠤᠨ ᠦᠰᠦᠨ ᠪᠣᠶᠢᠵᠢᠯᠲᠠ ᠶᠢᠨ | ᠰᠢᠮ᠎ᠡ ᠲᠡᠵᠢᠭᠡᠯ ᠤᠨ ᠳᠡᠮᠵᠢᠯᠭᠡ ᠶᠢ ᠲᠡᠭᠦᠯᠳᠡᠷᠵᠢᠭᠦᠯᠵᠦ᠂ ᠨᠢᠯᠬ᠎ᠠ ᠦᠶ᠎ᠡ ᠠᠴᠠ ᠰᠤᠷᠬᠤ ᠨᠠᠰᠤᠨ ᠤ ᠬᠤᠭᠤᠴᠠᠭ᠎ᠠ | ᠬᠦᠷᠲᠡᠯᠡᠬᠢ ᠬᠡᠦᠬᠡᠳ ᠤᠨ ᠦᠷᠭᠦᠯᠵᠢᠯᠡᠨ ᠪᠦᠷᠢᠨ ᠪᠦᠲᠦᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠷᠥᠯ | ᠵᠦᠢᠯ ᠤᠨ ᠳᠡᠮᠵᠢᠯᠭᠡ ᠶᠢᠨ ᠰᠢᠰᠲ᠋ᠧᠮᠵᠢ ᠶᠢ ᠪᠠᠶᠢᠭᠤᠯᠤᠨ᠎ᠠ᠃ | 5᠂ ᠨᠡᠶᠢᠳᠡᠮ ᠬᠠᠷᠠᠭᠠᠯᠵᠠᠬᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢ ᠬᠥᠭᠵᠢᠭᠦᠯᠦᠨ᠎ᠡ᠃ | ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠳᠤ ᠣᠷᠣᠭᠤᠯᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢᠨ ᠲᠤᠰᠬᠠᠢ | ᠵᠦᠢᠯ ᠤᠨ ᠲᠥᠯᠦᠪᠵᠢᠭᠦᠯᠭᠡ ᠶᠢ ᠰᠤᠳᠤᠯᠤᠨ ᠨᠠᠶᠢᠷᠠᠭᠤᠯᠤᠨ ᠵᠣᠬᠢᠶᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ | ᠵᠢᠯᠤᠭᠤᠳᠬᠤ ᠶᠢ ᠴᠢᠩᠭᠠᠷᠠᠭᠤᠯᠤᠨ᠂ ᠭᠠᠵᠠᠷ ᠰᠢᠷᠣᠢ᠂ ᠣᠷᠣᠨ ᠰᠠᠭᠤᠴᠠ᠂ ᠡᠳ᠋ ᠤᠨ ᠵᠠᠰᠠᠭ᠂ ᠮᠥᠩᠭᠦᠨ ᠭᠦᠢᠯᠭᠡᠭᠡᠨ᠂ | ᠴᠢᠳᠠᠪᠤᠷᠢᠲᠠᠨ ᠵᠡᠷᠭᠡ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ | ᠤᠯᠠᠨ ᠵᠦᠢᠯ ᠤᠨ ᠬᠡᠯᠪᠡᠷᠢ ᠶᠢᠨ ᠦᠢᠯᠡᠴᠢᠯᠡᠭᠡ ᠶᠢ ᠢᠳᠡᠪᠬᠢᠲᠡᠢ ᠪᠠᠷ ᠬᠥᠭᠵᠢᠭᠦᠯᠵᠦ᠂ ᠤᠯᠠᠨ ᠵᠦᠢᠯ ᠤᠨ | ᠬᠡᠯᠪᠡᠷᠢ ᠶᠢᠨ ᠲᠦᠭᠡᠮᠡᠯ ᠬᠠᠷᠠᠭᠠᠯᠵᠠᠯᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠨᠢᠭᠡ | ᠪᠦᠯᠦᠭ ᠳᠥᠭᠦᠮ ᠳᠥᠲᠡ᠂ ᠦᠨ᠎ᠡ ᠬᠠᠩᠰᠢ ᠶᠢ ᠬᠦᠯᠢᠶᠡᠨ ᠠᠪᠴᠤ ᠪᠣᠯᠬᠤ᠂ ᠶᠠᠰᠤ ᠴᠢᠨᠠᠷ ᠨᠢ ᠪᠠᠲᠤᠯᠠᠭ᠎ᠠ ᠲᠠᠢ | ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | ᠨᠥᠬᠦᠴᠡᠯ ᠲᠠᠢ ᠬᠥᠮᠥᠨ ᠬᠡᠷᠡᠭᠯᠡᠬᠦ ᠨᠢᠭᠡᠴᠢ ᠶᠢᠨ ᠠᠵᠢᠯᠲᠠᠨ ᠠᠵᠢᠯᠴᠢᠨ ᠳᠤ ᠨᠠᠶᠢᠳᠠᠨ ᠬᠥᠮᠥᠵᠢᠭᠦᠯᠬᠦ ᠦᠢᠯᠡᠴᠢᠯᠡᠭᠡ | ᠬᠠᠩᠭᠠᠬᠤ ᠶᠢ ᠳᠡᠮᠵᠢᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠭᠤᠣᠯ | ᠴᠣᠭᠴᠠ ᠶᠢ ᠵᠣᠷᠢᠭᠵᠢᠭᠤᠯᠵᠤ ᠪᠠᠶᠢᠭᠠᠳ ᠡᠯ᠎ᠡ ᠱᠠᠲᠤᠨ ᠤ ᠵᠠᠰᠠᠭ ᠤᠨ ᠣᠷᠳᠣᠨ ᠤ ᠨᠡᠶᠢᠳᠡᠮ ᠠᠰᠢᠭ ᠬᠦᠷᠲᠡᠭᠡᠬᠦ | ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠎ᠠ᠃ | ᠨᠡᠶᠢᠭᠡᠮ ᠲᠣᠭᠤᠷᠢᠭ ᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠵᠤ᠂ ᠣᠷᠣᠰᠢᠨ | ᠰᠠᠭᠤᠭ᠎ᠠ ᠨᠡᠶᠢᠭᠡᠮ ᠲᠣᠭᠤᠷᠢᠭ ᠤᠨ ᠨᠢᠯᠬ᠎ᠠ ᠬᠡᠦᠬᠡᠳ ᠤᠨ ᠠᠵᠢᠯᠯᠠᠭᠠᠨ ᠤ ᠲᠠᠯᠠᠪᠤᠷ ᠭᠠᠵᠠᠷ ᠪᠠ ᠦᠢᠯᠡᠴᠢᠯᠡᠭᠡᠨ ᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠣᠶᠤᠨᠴᠢ ᠪᠠᠷ ᠠᠰᠠᠷᠠᠨ ᠬᠥᠮᠥᠵᠢᠭᠦᠯᠬᠦ | ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ᠭᠡᠷ ᠪᠦᠯᠢ ᠶᠢᠨ ᠨᠠᠶᠢᠳᠠᠨ ᠬᠥᠮᠥᠵᠢᠭᠦᠯᠬᠦ | ᠴᠢᠭ᠋ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠦᠶ᠎ᠡ ᠠᠯᠤᠰᠯᠠᠨ | ᠬᠠᠷᠠᠭᠠᠯᠵᠠᠬᠤ᠂ ᠭᠡᠷ ᠪᠦᠯᠢ ᠪᠠᠷ ᠢᠶᠠᠨ ᠬᠠᠷᠢᠯᠴᠠᠨ ᠬᠠᠪᠰᠤᠷᠤᠯᠴᠠᠬᠤ ᠵᠡᠷᠭᠡ ᠬᠠᠷᠠᠭᠠᠯᠵᠠᠨ | ᠠᠰᠠᠷᠠᠬᠤ ᠵᠠᠭᠪᠤᠷ ᠢ ᠳᠡᠮᠵᠢᠨ᠎ᠡ᠃ ᠭᠡᠷ ᠠᠬᠤᠢ ᠶᠢᠨ ᠠᠵᠤ ᠠᠬᠤᠶᠢᠯᠠᠯ ᠤᠨ ᠬᠡᠦᠬᠡᠳ ᠪᠣᠶᠢᠵᠢᠭᠤᠯᠬᠤ | ᠦᠢᠯᠡᠴᠢᠯᠡᠭᠡ ᠪᠠᠨ ᠥᠷᠭᠡᠳᠬᠡᠬᠦ ᠶᠢ ᠳᠡᠮᠵᠢᠨ᠎ᠡ᠃ ᠨᠥᠬᠦᠴᠡᠯ ᠲᠠᠢ ᠬᠡᠦᠬᠡᠳ ᠤᠨ ᠴᠡᠴᠡᠷᠯᠢᠭ ᠤᠨ 2 —3 ᠨᠠᠰᠤᠨ ᠤ | ᠬᠡᠦᠬᠡᠳ ᠢ ᠡᠯᠰᠡᠬᠦ ᠶᠢ ᠵᠣᠷᠢᠭᠵᠢᠭᠤᠯᠤᠨ ᠳᠡᠮᠵᠢᠨ᠎ᠡ᠃ ᠬᠡᠦᠬᠡᠳ ᠤᠨ ᠡᠷᠲᠡ ᠦᠶ᠎ᠡ ᠶᠢᠨ ᠬᠥᠭᠵᠢᠯᠲᠡ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠪᠠᠶᠢᠭᠤᠯᠤᠮᠵᠢ ᠪᠠ ᠴᠢᠳᠠᠪᠤᠷᠢᠲᠠᠨ ᠤ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠶᠢᠭᠤᠯᠤᠮᠵᠢ ᠪᠠ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠨᠢᠯᠬ᠎ᠠ ᠬᠡᠦᠬᠡᠳ ᠢ | ᠬᠠᠷᠠᠭᠠᠯᠵᠠᠨ ᠠᠰᠠᠷᠠᠬᠤ ᠠᠵᠢᠯ ᠡᠷᠬᠢᠯᠡᠭᠰᠡᠳ ᠤᠨ ᠪᠣᠯᠪᠠᠰᠤᠷᠠᠯ ᠥᠷᠨᠢᠭᠦᠯᠬᠦ ᠶᠢ ᠵᠣᠷᠢᠭᠵᠢᠭᠤᠯᠵᠤ᠂ ᠠᠵᠢᠯ | ᠡᠷᠬᠢᠯᠡᠭᠰᠡᠳ ᠤᠨ ᠠᠵᠢᠯ ᠮᠡᠷᠭᠡᠵᠢᠯ ᠤᠨ ᠬᠢᠷᠢ ᠬᠡᠮ ᠤᠨ ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠠᠯᠬᠤᠮ | ᠠᠯᠬᠤᠮ ᠢᠶᠠᠷ ᠬᠡᠷᠡᠭᠵᠢᠭᠦᠯᠦᠨ᠎ᠡ᠃ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠷᠢᠮᠵᠢᠶ᠎ᠠ ᠵᠢᠷᠤᠮᠵᠢᠯ ᠢ ᠲᠣᠭᠲᠠᠭᠠᠨ | ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | 6᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢ | ᠴᠢᠩᠭᠠᠳᠬᠠᠨ᠎ᠠ᠃ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠲᠤᠯᠠᠬᠤ ᠡᠲᠡᠭᠡᠳ ᠢ ᠲᠣᠳᠣᠷᠬᠠᠶᠢᠯᠠᠨ᠂ | ᠮᠠᠭᠠᠳᠯᠠᠨ ᠲᠣᠭᠲᠠᠭᠠᠬᠤ ᠴᠤᠪᠤᠷᠠᠯ ᠢ ᠵᠢᠷᠤᠮᠵᠢᠭᠤᠯᠵᠤ᠂ ᠪᠠᠲᠤᠯᠠᠭ᠎ᠠ ᠶᠢᠨ ᠪᠠᠷᠢᠮᠵᠢᠶ᠎ᠠ ᠶᠢ ᠵᠦᠢ ᠵᠣᠬᠢᠰᠲᠠᠢ | ᠳᠡᠭᠡᠭᠰᠢᠯᠡᠭᠦᠯᠦᠨ᠎ᠡ᠃ ᠲᠦᠷᠦᠯ ᠰᠠᠳᠤᠨ ᠢᠶᠠᠨ ᠠᠰᠠᠷᠠᠨ ᠲᠡᠵᠢᠭᠡᠬᠦ᠂ ᠭᠡᠷ ᠪᠦᠯᠢ ᠳᠤ ᠨᠠᠶᠢᠳᠠᠨ ᠲᠡᠵᠢᠭᠡᠯᠭᠡᠬᠦ᠂ | ᠪᠠᠶᠢᠭᠤᠯᠤᠮᠵᠢ ᠠᠴᠠ ᠠᠰᠠᠷᠠᠨ ᠬᠥᠮᠥᠵᠢᠭᠦᠯᠬᠦ ᠪᠠ ᠥᠨᠥᠴᠢᠨ ᠬᠡᠦᠬᠡᠳ ᠢ ᠬᠠᠤᠯᠢ ᠶᠣᠰᠣᠭᠠᠷ ᠡᠷᠭᠦᠨ ᠲᠡᠵᠢᠭᠡᠵᠦ | ᠲᠥᠪᠬᠢᠨᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠰᠠᠷᠠᠨ ᠬᠥᠮᠥᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ | ᠲᠡᠵᠢᠭᠡᠬᠦ ᠬᠥᠮᠥᠨ ᠦᠭᠡᠢ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠬᠡᠦᠬᠡᠳ ᠡᠷᠭᠦᠨ ᠲᠡᠵᠢᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠤᠯᠤᠰ ᠤᠨ ᠳᠣᠲᠣᠭᠠᠳᠤ ᠶᠢᠨ ᠭᠡᠷ ᠪᠦᠯᠢ ᠶᠢᠨ ᠡᠪᠡᠳᠴᠢᠨ ᠲᠠᠢ ᠵᠡᠮᠳᠡᠭ ᠬᠡᠦᠬᠡᠳ ᠡᠷᠭᠦᠨ ᠲᠡᠵᠢᠭᠡᠬᠦ ᠶᠢ ᠬᠥᠲᠥᠯᠥᠨ | ᠵᠢᠯᠤᠭᠤᠳᠤᠨ᠎ᠠ᠃ ᠡᠷᠭᠦᠨ ᠲᠡᠵᠢᠭᠡᠬᠦ ᠶᠢ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ | ᠡᠷᠭᠦᠨ ᠲᠡᠵᠢᠭᠡᠭᠰᠡᠨ ᠪᠠᠶᠢᠳᠠᠯ ᠤᠨ ᠲᠤᠬᠠᠢ ᠬᠠᠷᠢᠭᠤ ᠰᠣᠷᠪᠤᠯᠵᠢᠯᠠᠭ᠎ᠠ ᠳᠤ ᠬᠢᠨᠠᠯᠲᠠ ᠲᠠᠯᠪᠢᠬᠤ ᠳᠦᠷᠢᠮ ᠢ | ᠪᠠᠶᠢᠭᠤᠯᠵᠤ᠂ ᠡᠷᠭᠦᠨ ᠲᠡᠵᠢᠭᠡᠬᠦ ᠳᠠᠩᠰᠠᠯᠠᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ ᠢ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | 7᠂ ᠵᠡᠮᠳᠡᠭ ᠬᠡᠦᠬᠡᠳ ᠤᠨ ᠡᠷᠡᠭᠦᠯᠵᠢᠯ ᠤᠨ ᠠᠪᠤᠷᠠᠨ ᠲᠤᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ | ᠬᠡᠦᠬᠡᠳ ᠤᠨ ᠵᠡᠮᠳᠡᠭ ᠪᠣᠯᠬᠤ ᠶᠢ ᠤᠷᠢᠳᠴᠢᠯᠠᠨ ᠰᠡᠷᠭᠡᠶᠢᠯᠡᠬᠦ᠂ ᠡᠷᠲᠡ ᠠᠴᠠ ᠰᠢᠭᠰᠢᠨ ᠪᠠᠶᠢᠴᠠᠭᠠᠬᠤ᠂ ᠣᠨᠣᠰᠢᠯᠠᠨ | ᠵᠠᠰᠠᠬᠤ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠵᠡᠮᠳᠡᠭ | ᠪᠣᠯᠤᠭᠰᠠᠨ ᠢ ᠮᠡᠳᠡᠭᠦᠯᠬᠦ ᠪᠠ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠳᠦᠷᠢᠮ ᠢ ᠪᠠᠶᠢᠭᠤᠯᠬᠤ ᠶᠢ ᠠᠬᠢᠭᠤᠯᠤᠨ᠎ᠠ᠃ | ᠦᠨᠳᠦᠰᠦᠨ ᠬᠡᠯᠪᠡᠷᠢ᠂ ᠣᠯᠠᠨ ᠲᠦᠮᠡᠨᠴᠢᠯᠡᠭᠰᠡᠨ ᠲᠤᠰᠠᠯᠠᠬᠤ ᠪᠠᠭᠠᠵᠢ ᠬᠡᠷᠡᠭᠰᠡᠯ ᠢᠶᠠᠷ ᠭᠤᠣᠯ ᠪᠣᠯᠭᠠᠵᠤ᠂ | ᠵᠡᠮᠳᠡᠭᠴᠦᠳ ᠤᠨ ᠦᠨᠳᠦᠰᠦᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠳᠤ ᠨᠥᠬᠦᠪᠦᠷᠢ ᠥᠭᠬᠦ ᠳᠦᠷᠢᠮ ᠢ | ᠰᠦᠪᠡᠭᠴᠢᠯᠡᠨ ᠪᠠᠶᠢᠭᠤᠯᠤᠨ᠎ᠠ᠃ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠪᠦᠷᠬᠦᠴᠡ ᠶᠢᠨ | ᠨᠣᠷᠮ᠎ᠠ ᠶᠢ ᠳᠡᠭᠡᠭᠰᠢᠯᠡᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭ ᠬᠡᠦᠬᠡᠳ ᠲᠤ ᠡᠷᠡᠭᠦᠯᠵᠢᠯ ᠤᠨ ᠡᠮᠴᠢᠯᠡᠭᠡ᠂ | ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ᠂ ᠡᠷᠡᠭᠦᠯᠵᠢᠯ ᠤᠨ ᠪᠣᠯᠪᠠᠰᠤᠷᠠᠯ ᠵᠡᠷᠭᠡ ᠦᠨᠳᠦᠰᠦᠨ ᠡᠷᠡᠭᠦᠯᠵᠢᠯ ᠤᠨ | ᠦᠢᠯᠡᠴᠢᠯᠡᠭᠡ ᠬᠠᠩᠭᠠᠵᠤ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠲᠠᠰ ᠳᠡᠪᠰᠢᠭᠦᠯᠬᠦ ᠶᠢ ᠠᠬᠢᠭᠤᠯᠤᠨ᠎ᠠ᠃ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠵᠡᠮᠳᠡᠭ ᠬᠡᠦᠬᠡᠳ ᠢ ᠡᠷᠡᠭᠦᠯᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ | ᠨᠡᠮᠡᠭᠳᠡᠭᠦᠯᠵᠦ᠂ ᠵᠡᠮᠳᠡᠭ ᠬᠡᠦᠬᠡᠳ ᠢ ᠡᠷᠡᠭᠦᠯᠵᠢᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠡᠶᠢᠭᠡᠮ ᠤᠨ ᠵᠡᠮᠳᠡᠭ ᠬᠡᠦᠬᠡᠳ ᠲᠤ ᠬᠠᠨᠳᠤᠭᠤᠯᠤᠨ ᠣᠷᠣᠯᠠᠨ | ᠬᠠᠷᠠᠭᠠᠯᠵᠠᠬᠤ᠂ ᠥᠰᠬᠡᠨ ᠬᠥᠮᠥᠵᠢᠭᠦᠯᠬᠦ ᠬᠠᠪᠰᠤᠷᠤᠨ ᠵᠢᠯᠤᠭᠤᠳᠬᠤ᠂ ᠡᠷᠡᠭᠦᠯᠵᠢᠭᠦᠯᠬᠦ ᠪᠣᠯᠪᠠᠰᠤᠷᠠᠯ ᠵᠡᠷᠭᠡ | ᠦᠢᠯᠡᠴᠢᠯᠡᠭᠡᠨ ᠥᠷᠨᠢᠭᠦᠯᠬᠦ ᠶᠢ ᠳᠡᠮᠵᠢᠬᠦ ᠳᠡᠮᠵᠢᠨ᠎ᠡ᠃ | 8᠂ ᠲᠡᠨᠦᠭᠦᠯ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠠᠵᠢᠯ ᠢ ᠴᠢᠩᠭᠠᠳᠬᠠᠨ᠎ᠠ᠃ | ᠲᠡᠨᠦᠭᠦᠴᠢᠯᠡᠵᠦ ᠪᠠᠶᠢᠭ᠎ᠠ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠣᠣᠷ ᠰᠦᠯᠵᠢᠶᠡᠨ ᠤ ᠰᠢᠰᠲ᠋ᠧᠮᠵᠢ | ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠲᠡᠨᠦᠭᠦᠯ ᠬᠡᠦᠬᠡᠳ ᠢ ᠵᠡᠭᠡᠯᠢ ᠳᠡᠭᠡᠷ᠎ᠡ ᠲᠣᠭᠤᠷᠢᠨ ᠪᠠᠶᠢᠴᠠᠭᠠᠬᠤ ᠪᠠ | ᠰᠢᠯᠵᠢᠭᠦᠯᠦᠨ ᠲᠠᠨᠢᠯᠴᠠᠭᠤᠯᠵᠤ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠲᠡᠨᠦᠭᠦᠴᠢᠯᠡᠵᠦ ᠪᠠᠶᠢᠭ᠎ᠠ ᠬᠡᠦᠬᠡᠳ ᠲᠤ | ᠬᠠᠤᠯᠢ ᠲᠣᠭᠲᠠᠭᠠᠯ ᠶᠣᠰᠣᠭᠠᠷ ᠠᠮᠢᠳᠤᠷᠠᠯ ᠤᠨ ᠬᠠᠷᠠᠭᠠᠯᠵᠠᠯ ᠦᠵᠡᠭᠦᠯᠬᠦ᠂ ᠪᠡᠶ᠎ᠡ ᠶᠢᠨ ᠭᠠᠷᠤᠯ ᠢ ᠪᠠᠶᠢᠴᠠᠭᠠᠨ ᠯᠠᠪᠯᠠᠬᠤ᠂ | ᠲᠤᠰᠴᠤ ᠬᠦᠷᠭᠡᠵᠦ ᠪᠤᠴᠠᠭᠠᠬᠤ ᠵᠡᠷᠭᠡ ᠦᠢᠯᠡᠴᠢᠯᠡᠭᠡᠨ ᠢ ᠬᠠᠩᠭᠠᠨ᠎ᠠ᠃ ᠵᠠᠰᠠᠭ ᠤᠨ ᠣᠷᠳᠣᠨ ᠠᠴᠠ ᠡᠬᠢ | ᠡᠭᠦᠰᠦᠯ ᠠᠴᠠ ᠨᠢ ᠵᠠᠰᠠᠬᠤ ᠪᠠ ᠡᠭᠡᠭᠦᠯᠦᠨ ᠪᠤᠴᠠᠭᠠᠵᠤ ᠲᠣᠭᠲᠠᠭᠤᠨ ᠪᠠᠶᠢᠯᠭᠠᠬᠤ ᠲᠣᠭᠲᠠᠴᠠ ᠶᠢ ᠪᠠᠶᠢᠭᠤᠯᠵᠤ᠂ | ᠲᠡᠨᠦᠭᠦᠴᠢᠯᠡᠵᠦ ᠪᠠᠶᠢᠭ᠎ᠠ ᠬᠡᠦᠬᠡᠳ ᠤᠨ ᠨᠡᠶᠢᠭᠡᠮ ᠤᠨ ᠪᠠᠲᠤᠯᠠᠭ᠎ᠠ ᠪᠣᠯᠣᠨ ᠠᠯᠪᠠᠨ ᠵᠢᠷᠤᠮ ᠤᠨ ᠰᠤᠷᠭᠠᠨ ᠬᠥᠮᠦᠵᠢᠯ | ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠡᠨᠦᠭᠦᠴᠢᠯᠡᠵᠦ ᠪᠠᠶᠢᠭ᠎ᠠ ᠬᠡᠦᠬᠡᠳ ᠤᠨ ᠡᠴᠢᠭᠡ ᠡᠬᠡ | ᠪᠤᠶᠤ ᠪᠤᠰᠤᠳ ᠬᠢᠨᠠᠨ ᠬᠠᠮᠠᠭᠠᠯᠠᠭᠴᠢ ᠶᠢ ᠬᠥᠮᠥᠵᠢᠭᠦᠯᠦᠨ ᠱᠠᠯᠠᠪᠳᠠᠭᠤᠯᠵᠦ ᠪᠠᠶᠢᠭᠠᠳ ᠠᠰᠠᠷᠠᠨ ᠲᠡᠵᠢᠭᠡᠬᠦ | ᠡᠭᠦᠷᠭᠡ ᠶᠢ ᠨᠢ ᠭᠦᠢᠴᠡᠳᠬᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠢ ᠭᠤᠯᠣᠵᠤ ᠤᠷᠬᠢᠬᠤ᠂ ᠬᠠᠯᠠ ᠦᠵᠡᠭᠦᠯᠬᠦ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠤᠬᠢᠯᠲᠠ ᠦᠭᠭᠦᠨ᠎ᠡ᠃ | 9᠂ ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠴᠢᠩᠭᠠᠳᠬᠠᠨ᠎ᠠ᠃ | ᠭᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠰᠢᠰᠲ᠋ᠧᠮᠵᠢ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠎ᠡ᠃ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠠᠷᠠᠭᠠᠯᠵᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠭᠤ | ᠰᠠᠨᠠᠭ᠎ᠠ ᠲᠠᠢ ᠪᠠᠷ ᠲᠡᠵᠢᠭᠡᠬᠦ ᠪᠠᠨ ᠪᠣᠯᠢᠭᠰᠠᠨ ᠵᠡᠷᠭᠡ ᠪᠠᠶᠢᠳᠠᠯ ᠲᠠᠢ ᠬᠢᠨᠠᠨ ᠬᠠᠮᠠᠭᠠᠯᠠᠭᠴᠢ ᠶᠢ ᠬᠠᠤᠯᠢ ᠶᠣᠰᠣᠭᠠᠷ | ᠴᠢᠩᠭ᠎ᠠ ᠵᠠᠯᠬᠠᠭᠠᠨ ᠰᠢᠳᠭᠡᠵᠦ᠂ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠠᠷᠭ᠎ᠠ | ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠴᠢᠩᠭᠠᠳᠬᠠᠵᠤ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠡᠪᠦᠯ ᠵᠣᠨ ᠤ ᠠᠮᠠᠷᠠᠯᠲᠠ ᠶᠢᠨ ᠣᠨᠴᠣᠭᠤᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠰᠡᠳᠬᠢᠴᠡ᠂ ᠬᠠᠶᠢᠷ᠎ᠠ ᠰᠡᠳᠬᠢᠯᠭᠡ᠂ ᠦᠶᠯᠡ | ᠠᠵᠢᠯᠯᠠᠭ᠎ᠠ ᠪᠠ ᠠᠮᠤᠷ ᠲᠦᠪᠰᠢᠨ ᠢᠶᠠᠷ ᠥᠪᠡᠷ ᠢ ᠪᠠᠨ ᠬᠠᠮᠠᠭᠠᠯᠠᠬᠤ ᠶᠢᠨ ᠵᠢᠯᠣᠭᠤᠳᠤᠯᠭ᠎ᠠ ᠦᠢᠯᠡᠴᠢᠯᠡᠭᠡ ᠶᠢ | ᠴᠢᠩᠭᠠᠳᠬᠠᠨ᠎ᠠ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠳᠡᠪᠬᠢᠲᠡᠢ ᠪᠠᠷ | ᠰᠠᠨᠠᠭᠠᠴᠢᠯᠠᠵᠤ᠂ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠭᠡᠷ ᠲᠡᠭᠡᠨ ᠬᠤᠴᠣᠷᠤᠭᠰᠠᠨ ᠨᠠᠰᠤᠨ ᠳᠤ ᠥᠯᠥ | ᠬᠦᠷᠦᠭᠰᠡᠨ ᠦᠷ᠎ᠡ ᠬᠡᠦᠬᠡᠳ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠬᠤ ᠳᠤ ᠳᠡᠮᠵᠢᠯᠭᠡ | ᠬᠠᠩᠭᠠᠨ᠎ᠠ᠃ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ | ᠭᠡᠷ ᠲᠡᠭᠡᠨ ᠬᠤᠴᠣᠷᠤᠭᠰᠠᠨ ᠬᠡᠦᠬᠡᠳ ᠤᠨ ᠦᠵᠡᠭᠳᠡᠯ ᠢ ᠡᠬᠢ ᠡᠭᠦᠰᠦᠯ ᠠᠴᠠ ᠨᠢ ᠪᠠᠭᠠᠰᠬᠠᠨ᠎ᠠ᠃ | 10᠂ ᠨᠡᠭᠦᠳᠡᠯ ᠬᠡᠦᠬᠡᠳ ᠤᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠷᠦᠭᠡ ᠠᠮᠠ ᠶᠢᠨ | ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠣᠷᠣᠰᠢᠨ ᠰᠠᠭᠤᠬᠤ ᠦᠨᠡᠮᠯᠡᠯ ᠢᠶᠠᠷ | ᠠᠴᠢᠶᠠᠯᠠᠪᠤᠷᠢ ᠪᠣᠯᠭᠠᠭᠰᠠᠨ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠨᠥᠬᠦᠴᠡᠯ ᠲᠠᠢ | ᠬᠤᠯᠪᠣᠭᠳᠠᠭᠤᠯᠤᠭᠰᠠᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠲᠣᠭᠲᠠᠴᠠ ᠶᠢ ᠪᠦᠷᠢᠨᠰᠢᠭᠦᠯᠵᠦ᠂ | ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠵᠤ᠂ ᠬᠡᠦᠬᠡᠳ ᠤᠨ ᠰᠤᠷᠭᠠᠨ ᠬᠥᠮᠦᠵᠢᠯ᠂ ᠡᠮ | ᠡᠮᠨᠡᠯᠭᠡ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ | ᠡᠳ᠋ᠯᠡᠬᠦ ᠶᠢ ᠪᠠᠲᠤᠯᠠᠨ᠎ᠠ᠃ ᠨᠡᠶᠢᠭᠡᠮ ᠲᠣᠭᠤᠷᠢᠭ ᠢᠶᠠᠷ ᠲᠦᠰᠢᠭ ᠪᠣᠯᠭᠠᠭᠰᠠᠨ᠂ ᠨᠡᠭᠦᠳᠡᠯ ᠬᠡᠦᠬᠡᠳ ᠤᠨ ᠭᠡᠷ ᠪᠦᠯᠢ ᠳᠤ | ᠬᠠᠨᠳᠤᠭᠤᠯᠤᠭᠰᠠᠨ ᠬᠠᠮᠢᠶᠠᠷᠤᠯᠲᠠ ᠪᠠ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠲᠤᠰᠬᠠᠢ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠨᠡᠭᠦᠳᠡᠯ ᠬᠡᠦᠬᠡᠳ ᠵᠢᠴᠢ ᠭᠡᠷ ᠪᠦᠯᠢ ᠶᠢᠨ ᠨᠡᠶᠢᠭᠡᠮ | ᠲᠣᠭᠤᠷᠢᠭ ᠲᠤ ᠠᠭᠤᠰᠤᠯᠴᠠᠬᠤ ᠶᠢ ᠠᠬᠢᠭᠤᠯᠤᠨ᠎ᠠ᠃ | 11᠂ ᠬᠡᠦᠬᠡᠳ ᠤᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠤᠳ | ᠨᠢᠭᠡᠳᠦᠯᠲᠡᠢ ᠲᠥᠯᠥᠪᠯᠡᠬᠦ᠂ ᠣᠯᠠᠨ ᠲᠠᠯ᠎ᠠ ᠶᠢᠨ ᠬᠢᠨ ᠣᠷᠣᠯᠴᠠᠬᠤ᠂ ᠬᠡᠦᠬᠡᠳ ᠤᠨ ᠭᠡᠷ ᠪᠦᠯᠢ ᠶᠢ ᠬᠠᠮᠲᠤᠪᠠᠷ | ᠪᠦᠲᠦᠭᠡᠨ ᠪᠠᠶᠢᠭᠤᠯᠬᠤ ᠠᠵᠢᠯ ᠤᠨ ᠪᠠᠶᠢᠷᠢᠰᠢᠯ ᠢ ᠪᠦᠷᠢᠨᠰᠢᠭᠦᠯᠵᠦ᠂ ᠬᠡᠦᠬᠡᠳ ᠤᠨ ᠭᠡᠷ ᠪᠦᠯᠢ ᠶᠢᠨ ᠪᠦᠷᠬᠦᠴᠡ ᠶᠢᠨ | ᠨᠣᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠬᠡᠦᠬᠡᠳ ᠵᠢᠴᠢ | ᠲᠡᠳᠡᠨ ᠤ ᠭᠡᠷ ᠪᠦᠯᠢ ᠳᠤ ᠲᠣᠭᠯᠠᠭᠠᠮ᠂ ᠵᠤᠭ᠎ᠠ ᠴᠡᠩᠭᠡᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ | ᠰᠡᠳᠬᠢᠴᠡ ᠶᠢᠨ ᠳᠡᠮᠵᠢᠯᠭᠡ ᠪᠠ ᠰᠢᠯᠵᠢᠭᠦᠯᠦᠨ ᠲᠠᠨᠢᠯᠴᠠᠭᠤᠯᠬᠤ ᠵᠡᠷᠭᠡ ᠦᠢᠯᠡᠴᠢᠯᠡᠭᠡ ᠬᠠᠩᠭᠠᠬᠤ ᠬᠡᠦᠬᠡᠳ ᠤᠨ ᠭᠡᠷ | ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠬᠡᠦᠬᠡᠳ ᠤᠨ ᠭᠡᠷ ᠪᠦᠯᠢ ᠶᠢᠨ | ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠡᠦᠬᠡᠳ ᠤᠨ ᠭᠡᠷ ᠪᠦᠯᠢ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠠᠵᠢᠯ ᠤᠨ ᠳᠦᠷᠢᠮ ᠪᠠ ᠬᠠᠮᠢᠶᠠᠷᠤᠯᠲᠠ ᠶᠢᠨ ᠵᠢᠷᠤᠮᠵᠢᠯ ᠢ | ᠲᠡᠭᠦᠯᠳᠡᠷᠵᠢᠭᠦᠯᠦᠨ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ ᠨᠡᠶᠢᠭᠡᠮ ᠲᠣᠭᠤᠷᠢᠭ ᠤᠨ | ᠬᠡᠦᠬᠡᠳ ᠤᠨ ᠡᠷᠬᠢᠯᠡᠭᠴᠢ ᠪᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠭᠡᠰᠢᠭᠦᠨ ᠤ | ᠦᠢᠯᠡᠳᠦᠯ ᠢ ᠪᠠᠳᠠᠷᠠᠭᠤᠯᠤᠨ᠂ ᠬᠠᠮᠢᠶᠠᠷᠤᠯᠲᠠ ᠪᠠ ᠬᠡᠷᠡᠭᠯᠡᠯᠲᠡ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠡᠦᠬᠡᠳ ᠤᠨ ᠭᠡᠷ ᠪᠦᠯᠢ ᠶᠢᠨ ᠦᠢᠯᠡᠴᠢᠯᠡᠭᠡᠨ ᠤ ᠴᠠᠭ ᠢ ᠣᠷᠳᠣ ᠪᠠᠶᠢᠯᠭᠠᠬᠤ ᠶᠢ ᠪᠠᠲᠤᠯᠠᠵᠤ᠂ ᠦᠢᠯᠡᠴᠢᠯᠡᠭᠡᠨ ᠤ | ᠠᠭᠤᠯᠭ᠎ᠠ ᠶᠢ ᠥᠷᠭᠡᠳᠬᠡᠨ᠂ ᠦᠢᠯᠡᠴᠢᠯᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠦᠢᠯᠡᠴᠢᠯᠡᠭᠡ ᠬᠤᠳᠠᠯᠳᠤᠨ | ᠠᠪᠬᠤ᠂ ᠲᠥᠷᠥᠯ ᠵᠦᠢᠯ ᠢᠶᠠᠷ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠷᠢ ᠬᠡᠮ ᠲᠠᠢ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ ᠬᠡᠦᠬᠡᠳ ᠲᠤ ᠲᠤᠰᠬᠠᠶᠢᠵᠢᠭᠰᠠᠨ᠂ | ᠨᠠᠷᠢᠯᠢᠭᠵᠢᠭᠤᠯᠤᠭᠰᠠᠨ ᠦᠢᠯᠡᠴᠢᠯᠡᠭᠡᠨ ᠬᠠᠩᠭᠠᠵᠤ᠂ ᠬᠡᠦᠬᠡᠳ ᠤᠨ ᠭᠡᠷ ᠪᠦᠯᠢ ᠶᠢᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠪᠠ ᠬᠡᠦᠬᠡᠳ ᠤᠨ ᠬᠠᠮᠠᠭᠠᠯᠠᠯᠲᠠ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 12᠂ ᠦᠨᠳᠦᠰᠦᠨ ᠱᠠᠲᠤᠨ ᠤ ᠬᠡᠦᠬᠡᠳ ᠢ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠤ ᠬᠡᠦᠬᠡᠳ ᠢ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠶᠢᠳᠠᠨ | ᠬᠥᠮᠥᠵᠢᠭᠦᠯᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ᠂ | ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠲᠣᠰᠬᠤᠨ ︵ᠰᠠᠭᠤᠭᠠᠯᠢ︶ | ᠤ ᠠᠷᠠᠳ ᠤᠨ ᠵᠥᠪᠯᠡᠯ ᠵᠡᠷᠭᠡ ᠭᠤᠣᠯ ᠴᠣᠭᠴᠠ ᠶᠢ ᠱᠠᠯᠠᠪᠳᠠᠭᠤᠯᠵᠦ ᠪᠠᠶᠢᠭᠠᠳ ᠰᠠᠨᠠᠭᠠᠴᠢᠯᠠᠭ᠎ᠠ ᠠᠴᠠ ᠪᠠᠨ | ᠮᠡᠳᠡᠭᠦᠯᠬᠦ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠥᠨᠥᠴᠢᠨ ᠬᠡᠦᠬᠡᠳ᠂ ᠪᠣᠳᠠᠲᠤ ᠶᠠᠪᠤᠳᠠᠯ ᠳᠤ ᠠᠰᠠᠷᠠᠨ | ᠲᠡᠵᠢᠭᠡᠬᠦ ᠬᠥᠮᠥᠨ ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ | ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠨᠡᠶᠢᠲᠡ ᠴᠣᠭᠴᠠ ᠪᠠ ᠬᠦᠴᠦᠷᠬᠡᠭᠯᠡᠯ ᠢᠶᠠᠷ ᠭᠡᠮᠲᠦᠭᠡᠭᠰᠡᠨ | ᠬᠡᠦᠬᠡᠳ ᠢ ᠠᠯᠪᠠᠳᠠᠯᠭ᠎ᠠ ᠪᠠᠷ ᠮᠡᠳᠡᠭᠦᠯᠬᠦ ᠡᠭᠦᠷᠭᠡ ᠶᠢ ᠭᠦᠢᠴᠡᠳᠬᠡᠨ᠎ᠡ᠃ ᠪᠦᠬᠦ ᠤᠯᠤᠰ ᠤᠨ ᠨᠢᠭᠡᠳᠦᠯᠲᠡᠢ ᠨᠠᠰᠤᠨ ᠳᠤ | ᠥᠯᠥ ᠬᠦᠷᠦᠭᠰᠡᠳ ᠢ ᠬᠠᠮᠠᠭᠠᠯᠠᠬᠤ ᠬᠠᠯᠠᠭᠤᠨ ᠤᠲᠠᠰᠤ ᠶᠢ ᠨᠠᠪᠲᠠᠷᠡᠭᠦᠯᠵᠦ᠂ ᠬᠡᠦᠬᠡᠳ ᠤᠨ ᠬᠠᠤᠯᠢ ᠶᠣᠰᠣᠨ ᠤ | ᠡᠷᠬᠡ ᠠᠰᠢᠭ ᠲᠤ ᠬᠠᠯᠳᠠᠭᠰᠠᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ᠂ ᠰᠢᠯᠵᠢᠭᠦᠯᠦᠨ | ᠲᠠᠨᠢᠯᠴᠠᠭᠤᠯᠵᠤ᠂ ᠬᠡᠦᠬᠡᠳ ᠤᠨ ᠬᠦᠴᠢᠷᠳᠡᠯ ᠳᠤ ᠲᠤᠯᠭᠠᠷᠠᠭᠰᠠᠨ ᠪᠠᠶᠢᠳᠠᠯ ᠠᠴᠠ ᠲᠤᠰᠠᠯᠠᠮᠵᠢ ᠭᠤᠶᠤᠴᠢᠯᠠᠬᠤ ᠪᠠ | ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠡᠷᠡᠭ ᠤᠨ ᠰᠦᠪᠡᠭᠴᠢ ᠶᠢ ᠴᠠᠭ ᠲᠤᠬᠠᠢ ᠳᠤᠨᠢ | ᠭᠥᠯᠢᠶᠡᠨ ᠠᠪᠴᠤ ᠰᠢᠢᠳᠪᠦᠷᠢᠯᠡᠵᠦ᠂ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠯᠠᠪᠯᠠᠭ᠎ᠠ ᠪᠠ ᠬᠠᠪᠰᠤᠷᠤᠨ ᠲᠡᠳᠬᠦᠵᠦ ᠰᠢᠯᠵᠢᠭᠦᠯᠦᠨ ᠲᠠᠨᠢᠯᠴᠠᠭᠤᠯᠬᠤ ᠵᠡᠷᠭᠡ | ᠦᠢᠯᠡᠴᠢᠯᠡᠭᠡᠨ ᠢ ᠬᠠᠩᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠ | ᠬᠠᠮᠵᠢᠯᠴᠠᠬᠤ ᠲᠠᠰ ᠳᠠᠷᠠᠭᠠᠯᠠᠯ ᠢ ᠲᠣᠳᠣᠷᠬᠠᠶᠢᠯᠠᠨ᠂ ︽ᠨᠢᠭᠡ ᠥᠷᠲᠡᠭᠡ ᠮᠠᠶ᠋ᠢᠭ︾ ᠤᠨ ᠬᠦᠴᠢᠷᠳᠡᠯ ᠳᠤ ᠲᠤᠯᠭᠠᠷᠠᠭᠰᠠᠨ | ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ︽ᠨᠢᠭᠡ ᠰᠠᠯᠠᠭ᠎ᠠ | ᠮᠥᠴᠢᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ︾ ᠠᠵᠢᠯ ᠤᠨ ᠲᠣᠭᠲᠠᠴᠠ ᠶᠢ ᠪᠣᠶ ᠪᠤᠯᠭᠠᠨ᠎ᠠ᠃ | | 13᠂ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠬᠡᠦᠬᠡᠳ ᠤᠨ | ᠠᠰᠠᠷᠠᠮᠵᠢ ᠶᠢᠨ ᠪᠠᠶᠢᠭᠤᠯᠤᠮᠵᠢ ᠪᠠ ᠦᠨᠳᠦᠰᠦᠨ ᠱᠠᠲᠤᠨ ᠤ ᠬᠡᠦᠬᠡᠳ ᠤᠨ ᠠᠵᠢᠯ ᠤᠨ ᠡᠩᠨᠡᠭᠡ ᠶᠢᠨ | ᠦᠢᠯᠡᠴᠢᠯᠡᠭᠡᠨ ᠤ ᠴᠢᠳᠠᠪᠤᠷᠢ ᠵᠢᠲ᠋ᠥ᠋ᠪᠯᠡᠷᠡᠭᠦᠯᠦᠨ ᠥᠰᠬᠡᠨ ᠪᠣᠶᠢᠵᠢᠭᠤᠯᠬᠤ ᠡᠭᠦᠷᠭᠡ ᠴᠢᠳᠠᠪᠤᠷᠢ ᠶᠢ ᠡᠭᠦᠷᠭᠡᠯᠡᠵᠦ | ᠪᠠᠶᠢᠭ᠎ᠠ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠶᠠᠰᠤ ᠴᠢᠨᠠᠷ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ | ᠠᠬᠢᠭᠤᠯᠵᠤ᠂ ᠬᠡᠦᠬᠡᠳ ᠢ ᠥᠰᠬᠡᠨ ᠪᠣᠶᠢᠵᠢᠭᠤᠯᠬᠤ᠂ ᠡᠷᠡᠭᠦᠯᠵᠢᠭᠦᠯᠬᠦ᠂ ᠰᠤᠷᠭᠠᠨ ᠬᠥᠮᠦᠵᠢᠯ᠂ ᠡᠮᠴᠢᠯᠡᠭᠡ ᠂ ᠨᠡᠶᠢᠭᠡᠮ ᠤᠨ | ᠠᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ | ᠲᠥᠪ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠳᠤ ᠨᠠᠰᠤᠨ ᠳᠤ ᠦᠯᠤ | ᠬᠥᠷᠦᠭᠰᠡᠳ ᠢ ᠬᠠᠮᠠᠭᠠᠯᠠᠬᠤ ᠠᠵᠢᠯ ᠤᠨ ᠦᠷᠳᠡᠭᠡ ᠪᠠᠶᠢᠭᠤᠯᠬᠤ ᠪᠤᠶᠤ ᠲᠤᠰᠬᠠᠢ ᠠᠵᠢᠯᠲᠠᠨ ᠵᠢᠭᠠᠨ ᠲᠣᠭᠲᠠᠭᠠᠵᠤ᠂ | ᠨᠠᠰᠤᠨ ᠳᠤ ᠦᠯᠤ ᠬᠥᠷᠦᠭᠰᠡᠳ ᠤᠨ ᠬᠤᠯᠪᠣᠭᠳᠠᠯ ᠪᠦᠬᠦᠢ ᠬᠡᠷᠡᠭ ᠶᠠᠪᠤᠳᠠᠯ ᠢ ᠴᠠᠭ ᠲᠤᠬᠠᠢ ᠲᠤᠨᠢ ᠭᠦᠢᠴᠡᠳᠭᠡᠨ᠎ᠡ᠃ | ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ | ᠠᠵᠢᠯ ᠤᠨ ᠪᠠᠷᠢᠮᠵᠢᠶ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠲᠦᠷ ᠴᠠᠭ ᠤᠨ ᠬᠢᠨᠠᠨ ᠬᠠᠮᠠᠭᠠᠯᠠᠯᠲᠠ ᠶᠢᠨ | ᠪᠠᠶᠢᠳᠠᠯ ᠲᠠᠢ ᠨᠠᠰᠤᠨ ᠳᠤ ᠥᠯᠥ ᠭᠦᠷᠦᠭᠰᠡᠳ᠂ ᠨᠡᠶᠢᠭᠡᠮ ᠤᠨ ᠲᠠᠷᠠᠬᠠᠢ ᠰᠠᠭᠤᠭ᠎ᠠ ᠥᠨᠥᠴᠢᠨ ᠬᠡᠦᠬᠡᠳ᠂ ᠭᠡᠷ ᠲᠡᠭᠡᠨ | ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠳᠤ ᠦᠢᠯᠡᠴᠢᠯᠡᠭᠡ ᠬᠠᠩᠭᠠᠨ᠎ᠠ᠃ | ᠨᠠᠰᠤᠨ ᠳᠤ ᠥᠯᠥ ᠭᠦᠷᠦᠭᠰᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ᠂ ᠬᠡᠦᠬᠡᠳ ᠤᠨ ᠬᠢᠨᠠᠨ | ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠵᠤ᠂ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠵᠡᠷᠭᠡ ᠦᠨᠳᠦᠰᠦᠨ | ᠱᠠᠲᠤᠨ ᠤ ᠬᠡᠦᠬᠡᠳ ᠤᠨ ᠠᠵᠢᠯᠲᠠᠨ ᠤ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠤᠨ᠂ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | 14᠂ ᠨᠡᠶᠢᠭᠡᠮ ᠤᠨ ᠬᠦᠴᠦᠨ ᠤ ᠬᠡᠦᠬᠡᠳ ᠢ ᠬᠠᠮᠠᠭᠠᠯᠠᠬᠤ ᠪᠠ ᠦᠢᠯᠡᠴᠢᠯᠡᠬᠦ ᠠᠵᠢᠯ ᠳᠤ ᠣᠷᠣᠯᠴᠠᠬᠤ ᠶᠢ | ᠳᠡᠮᠵᠢᠵᠦ ᠬᠥᠲᠥᠯᠥᠨ ᠵᠢᠯᠣᠭᠤᠳᠤᠨ᠎ᠠ᠃ ᠵᠠᠰᠠᠭ ᠤᠨ ᠣᠷᠳᠣᠨ ᠠᠴᠠ ᠨᠠᠶᠢᠳᠠᠬᠤ᠂ ᠲᠥᠷᠥᠯ ᠵᠦᠢᠯ ᠢᠶᠠᠷ | ᠬᠠᠮᠲᠤᠷᠠᠯᠴᠠᠬᠤ᠂ ᠭᠤᠣᠯᠳᠠᠯᠭ᠎ᠠ ᠲᠠᠢ ᠲᠠᠨᠢᠯᠴᠠᠭᠤᠯᠬᠤ᠂ ᠨᠡᠪᠴᠢᠭᠦᠯᠦᠨ ᠲᠡᠳᠬᠦᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠡᠦᠬᠡᠳ ᠲᠤ ᠦᠢᠯᠡᠴᠢᠯᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠪᠣᠶᠢᠵᠢᠭᠤᠯᠤᠨ᠎ᠠ᠃ ᠨᠥᠬᠦᠴᠡᠯ ᠳᠤ ᠨᠡᠶᠢᠴᠡᠬᠦ ᠨᠠᠩ | ᠣᠯᠠᠨ ᠬᠡᠦᠬᠡᠳ ᠤᠨ ᠬᠠᠮᠠᠭᠠᠯᠠᠯᠲᠠ ᠪᠠ ᠦᠢᠯᠡᠴᠢᠯᠡᠭᠡᠨ ᠤ ᠵᠦᠢᠯᠡᠰ ᠢ ᠵᠠᠰᠠᠭ ᠤᠨ ᠣᠷᠳᠣᠨ ᠤ ᠦᠢᠯᠡᠴᠢᠯᠡᠭᠡ | ᠬᠤᠳᠠᠯᠳᠤᠨ ᠠᠪᠬᠤ ᠵᠢᠯᠣᠭᠤᠳᠤᠯᠭ᠎ᠠ ᠶᠢᠨ ᠴᠢᠨᠠᠷᠲᠠᠢ ᠭᠠᠷᠴᠠᠭ ᠲᠤ ᠣᠷᠣᠭᠤᠯᠵᠤ᠂ ᠬᠡᠦᠬᠡᠳ ᠲᠤ ᠦᠢᠯᠡᠴᠢᠯᠡᠬᠦ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠤᠲᠠ | ᠬᠥᠳᠡᠭᠡ ᠶᠢᠨ ᠨᠡᠶᠢᠭᠡᠮ ᠲᠣᠭᠤᠷᠢᠭ᠂ ᠭᠡᠷ ᠪᠦᠯᠢ ᠪᠠ ᠰᠤᠷᠭᠠᠭᠤᠯᠢ ᠳᠤ ᠦᠢᠯᠡᠴᠢᠯᠡᠭᠡ ᠬᠠᠩᠭᠠᠨ᠎ᠠ᠃ ᠬᠡᠦᠬᠡᠳ ᠤᠨ | ᠨᠡᠶᠢᠭᠡᠮ ᠤᠨ ᠠᠵᠢᠯ ᠤᠨ ᠲᠤᠰᠬᠠᠢ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠤᠷ᠎ᠠ | ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠡᠦᠬᠡᠳ ᠲᠤ ᠦᠢᠯᠡᠴᠢᠯᠡᠬᠦ ᠲᠦᠷᠦᠯ ᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠪᠠᠷ ᠴᠢᠷᠮᠠᠶᠢᠨ᠎ᠠ᠃ ᠵᠡᠭᠡᠯᠢ ᠭᠤᠳᠤᠮᠵᠢ ᠨᠢᠭᠡᠪᠦᠷᠢ ᠳᠤ ᠠᠳᠠᠭ ᠲᠠᠭᠠᠨ ᠨᠢᠭᠡ | ᠲᠤᠰᠬᠠᠢ ᠲᠤᠰᠢᠶᠠᠯᠲᠤ ᠬᠡᠦᠬᠡᠳ ᠤᠨ ᠨᠡᠶᠢᠭᠡᠮ ᠤᠨ ᠠᠵᠢᠯᠲᠠᠨ ᠲᠤᠬᠢᠷᠠᠭᠤᠯᠤᠨ᠎ᠠ᠃ | ︵ᠲᠠᠪᠤ︶ ᠬᠡᠦᠬᠡᠳ ᠬᠢᠭᠡᠳ ᠭᠡᠷ ᠪᠦᠯᠢ | ᠭᠤᠣᠯ ᠬᠠᠷᠠᠯᠲᠠ᠄ | 1᠂ ᠭᠡᠷ ᠪᠦᠯᠢ ᠶᠢᠨ ᠶᠣᠰᠣ ᠮᠣᠷᠠᠯ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠠᠩᠬᠠᠳᠠᠭᠴᠢ | ᠰᠤᠷᠭᠠᠭᠤᠯᠢ ᠶᠢᠨ ᠦᠢᠯᠡᠳᠦᠯ ᠢ ᠪᠠᠳᠠᠷᠠᠭᠤᠯᠵᠤ᠂ ᠬᠡᠦᠬᠡᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ | ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ | 2᠂ ᠬᠡᠦᠬᠡᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠬᠡᠦᠬᠡᠳ ᠤᠨ ᠭᠡᠷ | ᠪᠦᠯᠢ ᠵᠢᠨᠬᠠᠮᠢᠶ᠎ᠠ ᠪᠦᠬᠦᠢ ᠬᠡᠷᠡᠭ ᠶᠠᠪᠤᠳᠠᠯ ᠳᠤ ᠡᠷᠬᠡ ᠲᠡᠭᠰᠢ ᠪᠠᠷ ᠣᠷᠣᠯᠴᠠᠬᠤ ᠪᠠ ᠰᠠᠨᠠᠯ ᠢᠶᠠᠨ ᠢᠯᠡᠳᠬᠡᠬᠦ | ᠡᠷᠬᠡ ᠶᠢ ᠪᠠᠲᠤᠯᠠᠨ᠎ᠠ᠃ | 3᠂ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠤᠷᠤᠭᠯᠠᠬᠤ ᠠᠴᠠ ᠡᠮᠦᠨᠡᠬᠢ᠂ ᠵᠢᠷᠮᠦᠰᠦᠨ ᠬᠤᠭᠤᠴᠠᠭ᠎ᠠ ᠪᠠ | ᠨᠠᠰᠤᠨ ᠳᠤ ᠥᠯᠥ ᠭᠦᠷᠦᠭᠰᠡᠳ ᠤᠨ ᠰᠤᠷᠬᠤ ᠨᠠᠰᠤᠨ ᠤ ᠬᠤᠭᠤᠴᠠᠭᠠᠨ ᠳᠠᠬᠢ ᠰᠤᠷᠤᠯᠴᠠᠯᠭ᠎ᠠ ᠶᠢ ᠵᠢᠯᠤᠭᠤᠳᠬᠤ | ᠠᠭᠤᠯᠭ᠎ᠠ ᠳᠤ ᠣᠷᠣᠭᠤᠯᠵᠤ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢ ᠬᠥᠮᠥᠵᠢᠭᠦᠯᠦᠨ ᠬᠥᠲᠥᠯᠥᠨ | ᠵᠢᠯᠤᠭᠤᠳᠴᠤ ᠪᠠᠶᠢᠭᠠᠳ ᠬᠡᠦᠬᠡᠳ ᠢ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ ᠣᠨᠣᠯᠵᠢᠬᠤᠨ ᠢ ᠪᠣᠶ ᠪᠣᠯᠭᠠᠵᠤ᠂ | ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ ᠠᠷᠭ᠎ᠠ ᠶᠢ ᠡᠵᠡᠮᠰᠢᠨ ᠬᠡᠷᠡᠭᠯᠡᠨ᠎ᠡ᠃ | 4᠂ ᠬᠡᠦᠬᠡᠳ ᠢ ᠰᠠᠶᠢᠨ ᠭᠡᠷ ᠤᠨ ᠰᠤᠷᠲᠠᠯ ᠤᠨ ᠦᠢᠯᠡᠳᠦᠯᠭᠡᠵᠢᠭᠦᠯᠦᠭᠴᠢ ᠪᠠ ᠵᠠᠯᠭᠠᠮᠵᠢᠯᠠᠭᠴᠢ ᠪᠣᠯᠭᠠᠨ | ᠬᠥᠮᠥᠵᠢᠭᠦᠯᠦᠨ᠎ᠡ᠃ | 5᠂ ᠡᠴᠢᠭᠡ ᠡᠬᠡ ᠦᠷ᠎ᠡ ᠬᠡᠦᠬᠡᠳ ᠤᠨ ᠬᠠᠷᠢᠯᠴᠠᠨ ᠦᠢᠯᠡᠳᠦᠯᠴᠡᠬᠦ ᠶᠢ ᠴᠢᠩᠭᠠᠳᠬᠠᠵᠤ᠂ ᠠᠷᠠᠳᠴᠢᠯᠠᠯ ᠲᠠᠢ᠂ | ᠡᠷᠬᠡ ᠲᠡᠭᠰᠢ᠂ ᠡᠶ᠎ᠡ ᠵᠣᠬᠢᠴᠠᠯ ᠲᠠᠢ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠪᠠᠶᠢᠭᠤᠯᠤᠨ᠎ᠠ᠃ | 6᠂ ᠬᠤᠲᠠ ᠬᠥᠳᠡᠭᠡ ᠶᠢ ᠬᠠᠮᠤᠷᠤᠭᠰᠠᠨ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠦᠢᠯᠡᠴᠢᠯᠡᠭᠡᠨ ᠤ | ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠵᠢᠯᠤᠭᠤᠳᠬᠤ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ 95% ᠶᠢᠨ ᠬᠤᠳᠠ ᠶᠢᠨ ᠨᠡᠶᠢᠭᠡᠮ ᠲᠣᠭᠤᠷᠢᠭ ᠪᠠ 85% ᠶᠢᠨ ᠬᠥᠳᠡᠭᠡ | ᠲᠣᠰᠬᠤᠨ ᠤ ᠨᠡᠶᠢᠭᠡᠮ ᠲᠣᠭᠤᠷᠢᠭ ︵ᠲᠣᠰᠬᠤᠨ︶ ᠳᠤ ᠭᠡᠷ ᠤᠨ ᠠᠬᠠᠮᠠᠳ ᠤᠨ ᠰᠤᠷᠭᠠᠭᠤᠯᠢ ᠪᠤᠶᠤ ᠭᠡᠷ ᠪᠦᠯᠢ ᠶᠢᠨ | ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠦᠷᠳᠡᠭᠡ ᠴᠡᠭ ᠢ ᠪᠠᠶᠢᠭᠤᠯᠤᠨ᠎ᠠ᠃ | 7᠂ ᠭᠡᠷ ᠪᠦᠯᠢ ᠶᠢᠨ ᠬᠡᠦᠬᠡᠳ ᠠᠪᠬᠤ ᠥᠰᠬᠡᠨ ᠬᠥᠮᠥᠵᠢᠭᠦᠯᠬᠦ ᠰᠤᠷᠭᠠᠨ ᠬᠥᠮᠦᠵᠢᠯ ᠢ ᠳᠡᠮᠵᠢᠬᠦ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ | 8᠂ ᠭᠡᠷ ᠪᠦᠯᠢ ᠶᠢᠨ ᠬᠦᠷᠢᠶ᠎ᠡ ᠴᠠᠷᠠᠭ᠎ᠠ ᠶᠢᠨ ᠣᠨᠣᠯ ᠪᠠ ᠦᠢᠯᠡᠳᠦᠯᠭᠡ ᠶᠢᠨ ᠰᠤᠳᠤᠯᠭᠠᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠶᠢ ᠭᠡᠷ ᠪᠦᠯᠢ ᠶᠢᠨ ᠬᠥᠮᠦᠵᠢᠯ ᠤᠨ ᠡᠯ᠎ᠡ | ᠲᠠᠯ᠎ᠠ ᠳᠤ ᠨᠠᠶᠢᠳᠠᠪᠤᠷᠢᠵᠢᠭᠤᠯᠤᠨ᠎ᠠ᠃ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠨᠢ ᠶᠣᠰᠣ ᠰᠤᠷᠲᠠᠬᠤᠨ ᠢ | ᠪᠤᠶ ᠪᠣᠯᠭᠠᠨ ᠬᠥᠮᠥᠨ ᠢ ᠬᠥᠮᠥᠵᠢᠭᠦᠯᠬᠦ ᠶᠠᠪᠤᠳᠠᠯ ᠢ ᠭᠡᠷ ᠪᠦᠯᠢ ᠶᠢᠨ ᠬᠥᠮᠦᠵᠢᠯ ᠤᠨ ᠦᠨᠳᠦᠰᠦᠨ ᠡᠭᠦᠷᠭᠡ ᠪᠣᠯᠭᠠᠵᠤ᠂ | ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠤᠨ᠂ | ᠬᠡᠦᠬᠡᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ᠂ | ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠬᠠᠤᠯᠢ ᠪᠠᠷ | ᠵᠠᠰᠠᠬᠤ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠬᠡᠦᠬᠡᠳ ᠢ ᠬᠠᠪᠰᠤᠷᠤᠨ | ᠬᠠᠷᠠᠭ᠎ᠠ ᠶᠢ ᠨᠢ ᠥᠷᠭᠡᠳᠬᠡᠵᠦ᠂ ᠨᠡᠶᠢᠭᠡᠮ ᠢ ᠲᠠᠨᠢᠭᠤᠯᠵᠤ᠂ ᠳᠡᠷᠭᠡᠳᠡᠬᠢ ᠬᠥᠮᠥᠨ᠂ ᠳᠡᠷᠭᠡᠳᠡᠬᠢ ᠶᠠᠪᠤᠳᠠᠯ ᠢᠶᠠᠷ | ᠳᠠᠮᠵᠢᠭᠤᠯᠤᠨ ᠬᠡᠦᠬᠡᠳ ᠤᠨ ᠰᠠᠶᠢᠨ ᠦᠵᠡᠯ ᠰᠠᠨᠠᠭ᠎ᠠ᠂ ᠰᠠᠶᠢᠨ ᠵᠠᠩ ᠮᠣᠷᠠᠯ᠂ ᠰᠠᠶᠢᠨ ᠵᠠᠩ ᠳᠠᠳᠬᠠᠯ ᠢ | ᠬᠥᠮᠥᠵᠢᠭᠦᠯᠵᠦ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ | ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠵᠤ᠂ ᠬᠥᠮᠥᠨ ᠤ ᠠᠮᠢᠳᠤᠷᠠᠯ ᠤᠨ ᠠᠩᠬᠠᠨ ᠤ | ᠲᠣᠪᠴᠢ ᠶᠢ ᠰᠠᠶᠢᠲᠤᠷ ᠲᠤᠪᠴᠢᠯᠠᠭᠤᠯᠤᠨᠠ᠃ | 2᠂ ᠬᠡᠦᠬᠡᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠷᠬᠡ ᠶᠢ ᠬᠦᠨᠳᠦᠳᠬᠡᠨ᠎ᠡ᠃ ᠡᠴᠢᠭᠡ ᠡᠬᠡ | ᠪᠤᠶᠤ ᠪᠤᠰᠤᠳ ᠬᠢᠨᠠᠨ ᠬᠠᠮᠠᠭᠠᠯᠠᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠬᠡᠦᠬᠡᠳ ᠢᠶᠠᠷ ᠦᠨᠳᠦᠰᠦ ᠪᠣᠯᠭᠠᠨ᠂ | ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠪᠠ ᠣᠨᠴᠠᠯᠢᠭ ᠢ ᠬᠦᠨᠳᠦᠳᠬᠡᠵᠦ᠂ ᠬᠡᠦᠬᠡᠳ ᠤᠨ | ᠠᠮᠠᠷᠠᠬᠤ᠂ ᠪᠣᠯᠪᠠᠰᠤᠷᠠᠬᠤ᠂ ᠰᠤᠯᠠ ᠰᠡᠯᠡᠭᠦᠦ ᠴᠠᠭ ᠪᠠ ᠵᠤᠭ᠎ᠠ ᠴᠡᠩᠭᠡᠯ ᠤᠨ ᠡᠷᠬᠡ ᠶᠢ ᠪᠠᠲᠤᠯᠠᠵᠤ᠂ ᠬᠡᠦᠬᠡᠳ ᠤᠨ | ᠰᠤᠷᠤᠯᠭ᠎ᠠ ᠪᠠ ᠠᠮᠢᠳᠤᠷᠠᠯ ᠢ ᠵᠦᠢ ᠵᠣᠬᠢᠰᠲᠠᠢ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ | ᠬᠥᠳᠡᠯᠮᠦᠷᠢ ᠶᠢᠨ ᠦᠢᠯᠡᠳᠦᠯᠭᠡ᠂ ᠠᠮᠠᠷᠠᠯᠲᠠ ᠵᠤᠭ᠎ᠠ ᠴᠡᠩᠭᠡᠯ᠂ ᠨᠡᠶᠢᠭᠡᠮ ᠤᠨ ᠦᠢᠯᠡᠳᠦᠯᠭᠡ᠂ ᠬᠠᠨᠢ ᠬᠠᠮᠰᠠᠭᠠᠲᠠᠨ ᠤ | ᠶᠠᠪᠤᠯᠴᠠᠭ᠎ᠠ᠂ ᠡᠴᠢᠭᠡ ᠡᠬᠡ ᠦᠷ᠎ᠡ ᠬᠡᠦᠬᠡᠳ ᠤᠨ ᠬᠥᠳᠡᠯᠭᠡᠭᠡᠨ ᠵᠡᠷᠭᠡ ᠴᠠᠭ ᠢ ᠨᠡᠮᠡᠭᠳᠡᠭᠦᠯᠦᠨ᠎ᠡ᠃ ᠬᠡᠦᠬᠡᠳ ᠤᠨ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠶᠢ ᠬᠦᠨᠳᠦᠳᠬᠡᠵᠦ᠂ ᠬᠡᠦᠬᠡᠳ ᠤᠨ ᠵᠦᠢ ᠵᠣᠬᠢᠰᠲᠠᠢ ᠰᠠᠨᠠᠯ ᠢ | ᠰᠣᠨᠣᠰᠬᠤ ᠪᠠ ᠬᠦᠯᠢᠶᠡᠨ ᠠᠪᠬᠤ ᠶᠢ ᠴᠢᠬᠤᠯᠠᠴᠢᠯᠠᠨ᠎ᠠ᠃ ᠬᠡᠦᠬᠡᠳ ᠢ ᠰᠤᠷᠭᠠᠨ ᠬᠥᠮᠥᠵᠢᠭᠦᠯᠵᠦ ᠬᠥᠲᠥᠯᠥᠨ | ᠵᠢᠯᠤᠭᠤᠳᠴᠤ ᠪᠠᠶᠢᠭᠠᠳ ᠭᠡᠷ ᠪᠦᠯᠢ ᠪᠠ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠢ ᠨᠢ ᠴᠢᠩᠭᠠᠷᠠᠭᠤᠯᠵᠤ᠂ | ᠬᠡᠦᠬᠡᠳ ᠤᠨ ᠪᠡᠶ᠎ᠡ ᠪᠠᠨ ᠳᠠᠭᠠᠭᠠᠵᠤ ᠰᠣᠩᠭᠤᠬᠤ᠂ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ | ᠦᠢᠯᠡᠴᠢᠯᠡᠬᠦ᠂ ᠴᠢᠳᠠᠯ ᠤᠨ ᠬᠢᠷᠢ ᠪᠠᠷ ᠢᠶᠠᠨ ᠭᠡᠷ ᠵᠠᠭᠤᠷ᠎ᠠ ᠶᠢᠨ ᠠᠵᠢᠯ ᠬᠥᠳᠡᠯᠮᠦᠷᠢ ᠳᠤ ᠣᠷᠣᠯᠴᠠᠬᠤ ᠶᠢ | ᠵᠣᠷᠢᠭᠵᠢᠭᠤᠯᠵᠤ᠂ ᠬᠥᠳᠡᠯᠮᠦᠷᠢ ᠶᠢᠨ ᠳᠠᠳᠬᠠᠯ ᠢ ᠬᠥᠮᠥᠵᠢᠭᠦᠯᠦᠨ᠂ ᠬᠥᠳᠡᠯᠮᠦᠷᠢ ᠶᠢᠨ ᠤᠷ᠎ᠠ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ | 3᠂ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠴᠢᠳᠠᠪᠤᠷᠢ ᠶᠢ ᠴᠢᠩᠭᠠᠷᠠᠭᠤᠯᠤᠨ᠎ᠠ᠃ | ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠡᠴᠢᠭᠡ ᠡᠬᠡ ᠪᠤᠶᠤ ᠪᠤᠰᠤᠳ ᠬᠢᠨᠠᠨ | ᠬᠠᠮᠠᠭᠠᠯᠠᠭᠴᠢ ᠶᠢᠨ ᠭᠡᠷ ᠪᠦᠯᠢ ᠪᠣᠯ ᠨᠢᠭᠡᠳᠦᠭᠡᠷ ᠬᠢᠴᠢᠶᠡᠯ ᠤᠨ ᠲᠠᠩᠬᠢᠮ᠂ ᠭᠡᠷ ᠤᠨ ᠠᠬᠠᠮᠠᠳ ᠪᠣᠯ ᠠᠩᠬᠠᠳᠠᠭᠴᠢ | ᠪᠠᠭᠰᠢ ᠪᠣᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠪᠣᠶ ᠪᠣᠯᠭᠠᠬᠤ ᠶᠢ ᠲᠦᠯᠬᠢᠨ ᠠᠬᠢᠭᠤᠯᠵᠤ᠂ ᠨᠠᠰᠤᠨ ᠳᠤ | ᠥᠯᠥ ᠭᠦᠷᠦᠭᠰᠡᠳ ᠲᠤ ᠭᠡᠷ ᠪᠦᠯᠢ ᠶᠢᠨ ᠬᠥᠮᠦᠵᠢᠯ ᠬᠢᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ︽ᠡᠴᠢᠭᠡ ᠡᠬᠡ ᠶᠢᠨ ᠬᠢᠴᠢᠶᠡᠯ ᠤᠨ ᠲᠠᠩᠬᠢᠮ︾ ᠪᠣᠯ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ᠵᠠᠪᠠᠯ | ᠰᠤᠷᠬᠤ ᠬᠢᠴᠢᠶᠡᠯ ᠮᠥᠨ ᠭᠡᠬᠦ ᠣᠨᠣᠯᠵᠢᠬᠤᠨ ᠢ ᠳᠡᠯᠭᠡᠷᠡᠭᠦᠯᠦᠨ᠂ ᠡᠴᠢᠭᠡ ᠡᠬᠡ ᠪᠤᠶᠤ ᠪᠤᠰᠤᠳ ᠬᠢᠨᠠᠨ | ᠬᠠᠮᠠᠭᠠᠯᠠᠭᠴᠢ ᠶᠢᠨ ︽ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ︾ ᠶᠢ ᠲᠦᠯᠬᠢᠨ ᠠᠬᠢᠭᠤᠯᠤᠨ᠎ᠠ᠃ ᠭᠡᠷ | ᠪᠦᠯᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠡᠦᠬᠡᠳ ᠤᠨ ᠪᠡᠶ᠎ᠡ ᠰᠡᠳᠬᠢᠯ ᠤᠨ | ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ᠬᠡᠦᠬᠡᠳ ᠤᠨ ᠰᠠᠶᠢᠨ ᠰᠠᠶᠢᠬᠠᠨ ᠦᠶᠯᠡ ᠠᠵᠢᠯᠯᠠᠭᠠᠨ ᠤ ᠳᠠᠳᠬᠠᠯ ᠪᠠ | ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠬᠥᠮᠥᠵᠢᠭᠦᠯᠦᠨ᠂ ᠠᠮᠤᠷ ᠲᠦᠪᠰᠢᠨ ᠤ ᠦᠵᠡᠯ ᠤᠬᠠᠮᠰᠠᠷ ᠪᠠ | ᠥᠪᠡᠷ ᠢ ᠪᠠᠨ ᠠᠪᠤᠷᠠᠵᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠢ ᠵᠣᠳᠣᠵᠤ | ᠴᠣᠬᠢᠬᠤ᠂ ᠬᠠᠯᠠ ᠦᠵᠡᠭᠦᠯᠬᠦ ᠵᠡᠷᠭᠡ ᠠᠯᠢᠪᠠ ᠬᠡᠯᠪᠡᠷᠢ ᠶᠢᠨ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ ᠶᠢ | ᠴᠠᠭᠠᠵᠠᠯᠠᠨ᠎ᠠ᠂ ᠵᠥᠷᠢᠴᠡᠭᠰᠡᠳ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠭᠡᠷ ᠪᠦᠯᠢ ᠶᠢᠨ ᠬᠠᠷᠠᠭᠠᠯᠵᠠᠨ | ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠳᠡᠮᠵᠢᠬᠦ᠂ ᠬᠢᠨᠠᠯᠲᠠ ᠲᠠᠯᠪᠢᠬᠤ ᠪᠠ ᠬᠠᠮᠢᠶᠠᠷᠬᠤ ᠶᠢ | ᠴᠢᠩᠭᠠᠳᠬᠠᠵᠤ᠂ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠭᠡᠷ ᠪᠦᠯᠢ ᠳᠤ ᠲᠥᠷᠥᠯ ᠬᠤᠪᠢᠶᠠᠨ | ᠵᠢᠯᠤᠭᠤᠳᠬᠤ ᠪᠠ ᠠᠰᠠᠷᠠᠮᠵᠢ ᠶᠢᠨ ᠪᠠᠲᠤᠯᠠᠭ᠎ᠠ ᠬᠠᠩᠭᠠᠨ᠎ᠠ᠃ | 4᠂ ᠭᠡᠷ ᠤᠨ ᠰᠤᠷᠲᠠᠯ ᠢ ᠰᠠᠶᠢᠲᠤᠷ ᠬᠡᠷᠡᠭᠯᠡᠨ ᠬᠡᠦᠬᠡᠳ ᠢ ᠬᠥᠮᠥᠵᠢᠭᠦᠯᠦᠨ᠎ᠡ᠃ ᠡᠴᠢᠭᠡ ᠡᠬᠡ ᠶᠢᠨ ᠳᠠᠭᠤᠷᠢᠶᠠᠯ | ᠪᠠ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠬᠡᠦᠬᠡᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ | ᠪᠠᠶᠢᠭᠠᠳ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠡᠷ᠎ᠡ | ᠡᠮ᠎ᠡ ᠡᠶ᠎ᠡ ᠨᠠᠶᠢᠷᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠠᠶᠢᠯ ᠰᠠᠭᠠᠬᠠᠯᠲᠠ ᠪᠠᠷ ᠢᠶᠠᠨ | ᠪᠦᠯᠬᠦᠮᠳᠡᠯ ᠲᠠᠢ ᠪᠠᠶᠢᠬᠤ ᠭᠡᠷ ᠪᠦᠯᠢ ᠶᠢᠨ ᠰᠠᠶᠢᠨ ᠰᠠᠶᠢᠬᠠᠨ ᠶᠣᠰᠣ ᠮᠣᠷᠠᠯ ᠢ ᠤᠯᠠᠮᠵᠢᠯᠠᠨ ᠵᠠᠯᠭᠠᠮᠵᠢᠯᠠᠭᠤᠯᠵᠤ᠂ | ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠵᠤ ᠬᠠᠷᠢᠯᠴᠠᠨ ᠬᠠᠶᠢᠷᠠᠯᠠᠬᠤ᠂ ᠥᠭᠡᠳᠡᠯᠡᠨ | ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ | ᠰᠢᠨ᠎ᠡ ᠬᠡᠪ ᠰᠤᠷᠲᠠᠯ ᠢ ᠦᠢᠯᠡᠳᠦᠯᠭᠡᠵᠢᠭᠦᠯᠦᠨ᠎ᠡ᠃ ᠲᠥᠷᠥ ᠶᠢᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ | ᠭᠡᠷ ᠤᠨ ᠰᠤᠷᠲᠠᠯ ᠤᠨ ᠪᠠᠶᠢᠭᠤᠯᠤᠯᠲᠠ ᠶᠢ ᠨᠢᠭᠡᠴᠡ ᠶᠢᠨ ᠰᠣᠶᠣᠯ ᠤᠨ ᠪᠠᠶᠢᠭᠤᠯᠤᠯᠲᠠ ᠳᠤ ᠣᠷᠣᠭᠤᠯᠵᠤ᠂ | ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠰᠢᠨ᠎ᠡ ᠰᠣᠷᠭᠤᠭ᠂ ᠰᠤᠷᠭᠠᠨ ᠬᠥᠮᠥᠵᠢᠭᠦᠯᠬᠦ ᠠᠴᠢ ᠬᠤᠯᠪᠣᠭᠳᠠᠯ ᠢᠶᠠᠷ | ᠪᠠᠶᠠᠯᠢᠭ ᠭᠡᠷ ᠤᠨ ᠰᠤᠷᠲᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠡᠦᠬᠡᠳ ᠢ | ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠪᠠ | ᠬᠡᠷᠡᠭᠯᠡᠭᠡᠨ ᠤ ᠬᠡᠪ ᠵᠠᠭᠪᠤᠷ ᠲᠠᠢ ᠪᠣᠯᠭᠠᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠲᠠᠰᠤ ᠵᠤᠭᠰᠤᠭᠠᠨ᠎ᠠ᠃ | | 5᠂ ᠡᠴᠢᠭᠡ ᠡᠬᠡ ᠦᠷ᠎ᠡ ᠬᠡᠦᠬᠡᠳ ᠤᠨ ᠰᠠᠶᠢᠨ ᠰᠠᠶᠢᠬᠠᠨ ᠬᠠᠷᠢᠴᠠᠭ᠎ᠠ ᠶᠢ ᠪᠣᠶᠢᠵᠢᠭᠤᠯᠤᠨ᠎ᠠ᠃ ᠭᠡᠷ ᠪᠦᠯᠢ ᠶᠢ | ᠬᠥᠲᠥᠯᠥᠨ ᠵᠢᠯᠤᠭᠤᠳᠴᠤ ᠪᠠᠶᠢᠭᠠᠳ ᠦᠷ᠎ᠡ ᠬᠡᠦᠬᠡᠳ ᠲᠠᠢ ᠪᠠᠨ ᠨᠡᠪᠲᠡᠷᠡᠯᠴᠡᠬᠦ ᠪᠦᠲᠦᠮᠵᠢᠲᠡᠢ ᠠᠷᠭ᠎ᠠ ᠮᠠᠶ᠋ᠢᠭ ᠢ | ᠪᠠᠶᠢᠭᠤᠯᠵᠤ᠂ ᠬᠠᠨᠢ ᠪᠣᠯᠬᠤ ᠴᠠᠭ ᠢ ᠨᠡᠮᠡᠭᠳᠡᠭᠦᠯᠦᠨ᠂ ᠬᠠᠨᠢ ᠪᠣᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠡᠴᠢᠭᠡ ᠡᠬᠡ | ᠦᠷ᠎ᠡ ᠬᠡᠦᠬᠡᠳ ᠤᠨ ᠢᠶᠠᠨ ᠰᠣᠯᠢᠯᠴᠠᠭ᠎ᠠ ᠶᠢ ᠴᠢᠩᠭᠠᠳᠬᠠᠨ᠎ᠠ᠃ ᠭᠡᠷ ᠪᠦᠯᠢ ᠶᠢᠨ ᠬᠢᠨ ᠤ ᠡᠴᠢᠭᠡ ᠡᠬᠡ ᠦᠷ᠎ᠡ | ᠬᠡᠦᠬᠡᠳ ᠤᠨ ᠲᠣᠭᠯᠠᠭᠠᠮ᠂ ᠡᠴᠢᠭᠡ ᠡᠬᠡ ᠦᠷ᠎ᠡ ᠬᠡᠦᠬᠡᠳ ᠤᠨ ᠨᠣᠮ ᠤᠩᠰᠢᠬᠤ᠂ ᠡᠴᠢᠭᠡ ᠡᠬᠡ ᠦᠷ᠎ᠡ ᠬᠡᠦᠬᠡᠳ ᠤᠨ | ᠬᠥᠳᠡᠯᠭᠡᠭᠡᠨ᠂ ᠡᠴᠢᠭᠡ ᠡᠬᠡ ᠦᠷ᠎ᠡ ᠬᠡᠦᠬᠡᠳ ᠤᠨ ᠭᠠᠳᠠᠭᠰᠢ ᠭᠠᠷᠴᠤ ᠵᠤᠭᠠᠴᠠᠬᠤ ᠵᠡᠷᠭᠡ ᠠᠵᠢᠯᠯᠠᠭ᠎ᠠ ᠥᠷᠨᠢᠭᠦᠯᠬᠦ ᠶᠢ | ᠵᠣᠷᠢᠭᠵᠢᠭᠤᠯᠤᠨ ᠳᠡᠮᠵᠢᠵᠦ᠂ ᠡᠴᠢᠭᠡ ᠡᠬᠡ ᠦᠷ᠎ᠡ ᠬᠡᠦᠬᠡᠳ ᠤᠨ ᠬᠤᠭᠤᠷᠣᠨᠳᠤ ᠪᠠᠨ ᠨᠡᠪᠲᠡᠷᠡᠯᠴᠡᠬᠦ᠂ ᠬᠠᠷᠢᠯᠴᠠᠨ | ᠣᠶᠢᠯᠠᠭᠠᠯᠴᠠᠬᠤ᠂ ᠬᠠᠷᠢᠯᠴᠠᠨ ᠬᠠᠪᠰᠤᠷᠬᠤ᠂ ᠬᠠᠷᠢᠯᠴᠠᠨ ᠰᠤᠷᠤᠯᠴᠠᠬᠤ ᠶᠢ ᠠᠬᠢᠭᠤᠯᠤᠨ᠎ᠠ᠃ ᠭᠡᠷ ᠪᠦᠯᠢ ᠶᠢ | ᠵᠢᠯᠣᠭᠤᠳᠤᠨ ᠬᠠᠪᠰᠤᠷᠴᠤ ᠪᠠᠶᠢᠭᠠᠳ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠶᠢ ᠵᠣᠬᠢᠴᠠᠭᠤᠯᠵᠤ᠂ ᠬᠡᠦᠬᠡᠳ | ᠪᠣᠶᠢᠵᠢᠭᠤᠯᠬᠤ ᠵᠣᠪᠠᠨᠢᠯ ᠢ ᠨᠠᠮᠳᠠᠭᠤᠯᠵᠤ᠂ ᠡᠴᠢᠭᠡ ᠡᠬᠡ ᠦᠷ᠎ᠡ ᠬᠡᠦᠬᠡᠳ ᠤᠨ ᠵᠥᠷᠢᠴᠡᠯ ᠢ ᠠᠷᠢᠯᠭᠠᠨ᠎ᠠ᠃ ᠡᠯ᠎ᠡ | ᠲᠥᠷᠥᠯ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ | ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠯᠡᠳᠬᠡᠮᠵᠢ ᠪᠠ ᠲᠠᠯᠠᠪᠤᠷ ᠭᠠᠵᠠᠷ ᠵᠢᠴᠢ ᠬᠤᠲᠠ ᠬᠥᠳᠡᠭᠡ ᠶᠢᠨ | ᠨᠡᠶᠢᠭᠡᠮ ᠲᠣᠭᠤᠷᠢᠭ ᠤᠨ ᠬᠡᠦᠬᠡᠳ ᠤᠨ ᠭᠡᠷ ᠪᠦᠯᠢ ᠵᠡᠷᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠭᠡᠷ ᠪᠦᠯᠢ ᠶᠢᠨ | ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠶᠢ ᠥᠷᠨᠢᠭᠦᠯᠬᠦ ᠳᠤ ᠨᠥᠬᠦᠴᠡᠯ ᠬᠠᠩᠭᠠᠨ᠎ᠠ᠃ ᠭᠡᠷ ᠪᠦᠯᠢ ᠶᠢᠨ ᠭᠡᠷ | ᠪᠦᠯᠢ ᠶᠢᠨ ᠨᠣᠮ ᠤᠩᠰᠢᠬᠤ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠡᠷ | ᠪᠦᠯᠢ ᠶᠢᠨ ᠨᠣᠮ ᠤᠩᠰᠢᠬᠤ ᠵᠢᠯᠣᠭᠤᠳᠤᠯᠭ᠎ᠠ ᠶᠢ ᠴᠢᠩᠭᠠᠳᠬᠠᠨ᠂ ᠨᠠᠰᠤᠨ ᠤ ᠱᠠᠲᠤ ᠬᠤᠪᠢᠶᠠᠨ ᠰᠢᠯᠢᠳᠡᠭ | ᠬᠡᠦᠬᠡᠳ ᠤᠨ ᠨᠣᠮ ᠤᠨ ᠭᠠᠷᠴᠠᠭ ᠢ ᠲᠠᠨᠢᠯᠴᠠᠭᠤᠯᠵᠤ᠂ ᠬᠡᠦᠬᠡᠳ ᠤᠨ ᠨᠡᠶᠢᠭᠡᠮ ᠲᠣᠭᠤᠷᠢᠭ ᠤᠨ ᠤᠩᠰᠢᠯᠭ᠎ᠠ ᠶᠢᠨ | ᠲᠠᠯᠠᠪᠤᠷ ᠭᠠᠵᠠᠷ ᠪᠠ ᠴᠢᠳᠠᠮᠵᠢ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠨᠣᠮ ᠪᠢᠴᠢᠭ ᠤᠨ ᠥᠷᠥᠭᠡ ᠳᠤ | ᠭᠡᠷ ᠪᠦᠯᠢ ᠶᠢᠨ ᠨᠣᠮ ᠤᠩᠰᠢᠬᠤ ᠲᠣᠭᠤᠷᠢᠭ ᠪᠠᠶᠢᠭᠤᠯᠬᠤ ᠶᠢ ᠵᠣᠷᠢᠭᠵᠢᠭᠤᠯᠵᠤ᠂ ᠬᠡᠦᠬᠡᠳ ᠵᠢᠴᠢ ᠭᠡᠷ ᠪᠦᠯᠢ ᠶᠢᠨ | ᠬᠢᠨ ᠤ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠲᠠᠢ ᠪᠣᠯᠬᠤ ᠶᠢ ᠬᠥᠮᠥᠵᠢᠭᠦᠯᠦᠨ᠎ᠡ᠃ | 6᠂ ᠬᠤᠲᠠ ᠬᠥᠳᠡᠭᠡ ᠶᠢ ᠬᠠᠮᠤᠷᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠡᠷ ᠪᠦᠯᠢ ᠶᠢᠨ | ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠲᠤᠭᠤᠷᠢᠭ ᠤᠨ ᠵᠠᠰᠠᠭ ᠤᠨ | ᠣᠷᠳᠣᠨ ᠣᠲᠣ ᠶᠢᠨ ᠪᠠᠶᠢᠭ᠎ᠠ ᠪᠠᠶᠢᠭᠤᠯᠤᠮᠵᠢ ᠳᠠᠭᠠᠨ ᠲᠦᠰᠢᠭᠯᠡᠨ ᠭᠡᠷ ᠪᠦᠯᠢ ᠶᠢᠨ ᠬᠥᠮᠦᠵᠢᠯ ᠤᠨ ᠵᠢᠭᠠᠨ | ᠵᠢᠯᠤᠭᠤᠳᠬᠤ ᠦᠢᠯᠡᠴᠢᠯᠡᠭᠡᠨ ᠤ ᠲᠥᠪ ᠪᠠᠶᠢᠭᠤᠯᠵᠤ᠂ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ | ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ᠂ ᠭᠡᠷ ᠤᠨ ᠠᠬᠠᠮᠠᠳ ᠤᠨ ᠰᠤᠷᠭᠠᠭᠤᠯᠢ᠂ ᠬᠤᠲᠠ ᠬᠥᠳᠡᠭᠡ ᠶᠢᠨ | ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ᠂ ᠡᠮᠡᠭᠲᠡᠶᠢᠴᠦᠳ ᠤᠨ ᠭᠡᠷ ᠪᠦᠯᠢ᠂ | ᠬᠡᠦᠬᠡᠳ ᠤᠨ ᠭᠡᠷ ᠪᠦᠯᠢ ᠵᠡᠷᠭᠡ ᠳᠤ ᠲᠦᠰᠢᠭᠯᠡᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ | ᠦᠢᠯᠡᠴᠢᠯᠡᠭᠡᠨ ᠤ ᠥᠷᠲᠡᠭᠡ ᠴᠡᠭ ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ | ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠠᠵᠢᠯ ᠤᠨ ᠳᠦᠷᠢᠮ ᠢ ᠪᠦᠷᠢᠨᠰᠢᠭᠦᠯᠵᠦ᠂ | ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡ ᠶᠢ ᠰᠤᠷᠭᠠᠭᠤᠯᠢ ᠶᠢᠨ ᠠᠵᠢᠯ ᠤᠨ ᠲᠥᠯᠥᠪᠯᠡᠭᠡ | ᠪᠠ ᠪᠠᠭᠰᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠤᠷᠤᠭᠤᠯᠤᠨ᠎ᠠ᠃ ᠤᠯᠠᠨ ᠨᠡᠶᠢᠳᠡ ᠶᠢᠨ | ᠰᠣᠶᠣᠯ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ | ᠭᠠᠵᠠᠷ ᠨᠢ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠭᠡᠷ ᠪᠦᠯᠢ ᠶᠢᠨ ᠬᠥᠮᠦᠵᠢᠯ ᠤᠨ ᠤᠬᠠᠭᠤᠯᠭ᠎ᠠ᠂ ᠭᠡᠷ ᠪᠦᠯᠢ | ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠪᠣᠯᠣᠨ ᠦᠢᠯᠡᠳᠦᠯᠭᠡ ᠶᠢᠨ ᠠᠵᠢᠯᠯᠠᠭ᠎ᠠ ᠶᠢ ᠵᠢᠯ ᠪᠦᠷᠢ | ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠎ᠡ᠃ | 7᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠦᠢᠯᠡᠴᠢᠯᠡᠭᠡ ᠶᠢ ᠳᠡᠮᠵᠢᠵᠦ ᠪᠠᠲᠤᠯᠠᠬᠤ ᠶᠢ | ᠴᠢᠩᠭᠠᠷᠠᠭᠤᠯᠤᠨ᠎ᠠ᠃ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠤᠨ ᠲᠤᠰᠬᠠᠢ ᠲᠥᠯᠦᠪᠵᠢᠭᠦᠯᠭᠡ ᠶᠢ | ᠲᠣᠭᠲᠠᠭᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠤᠭᠤᠳᠬᠤ ᠦᠢᠯᠡᠴᠢᠯᠡᠭᠡ ᠶᠢ ᠬᠤᠲᠠ ᠬᠥᠳᠡᠭᠡ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠭᠠᠷᠴᠠᠭ ᠲᠤ ᠣᠷᠣᠭᠤᠯᠤᠨ᠂ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ | ᠵᠠᠰᠠᠭ ᠤᠨ ᠣᠷᠳᠣᠨ ᠠᠴᠠ ᠨᠥᠬᠦᠪᠦᠷᠢ ᠥᠭᠬᠦ᠂ ᠱᠠᠩᠨᠠᠵᠤ ᠤᠷᠮᠠᠰᠢᠭᠤᠯᠬᠤ᠂ ᠦᠢᠯᠡᠴᠢᠯᠡᠭᠡ ᠬᠤᠳᠠᠯᠳᠤᠨ ᠠᠪᠬᠤ | ᠵᠡᠷᠭᠡ ᠲᠡᠳᠬᠦᠬᠦ ᠠᠷᠭ᠎ᠠ ᠬᠡᠮᠵᠢᠶ᠎ᠡ ᠶᠢ ᠰᠦᠪᠡᠭᠴᠢᠯᠡᠨ ᠠᠪᠴᠤ᠂ ᠭᠡᠷ ᠪᠦᠯᠢ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠤᠨ᠎ᠠ᠃ ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠦᠯᠢ ᠶᠢᠨ ᠬᠥᠮᠦᠵᠢᠯ ᠤᠨ | ᠦᠢᠯᠡᠴᠢᠯᠡᠭᠡᠨ ᠤ ᠵᠢᠷᠤᠮᠵᠢᠯ ᠢ ᠲᠣᠭᠲᠠᠭᠠᠨ᠂ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ | ᠠᠵᠢᠯ ᠡᠷᠬᠢᠯᠡᠭᠰᠡᠳ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠᠬᠠᠮᠢᠶᠠ ᠪᠦᠬᠦᠢ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠭᠡᠷ ᠪᠦᠯᠢ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠵᠢᠴᠢ ᠠᠵᠢᠯᠯᠠᠵᠤ ᠪᠠᠶᠢᠭ᠎ᠠ ᠬᠥᠮᠥᠰ ᠲᠤ ᠬᠠᠤᠯᠢ ᠶᠣᠰᠣᠭᠠᠷ ᠵᠢᠯᠣᠭᠤᠳᠤᠯᠭ᠎ᠠ ᠪᠠ | ᠬᠢᠨᠠᠯᠲᠠ ᠲᠠᠯᠪᠢᠨ᠎ᠠ᠃ ᠨᠥᠬᠦᠴᠡᠯ ᠪᠦᠷᠢᠳᠦᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠭᠡᠷ ᠪᠦᠯᠢ ᠶᠢᠨ | ᠰᠤᠷᠭᠠᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠥᠷᠲᠡᠭᠡ ᠴᠢᠭ᠋ ᠤᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠬᠦ ᠳᠤ ᠳᠡᠮᠵᠢᠯᠭᠡ ᠬᠠᠩᠭᠠᠨ᠎ᠠ᠃ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠣᠰ ᠨᠢᠭᠡᠴᠢ ᠶᠢᠨ ᠢᠶᠠᠨ ᠠᠵᠢᠯᠲᠠᠨ ᠠᠵᠢᠯᠴᠢᠨ ᠳᠤ ᠬᠠᠨᠳᠤᠭᠤᠯᠤᠨ | ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ | ᠨᠡᠶᠢᠭᠡᠮ ᠤᠨ ᠠᠵᠢᠯ ᠤᠨ ᠪᠠᠶᠢᠭᠤᠯᠤᠮᠵᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ | ᠲᠤᠰᠬᠠᠢ ᠮᠡᠷᠭᠡᠵᠢᠯ ᠤᠨ ᠠᠵᠢᠯᠲᠠᠨ ᠤ ᠬᠠᠤᠯᠢ ᠲᠣᠭᠲᠠᠭᠠᠯ ᠶᠣᠰᠣᠭᠠᠷ ᠭᠡᠷ ᠪᠦᠯᠢ ᠶᠢᠨ ᠬᠥᠮᠦᠵᠢᠯ ᠤᠨ ᠵᠢᠭᠠᠨ | ᠵᠢᠯᠤᠭᠤᠳᠬᠤ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ | 8᠂ ᠭᠡᠷ ᠪᠦᠯᠢ ᠶᠢᠨ ᠬᠡᠦᠬᠡᠳ ᠠᠪᠬᠤ ᠥᠰᠬᠡᠨ ᠬᠥᠮᠥᠵᠢᠭᠦᠯᠬᠦ ᠰᠤᠷᠭᠠᠨ ᠬᠥᠮᠦᠵᠢᠯ ᠢ ᠳᠡᠮᠵᠢᠬᠦ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠭᠤᠷᠪᠠᠨ ᠬᠡᠦᠬᠡᠳ ᠠᠪᠬᠤ ᠲᠥᠷᠥ ᠶᠢᠨ | ᠪᠣᠳᠣᠯᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠪᠠ | ᠬᠤᠯᠪᠣᠭᠳᠠᠯ ᠪᠦᠬᠦᠢ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠦᠨ ᠵᠣᠯᠭᠠᠭᠤᠯᠬᠤ ᠶᠢ | ᠠᠬᠢᠭᠤᠯᠤᠨ᠎ᠠ᠃ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠥᠩᠭᠡᠵᠢᠯᠲᠡ ᠶᠢᠨ ᠴᠢᠯᠦᠭᠡᠨ ᠤ ᠳᠦᠷᠢᠮ ᠪᠠ ᠦᠷᠡᠵᠢᠯ ᠤᠨ ᠨᠥᠬᠦᠪᠦᠷᠢ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠴᠢᠭᠡ ᠡᠬᠡ ᠶᠢᠨ ᠬᠡᠦᠬᠡᠳ ᠪᠣᠶᠢᠵᠢᠭᠤᠯᠬᠤ ᠴᠢᠯᠦᠭᠡ ᠶᠢ ᠰᠦᠪᠡᠭᠴᠢᠯᠡᠨ ᠬᠡᠷᠡᠭᠵᠢᠭᠦᠯᠦᠨ᠎ᠡ᠃ | ᠭᠡᠷ ᠪᠦᠯᠢ ᠶᠢᠨ ᠦᠷᠡᠵᠢᠵᠦ ᠥᠰᠬᠡᠨ ᠪᠣᠶᠢᠵᠢᠭᠤᠯᠬᠤ ᠳᠠᠷᠤᠭᠠᠰᠤ ᠶᠢ ᠬᠥᠩᠭᠡᠯᠡᠵᠦ᠂ 3 ᠨᠠᠰᠤᠨ ᠠᠴᠠ ᠳᠣᠷᠣᠭᠰᠢᠬᠢ | ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠡᠶᠢᠳᠡᠮ ᠬᠠᠷᠠᠭᠠᠯᠵᠠᠵᠤ ᠬᠡᠦᠬᠡᠳ ᠰᠠᠭᠠᠲᠠᠭᠤᠯᠬᠤ ᠰᠢᠯᠢᠳᠡᠭ ᠦᠢᠯᠡᠴᠢᠯᠡᠭᠡᠨ ᠤ | ᠬᠠᠩᠭᠠᠯᠭ᠎ᠠ ᠶᠢ ᠨᠡᠮᠡᠭᠳᠡᠭᠦᠯᠦᠨ᠎ᠡ᠃ ᠬᠥᠮᠥᠨ ᠬᠡᠷᠡᠭᠯᠡᠬᠦ ᠨᠢᠭᠡᠴᠢ ᠶᠢᠨ ᠡᠬᠡ ᠨᠢᠯᠬᠠᠰ ᠤᠨ ᠥᠷᠥᠭᠡ ᠪᠠ ᠨᠠᠶᠢᠳᠠᠨ | ᠬᠥᠮᠥᠵᠢᠭᠦᠯᠬᠦ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠡᠭᠦᠳᠦᠨ ᠡᠷᠭᠢᠯᠡᠬᠦ ᠶᠢ | ᠵᠣᠷᠢᠭᠵᠢᠭᠤᠯᠵᠤ᠂ ᠬᠠᠷᠢᠮᠠᠬᠠᠢ ᠴᠢᠨᠠᠷᠲᠠᠢ ᠠᠵᠢᠯᠯᠠᠬᠤ ᠴᠠᠭ᠂ ᠭᠡᠷ ᠲᠡᠭᠡᠨ ᠠᠵᠢᠯᠯᠠᠬᠤ ᠵᠡᠷᠭᠡ ᠭᠡᠷ ᠪᠦᠯᠢ ᠶᠢᠨ | ᠨᠥᠬᠦᠷᠰᠡᠭ ᠪᠠᠶᠢᠬᠤ ᠠᠮᠢᠳᠤᠯᠢᠭ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠭᠡᠷ ᠠᠬᠤᠢ ᠶᠢᠨ ᠦᠢᠯᠡᠴᠢᠯᠡᠭᠡᠨ ᠤ | ᠪᠠᠷᠢᠮᠵᠢᠶ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠭᠡᠷ ᠪᠦᠯᠢ ᠶᠢᠨ ᠦᠢᠯᠡᠴᠢᠯᠡᠭᠡᠨ ᠤ ᠣᠶᠤᠨᠴᠢᠯᠠᠬᠤ ᠪᠠ | ᠲᠣᠭᠠᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ | ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠨᠡᠶᠢᠲᠡ ᠴᠣᠭᠴᠠ ᠵᠢᠴᠢ ᠲᠡᠳᠡᠨᠤᠰ ᠤᠨ ᠭᠡᠷ ᠪᠦᠯᠢ ᠶᠢᠨ ᠳᠡᠮᠵᠢᠯᠭᠡ | ᠪᠠ ᠪᠠᠲᠤᠯᠠᠭ᠎ᠠ ᠶᠢ ᠭᠡᠷ ᠪᠦᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠲᠡᠷᠢᠭᠦᠨ ᠬᠦᠷᠢᠶ᠎ᠡ ᠪᠣᠯᠭᠠᠨ᠎ᠠ᠃ | 9᠂ ᠭᠡᠷ ᠪᠦᠯᠢ ᠶᠢᠨ ᠬᠦᠷᠢᠶ᠎ᠡ ᠴᠠᠷᠠᠭ᠎ᠠ ᠶᠢᠨ ᠣᠨᠣᠯ ᠪᠠ ᠦᠢᠯᠡᠳᠦᠯᠭᠡ ᠶᠢᠨ ᠰᠤᠳᠤᠯᠭᠠᠨ ᠢ ᠴᠢᠩᠭᠠᠳᠬᠠᠨ᠎ᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠱᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ | ᠭᠡᠷ ᠪᠦᠯᠢ ᠶᠢᠨ ᠪᠠᠶᠢᠭᠤᠯᠤᠯᠲᠠ᠂ ᠭᠡᠷ ᠪᠦᠯᠢ ᠶᠢᠨ ᠬᠥᠮᠦᠵᠢᠯ᠂ ᠭᠡᠷ ᠤᠨ ᠰᠤᠷᠲᠠᠯ ᠢ ᠬᠥᠮᠥᠵᠢᠭᠦᠯᠬᠦ ᠵᠡᠷᠭᠡ ᠭᠡᠷ | ᠪᠦᠯᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠲᠥᠯᠥᠨ ᠳᠠᠭᠠᠭᠤᠯᠬᠤ ᠴᠢᠨᠠᠷ᠂ ᠡᠷᠬᠡ ᠰᠦᠷᠲᠦ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠪᠠ ᠵᠢᠯᠤᠭᠤᠳᠬᠤ | ᠴᠢᠨᠠᠷ ᠤᠨ ᠰᠤᠳᠤᠯᠭᠠᠨ ᠤ ᠦᠷ᠎ᠡ ᠪᠦᠲᠦᠭᠡᠯ ᠢᠶᠠᠷ ᠭᠡᠷ ᠪᠦᠯᠢ ᠶᠢᠨ ᠬᠦᠷᠢᠶᠡᠨ ᠤ ᠠᠰᠠᠭᠤᠳᠠᠯ ᠤᠨ ᠲᠤᠬᠠᠢ ᠠᠷᠠᠳ | ᠣᠯᠠᠨ ᠤ ᠰᠢᠨ᠎ᠡ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠭᠦᠨ᠎ᠡ᠃ ᠨᠡᠶᠢᠭᠡᠮ ᠤᠨ ᠬᠦᠴᠦᠨ ᠢ | ᠵᠣᠷᠢᠭᠵᠢᠭᠤᠯᠤᠨ ᠭᠡᠷ ᠪᠦᠯᠢ ᠶᠢᠨ ᠦᠢᠯᠡᠴᠢᠯᠡᠭᠡᠨ ᠤ ᠬᠦᠷᠢᠶᠡᠨ ᠳᠠᠬᠢ ᠠᠷᠭᠠᠴᠠᠬᠤ ᠪᠣᠳᠣᠯᠭ᠎ᠠ ᠶᠢᠨ ᠰᠤᠳᠤᠯᠤᠯ ᠢ | ᠴᠢᠩᠭᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ | ᠲᠤᠰᠬᠠᠶᠢᠵᠢᠭᠰᠠᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠭᠡᠷ ᠪᠦᠯᠢ ᠶᠢᠨ ᠦᠢᠯᠡᠴᠢᠯᠡᠭᠡᠨ ᠤ | ᠳᠡᠮᠵᠢᠯᠭᠡ ᠬᠠᠩᠭᠠᠨ᠎ᠠ | ︵ᠵᠢᠷᠭᠤᠭ᠎ᠠ︶ ᠬᠡᠦᠬᠡᠳ ᠬᠢᠭᠡᠳ ᠣᠷᠴᠢᠨ ᠲᠣᠭᠤᠷᠢᠨ | ᠭᠤᠣᠯ ᠬᠠᠷᠠᠯᠲᠠ᠄ | 1᠂ ᠬᠡᠦᠬᠡᠳ ᠢ ᠤᠷᠢᠳᠠᠪᠠᠷ ᠪᠣᠳᠣᠯᠬᠢᠯᠠᠬᠤ ᠣᠨᠣᠯᠵᠢᠬᠤᠨ ᠢ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ | ᠲᠣᠭᠲᠠᠭᠠᠬᠤ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠵᠡᠷᠭᠡ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠬᠡᠦᠬᠡᠳ ᠢ ᠬᠦᠨᠳᠦᠳᠬᠡᠬᠦ ᠪᠠ | ᠬᠠᠶᠢᠷᠠᠯᠠᠬᠤ ᠨᠡᠶᠢᠭᠡᠮ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠦᠷᠢᠯᠳᠦᠭᠦᠯᠦᠨ᠎ᠡ᠃ | 2᠂ ᠬᠡᠦᠬᠡᠳ ᠤᠨ ᠨᠥᠬᠦᠷᠰᠡᠭ ᠬᠤᠳᠠ ᠪᠠ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ ᠢ ᠪᠦᠲᠦᠭᠡᠨ | ᠪᠠᠶᠢᠭᠤᠯᠤᠨ᠎ᠠ᠃ | 3᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠦᠬᠡᠳ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ | ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠵᠡᠷᠭᠡ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ | ᠭᠠᠵᠠᠷ ᠢ ᠨᠡᠮᠡᠭᠳᠡᠭᠦᠯᠵᠦ᠂ ᠠᠰᠢᠭᠯᠠᠯᠲᠠ ᠶᠢᠨ ᠨᠣᠷᠮ᠎ᠠ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ | 4᠂ ᠬᠡᠦᠬᠡᠳ ᠤᠨ ᠪᠥᠬᠦ ᠲᠠᠯ᠎ᠠ ᠶᠢᠨ ᠬᠥᠭᠵᠢᠯᠲᠡ ᠳᠤ ᠠᠰᠢᠭᠲᠠᠢ ᠨᠠᠩ ᠣᠯᠠᠨ ᠴᠢᠨᠠᠷ ᠰᠠᠶᠢᠲᠠᠢ ᠣᠶᠤᠨ ᠤ | ᠰᠣᠶᠣᠯ ᠤᠨ ᠪᠦᠲᠦᠭᠡᠭᠳᠡᠬᠦᠨ ᠢ ᠬᠠᠩᠭᠠᠨ᠎ᠠ᠃ | 5᠂ ᠬᠡᠦᠬᠡᠳ ᠢ ᠡᠯ᠎ᠡ ᠲᠥᠷᠥᠯ ᠤᠨ ᠵᠠᠭᠤᠴᠢᠯᠠᠭᠤᠷ ᠤᠨ ᠡᠷᠡᠭᠦᠯ ᠪᠤᠰᠤ ᠮᠡᠳᠡᠭᠡ ᠵᠠᠩᠭᠢ ᠶᠢᠨ ᠨᠥᠯᠥᠭᠡ | ᠬᠦᠷᠲᠡᠬᠦ ᠠᠴᠠ ᠵᠠᠶᠢᠯᠠᠰᠬᠢᠨ᠎ᠠ᠃ ᠬᠡᠦᠬᠡᠳ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ | 6᠂ ᠬᠡᠦᠬᠡᠳ ᠤᠨ ᠭᠡᠷ ᠪᠦᠯᠢ᠂ ᠰᠤᠷᠭᠠᠭᠤᠯᠢ ᠪᠠ ᠨᠡᠶᠢᠭᠡᠮ ᠤᠨ ᠬᠡᠷᠡᠭ ᠶᠠᠪᠤᠳᠠᠯ ᠳᠤ ᠣᠷᠣᠯᠴᠠᠬᠤ ᠡᠷᠬᠡ ᠶᠢ | ᠭᠦᠢᠴᠡᠳ ᠪᠠᠲᠤᠯᠠᠨ᠎ᠠ᠃ | 7᠂ ᠬᠡᠦᠬᠡᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠳᠠᠳᠬᠠᠯ ᠢ | ᠬᠠᠪᠰᠤᠷᠤᠨ ᠪᠣᠶ ᠪᠣᠯᠭᠠᠨ᠎ᠠ᠃ | 8᠂ ᠣᠷᠴᠢᠨ ᠲᠣᠭᠤᠷᠢᠨ ᠤ ᠪᠣᠬᠢᠷᠲᠤᠯ ᠤᠨ ᠬᠡᠦᠬᠡᠳ ᠲᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠨ᠎ᠠ᠃ | ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠬᠦ ᠨᠤᠷᠮ᠎ᠠ ᠶᠢ 95% ᠠᠴᠠ ᠳᠡᠭᠡᠭᠰᠢ ᠪᠠᠶᠢᠯᠭᠠᠵᠤ᠂ | ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠬᠦ ᠨᠤᠷᠮ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ | 9᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠳᠠᠭᠠᠨ ᠬᠡᠦᠬᠡᠳ ᠤᠨ ᠪᠡᠶ᠎ᠡ | ᠰᠡᠳᠬᠢᠯ ᠤᠨ ᠣᠨᠴᠠᠯᠢᠭ ᠢ ᠭᠦᠢᠴᠡᠳ ᠪᠣᠳᠣᠯᠬᠢᠯᠠᠵᠤ᠂ ᠬᠡᠦᠬᠡᠳ ᠤᠨ ᠣᠨᠴᠠᠭᠠᠶ ᠬᠡᠷᠡᠭᠴᠡᠭᠡ ᠶᠢ ᠤᠷᠢᠳ ᠢᠶᠠᠷ | ᠬᠠᠩᠭᠠᠨ᠎ᠠ᠃ | 10᠂ ᠬᠡᠦᠬᠡᠳ ᠤᠨ ᠶᠠᠪᠤᠳᠠᠯ ᠤᠨ ᠲᠤᠬᠠᠢ ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠥᠷᠭᠡᠨ ᠢᠶᠠᠷ ᠦᠷᠨᠢᠭᠦᠯᠦᠨ᠎ᠡ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠪᠥᠬᠦ ᠲᠠᠯ᠎ᠠ ᠪᠠᠷ ᠲᠤᠤᠱᠯᠠᠭᠤᠯᠤᠨ᠎ᠠ᠃ ᠬᠡᠦᠬᠡᠳ ᠢ | ᠤᠷᠢᠳᠠᠪᠠᠷ ᠬᠥᠭᠵᠢᠭᠦᠯᠬᠦ ᠶᠢ ᠠᠬᠢᠭᠤᠯᠬᠤ ᠳᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠡᠦᠬᠡᠳ ᠢ | ᠤᠷᠢᠳᠠᠪᠠᠷ ᠬᠥᠭᠵᠢᠭᠦᠯᠬᠦ ᠪᠠ ᠬᠡᠦᠬᠡᠳ ᠤᠨ ᠡᠷᠬᠡ ᠠᠰᠢᠭ ᠢ ᠪᠠᠲᠤᠯᠠᠬᠤ ᠪᠠᠷ ᠭᠤᠣᠯ ᠰᠡᠳᠦᠪ ᠪᠣᠯᠭᠠᠭᠰᠠᠨ | ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ | ᠮᠥᠴᠢᠷ ᠪᠠ ᠨᠡᠶᠢᠭᠡᠮ ᠤᠨ ᠤᠯᠠᠨ ᠨᠡᠶᠢᠲᠡ ᠶᠢᠨ ᠬᠡᠦᠬᠡᠳ ᠤᠨ ᠡᠷᠬᠡ ᠠᠰᠢᠭ ᠤᠨ ᠲᠤᠬᠠᠢ ᠲᠠᠨᠢᠯᠲᠠ ᠶᠢ | ᠳᠡᠭᠡᠭᠰᠢᠯᠡᠭᠦᠯᠵᠦ᠂ ᠬᠡᠦᠬᠡᠳ ᠤᠨ ᠡᠷᠬᠡ ᠠᠰᠢᠭ ᠢ ᠪᠠᠲᠤᠯᠠᠬᠤ ᠤᠬᠠᠮᠰᠠᠷᠲᠤ ᠴᠢᠨᠠᠷ ᠢ ᠨᠡᠮᠡᠭᠳᠡᠭᠦᠯᠦᠨ᠎ᠡ᠃ | ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ᠂ ᠣᠯᠠᠨ ᠨᠡᠶᠢᠲᠡ ᠶᠢᠨ ᠡᠬᠢ ᠪᠠᠶᠠᠯᠢᠭ ᠢ | ᠲᠣᠬᠢᠷᠠᠭᠤᠯᠬᠤ᠂ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠬᠡᠦᠬᠡᠳ ᠤᠨ ᠬᠡᠷᠡᠭᠴᠡᠭᠡ ᠶᠢ ᠡᠩ ᠲᠡᠷᠢᠭᠦᠨ ᠳᠤ | ᠬᠠᠩᠭᠠᠨ᠎ᠠ᠃ ᠬᠡᠦᠬᠡᠳ ᠲᠤ ᠨᠠᠩ ᠣᠯᠠᠨ ᠠᠮᠤᠷ ᠲᠦᠪᠰᠢᠨ᠂ ᠨᠥᠬᠦᠷᠰᠡᠭ ᠣᠯᠠᠨ ᠨᠡᠶᠢᠲᠡ ᠶᠢᠨ ᠲᠥᠬᠦᠭᠡᠷᠦᠮᠵᠢ ᠪᠠ | ᠠᠵᠢᠯᠯᠠᠭᠠᠨ ᠤ ᠲᠠᠯᠠᠪᠤᠷ ᠬᠠᠩᠭᠠᠬᠤ ᠶᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ | ᠪᠠ ᠬᠤᠲᠠ ᠶᠢᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠭᠠᠨ᠎ᠠ᠃ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠡᠦᠬᠡᠳ ᠤᠨ ᠬᠥᠭᠵᠢᠯᠲᠡ ᠪᠠ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡ ᠳᠤ | ᠣᠷᠣᠯᠴᠠᠬᠤ ᠶᠢ ᠵᠣᠷᠢᠭᠵᠢᠭᠤᠯᠤᠨ᠎ᠠ᠃ ᠬᠡᠦᠬᠡᠳ ᠢ ᠤᠷᠢᠳᠠᠪᠠᠷ ᠬᠥᠭᠵᠢᠭᠦᠯᠬᠦ ᠶᠢ ᠠᠬᠢᠭᠤᠯᠬᠤ ᠠᠵᠢᠯ ᠤᠨ | ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ᠂ ᠪᠡᠯᠡ ᠮᠥᠩᠭᠦ ᠶᠢᠨ | ᠣᠷᠤᠭᠤᠯᠤᠯᠲᠠ᠂ ᠲᠥᠷᠥᠯ ᠵᠦᠢᠯ ᠤᠨ ᠬᠡᠷᠡᠭᠵᠢᠭᠦᠯᠦᠯᠲᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠨᠡᠶᠢᠯᠡᠮᠡᠯ | ᠬᠦᠴᠦᠨ ᠢ ᠪᠦᠷᠢᠯᠳᠦᠭᠦᠯᠦᠨ᠎ᠡ᠃ ᠬᠤᠲᠠ ᠶᠢᠨ ᠬᠥᠭᠵᠢᠯᠲᠡ ᠶᠢᠨ ᠴᠢᠬᠤᠯᠠ ᠶᠡᠭᠡ ᠲᠥᠯᠦᠪᠵᠢᠭᠦᠯᠭᠡ᠂ ᠲᠥᠷᠥ ᠶᠢᠨ | ᠪᠣᠳᠣᠯᠭ᠎ᠠ᠂ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠳᠤ ᠬᠡᠦᠬᠡᠳ ᠤᠨ ᠨᠥᠯᠥᠭᠡ ᠶᠢᠨ ᠦᠨᠡᠯᠡᠯᠲᠡ ᠶᠢ | ᠣᠷᠣᠭᠤᠯᠤᠨ᠎ᠠ᠃ ᠲᠣᠭᠠᠴᠢᠯᠠᠭᠰᠠᠨ ᠠᠷᠭ᠎ᠠ ᠪᠠᠷᠢᠯ ᠢ ᠰᠦᠪᠡᠭᠴᠢᠯᠡᠨ ᠬᠡᠷᠡᠭᠯᠡᠵᠦ ᠪᠠᠶᠢᠭᠠᠳ ᠬᠡᠦᠬᠡᠳ ᠤᠨ ᠠᠵᠢᠯ ᠤᠨ | ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ | 2᠂ ᠬᠡᠦᠬᠡᠳ ᠤᠨ ᠨᠥᠬᠦᠷᠰᠡᠭ ᠬᠤᠲᠠ ᠪᠠ ᠬᠡᠦᠬᠡᠳ ᠤᠨ ᠨᠥᠬᠦᠷᠰᠡᠭ ᠨᠡᠶᠢᠭᠡᠮ ᠲᠣᠭᠤᠷᠢᠭ ᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠦᠨ᠎ᠡ᠃ ᠨᠡᠶᠢᠭᠡᠮ ᠤᠨ ᠲᠥᠷᠥ ᠶᠢᠨ ᠪᠣᠳᠣᠯᠭ᠎ᠠ ᠪᠠᠷ ᠨᠥᠬᠦᠷᠰᠡᠭ᠂ ᠣᠯᠠᠨ ᠨᠡᠶᠢᠲᠡ ᠶᠢᠨ | ᠦᠢᠯᠡᠴᠢᠯᠡᠭᠡ ᠪᠠᠷ ᠨᠥᠬᠦᠷᠰᠡᠭ᠂ ᠡᠷᠬᠡ ᠶᠢᠨ ᠪᠠᠲᠤᠯᠠᠭ᠎ᠠ ᠪᠠᠷ ᠨᠥᠬᠦᠷᠰᠡᠭ᠂ ᠦᠰᠦᠨ ᠪᠣᠶᠢᠵᠢᠬᠤ ᠣᠷᠣᠨ ᠵᠠᠢ ᠪᠠᠷ | ᠨᠥᠬᠦᠷᠰᠡᠭ᠂ ᠣᠷᠴᠢᠨ ᠲᠣᠭᠤᠷᠢᠨ ᠢᠶᠠᠷ ᠨᠥᠬᠦᠷᠰᠡᠭ ᠬᠡᠦᠬᠡᠳ ᠤᠨ ᠨᠥᠬᠦᠷᠰᠡᠭ ᠬᠤᠲᠠ ᠶᠢ ᠢᠳᠡᠪᠬᠢᠲᠡᠢ ᠡᠭᠦᠳᠦᠨ | ᠪᠠᠶᠢᠭᠤᠯᠵᠤ᠂ ᠬᠡᠦᠬᠡᠳ ᠤᠨ ᠨᠥᠬᠦᠷᠰᠡᠭ ᠪᠠᠶᠢᠬᠤ ᠣᠨᠣᠯᠵᠢᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ | ᠠᠬᠢᠭᠤᠯᠤᠨ᠎ᠠ᠃ ᠨᠡᠶᠢᠭᠡᠮ ᠲᠣᠭᠤᠷᠢᠭ ᠤᠨ ᠬᠡᠦᠬᠡᠳ ᠤᠨ ᠭᠡᠷ ᠵᠡᠷᠭᠡ ᠣᠯᠠᠨ ᠨᠡᠶᠢᠲᠡ ᠶᠢᠨ ᠣᠷᠣᠨ ᠵᠠᠢ ᠶᠢ ᠪᠦᠲᠦᠭᠡᠨ | ᠪᠠᠶᠢᠭᠤᠯᠵᠤ᠂ ᠬᠡᠦᠬᠡᠳ ᠲᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠ ᠤᠩᠰᠢᠯᠭ᠎ᠠ ᠶᠢᠨ ᠵᠤᠭ᠎ᠠ ᠴᠡᠩᠭᠡᠯ ᠤᠨ | ᠲᠠᠯᠠᠪᠤᠷ ᠬᠠᠩᠭᠠᠨ᠎ᠠ᠃ ᠨᠡᠶᠢᠭᠡᠮ ᠲᠣᠭᠤᠷᠢᠭ ᠤᠨ ᠬᠡᠦᠬᠡᠳ ᠤᠨ ︽ᠪᠢᠴᠢᠯ ᠣᠷᠣᠨ ᠵᠠᠢ︾ ᠶᠢ ᠨᠡᠮᠡᠭᠳᠡᠭᠦᠯᠵᠦ᠂ ᠨᠡᠶᠢᠭᠡᠮ | ᠲᠣᠭᠤᠷᠢᠭ ᠤᠨ ᠬᠡᠦᠬᠡᠳ ᠤᠨ ︽ᠲᠣᠭᠯᠠᠭᠠᠮ ᠤᠨ ᠪᠤᠯᠤᠩ︾ ᠪᠠᠶᠢᠭᠤᠯᠬᠤ ᠶᠢ ᠵᠣᠷᠢᠭᠵᠢᠭᠤᠯᠤᠨ᠂ ᠰᠤᠷᠬᠤ ᠨᠠᠰᠤᠨ ᠤ | ᠬᠡᠦᠬᠡᠳ ᠤᠨ ᠠᠯᠬᠤᠬᠤ ᠵᠠᠮ ᠪᠠ ᠬᠠᠶᠢᠨ ᠰᠦᠪᠡᠭᠴᠢᠯᠡᠬᠦ ᠣᠷᠣᠨ ᠵᠠᠢ ᠶᠢ ᠬᠠᠩᠭᠠᠵᠤ᠂ ᠭᠡᠷ ᠤᠨ ᠳᠣᠲᠣᠨ᠎ᠠ | ᠭᠠᠳᠠᠨᠠᠬᠢ ᠠᠮᠤᠷ ᠲᠦᠪᠰᠢᠨ ᠤ ᠲᠣᠭᠯᠠᠭᠠᠮ ᠤᠨ ᠠᠵᠢᠯᠯᠠᠭᠠᠨ ᠤ ᠪᠡᠯᠡᠳᠬᠡᠮᠵᠢ ᠶᠢ ᠵᠦᠢ ᠵᠣᠬᠢᠰᠲᠠᠢ ᠨᠡᠮᠡᠵᠦ | ᠪᠠᠶᠢᠭᠤᠯᠤᠨ᠎ᠠ᠃ ᠣᠯᠠᠨ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠬᠡᠦᠬᠡᠳ ᠤᠨ | ᠠᠵᠢᠯ ᠤᠨ ᠣᠶᠤᠨ ᠤ ᠬᠥᠮᠥᠷᠭᠡ ᠶᠢ ᠪᠠᠶᠢᠭᠤᠯᠤᠨ᠂ ᠬᠡᠦᠬᠡᠳ ᠤᠨ ᠠᠵᠢᠯ ᠤᠨ ᠬᠠᠤᠯᠢ ᠪᠠᠷ ᠵᠠᠰᠠᠬᠤ ᠪᠠᠶᠢᠭᠤᠯᠤᠯᠲᠠ᠂ | ᠲᠥᠷᠥ ᠶᠢᠨ ᠪᠣᠳᠣᠯᠭ᠎ᠠ ᠲᠣᠭᠲᠠᠭᠠᠬᠤ᠂ ᠳᠦᠷᠢᠮ ᠲᠣᠭᠲᠠᠭᠠᠬᠤ᠂ ᠣᠨᠣᠯ ᠤᠨ ᠰᠢᠨ᠎ᠡ ᠶᠢ ᠡᠭᠦᠳᠬᠦ᠂ ᠴᠢᠳᠠᠪᠤᠷᠢ ᠶᠢᠨ | ᠪᠠᠶᠢᠭᠤᠯᠤᠯᠲᠠ ᠶᠢᠨ ᠵᠠᠰᠠᠭ ᠲᠤ ᠲᠤᠰᠠᠯᠠᠬᠤ ᠰᠠᠨᠠᠯ ᠵᠥᠪᠯᠡᠯᠭᠡ ᠳᠤᠷᠠᠳᠬᠤ᠂ ᠬᠡᠦᠬᠡᠳ ᠲᠤ ᠦᠢᠯᠡᠴᠢᠯᠡᠬᠦ ᠠᠵᠢᠯ ᠳᠤ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠨ᠎ᠠ᠃ | 3᠂ ᠬᠡᠦᠬᠡᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠬᠡ ᠣᠷᠣᠨᠴᠢ ᠦᠵᠡᠯ ᠤᠨ ᠬᠥᠮᠦᠵᠢᠯ ᠤᠨ | ᠰᠠᠭᠤᠷᠢᠨ ᠭᠠᠵᠠᠷ᠂ ᠨᠠᠮ ᠤᠨ ᠲᠡᠦᠬᠡ ᠤᠯᠤᠰ ᠤᠨ ᠲᠡᠦᠬᠡ ᠶᠢᠨ ᠬᠥᠮᠦᠵᠢᠯ ᠤᠨ ᠰᠠᠭᠤᠷᠢᠨ ᠭᠠᠵᠠᠷ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠬᠥᠮᠦᠵᠢᠯ ᠤᠨ ᠰᠠᠭᠤᠷᠢᠨ ᠭᠠᠵᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ | ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠡᠦᠬᠡᠳ ᠤᠨ ᠠᠵᠢᠯᠯᠠᠭᠠᠨ ᠤ ᠲᠠᠯᠠᠪᠤᠷ ᠭᠠᠵᠠᠷ ᠤᠨ ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠡᠦᠬᠡᠳ ᠤᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ | ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠲᠠᠯᠠᠪᠤᠷ | ᠭᠠᠵᠠᠷ ᠨᠢ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠪᠠᠷ ᠴᠢᠯᠦᠭᠡᠲᠡᠢ ᠨᠡᠭᠡᠭᠡᠵᠦ᠂ | ᠨᠥᠬᠦᠴᠡᠯ ᠢᠶᠠᠨ ᠦᠨᠳᠦᠰᠦᠯᠡᠨ ᠬᠡᠦᠬᠡᠳ ᠤᠨ ᠠᠵᠢᠯᠯᠠᠭᠠᠨ ᠤ ᠲᠤᠰᠬᠠᠢ ᠣᠷᠣᠨ ᠢ ᠨᠡᠭᠡᠭᠡᠨ᠎ᠡ᠃ ᠨᠥᠬᠦᠴᠡᠯ | ᠪᠦᠷᠢᠯᠳᠦᠭᠦᠯᠦᠭᠰᠡᠨ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ ᠲᠠᠯᠠᠪᠤᠷ ᠲᠤ ᠪᠠᠭᠠᠴᠤᠳ ᠤᠨ ᠬᠤᠰᠢᠭᠤᠴᠢ | ᠠᠩᠭᠢ ᠶᠢᠨ ᠵᠣᠬᠢᠶᠠᠨ ᠪᠠᠶᠢᠭᠤᠯᠤᠯᠲᠠ ᠶᠢ ᠨᠡᠶᠢᠳᠡᠮ ᠪᠠᠶᠢᠭᠤᠯᠤᠨ᠎ᠠ᠃ ᠰᠤᠷᠭᠠᠭᠤᠯᠢ ᠶᠢᠨ ᠭᠠᠳᠠᠨᠠᠬᠢ ᠠᠵᠢᠯᠯᠠᠭᠠᠨ ᠤ | ᠲᠠᠯᠠᠪᠤᠷ ᠭᠠᠵᠠᠷ ᠤᠨ ᠬᠥᠮᠥᠨ ᠬᠥᠮᠥᠵᠢᠭᠦᠯᠬᠦ ᠳᠠᠪᠠᠭᠤᠯᠢᠭ ᠢ ᠪᠠᠳᠠᠷᠠᠭᠤᠯᠵᠤ᠂ ᠣᠨᠴᠠᠯᠢᠭ ᠢᠶᠠᠷ ᠢᠯᠡ ᠲᠣᠳᠣ᠂ | ᠣᠷᠣᠯᠴᠠᠬᠤ ᠬᠡᠪᠴᠢᠶ᠎ᠡ ᠪᠠᠷ ᠥᠷᠭᠡᠨ ᠬᠡᠦᠬᠡᠳ ᠤᠨ ᠭᠤᠣᠯ ᠰᠡᠳᠦᠪᠲᠦ ᠠᠵᠢᠯᠯᠠᠭᠠᠨ ᠤ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠨ᠎ᠠ᠃ | 4᠂ ᠬᠡᠦᠬᠡᠳ ᠲᠤ ᠬᠠᠨᠳᠤᠭᠤᠯᠤᠭᠰᠠᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠳᠤᠰᠤᠯᠭᠠᠨ ᠤᠰᠤᠯᠠᠬᠤ ᠮᠠᠶ᠋ᠢᠭ︾ ᠤᠨ ᠤᠬᠠᠭᠤᠯᠭ᠎ᠠ ᠪᠠ ᠬᠠᠮ | ᠵᠠᠭᠤᠴᠢᠯᠠᠭᠤᠷ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢ ᠢᠯᠡᠷᠡᠭᠦᠯᠦᠭᠰᠡᠨ᠂ ᠬᠡᠦᠬᠡᠳ ᠲᠤ ᠲᠣᠬᠢᠷᠠᠬᠤ ᠨᠣᠮ ᠪᠢᠴᠢᠭ᠂ ᠺᠢᠨᠣ᠋ ᠲᠧᠯᠸᠢᠰ᠂ ᠳᠠᠭᠤᠤ᠂ | ᠲᠣᠭᠯᠠᠭᠠᠮ᠂ ᠷᠠᠳᠢᠣ᠋ ᠲᠧᠯᠸᠢᠰ ᠤᠨ ᠫᠷᠣᠭ᠍ᠷᠠᠮ ᠵᠡᠷᠭᠡ ᠣᠶᠤᠨ ᠤ ᠰᠣᠶᠣᠯ ᠤᠨ ᠪᠦᠲᠦᠭᠡᠭᠳᠡᠬᠦᠨ ᠢ ᠦᠢᠯᠡᠳᠬᠦ ᠪᠠ | ᠤᠯᠠᠮᠵᠢᠯᠠᠨ ᠲᠠᠷᠬᠠᠭᠠᠵᠤ᠂ ᠬᠡᠦᠬᠡᠳ ᠤᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ | ᠬᠡᠦᠬᠡᠳ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ | ᠰᠢᠨ᠎ᠡ ᠶᠢ ᠡᠭᠦᠳᠬᠦ ᠳᠤ ᠣᠷᠣᠯᠴᠠᠬᠤ ᠶᠢ ᠲᠡᠮᠵᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠰᠦᠯᠵᠢᠶᠡᠨ ᠤ ᠣᠷᠣᠨ ᠵᠠᠢ ᠳᠤ ᠬᠡᠦᠬᠡᠳ ᠤᠨ ᠦᠵᠡᠯ | ᠰᠠᠨᠠᠭ᠎ᠠ ᠶᠣᠰᠣ ᠮᠣᠷᠠᠯ ᠤᠨ ᠬᠥᠮᠦᠵᠢᠯ ᠢ ᠥᠷᠨᠢᠭᠦᠯᠬᠦ ᠰᠢᠨ᠎ᠡ ᠠᠷᠭ᠎ᠠ ᠵᠠᠮ᠂ ᠰᠢᠨ᠎ᠡ ᠠᠷᠭ᠎ᠠ ᠶᠢ ᠰᠦᠪᠡᠭᠴᠢᠯᠡᠵᠦ᠂ | ᠮᠡᠳᠡᠯᠭᠡ ᠶᠢᠨ ᠴᠢᠨᠠᠷ᠂ ᠰᠣᠨᠢᠷᠬᠠᠯᠲᠤ ᠴᠢᠨᠠᠷ ᠪᠠ ᠴᠠᠭ ᠦᠶᠡᠴᠢ ᠴᠢᠨᠠᠷ ᠢ ᠴᠢᠩᠭᠠᠷᠠᠭᠤᠯᠤᠨ᠎ᠠ᠃ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠰᠣᠶᠣᠯ ᠤᠷᠠᠯᠢᠭ ᠤᠨ ᠪᠠᠶᠢᠭᠤᠯᠤᠮᠵᠢ ᠶᠢᠨ ᠬᠡᠦᠬᠡᠳ ᠤᠨ ᠰᠣᠶᠣᠯ ᠤᠷᠠᠯᠢᠭ ᠤᠨ ᠠᠵᠢᠯᠯᠠᠭ᠎ᠠ ᠳᠤ | ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠ ᠲᠠᠯᠠᠪᠤᠷ ᠭᠠᠵᠠᠷ ᠤᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃ | 5᠂ ᠰᠣᠨᠢᠨ ᠮᠡᠳᠡᠭᠡ ᠬᠡᠪᠯᠡᠯ᠂ ᠰᠣᠶᠣᠯ ᠵᠡᠷᠭᠡ ᠬᠦᠷᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ | ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠬᠡᠦᠬᠡᠳ ᠤᠨ ᠬᠡᠪᠯᠡᠭᠳᠡᠬᠦᠨ ᠢ ᠬᠢᠨᠠᠨ ᠤᠩᠰᠢᠬᠤ᠂ ᠬᠢᠨᠠᠨ | ᠲᠣᠭᠲᠠᠭᠠᠬᠤ ᠪᠠ ᠰᠢᠢᠳᠪᠦᠷᠢᠯᠡᠬᠦ ᠶᠢ ᠴᠢᠩᠭᠠᠳᠬᠠᠵᠤ᠂ ︽ᠱᠠᠯᠢᠭ ᠵᠠᠪᠬᠠᠢ ᠵᠦᠢᠯᠡᠰ ᠢ ᠱᠦᠭᠦᠷᠳᠡᠨ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠭᠦᠨᠵᠡᠭᠡᠶᠢᠷᠡᠭᠦᠯᠦᠨ᠂ ᠱᠠᠯᠢᠭ ᠵᠠᠪᠬᠠᠢ ᠪᠣᠯᠬᠢ | ᠪᠦᠳᠦᠭᠦᠯᠢᠭ᠂ ᠬᠦᠴᠦᠷᠬᠡᠭᠯᠡᠯ ᠰᠦᠷᠳᠡᠭᠦᠯᠦᠯ ᠤᠨ ᠮᠤᠬᠤᠷ ᠪᠢᠰᠢᠷᠡᠯ ᠵᠡᠷᠭᠡ ᠬᠤᠣᠷ ᠬᠥᠨᠥᠭᠡᠯ ᠲᠠᠢ ᠬᠡᠪᠯᠡᠭᠳᠡᠬᠦᠨ | ᠵᠢᠴᠢ ᠮᠡᠳᠡᠭᠡ ᠵᠠᠩᠭᠢ ᠶᠢ ᠠᠷᠢᠯᠭᠠᠨ᠎ᠠ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠠᠤᠯᠢ ᠪᠤᠰᠤ ᠪᠠᠷ | ᠪᠣᠷᠣᠯᠠᠭᠤᠯᠤᠭᠰᠠᠨ ᠬᠡᠪᠯᠡᠭᠳᠡᠬᠦᠨ ᠪᠠ ᠪᠣᠯᠬᠢ ᠪᠦᠳᠦᠭᠦᠯᠢᠭ ᠠᠭᠤᠯᠭ᠎ᠠ ᠳᠤ ᠬᠤᠯᠪᠣᠭᠳᠠᠭᠰᠠᠨ ᠬᠡᠦᠬᠡᠳ ᠤᠨ | ᠰᠣᠶᠣᠯ ᠤᠨ ᠬᠡᠷᠡᠭᠰᠡᠯ᠂ ᠲᠣᠭᠯᠠᠭᠠᠮ ᠤᠨ ᠵᠦᠢᠯ ᠢ ᠴᠡᠪᠡᠷᠯᠡᠨ᠎ᠡ᠃ ᠰᠦᠯᠵᠢᠶᠡᠨ ᠤ ᠬᠡᠪᠯᠡᠯ᠂ ᠰᠣᠶᠣᠯ ᠤᠨ ᠵᠠᠬ᠎ᠠ | ᠳᠡᠯᠭᠡᠭᠦᠷ ᠤᠨ ᠬᠠᠮᠢᠶᠠᠷᠤᠯᠲᠠ ᠬᠢᠭᠡᠳ ᠬᠠᠤᠯᠢ ᠬᠡᠷᠡᠭᠵᠢᠭᠦᠯᠦᠯᠲᠡ ᠶᠢ ᠴᠢᠩᠳᠠᠯᠠᠵᠤ᠂ ᠰᠦᠯᠵᠢᠶᠡᠨ ᠤ ᠲᠣᠭᠯᠠᠭᠠᠮ᠂ | ᠬᠠᠷᠠᠭᠠᠨ ᠳᠠᠪᠲᠠᠮᠵᠢ᠂ ᠰᠢᠭᠤᠳ ᠨᠡᠪᠲᠡᠷᠡᠭᠦᠯᠭᠡ᠂ ᠨᠡᠶᠢᠭᠡᠮ ᠤᠨ ᠬᠠᠷᠢᠯᠴᠠᠭ᠎ᠠ᠂ ᠰᠤᠷᠤᠯᠴᠠᠯᠭ᠎ᠠ ᠶᠢᠨ ᠲᠥᠷᠥᠯ ᠤᠨ | ᠰᠢᠯᠵᠢᠮᠡᠯ ᠬᠡᠷᠡᠭᠯᠡᠭᠡᠨ ᠤ ᠵᠥᠭᠡᠯᠡᠨ ᠲᠣᠨᠤᠭ ᠢᠶᠠᠷ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢ ᠬᠤᠬᠢᠷᠠᠭᠤᠯᠬᠤ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠳᠠᠮᠵᠢᠭᠤᠯᠬᠤ ᠶᠢ ᠴᠠᠭ ᠲᠤᠬᠠᠢ ᠳᠤᠨᠢ | ᠴᠡᠭᠴᠡᠯᠡᠨ ᠵᠠᠰᠠᠨ᠎ᠠ᠃ ᠨᠠᠰᠤᠨ ᠳᠤ ᠥᠯᠥ ᠭᠦᠷᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠬᠢᠵᠠᠭᠠᠷ ᠱᠤᠭᠤᠮ | ᠦᠭᠡᠢ ᠪᠠᠷ ᠣᠳᠣᠳ ᠢ ᠬᠥᠭᠡᠭᠡᠴᠡᠯᠳᠦᠬᠦ᠂ ᠵᠣᠭᠤᠰ ᠮᠥᠩᠭᠦᠨ ᠳᠤ ᠰᠢᠨᠤᠵᠤ ᠪᠠᠶᠠᠨ ᠢᠶᠠᠨ ᠭᠠᠶᠢᠬᠠᠭᠤᠯᠬᠤ ᠵᠡᠷᠭᠡ | ᠥᠷᠲᠡᠭ ᠤᠨ ᠤᠳᠤᠷᠢᠳᠤᠮᠵᠢ ᠶᠢᠨ ᠠᠰᠠᠭᠤᠳᠠᠯ ᠣᠷᠣᠰᠢᠵᠤ ᠪᠠᠶᠢᠭ᠎ᠠ ᠡᠷᠡᠭᠦᠯ ᠪᠤᠰᠤ ᠮᠡᠳᠡᠭᠡ ᠵᠠᠩᠭᠢ ᠪᠠ ᠦᠶᠯᠡ | ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠢᠨᠲ᠋ᠧᠷ ᠰᠦᠯᠵᠢᠶᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠ | ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠲᠣᠭᠲᠠᠭᠠᠯ ᠠᠴᠠ | ᠵᠥᠷᠢᠴᠡᠨ ᠨᠠᠰᠤᠨ ᠳᠤ ᠥᠯᠥ ᠭᠦᠷᠦᠭᠰᠡᠳ ᠢ ᠭᠥᠯᠢᠶᠡᠨ ᠠᠪᠤᠭᠰᠠᠨ᠂ ᠴᠠᠭᠠᠵᠠᠯᠠᠬᠤ ᠠᠭᠤᠯᠭ᠎ᠠ ᠲᠠᠢ | ᠲᠠᠭᠤᠤᠷᠢᠯᠢᠬ ᠤᠨ ᠭᠠᠷᠴᠠᠭ ᠪᠠ ᠲᠣᠭᠯᠠᠭᠠᠮ ᠲᠣᠭᠯᠠᠭᠠᠮ ᠤᠨ ᠤᠷᠠᠯᠢᠭ ᠤᠨ ᠲᠥᠬᠦᠭᠡᠷᠦᠮᠵᠢ ᠬᠠᠩᠭᠠᠭᠰᠠᠨ ᠵᠡᠷᠭᠡ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨᠡᠢᠨᠲ᠋ᠧᠷ ᠰᠦᠯᠵᠢᠶᠡᠨ ᠤ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠬᠦᠨ ᠢ ᠨᠡᠭᠡᠭᠡᠨ | ᠬᠥᠭᠵᠢᠭᠦᠯᠬᠦ᠂ ᠠᠭᠤᠯᠭ᠎ᠠ ᠶᠢ ᠬᠢᠨᠠᠨ ᠬᠠᠷᠭᠤᠭᠤᠯᠬᠤ᠂ ᠬᠡᠷᠡᠭᠯᠡᠭᠴᠢ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠠᠷᠭ᠎ᠠ | ᠬᠡᠮᠵᠢᠶ᠎ᠡ᠂ ᠢᠯᠡᠴᠢᠯᠡᠨ ᠮᠡᠳᠡᠭᠦᠯᠵᠦ ᠰᠢᠢᠳᠪᠦᠷᠢᠯᠡᠬᠦ ᠵᠡᠷᠭᠡ ᠭᠤᠭᠴᠤᠭ᠎ᠠ ᠳᠤ ᠵᠠᠰᠠᠬᠤ ᠠᠷᠭ᠎ᠠ ᠪᠠᠷᠢᠯ ᠢ | ᠲᠡᠭᠦᠯᠳᠡᠷᠵᠢᠭᠦᠯᠦᠨ᠎ᠡ᠃ | 6᠂ ᠬᠡᠦᠬᠡᠳ ᠲᠠᠢ ᠬᠤᠯᠪᠣᠭᠳᠠᠬᠤ ᠵᠠᠷ ᠮᠡᠳᠡᠭᠡ ᠪᠠ ᠬᠤᠳᠠᠯᠳᠤᠭᠠᠨ ᠤ ᠴᠢᠨᠠᠷᠲᠠᠢ ᠠᠵᠢᠯᠯᠠᠭ᠎ᠠ ᠶᠢ | ᠵᠢᠷᠤᠮᠵᠢᠭᠤᠯᠤᠨ᠎ᠠ᠃ ᠬᠡᠦᠬᠡᠳ ᠲᠤ ᠬᠤᠯᠪᠣᠭᠳᠠᠬᠤ ᠦᠢᠯᠡᠳᠬᠦᠨ ︵ᠦᠢᠯᠡᠴᠢᠯᠡᠭᠡ︶ ᠤ ᠵᠠᠷ ᠨᠡᠪᠲᠡᠷᠡᠭᠦᠯᠭᠡ ᠶᠢ | ᠵᠢᠷᠤᠮᠵᠢᠭᠤᠯᠤᠨ᠎ᠠ᠃ ᠬᠡᠦᠬᠡᠳ ᠲᠤ ᠵᠣᠷᠢᠭᠤᠯᠤᠭᠰᠠᠨ ᠣᠯᠠᠨ ᠨᠡᠶᠢᠲᠡ ᠶᠢᠨ ᠤᠯᠠᠮᠵᠢᠯᠠᠬᠤ ᠵᠠᠭᠤᠴᠢ ᠳᠡᠭᠡᠷ᠎ᠡ ᠡᠮᠴᠢᠯᠡᠭᠡ᠂ | ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠷᠡᠭᠦᠯᠵᠢᠯ ᠤᠨ ᠢᠳᠡᠭᠡᠨ᠂ ᠵᠠᠰᠠᠯ ᠴᠢᠮᠡᠭ ᠤᠨ ᠡᠳ᠋᠂ ᠠᠷᠢᠬᠢᠨ ᠤ | ᠵᠦᠢᠯ᠂ ᠵᠢᠰᠦ ᠭᠤᠶᠣᠯᠠᠬᠤ ᠪᠠ ᠲᠠᠮᠠᠬᠢᠨ ᠤ ᠵᠠᠷ ᠵᠢᠴᠢ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭ | ᠦᠭᠡᠢ ᠰᠦᠯᠵᠢᠶᠡᠨ ᠤ ᠲᠣᠭᠯᠠᠭᠠᠮ ᠤᠨ ᠵᠠᠷ ᠨᠡᠶᠢᠲᠡᠯᠡᠵᠦ ᠪᠣᠯᠬᠤ ᠦᠭᠡᠢ᠃ ᠣᠯᠠᠨ ᠨᠡᠶᠢᠲᠡ ᠶᠢᠨ ᠤᠯᠠᠮᠵᠢᠯᠠᠬᠤ | ᠵᠠᠭᠤᠴᠢ᠂ ᠣᠯᠠᠨ ᠨᠡᠶᠢᠲᠡ ᠶᠢᠨ ᠲᠠᠯᠠᠪᠤᠷ ᠲᠤ ᠡᠬᠡ ᠶᠢᠨ ᠰᠦ ᠶᠢ ᠪᠦᠬᠦᠨ ᠢ ᠪᠤᠶᠤ ᠬᠡᠰᠡᠭ ᠢ ᠨᠢ ᠣᠷᠣᠯᠠᠭᠤᠯᠤᠨ᠎ᠠ | ᠭᠡᠰᠡᠨ ᠨᠢᠯᠬ᠎ᠠ ᠬᠡᠦᠬᠡᠳ ᠤᠨ ᠰᠦᠨ ᠪᠦᠲᠦᠭᠡᠭᠳᠡᠬᠦᠨ᠂ ᠤᠮᠳᠠᠭᠠᠨ ᠪᠠ ᠪᠤᠰᠤᠳ ᠢᠳᠡᠭᠡᠨ ᠤ ᠵᠠᠷ ᠨᠡᠶᠢᠲᠡᠯᠡᠬᠦ ᠶᠢ | ᠴᠠᠭᠠᠵᠠᠯᠠᠨ᠎ᠠ᠃ ᠬᠤᠯᠪᠣᠭᠳᠠᠯ ᠪᠦᠬᠦᠢ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠤᠨ ᠬᠡᠷᠡᠭ ᠢ ᠪᠠᠶᠢᠴᠠᠭᠠᠨ | ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ᠬᠡᠦᠬᠡᠳ ᠤᠨ ᠬᠤᠳᠠᠯᠳᠤᠭᠠᠨ ᠤ ᠴᠢᠨᠠᠷᠲᠠᠢ ᠦᠵᠡᠭᠦᠯᠦᠯᠭᠡ ᠶᠢᠨ | ᠲᠣᠭᠯᠠᠯᠲᠠ ᠶᠢᠨ ᠠᠵᠢᠯᠯᠠᠭ᠎ᠠ ᠳᠤ ᠣᠷᠣᠯᠴᠠᠬᠤ ᠶᠢ ᠵᠢᠷᠤᠮᠵᠢᠭᠤᠯᠤᠨ ᠬᠢᠵᠠᠭᠠᠷᠯᠠᠨ᠎ᠠ᠃ | 7᠂ ᠬᠡᠦᠬᠡᠳ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠨ᠎ᠠ᠃ ᠬᠡᠦᠬᠡᠳ ᠤᠨ | ᠵᠠᠭᠤᠴᠢᠯᠠᠭᠤᠷ ᠢ ᠠᠰᠢᠭᠯᠠᠬᠤ ᠪᠠ ᠵᠠᠭᠤᠴᠢᠯᠠᠭᠤᠷ ᠲᠤ ᠣᠷᠣᠯᠴᠠᠬᠤ ᠡᠷᠬᠡ ᠶᠢ ᠪᠠᠲᠤᠯᠠᠨ᠎ᠠ᠃ ᠬᠡᠦᠬᠡᠳ ᠤᠨ | ᠲᠣᠭᠠᠴᠢᠯᠠᠭᠰᠠᠨ ᠠᠮᠢᠳᠤᠷᠠᠯ ᠤᠨ ᠥᠩᠭᠡᠷᠡᠭᠡᠯᠲᠡ ᠶᠢ ᠪᠠᠶᠠᠯᠢᠭᠵᠢᠭᠤᠯᠵᠤ᠂ ᠲᠣᠭᠠᠴᠢᠯᠠᠭᠰᠠᠨ ᠠᠮᠢᠳᠤᠷᠠᠯ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠭᠡᠷ ᠪᠦᠯᠢ ᠪᠠ ᠨᠡᠶᠢᠭᠡᠮ ᠵᠡᠷᠭᠡ ᠣᠯᠠᠨ | ᠵᠦᠢᠯ ᠤᠨ ᠠᠷᠭ᠎ᠠ ᠵᠠᠮ ᠢᠶᠠᠷ ᠳᠡᠮᠵᠢᠵᠦ᠂ ᠬᠡᠦᠬᠡᠳ ᠵᠢᠴᠢ ᠬᠢᠨᠠᠨ ᠬᠠᠮᠠᠭᠠᠯᠠᠭᠴᠢ ᠶᠢᠨ ᠵᠠᠭᠤᠴᠢᠯᠠᠭᠤᠷ ᠤᠨ ᠬᠡᠪ | ᠪᠣᠯᠪᠠᠰᠤᠷᠠᠯ ᠢ ᠳᠡᠭᠡᠭᠰᠢᠯᠡᠭᠦᠯᠵᠦ᠂ ᠠᠳᠠᠯᠢ ᠪᠤᠰᠤ ᠨᠠᠰᠤᠨ ᠤ ᠱᠠᠲᠤ ᠦᠶ᠎ᠡ ᠶᠢᠨ ᠬᠡᠦᠬᠡᠳ ᠲᠤ ᠲᠣᠣᠷ ᠰᠦᠯᠵᠢᠶ᠎ᠡ | ᠬᠡᠷᠡᠭᠯᠡᠬᠦ ᠶᠢ ᠲᠥᠷᠥᠯ ᠬᠤᠪᠢᠶᠠᠨ ᠰᠤᠷᠭᠠᠨ ᠬᠥᠮᠥᠵᠢᠭᠦᠯᠵᠦ ᠵᠢᠯᠤᠭᠤᠳᠬᠤ ᠶᠢ ᠴᠢᠩᠭᠠᠳᠬᠠᠵᠤ᠂ ᠬᠡᠦᠬᠡᠳ ᠢ | ᠬᠠᠪᠰᠤᠷᠤᠨ ᠲᠣᠣᠷ ᠰᠦᠯᠵᠢᠶᠡᠨ ᠤ ᠦᠨᠳᠦᠰᠦᠨ ᠮᠡᠳᠡᠯᠭᠡ ᠴᠢᠳᠠᠪᠤᠷᠢ ᠶᠢ ᠡᠵᠡᠮᠰᠢᠭᠦᠯᠵᠦ᠂ ᠰᠤᠷᠤᠯᠴᠠᠵᠤ | ᠰᠣᠯᠢᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠲᠣᠣᠷ ᠬᠡᠷᠡᠭᠯᠡᠬᠦ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ | ᠬᠡᠦᠬᠡᠳ ᠢ ᠬᠥᠲᠥᠯᠥᠨ ᠵᠢᠯᠤᠭᠤᠳᠴᠤ ᠪᠠᠶᠢᠭᠠᠳ ᠲᠣᠣᠷ ᠰᠦᠯᠵᠢᠶᠡᠨ ᠤ ᠪᠣᠯᠪᠠᠰᠤᠨ ᠪᠤᠰᠤ ᠦᠶᠯᠡ ᠠᠵᠢᠯᠯᠠᠭ᠎ᠠ ᠶᠢ | ᠡᠰᠡᠷᠭᠦᠴᠡᠨ ᠬᠤᠷᠢᠭᠯᠠᠵᠤ᠂ ᠮᠡᠳᠡᠭᠡ ᠵᠠᠩᠭᠢ ᠶᠢ ᠢᠯᠭᠠᠨ ᠲᠠᠨᠢᠬᠤ ᠪᠠ ᠲᠣᠣᠷ ᠰᠦᠯᠵᠢᠶᠡᠨ ᠳᠡᠭᠡᠷ᠎ᠡ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠨᠢ ᠨᠡᠮᠡᠭᠳᠡᠭᠦᠯᠦᠨ᠂ ᠲᠣᠣᠷ ᠰᠦᠯᠵᠢᠶᠡᠨ ᠤ ᠥᠪᠡᠷ ᠢ ᠪᠠᠨ ᠱᠠᠭᠠᠷᠳᠠᠬᠤ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ ᠥᠨᠥᠴᠢᠨ ᠬᠡᠦᠬᠡᠳ᠂ ᠬᠡᠷᠡᠭ ᠳᠡᠭᠡᠷ᠎ᠡ ᠪᠠᠨ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ | ᠭᠡᠷ ᠲᠡᠭᠡᠨ ᠬᠤᠴᠣᠷᠤᠭᠰᠠᠨ ᠬᠡᠦᠬᠡᠳ᠂ ᠲᠡᠨᠦᠭᠦᠯ ᠬᠡᠦᠬᠡᠳ᠂ ᠨᠡᠭᠦᠳᠡᠯ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ | ᠬᠡᠦᠬᠡᠳ ᠵᠡᠷᠭᠡ ᠬᠠᠮᠲᠤᠯᠢᠭ ᠤᠨ ᠲᠣᠣᠷ ᠰᠦᠯᠵᠢᠶ᠎ᠡ ᠳᠤ ᠠᠮᠤᠷ ᠲᠦᠪᠰᠢᠨ ᠵᠦᠢ ᠵᠣᠬᠢᠰᠲᠠᠢ ᠣᠷᠣᠯᠴᠠᠬᠤ ᠳᠤ | ᠨᠥᠬᠦᠴᠡᠯ ᠬᠠᠩᠭᠠᠨ᠎ᠠ᠃ | 8᠂ ᠬᠡᠦᠬᠡᠳ ᠤᠨ ᠣᠷᠣᠯᠴᠠᠬᠤ ᠪᠠ ᠢᠯᠡᠳᠬᠡᠬᠦ ᠡᠷᠬᠡ ᠶᠢ ᠪᠠᠲᠤᠯᠠᠨ᠎ᠠ᠃ ᠬᠡᠦᠬᠡᠳ ᠤᠨ ᠲᠤᠰ ᠪᠡᠶ᠎ᠡ ᠶᠢᠨ ᠪᠠ | ᠭᠡᠷ ᠪᠦᠯᠢ ᠶᠢᠨ ᠬᠡᠷᠡᠭ ᠶᠠᠪᠤᠳᠠᠯ ᠳᠤ ᠣᠷᠣᠯᠴᠠᠬᠤ ᠡᠷᠬᠡ ᠶᠢ ᠬᠦᠨᠳᠦᠳᠬᠡᠵᠦ᠂ ᠬᠡᠦᠬᠡᠳ ᠤᠨ ᠣᠷᠣᠯᠴᠠᠬᠤ ᠤᠬᠠᠮᠰᠠᠷ | ᠪᠠ ᠴᠢᠳᠠᠪᠤᠷᠢ ᠶᠢ ᠬᠥᠮᠥᠵᠢᠭᠦᠯᠦᠨ᠎ᠡ᠃ ᠬᠡᠦᠬᠡᠳ ᠲᠤ ᠬᠤᠯᠪᠣᠭᠳᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ | ᠲᠣᠭᠲᠠᠭᠠᠬᠤ᠂ ᠬᠡᠷᠡᠭᠵᠢᠭᠦᠯᠬᠦ ᠪᠠ ᠦᠨᠡᠯᠡᠨ ᠵᠢᠱᠢᠬᠦ ᠵᠢᠴᠢ ᠴᠢᠬᠤᠯᠠ ᠶᠡᠭᠡ ᠵᠦᠢᠯᠡᠰ ᠲᠤ ᠰᠢᠢᠳᠪᠦᠷᠢᠲᠦ ᠪᠣᠳᠣᠯᠭ᠎ᠠ | ᠲᠤᠭᠲᠠᠭᠠᠬᠤ ᠳᠤ᠂ ᠬᠡᠦᠬᠡᠳ ᠤᠨ ᠰᠠᠨᠠᠯ ᠢ ᠰᠣᠨᠣᠰᠤᠨ᠎ᠠ᠃ ᠰᠤᠷᠭᠠᠭᠤᠯᠢ ᠶᠢᠨ ᠠᠩᠭᠢ ᠶᠢᠨ ᠺᠣᠮᠢᠰ ᠪᠠ | ᠰᠤᠷᠤᠭᠴᠢᠳ ᠤᠨ ᠵᠥᠪᠯᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠶᠢᠨ ᠬᠡᠷᠡᠭ | ᠶᠠᠪᠤᠳᠠᠯ ᠳᠤ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠬᠡᠦᠬᠡᠳ ᠤᠨ ᠣᠷᠣᠯᠴᠠᠬᠤ ᠶᠢ | ᠰᠤᠷᠭᠠᠭᠤᠯᠢ᠂ ᠨᠡᠶᠢᠭᠡᠮ ᠲᠣᠭᠤᠷᠢᠭ ᠤᠨ ᠠᠵᠢᠯ ᠤᠨ ᠲᠥᠯᠥᠪᠯᠡᠭᠡ ᠳᠤ ᠣᠷᠣᠭᠤᠯᠤᠨ᠎ᠠ᠃ ᠰᠤᠷᠭᠠᠭᠤᠯᠢ᠂ ᠨᠡᠶᠢᠭᠡᠮ | ᠲᠣᠭᠤᠷᠢᠭ ᠵᠢᠴᠢ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ ᠡᠮᠡᠭᠲᠡᠶᠢᠴᠦᠳ ᠤᠨ | ᠬᠤᠯᠪᠣᠭᠠᠲᠤ ᠬᠤᠷᠠᠯ ᠵᠡᠷᠭᠡ ᠶᠢᠨ ᠬᠢᠴᠢᠶᠡᠯ ᠤᠨ ᠳᠠᠷᠠᠭᠠᠬᠢ᠂ ᠬᠢᠴᠢᠶᠡᠯ ᠤᠨ ᠭᠠᠳᠠᠨᠠᠬᠢ ᠪᠠ ᠠᠮᠠᠷᠠᠯᠲᠠ ᠶᠢᠨ | ᠬᠤᠭᠤᠴᠠᠭ᠎ᠠ ᠶᠢ ᠨᠠᠶᠢᠳᠠᠨ ᠬᠠᠮᠢᠶᠠᠷᠤᠭᠤᠯᠬᠤ ᠵᠡᠷᠭᠡ ᠲᠣᠬᠢᠶᠠᠯ ᠢ ᠭᠦᠢᠴᠡᠳ ᠠᠰᠢᠭᠯᠠᠨ᠂ ᠬᠡᠦᠬᠡᠳ ᠤᠨ ᠪᠡᠶᠡᠴᠢ | ᠴᠢᠳᠠᠮᠠᠭᠠᠢ ᠴᠢᠨᠠᠷ ᠢ ᠪᠠᠳᠠᠷᠠᠭᠤᠯᠵᠤ᠂ ᠬᠡᠦᠬᠡᠳ ᠤᠨ ᠣᠷᠣᠯᠴᠠᠭᠰᠠᠨ ᠤᠬᠠᠭᠤᠯᠭ᠎ᠠ᠂ ᠬᠥᠮᠦᠵᠢᠯ᠂ ᠪᠣᠯᠪᠠᠰᠤᠷᠠᠭᠤᠯᠤᠯ ᠤᠨ | ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠵᠢᠴᠢ ᠪᠡᠶ᠎ᠡ ᠪᠠᠷ ᠢᠶᠠᠨ ᠣᠶᠢᠯᠠᠭᠠᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠬᠦ ᠶᠢ ᠳᠡᠮᠵᠢᠨ᠎ᠡ᠃ | 9᠂ ᠬᠡᠦᠬᠡᠳ ᠲᠤ ᠬᠠᠨᠳᠤᠭᠤᠯᠤᠭᠰᠠᠨ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ | ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠠᠵᠢᠯᠯᠠᠭ᠎ᠠ᠂ ᠨᠡᠶᠢᠭᠡᠮ ᠤᠨ ᠦᠢᠯᠡᠳᠦᠯᠭᠡ ᠵᠡᠷᠭᠡ | ᠬᠥᠮᠦᠵᠢᠯ ᠤᠨ ᠭᠤᠭᠴᠤᠭ᠎ᠠ ᠳᠤ ᠠᠭᠤᠰᠬᠠᠨ ᠣᠷᠣᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠪᠠ ᠳᠤᠮᠳᠠᠳᠤ ᠪᠠᠭ᠎ᠠ ᠰᠤᠷᠭᠠᠭᠤᠯᠢ ᠶᠢᠨ ᠣᠷᠴᠢᠨ ᠲᠣᠭᠤᠷᠢᠨ ᠤ | ᠰᠤᠷᠭᠠᠨ ᠬᠥᠮᠦᠵᠢᠯ ᠤᠨ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠳᠡᠯᠡᠬᠡᠢ ᠶᠢᠨ ᠣᠷᠴᠢᠨ ᠲᠣᠭᠤᠷᠢᠨ ᠤ ᠡᠳᠦᠷ᠂ ᠪᠥᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠡᠳᠦᠷ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠡᠷᠭᠡ ᠵᠠᠩᠭᠢᠯᠠᠭ᠎ᠠ ᠶᠢᠨ | ᠴᠡᠭ ᠲᠤ ᠬᠡᠦᠬᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯᠪᠡᠭ ᠪᠠᠶᠠᠯᠢᠭ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠳᠤ ᠲᠦᠰᠢᠭᠯᠡᠨ ᠬᠡᠦᠬᠡᠳ ᠤᠨ | ᠪᠠᠶᠢᠭᠠᠯᠢ ᠶᠢᠨ ᠰᠤᠷᠭᠠᠨ ᠬᠥᠮᠦᠵᠢᠯ ᠤᠨ ᠬᠠᠮᠠᠭᠠᠯᠠᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ | ᠬᠡᠦᠬᠡᠳ ᠤᠨ ᠪᠠᠶᠢᠭᠠᠯᠢ ᠵᠢᠨᠬᠡᠦᠬᠡᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ ᠬᠥᠮᠥᠵᠢᠭᠦᠯᠵᠦ᠂ | ᠡᠬᠢ ᠪᠠᠶᠠᠯᠢᠭ ᠢ ᠨᠠᠨᠳᠢᠩᠨᠠᠬᠤ᠂ ᠪᠠᠶᠢᠭᠠᠯᠢ ᠶᠢ ᠬᠠᠮᠠᠭᠠᠯᠠᠬᠤ᠂ ᠠᠮᠢ ᠨᠠᠰᠤ ᠶᠢ ᠨᠠᠨᠳᠢᠩᠨᠠᠬᠤ᠂ ᠪᠠᠶᠢᠭᠠᠯᠢ ᠯᠤᠭ᠎ᠠ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠯᠲᠡ ᠶᠢ ᠪᠣᠶ ᠪᠣᠯᠭᠠᠵᠤ᠂ ᠡᠷᠡᠭᠦᠯ ᠪᠣᠯᠪᠠᠰᠤᠨ᠂ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ | ᠠᠮᠢᠳᠤᠷᠠᠯ ᠤᠨ ᠳᠠᠳᠬᠠᠯ ᠢ ᠤᠬᠠᠮᠰᠠᠷ ᠠᠴᠠ ᠪᠠᠨ ᠪᠣᠶ ᠪᠣᠯᠭᠠᠨ᠎ᠠ᠃ | 10᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠪᠠᠶᠢᠭᠠᠯᠢ ᠶᠢᠨ ᠣᠷᠴᠢᠨ ᠲᠣᠭᠤᠷᠢᠨ ᠪᠠ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠡᠷᠡᠭᠦᠯ ᠡᠩᠬᠡ ᠠᠮᠢ ᠠᠬᠤᠢ ᠶᠢᠨ ᠣᠷᠴᠢᠨ | ᠨᠥᠬᠦᠴᠡᠯ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠣᠯᠠᠨ | ᠴᠢᠳᠠᠮᠵᠢ ᠲᠠᠢ ᠪᠠᠶᠢᠭᠠᠯᠢ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠬᠡᠦᠬᠡᠳ ᠤᠨ ᠨᠥᠬᠦᠷᠰᠡᠭ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠤᠲᠠ ᠪᠠ | ᠬᠤᠲᠠ ᠶᠢᠨ ᠲᠡᠭᠦᠷᠭᠡ ᠶᠢᠨ ᠴᠡᠴᠡᠷᠯᠢᠭ ᠲᠤ ᠲᠣᠭᠯᠠᠭᠠᠮ ᠤᠨ ᠣᠷᠣᠨ ᠪᠦᠰᠡ ᠪᠠ ᠵᠤᠭᠠᠴᠠᠨ ᠠᠮᠠᠷᠠᠬᠤ ᠪᠡᠯᠡᠳᠬᠡᠮᠵᠢ | ᠲᠣᠬᠢᠷᠠᠭᠤᠯᠬᠤ ᠶᠢ ᠠᠬᠢᠭᠤᠯᠤᠨ᠂ ᠵᠦᠯᠭᠡ ᠭᠠᠵᠠᠷ ᠢ ᠵᠦᠢ ᠵᠣᠬᠢᠰᠲᠠᠢ ᠥᠭᠡᠷᠡᠴᠢᠯᠡᠨ ᠠᠰᠢᠭᠯᠠᠵᠤ᠂ ᠬᠡᠦᠬᠡᠳ ᠤᠨ | ᠭᠡᠷ ᠤᠨ ᠭᠠᠳᠠᠨᠠᠬᠢ ᠠᠵᠢᠯᠯᠠᠭᠠᠨ ᠤ ᠣᠷᠣᠨ ᠵᠠᠢ ᠶᠢ ᠨᠡᠮᠡᠭᠳᠡᠭᠦᠯᠦᠨ᠎ᠡ᠃ ᠬᠥᠬᠡ ᠲᠡᠭᠷᠢ ᠬᠥᠬᠡᠮᠳᠦᠭ ᠤᠰᠤ ᠴᠡᠪᠡᠷ | ᠬᠥᠷᠥᠰᠥ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠵᠡᠷᠭᠡ ᠣᠷᠴᠢᠨ | ᠠᠬᠤᠢ ᠶᠢᠨ ᠪᠣᠬᠢᠷᠲᠤᠯ ᠵᠢᠴᠢ ᠠᠵᠤ ᠦᠢᠯᠡᠳᠪᠦᠷᠢ᠂ ᠠᠮᠢᠳᠤᠷᠠᠯ ᠪᠠ ᠬᠥᠳᠡᠭᠡ ᠲᠣᠰᠬᠤᠨ ᠤ ᠤᠯᠠᠨ ᠡᠬᠢᠲᠦ | ᠪᠣᠬᠢᠷᠲᠤᠯ ᠢ ᠬᠢᠵᠠᠭᠠᠷᠯᠠᠨ ᠵᠠᠰᠠᠨ᠎ᠠ᠃ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠵᠡᠷᠭᠡ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠷᠲᠤᠪᠲᠤᠷ ᠪᠠ ᠤᠷᠲᠤ | ᠬᠤᠭᠤᠴᠠᠭᠠᠨ ᠤ ᠬᠠᠷᠠᠯᠲᠠ ᠶᠢᠨ ᠲᠣᠭᠤᠷᠢᠨ ᠳᠤ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠢ | ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠬᠦ ᠶᠢ ᠲᠦᠷᠭᠡᠪᠴᠢᠯᠡᠨ ᠠᠬᠢᠭᠤᠯᠤᠨ᠎ᠠ᠃ ᠭᠤᠣᠯ | ᠮᠥᠷᠡᠨ ᠤ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠠ | ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠬᠤᠲᠠ ᠶᠢᠨ ᠤᠤᠭᠤᠬᠤ ᠤᠰᠤᠨ ᠤ ᠡᠬᠢ | ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠦᠲᠦᠭᠡᠨᠬᠥ᠋ᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ | ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ | ᠬᠠᠩᠭᠠᠬᠤ ᠨᠤᠷᠮ᠎ᠠ᠂ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠤᠷᠮ᠎ᠠ᠂ ᠤᠰᠤᠨ ᠤ ᠴᠢᠨᠠᠷ ᠤᠨ ᠪᠠᠷᠢᠮᠵᠢᠶ᠎ᠠ ᠳᠤ | ᠬᠦᠷᠦᠭᠰᠡᠨ ᠨᠤᠷᠮ᠎ᠠ ᠪᠠ ᠤᠰᠤ ᠬᠠᠩᠭᠠᠬᠤ ᠪᠠᠲᠤᠯᠠᠭ᠎ᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠬᠠᠷ᠎ᠠ ᠲᠤᠭᠤᠯᠭ᠎ᠠ | ᠵᠡᠷᠭᠡ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠲᠣᠰᠬᠤᠨ ᠤ ᠳᠦᠷᠰᠦ | ᠪᠠᠶᠢᠳᠠᠯ ᠪᠠ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ | ︽ᠵᠣᠷᠯᠣᠩ ᠤᠨ ᠬᠤᠪᠢᠰᠬᠠᠯ︾ ᠢ ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠥᠳᠡᠭᠡ | ᠲᠣᠰᠬᠤᠨ ᠤ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ ᠪᠠ ᠪᠣᠬᠢᠷ ᠦᠮᠡᠬᠡᠢ ᠤᠰᠤᠨ ᠴᠣᠭᠴᠠ ᠶᠢ | ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠬᠢᠷ | ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ | 11᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠬᠤ ᠶᠢᠨ ᠳᠤᠮᠳᠠ ᠬᠡᠦᠬᠡᠳ ᠤᠨ | ᠬᠠᠮᠠᠭᠠᠯᠠᠯᠲᠠ ᠶᠢ ᠴᠢᠩᠭᠠᠳᠬᠠᠨ᠎ᠠ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ | ᠲᠣᠭᠲᠠᠭᠠᠬᠤ ᠳᠠᠭᠠᠨ ᠬᠡᠦᠬᠡᠳ ᠤᠨ ᠣᠨᠴᠣᠭᠤᠢ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ | ᠪᠤᠳᠤᠯᠬᠢᠯᠠᠨ᠎ᠠ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠤᠭᠤᠴᠠᠭᠠᠨ ᠳᠤ᠂ ᠬᠡᠦᠬᠡᠳ ᠤᠨ ᠢᠳᠡᠭᠡᠨ᠂ ᠡᠮ ᠤᠨ | ᠵᠦᠢᠯ᠂ ᠬᠡᠷᠡᠭᠯᠡᠬᠦᠨ ᠤ ᠬᠠᠩᠭᠠᠯᠭ᠎ᠠ ᠶᠢ ᠤᠷᠢᠳᠠᠪᠠᠷ ᠪᠠᠲᠤᠯᠠᠨ᠎ᠠ᠃ ᠰᠤᠷᠭᠠᠭᠤᠯᠢ᠂ ᠬᠡᠦᠬᠡᠳ ᠤᠨ ᠴᠡᠴᠡᠷᠯᠢᠭ᠂ ᠬᠡᠦᠬᠡᠳ | ᠰᠠᠭᠠᠲᠠᠭᠤᠯᠬᠤ ᠪᠠᠶᠢᠭᠤᠯᠤᠮᠵᠢ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠪᠠ ᠨᠡᠶᠢᠭᠡᠮ | ᠲᠣᠭᠤᠷᠢᠭ ᠤᠨ ᠬᠢᠨ ᠤᠯᠠᠨ ᠬᠡᠯᠪᠡᠷᠢ ᠮᠠᠶ᠋ᠢᠭ ᠪᠦᠬᠦᠢ ᠠᠶᠦᠯᠭᠦᠢ ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠪᠠᠭᠰᠢ ᠠᠵᠢᠯᠲᠠᠨ ᠠᠵᠢᠯᠴᠢᠨ᠂ ᠬᠡᠦᠬᠡᠳ ᠵᠢᠴᠢ ᠬᠢᠨᠠᠨ | ᠬᠠᠮᠠᠭᠠᠯᠠᠭᠴᠢ ᠶᠢᠨ ᠭᠠᠮᠰᠢᠭ ᠤᠨ ᠡ᠊ᠨᠳᠡᠯ ᠤᠨ ᠲᠦᠭᠰᠢᠭᠦᠷᠢ ᠶᠢ ᠢᠯᠭᠠᠨ ᠲᠠᠨᠢᠬᠤ ᠪᠠ ᠭᠠᠮᠰᠢᠭ ᠤᠨ ᠡ᠊ᠨᠳᠡᠯ ᠢ | ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠦᠬᠡᠳ ᠬᠤᠷᠠᠨ ᠴᠤᠭᠯᠠᠷᠠᠭᠰᠠᠨ ᠭᠠᠵᠠᠷ ᠤᠨ ᠠᠮᠤᠷ ᠲᠦᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠭᠠᠢ ᠭᠠᠮᠰᠢᠭ ᠤᠨ ᠠᠳᠡᠯ ᠤᠨ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ᠎ᠡ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠮᠦᠵᠢᠯ ᠢ | ᠴᠢᠩᠭᠠᠳᠬᠠᠵᠤ᠂ ᠬᠡᠦᠬᠡᠳ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠤᠬᠠᠮᠰᠠᠷ ᠪᠠ ᠥᠪᠡᠷ ᠢ ᠪᠠᠨ | ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠲᠠᠯᠠᠪᠤᠷ ᠲᠤ | ᠭᠡᠨᠡᠳᠲᠡ ᠶᠢᠨ ᠬᠡᠷᠡᠭ ᠭᠠᠷᠪᠠᠯ᠂ ᠡᠩ ᠲᠡᠷᠢᠭᠦᠨ ᠳᠤ ᠬᠡᠦᠬᠡᠳ ᠢ ᠠᠪᠤᠷᠠᠨ ᠲᠤᠰᠠᠯᠠᠨ᠎ᠠ᠃ ᠭᠠᠮᠰᠢᠭ ᠤᠨ ᠳᠠᠷᠠᠭᠠᠬᠢ | ᠰᠡᠷᠭᠦᠭᠡᠬᠦ ᠪᠠ ᠳᠠᠬᠢᠨ ᠪᠠᠶᠢᠭᠤᠯᠬᠤ ᠱᠠᠲᠤᠨ ᠳᠤ᠂ ᠬᠡᠦᠬᠡᠳ ᠤᠨ ᠣᠨᠴᠠᠯᠢᠭ ᠲᠤ ᠴᠢᠭᠯᠡᠭᠦᠯᠦᠨ ᠤᠷᠢᠳᠠᠪᠠᠷ ᠠᠪᠤᠷᠠᠨ | ᠲᠤᠰᠠᠯᠠᠬᠤ ᠪᠠ ᠡᠷᠡᠭᠦᠯᠵᠢᠭᠦᠯᠬᠦ ᠠᠷᠭ᠎ᠠ ᠬᠡᠮᠵᠢᠶ᠎ᠡ ᠠᠪᠴᠤ᠂ ᠭᠠᠮᠰᠢᠭ ᠤᠨ ᠠᠳᠡᠯ ᠤᠨ ᠬᠡᠦᠬᠡᠳ ᠲᠤ ᠤᠴᠠᠷᠠᠭᠤᠯᠬᠤ | ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠤᠨ᠎ᠠ᠃ | 12᠂ ᠬᠡᠦᠬᠡᠳ ᠤᠨ ᠬᠥᠭᠵᠢᠯᠲᠡ ᠶᠢ ᠠᠬᠢᠭᠤᠯᠬᠤ ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ | ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠬᠡᠦᠬᠡᠳ ᠤᠨ | ᠡᠷᠬᠡ ᠶᠢᠨ ᠲᠤᠬᠠᠢ ᠨᠡᠶᠢᠲᠡ ᠶᠢᠨ ᠭᠡᠷ᠎ᠡ︾ ᠵᠡᠷᠭᠡ ᠤᠯᠠᠨ ᠤᠯᠤᠰ ᠤᠨ ᠨᠡᠶᠢᠲᠡ ᠶᠢᠨ ᠭᠡᠷ᠎ᠡ ᠪᠠ ᠪᠢᠴᠢᠭ ᠮᠠᠲ᠋ᠧᠷᠢᠶᠠᠯ ᠢ | ᠬᠢᠨᠠᠮᠠᠭᠠᠢ ᠭᠦᠢᠴᠡᠳᠬᠡᠵᠦ᠂ ᠬᠡᠦᠬᠡᠳ ᠤᠨ ᠬᠥᠭᠵᠢᠯᠲᠡ ᠲᠠᠢ ᠬᠤᠯᠪᠣᠭᠳᠠᠬᠤ ᠦᠷᠭᠦᠯᠵᠢᠯᠡᠬᠦ ᠬᠥᠭᠵᠢᠯᠲᠡ ᠶᠢᠨ | ᠬᠠᠷᠠᠯᠲᠠ ᠶᠢ ᠨᠠᠶᠢᠳᠠᠪᠤᠷᠢᠵᠢᠭᠤᠯᠤᠨ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠥᠷᠭᠡᠳᠬᠡᠵᠦ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠪᠠᠷ ᠠᠭᠤᠰᠤᠯᠴᠠᠨ᠎ᠠ᠃ ᠬᠥᠭᠵᠢᠭᠰᠡᠨ ᠮᠤᠵᠢ ᠬᠤᠲᠠ ᠶᠢᠨ ᠬᠡᠦᠬᠡᠳ ᠤᠨ ᠬᠠᠮᠢᠶ᠎ᠠ ᠪᠦᠬᠦᠢ | ᠬᠦᠷᠢᠶᠡᠨ ᠳᠠᠬᠢ ᠬᠥᠭᠵᠢᠯᠲᠡ ᠶᠢᠨ ᠲᠤᠷᠰᠢᠯᠭ᠎ᠠ ᠶᠢ ᠰᠢᠩᠭᠡᠬᠡᠨ ᠠᠪᠴᠤ ᠲᠣᠯᠢ ᠪᠣᠯᠭᠠᠵᠤ᠂ ᠴᠢᠩᠱᠠᠨ ᠤ ᠬᠡᠦᠬᠡᠳ ᠤᠨ | ᠬᠥᠭᠵᠢᠯᠲᠡ ᠶᠢᠨ ᠥᠯᠢᠭᠡᠷ ᠢ ᠰᠠᠶᠢᠲᠤᠷ ᠶᠠᠷᠢᠨ᠎ᠠ᠃ | ︵ᠳᠣᠯᠤᠭ᠎ᠠ︶ ᠬᠡᠦᠬᠡᠳ ᠬᠢᠭᠡᠳ ᠬᠠᠤᠯᠢ ᠴᠠᠭᠠᠵᠠ ᠶᠢᠨ ᠬᠠᠮᠠᠭᠠᠯᠠᠯᠲᠠ | ᠭᠤᠣᠯ ᠬᠠᠷᠠᠯᠲᠠ᠄ | 1᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃ | 2᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ᠎ᠠ᠃ | 3᠂ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ | ᠠᠵᠢᠯ ᠤᠨ ᠰᠢᠰᠲ᠋ᠧᠮᠵᠢ ᠨᠢ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠤᠨᠴᠠᠭᠠᠢ ᠬᠡᠷᠡᠭᠴᠡᠭᠡ ᠶᠢ | ᠬᠠᠩᠭᠠᠨ᠎ᠠ᠃ | 4᠂ ᠬᠡᠦᠬᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠥᠪᠡᠷ ᠢ ᠪᠠᠨ ᠬᠠᠮᠠᠭᠠᠯᠠᠬᠤ ᠦᠵᠡᠯ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠨᠡᠶᠢᠲᠡ ᠶᠢᠨ ᠬᠡᠦᠬᠡᠳ ᠢ ᠬᠠᠮᠠᠭᠠᠯᠠᠬᠤ ᠦᠵᠡᠯ | ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | 5᠂ ᠬᠡᠦᠬᠡᠳ ᠤᠨ ᠢᠷᠭᠡᠨ ᠤ ᠬᠡᠷᠡᠭ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ | 6᠂ ᠬᠡᠦᠬᠡᠳ ᠢ ᠬᠠᠷᠠᠭᠠᠯᠵᠠᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠬᠡᠦᠬᠡᠳ ᠢ ᠪᠦᠲᠦᠮᠵᠢᠲᠡᠢ | ᠬᠠᠷᠠᠭᠠᠯᠵᠠᠨ ᠬᠠᠮᠠᠭᠠᠯᠠᠬᠤ ᠶᠢ ᠪᠠᠲᠤᠯᠠᠨ᠎ᠠ᠃ | 7᠂ ᠬᠡᠦᠬᠡᠳ ᠠᠵᠢᠯᠴᠢᠨ ᠬᠡᠷᠡᠭᠯᠡᠬᠦ ᠶᠢ ᠴᠠᠭᠠᠵᠠᠯᠠᠵᠤ᠂ ᠬᠡᠦᠬᠡᠳ ᠢ ᠠᠵᠤ ᠠᠬᠤᠢ ᠶᠢᠨ ᠲᠠᠯ᠎ᠠ ᠪᠠᠷ | ᠮᠥᠯᠵᠢᠬᠦ ᠶᠢ ᠴᠠᠭᠠᠵᠠᠯᠠᠨ᠎ᠠ᠃ ᠬᠡᠦᠬᠡᠳ ᠤᠨ ᠬᠤᠳᠠᠯᠳᠤᠭᠠᠨ ᠤ ᠴᠢᠨᠠᠷᠲᠠᠢ ᠠᠵᠢᠯᠯᠠᠭ᠎ᠠ ᠳᠤ ᠣᠷᠣᠯᠴᠠᠬᠤ | ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠴᠤ ᠲᠣᠬᠢᠷᠠᠭᠤᠯᠬᠤ ᠬᠡᠷᠡᠭᠲᠡᠢ᠃ | 8᠂ ᠪᠡᠯᠭᠡ ᠶᠢᠨ ᠬᠠᠯᠳᠠᠯᠭ᠎ᠠ᠂ ᠭᠡᠷ ᠪᠦᠯᠢ ᠶᠢᠨ ᠬᠦᠴᠦᠷᠬᠡᠭᠯᠡᠯ᠂ ᠮᠡᠬᠡᠯᠡᠨ ᠬᠤᠳᠠᠯᠳᠤᠬᠤ᠂ ᠭᠤᠯᠣᠵᠤ ᠣᠷᠭᠢᠬᠤ | ᠵᠡᠷᠭᠡ ᠬᠡᠦᠬᠡᠳ ᠤᠨ ᠪᠡᠶ᠎ᠡ ᠶᠢᠨ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠰᠢᠢᠳᠭᠡᠨ᠎ᠡ᠃ | 9᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠳᠤ ᠠᠰᠢᠭᠲᠠᠢ ᠰᠦᠯᠵᠢᠶᠡᠨ ᠤ ᠣᠷᠴᠢᠨ | ᠲᠣᠭᠤᠷᠢᠨ ᠢ ᠪᠣᠶ ᠪᠣᠯᠭᠠᠵᠤ᠂ ᠰᠦᠯᠵᠢᠶ᠎ᠡ ᠶᠢ ᠠᠰᠢᠭᠯᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ | 10᠂ ᠨᠠᠰᠤᠨ ᠳᠤ ᠤᠶᠢᠯᠦ ᠬᠦᠷᠦᠭᠰᠡᠦᠠ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠤᠷᠢᠳᠴᠢᠯᠠᠨ | ᠰᠡᠷᠭᠡᠶᠢᠯᠡᠵᠦ᠂ ᠨᠠᠰᠤᠨ ᠳᠤ ᠤᠶᠢᠯᠦ ᠬᠦᠷᠦᠭᠰᠡᠦᠠ ᠤᠨ ᠬᠠᠤᠯᠢ ᠠᠴᠠ ᠵᠦᠷᠢᠴᠡᠭᠰᠡᠨ ᠶᠠᠯᠠᠲᠦ ᠠᠵᠢᠯᠯᠠᠭ᠎ᠠ ᠶᠢ ᠱᠠᠲᠦ | ᠬᠤᠪᠢᠶᠠᠨ ᠭᠠᠷ ᠳᠦᠷᠦᠨᠡ᠃ ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠭᠰᠡᠨ ᠬᠥᠮᠥᠨ ᠤ ᠲᠤᠭ᠎ᠠ ᠶᠢᠨ | ᠨᠠᠰᠤᠨ ᠳᠤ ᠦᠯᠤ ᠬᠥᠷᠦᠭᠰᠡᠳ ᠤᠨ ᠬᠥᠮᠥᠨ ᠠᠮᠠ ᠶᠢᠨ ᠲᠤᠭᠠᠨ ᠤ ᠬᠤᠪᠢ ᠶᠢᠨ ᠵᠢᠩ ᠤᠨ ᠡᠵᠡᠯᠡᠬᠦ ᠶᠢ | ᠪᠠᠭᠠᠰᠬᠠᠨ᠎ᠠ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠬᠡᠦᠬᠡᠳ ᠤᠨ ᠡᠷᠬᠡ ᠠᠰᠢᠭ ᠢ ᠪᠠᠲᠤᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠬᠠᠤᠯᠢ ᠪᠠᠷ ᠵᠠᠰᠠᠬᠤ ᠪᠤᠭᠤᠲᠤ ᠶᠢᠨ ᠪᠠᠶᠢᠭᠤᠯᠤᠯᠲᠠ ᠶᠢᠨ ᠪᠥᠬᠦ ᠶᠠᠪᠤᠴᠠ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠬᠠᠤᠯᠢ ᠴᠠᠭᠠᠵᠠ ᠶᠢᠨ ᠬᠢᠨᠠᠯᠲᠠ᠂ ᠬᠠᠤᠯᠢ ᠪᠠᠷᠢᠬᠤ ᠰᠠᠨᠠᠭᠤᠯᠭ᠎ᠠ ᠪᠠ ᠬᠠᠤᠯᠢ ᠪᠠᠷ ᠵᠠᠰᠠᠬᠤ ᠶᠢ ᠱᠠᠯᠠᠪᠳᠠᠭᠤᠯᠤᠨ | ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ | ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠴᠢᠩᠭᠠᠳᠬᠠᠵᠤ᠂ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨᠬᠦ ᠪᠠᠲᠤᠯᠠᠨ᠎ᠠ᠃ ᠬᠡᠦᠬᠡᠳ ᠢ ᠬᠠᠮᠠᠭᠠᠯᠠᠬᠤ ᠬᠠᠤᠯᠢ ᠶᠢᠨ ᠤᠬᠠᠭᠠᠨ ᠤ ᠤᠨᠤᠯ ᠪᠠ ᠦᠢᠯᠡᠳᠦᠯᠭᠡ ᠶᠢᠨ | ᠰᠤᠳᠤᠯᠭᠠᠨ ᠢ ᠴᠢᠩᠭᠠᠳᠬᠠᠨ᠎ᠠ᠃ | 2᠂ ᠬᠡᠦᠬᠡᠳ ᠤᠨ ᠡᠷᠬᠡ ᠠᠰᠢᠭ ᠤᠨ ᠬᠠᠤᠯᠢ ᠬᠡᠷᠡᠭᠵᠢᠭᠦᠯᠦᠯᠲᠡ ᠶᠢ ᠴᠢᠩᠭ᠎ᠠ ᠪᠠᠲᠤᠯᠠᠨ᠎ᠠ᠃ ᠬᠡᠦᠬᠡᠳ ᠤᠨ | ᠡᠷᠬᠡ ᠠᠰᠢᠭ ᠢ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ ᠪᠠ | ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠤᠰᠬᠠᠢ ᠪᠠᠶᠢᠭᠤᠯᠤᠮᠵᠢ ᠲᠣᠭᠲᠠᠭᠠᠬᠤ ᠪᠤᠶᠤ | ᠲᠤᠰᠬᠠᠢ ᠠᠵᠢᠯᠲᠠᠨ ᠵᠢᠭᠠᠨ ᠲᠣᠭᠲᠠᠭᠠᠵᠤ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠢ | ᠬᠠᠷᠢᠭᠤᠴᠠᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ | ᠬᠠᠷᠠᠭᠠᠯᠵᠠᠨ ᠬᠠᠮᠠᠭᠠᠯᠠᠬᠤ ᠬᠠᠯᠳᠠᠯᠭ᠎ᠠ᠂ ᠭᠡᠷ ᠪᠦᠯᠢ ᠶᠢᠨ ᠬᠦᠴᠦᠷᠬᠡᠭᠯᠡᠯ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ | ᠲᠣᠭᠤᠷᠢᠨ ᠤ ᠠᠮᠤᠷ ᠲᠦᠪᠰᠢᠨ ᠤ ᠳᠠᠯᠳᠠ ᠬᠡᠮ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠳᠠᠯᠳᠠ | ᠬᠡᠮ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠨ᠎ᠡ᠃ ᠬᠡᠦᠬᠡᠳ ᠤᠨ ᠡᠷᠬᠡ ᠠᠰᠢᠭ ᠢ | ᠪᠠᠲᠤᠯᠠᠬᠤ ᠣᠯᠠᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠳᠦᠷᠢᠮ ᠢ ᠰᠦᠪᠡᠭᠴᠢᠯᠡᠨ | ᠪᠠᠶᠢᠭᠤᠯᠵᠤ᠂ ᠬᠡᠦᠬᠡᠳ ᠢ ᠲᠡᠩᠬᠡᠷᠡᠭᠦᠯᠦᠨ ᠲᠤᠰᠠᠯᠠᠵᠤ ᠬᠠᠮᠵᠢᠯᠴᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ | ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠠᠵᠢᠯ ᠤᠨ ᠵᠣᠯᠭᠠᠯᠴᠠᠭ᠎ᠠ ᠶᠢ | ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ᠂ ᠬᠠᠮᠠᠭᠠᠯᠠᠬᠤ᠂ ᠦᠢᠯᠡᠴᠢᠯᠡᠬᠦ ᠨᠡᠶᠢᠯᠡᠮᠡᠯ ᠬᠦᠴᠦᠨ ᠢ ᠪᠣᠶ ᠪᠣᠯᠭᠠᠨ᠎ᠠ᠃ | 3᠂ ᠨᠠᠰᠤᠨ ᠳᠤ ᠦᠯᠤ ᠬᠥᠷᠦᠭᠰᠡᠳ ᠤᠨ ᠬᠠᠤᠯᠢ ᠴᠠᠭᠠᠵᠠ ᠶᠢᠨ ᠠᠵᠢᠯ ᠤᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ | ᠰᠢᠭᠦᠬᠦ ᠬᠤᠷᠢᠶ᠎ᠠ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰᠬᠠᠢ ᠪᠠᠶᠢᠭᠤᠯᠤᠮᠵᠢ | ᠲᠣᠭᠲᠠᠭᠠᠬᠤ ᠪᠤᠶᠤ ᠲᠤᠰᠬᠠᠢ ᠠᠵᠢᠯᠲᠠᠨ ᠢ ᠵᠢᠭᠠᠨ ᠲᠣᠭᠲᠠᠭᠠᠵᠤ ᠨᠠᠰᠤᠨ ᠳᠤ ᠬᠦᠷᠦᠭᠡᠳᠦᠢ ᠬᠥᠮᠥᠨ ᠳᠤ | ᠬᠤᠯᠪᠣᠭᠳᠠᠭᠰᠠᠨ ᠬᠡᠷᠡᠭ ᠢ ᠬᠠᠷᠢᠭᠤᠴᠠᠭᠤᠯᠤᠨ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠯᠠᠭ᠎ᠠ | ᠮᠥᠴᠢᠷ ᠤᠨ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠷᠢ ᠭᠠᠷᠭᠠᠬᠤ ᠶᠢ | ᠰᠦᠪᠡᠭᠴᠢᠯᠡᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠠᠵᠢᠯ ᠤᠨ | ᠦᠨᠡᠯᠡᠨ ᠬᠢᠨᠠᠬᠤ ᠪᠠᠷᠢᠮᠵᠢᠶ᠎ᠠ ᠶᠢ ᠭᠦᠢᠴᠡᠳᠭᠡᠨ᠎ᠡ᠃ ᠲᠤᠰᠬᠠᠶᠢᠵᠢᠭᠰᠠᠨ ᠬᠡᠷᠡᠭ ᠰᠢᠢᠳᠪᠦᠷᠢᠯᠡᠬᠦ ᠬᠢᠭᠡᠳ | ᠨᠡᠶᠢᠭᠡᠮᠴᠢᠯᠡᠭᠰᠡᠨ ᠬᠠᠮᠠᠭᠠᠯᠠᠯᠲᠠ ᠶᠢ ᠬᠠᠮᠵᠢᠯᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠬᠠᠤᠯᠢ ᠪᠠᠷᠢᠬᠤ | ᠪᠠᠶᠢᠭᠤᠯᠭ᠎ᠠ ᠬᠢᠭᠡᠳ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠨᠡᠶᠢᠭᠡᠮ ᠤᠨ ᠠᠵᠢᠯᠲᠠᠨ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠠᠰᠤᠨ ᠳᠤ ᠦᠯᠤ | ᠬᠥᠷᠦᠭᠰᠡᠳ ᠤᠨ ᠰᠡᠳᠬᠢᠴᠡ ᠶᠢ ᠨᠥᠯᠥᠭᠡᠯᠡᠬᠦ᠂ ᠨᠡᠶᠢᠭᠡᠮ ᠤᠨ ᠬᠠᠷᠠᠵᠤ ᠬᠠᠮᠠᠭᠠᠯᠠᠬᠤ᠂ ᠰᠤᠷᠭᠠᠨ ᠬᠥᠮᠥᠵᠢᠭᠦᠯᠵᠦ | ᠵᠠᠯᠠᠷᠠᠭᠤᠯᠬᠤ᠂ ᠨᠡᠶᠢᠭᠡᠮ ᠲᠣᠭᠤᠷᠢᠭ ᠲᠤ ᠵᠠᠯᠠᠷᠠᠭᠤᠯᠬᠤ ᠵᠡᠷᠭᠡ ᠠᠵᠢᠯ ᠢ ᠬᠠᠮᠲᠤᠪᠠᠷ ᠰᠠᠶᠢᠲᠤᠷ ᠬᠢᠨ᠎ᠡ᠃ | 4᠂ ᠬᠡᠦᠬᠡᠳ ᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ | ᠲᠤᠰᠠᠯᠠᠮᠵᠢ ᠬᠠᠩᠭᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ᠂ | ᠪᠣᠳᠠᠲᠤ ᠴᠣᠭᠴᠠ᠂ ᠬᠠᠯᠠᠮᠰᠢᠯ ᠤᠲᠠᠰᠤᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠡᠦᠬᠡᠳ ᠤᠨ | ᠪᠣᠳᠠᠲᠤ ᠪᠠᠶᠢᠳᠠᠯ ᠳᠤ ᠴᠢᠭᠯᠡᠭᠦᠯᠦᠨ᠂ ᠲᠤᠰᠬᠠᠢ ᠵᠦᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ | ᠭᠤᠣᠯᠳᠠᠯᠭ᠎ᠠ ᠲᠠᠢ ᠪᠠᠷ ᠥᠷᠨᠢᠭᠦᠯᠦᠨ᠎ᠡ᠃ ᠬᠠᠤᠯᠢ ᠴᠠᠭᠠᠵᠠ ᠶᠢᠨ ᠲᠤᠰᠠᠯᠠᠮᠵᠢ ᠶᠢ ᠪᠠᠷᠢᠮᠵᠢᠶᠠᠵᠢᠭᠤᠯᠬᠤ᠂ | ᠵᠢᠷᠤᠮᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠰᠬᠠᠶᠢᠵᠢᠭᠰᠠᠨ ᠬᠡᠦᠬᠡᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠡᠦᠬᠡᠳ ᠤᠨ ᠪᠡᠶ᠎ᠡ ᠰᠡᠳᠬᠢᠯ ᠤᠨ | ᠣᠨᠴᠠᠯᠢᠭ ᠢ ᠰᠠᠶᠢᠨ ᠮᠡᠳᠡᠳᠡᠭ ᠬᠠᠤᠯᠢᠴᠢ ᠶᠢ ᠤᠷᠢᠳᠠᠪᠠᠷ ᠲᠣᠮᠢᠯᠠᠵᠤ ᠬᠠᠤᠯᠢ ᠴᠠᠭᠠᠵᠠ ᠶᠢᠨ ᠲᠤᠰᠠᠯᠠᠮᠵᠢ ᠶᠢᠨ | ᠬᠡᠷᠡᠭ ᠢ ᠳᠠᠭᠠᠭᠠᠴᠢᠯᠠᠨ ᠡᠷᠬᠢᠯᠡᠨ᠎ᠡ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠨᠥᠬᠦᠴᠡᠯ ᠳᠤ ᠨᠡᠶᠢᠴᠡᠭᠰᠡᠨ | ᠬᠡᠦᠬᠡᠳ ᠢ ᠬᠠᠨᠳᠤᠯᠭᠠᠲᠤ ᠴᠢᠨᠠᠷᠲᠠᠢ ᠪᠠᠷ ᠠᠵᠤ ᠠᠬᠤᠢ ᠶᠢᠨ ᠠᠪᠤᠷᠠᠨ ᠲᠤᠰᠠᠯᠠᠯᠲᠠ᠂ ᠪᠡᠶ᠎ᠡ ᠰᠡᠳᠬᠢᠯ ᠤᠨ ᠡᠷᠡᠭᠦᠯᠵᠢᠯ᠂ | ᠠᠮᠢᠳᠤᠷᠠᠯ ᠤᠨ ᠲᠥᠪᠬᠢᠨᠡᠭᠦᠯᠦᠯᠲᠡ᠂ ᠰᠤᠷᠤᠯᠭ᠎ᠠ ᠪᠠᠨ ᠰᠡᠷᠭᠦᠭᠡᠵᠦ ᠠᠵᠢᠯ ᠣᠯᠭᠤᠬᠤ ᠵᠡᠷᠭᠡ ᠤᠯᠠᠨ ᠡᠰᠢᠲᠦ | ᠶᠡᠷᠦᠩᠬᠡᠶᠢᠯᠡᠭᠰᠡᠨ ᠠᠪᠤᠷᠠᠨ ᠲᠤᠰᠠᠯᠠᠯᠲᠠ ᠬᠦᠷᠲᠡᠭᠡᠬᠦ ᠶᠢ ᠪᠠᠲᠤᠯᠠᠨ᠎ᠠ᠃ | 5᠂ ᠭᠡᠷ ᠤᠨ ᠶᠠᠪᠤᠳᠠᠯ ᠤᠨ ᠪᠠᠶᠢᠴᠠᠭᠠᠯᠲᠠ ᠶᠢᠨ ᠬᠠᠷᠢᠭᠤ ᠰᠤᠷᠪᠤᠯᠵᠢᠯᠠᠬᠤ ᠲᠣᠭᠲᠠᠴᠠ ᠶᠢ | ᠨᠠᠶᠢᠳᠠᠪᠤᠷᠢᠵᠢᠭᠤᠯᠤᠨ᠎ᠠ᠃ ᠭᠡᠷ ᠤᠨ ᠶᠠᠪᠤᠳᠠᠯ ᠤᠨ ᠵᠢᠭᠤᠷᠠᠯᠳᠤᠭᠠᠨ ᠢ ᠨᠠᠷᠢᠯᠢᠭᠵᠢᠭᠤᠯᠤᠨ ᠠᠵᠢᠯ ᠢᠶᠠᠨ ᠬᠤᠪᠢᠶᠠᠷᠢᠯᠠᠬᠤ | ᠱᠠᠭᠠᠷᠳᠠᠯᠭ᠎ᠠ ᠶᠢ ᠦᠨᠳᠦᠰᠦᠯᠡᠨ᠂ ᠬᠠᠷᠢᠭᠤ ᠰᠤᠷᠪᠤᠯᠵᠢᠯᠠᠬᠤ ᠪᠦᠯᠬᠦᠮ ᠪᠠᠶᠢᠭᠤᠯᠵᠤ᠂ ᠭᠡᠷ ᠤᠨ ᠶᠠᠪᠤᠳᠠᠯ ᠤᠨ | ᠬᠡᠷᠡᠭ ᠤᠨ ᠡᠭᠦᠰᠦᠭᠰᠡᠨ ᠰᠢᠯᠲᠠᠭᠠᠨ᠂ ᠡᠷ᠎ᠡ ᠡᠮ᠎ᠡ ᠶᠢᠨ ᠬᠠᠶᠢᠷ᠎ᠠ ᠰᠡᠳᠬᠢᠯᠭᠡ ᠪᠠ ᠨᠠᠰᠤᠨ ᠳᠤ ᠥᠯᠥ ᠬᠦᠷᠦᠭᠰᠡᠨ | ᠦᠷ᠎ᠡ ᠬᠡᠦᠬᠡᠳ ᠤᠨ ᠠᠮᠢᠳᠤᠷᠠᠯ ᠵᠢᠴᠢ ᠬᠢᠨᠠᠨ ᠬᠠᠮᠠᠭᠠᠯᠠᠬᠤ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ | ᠪᠠᠶᠢᠴᠠᠭᠠᠯᠲᠠ ᠶᠢᠨ ᠮᠡᠳᠡᠭᠦᠯᠦᠯᠲᠡ ᠶᠢ ᠡᠮᠬᠢᠯᠡᠬᠦ ᠶᠢᠨ ᠬᠠᠮᠲᠤ ᠰᠠᠨᠠᠭᠤᠯᠭ᠎ᠠ ᠶᠢᠨ ᠲᠥᠰᠥᠯ ᠳᠤᠷᠠᠳᠤᠨ᠎ᠠ᠃ | ᠡᠶᠡᠳᠡᠭᠦᠯᠬᠦ ᠪᠠᠷ ᠳᠠᠮᠵᠢᠭᠠᠳ ᠡᠪᠰᠡᠭᠰᠡᠨ ᠪᠤᠶᠤ ᠤᠷᠤᠭ ᠰᠠᠯᠵᠤ ᠪᠣᠯᠬᠤ ᠦᠭᠡᠢ ᠭᠡᠵᠦ ᠰᠢᠭᠦᠨ ᠲᠠᠰᠤᠯᠤᠭᠰᠠᠨ ᠬᠡᠷᠡᠭ᠂ | ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠤᠤᠯ ᠤᠨ ᠠᠮᠢᠳᠤᠷᠠᠯ ᠤᠨ ᠣᠷᠴᠢᠨ ᠲᠣᠭᠤᠷᠢᠨ ᠢ ᠬᠤᠪᠢᠷᠠᠭᠤᠯᠬᠤ᠂ | ᠠᠰᠠᠷᠠᠨ ᠲᠡᠵᠢᠭᠡᠬᠦ ᠬᠡᠷᠡᠭ ᠲᠤ ᠬᠤᠯᠪᠣᠭᠳᠠᠭᠰᠠᠨ ᠬᠡᠷᠡᠭ ᠢ ᠵᠠᠭᠠᠯᠳᠤᠭᠰᠠᠨ ᠤ ᠳᠠᠷᠠᠭ᠎ᠠ ᠬᠠᠷᠢᠭᠤ ᠰᠤᠷᠪᠤᠯᠵᠢᠯᠠᠵᠤ᠂ | ᠲᠦᠷᠦᠯ ᠰᠠᠳᠤᠨ ᠤ ᠪᠠᠶᠢᠳᠠᠯ ᠢ ᠵᠠᠰᠠᠨ ᠰᠡᠷᠭᠦᠭᠡᠭᠰᠡᠨ ᠪᠠᠶᠢᠳᠠᠯ ᠢ ᠣᠶᠢᠯᠠᠭᠠᠵᠤ᠂ ᠭᠡᠷ ᠤᠨ ᠶᠠᠪᠤᠳᠠᠯ ᠤᠨ ᠰᠢᠭᠦᠨ | ᠲᠠᠰᠤᠯᠤᠯᠲᠠ ᠶᠢᠨ ᠨᠡᠶᠢᠭᠡᠮ ᠤᠨ ᠴᠢᠳᠠᠮᠵᠢ ᠶᠢ ᠦᠷᠭᠡᠳᠭᠡᠨ᠎ᠡ᠃ | 6᠂ ᠨᠠᠰᠤᠨ ᠳᠤ ᠤᠶᠢᠯᠦ ᠬᠦᠷᠦᠭᠰᠡᠦᠠ ᠤᠨ ᠬᠠᠤᠯᠢ ᠴᠠᠭᠠᠵᠠ ᠶᠢᠨ ᠣᠨᠴᠠᠭᠠᠶ ᠬᠠᠮᠠᠭᠠᠯᠠᠯᠲᠠ ᠶᠢ | ᠴᠢᠩᠭᠠᠳᠬᠠᠨ᠎ᠠ᠃ ᠬᠡᠷᠡᠭ ᠲᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠤᠨ ᠬᠤᠪᠢ ᠶᠢᠨ ᠨᠢᠭᠤᠴᠠ ᠶᠢᠨ | ᠡᠷᠬᠡ᠂ ᠨᠡᠷ᠎ᠡ ᠲᠦᠷᠦ ᠶᠢᠨ ᠡᠷᠬᠡ ᠵᠢᠴᠢ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠵᠡᠷᠭᠡ ᠵᠠᠷᠭᠤᠯᠳᠤᠬᠤ | ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ ᠨᠠᠰᠤᠨ ᠳᠤ ᠦᠯᠦ ᠬᠦᠷᠦᠭᠰᠡᠳ ᠤᠨ ᠶᠠᠯᠠᠲᠤ ᠬᠡᠷᠡᠭ ᠤᠨ ᠣᠨᠴᠠᠭᠠᠶ | ᠵᠢᠷᠤᠮ ᠤᠨ ᠪᠠᠷᠢᠪᠴᠢᠯᠠᠬᠤ ᠠᠷᠭ᠎ᠠ ᠬᠡᠮᠵᠢᠶ᠎ᠡ᠂ ᠬᠠᠤᠯᠢ ᠴᠠᠭᠠᠵᠠ ᠶᠢᠨ ᠲᠤᠰᠠᠯᠠᠮᠵᠢ᠂ ᠨᠡᠶᠢᠭᠡᠮ ᠤᠨ ᠪᠠᠶᠢᠴᠠᠭᠠᠯᠲᠠ᠂ | ᠰᠡᠳᠬᠢᠴᠡ ᠶᠢᠨ ᠦᠨᠡᠯᠡᠨ ᠵᠢᠱᠢᠯᠲᠡ᠂ ᠬᠠᠤᠯᠢ ᠪᠠᠷ ᠲᠣᠭᠲᠠᠭᠠᠭᠰᠠᠨ ᠣᠷᠣᠯᠠᠭᠴᠢ ᠪᠤᠶᠤ ᠲᠣᠬᠢᠷᠠᠮᠵᠢᠲᠠᠢ ᠨᠠᠰᠤᠨ ᠳᠤ | ᠬᠦᠷᠦᠭᠰᠡᠳ ᠤᠨ ᠲᠤᠬᠠᠢ ᠶᠢᠨ ᠲᠠᠯᠠᠪᠤᠷ ᠲᠤ ᠬᠦᠷᠬᠦ᠂ ᠨᠥᠬᠦᠴᠡᠯ ᠲᠠᠢ ᠪᠠᠷ ᠦᠯᠦ ᠵᠠᠭᠠᠯᠳᠤᠬᠤ᠂ ᠢᠯᠡ ᠪᠠᠷ ᠰᠢᠭᠦᠬᠦ | ᠦᠭᠡᠢ᠂ ᠶᠠᠯ᠎ᠠ ᠬᠢᠭᠰᠡᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠵᠡᠷᠭᠡ ᠶᠢ ᠴᠢᠩᠭ᠎ᠠ ᠬᠢᠵᠠᠭᠠᠷᠯᠠᠬᠤ ᠲᠤᠬᠠᠢ | ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠲᠣᠭᠤᠷᠢᠭ ᠲᠤ | ᠵᠠᠯᠠᠷᠠᠭᠤᠯᠬᠤ ᠶᠢ ᠴᠢᠩᠭᠠᠳᠬᠠᠨ᠎ᠠ᠃ ᠬᠡᠷᠡᠭ ᠲᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠪᠣᠯᠣᠨ | ᠨᠠᠰᠤᠨ ᠳᠤ ᠬᠦᠷᠦᠭᠰᠡᠳ ᠢ ᠲᠤᠰ ᠲᠤᠰ ᠲᠤᠨᠢ ᠬᠤᠷᠢᠬᠤ᠂ ᠲᠤᠰ ᠲᠤᠰ ᠲᠤᠨᠢ ᠬᠠᠮᠢᠶᠠᠷᠬᠤ᠂ ᠲᠤᠰ ᠲᠤᠰ ᠲᠤᠨᠢ | ᠰᠤᠷᠭᠠᠨ ᠬᠥᠮᠥᠵᠢᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ | 7᠂ ᠬᠡᠦᠬᠡᠳ ᠤᠨ ᠬᠠᠮᠠᠭᠠᠯᠠᠯᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ | ᠰᠤᠷᠭᠠᠭᠤᠯᠢ᠂ ᠭᠡᠷ ᠪᠦᠯᠢ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠣᠷᠣᠯᠴᠠᠭᠰᠠᠨ ᠬᠡᠦᠬᠡᠳ ᠤᠨ ᠬᠠᠤᠯᠢ ᠪᠠᠷ | ᠵᠠᠰᠠᠬᠤ ᠬᠥᠮᠦᠵᠢᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠦᠬᠡᠳ ᠤᠨ ᠬᠠᠤᠯᠢ ᠪᠠᠷ ᠵᠠᠰᠠᠬᠤ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠎ᠡ᠃ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ | ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ᠂ ᠬᠠᠤᠯᠢ ᠪᠠᠷ ᠵᠠᠰᠠᠬᠤ ᠡᠬᠢ ᠪᠠᠶᠠᠯᠢᠭ ᠤᠨ ᠬᠢᠴᠢᠶᠡᠯ ᠤᠨ ᠭᠡᠷ | ᠪᠠ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ | ᠳᠡᠳ᠋ ᠵᠠᠬᠢᠷᠤᠯ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠳᠠᠭᠤᠷᠢᠶᠠᠮᠠᠯ ᠰᠢᠭᠦᠬᠦ ᠲᠢᠩᠬᠢᠮ ᠵᠡᠷᠭᠡ ᠤᠯᠠᠨ | ᠶᠠᠩᠵᠤ ᠶᠢᠨ ᠠᠷᠭ᠎ᠠ ᠮᠠᠶ᠋ᠢᠭ ᠢ ᠬᠡᠷᠡᠭᠯᠡᠨ ᠬᠠᠤᠯᠢ ᠪᠠᠷ ᠵᠠᠰᠠᠬᠤ ᠬᠥᠮᠦᠵᠢᠯ ᠪᠠ ᠬᠠᠤᠯᠢ ᠪᠠᠷ ᠵᠠᠰᠠᠬᠤ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠭᠡᠷ ᠤᠨ ᠠᠬᠠᠮᠠᠳ᠂ ᠪᠠᠭᠰᠢ ᠨᠠᠷ ᠪᠠ ᠨᠡᠶᠢᠭᠡᠮ ᠨᠡᠶᠢᠲᠡ ᠶᠢᠨ | ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠬᠡᠦᠬᠡᠳ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ | ᠰᠠᠶᠢᠨ ᠰᠠᠶᠢᠬᠠᠨ ᠠᠭᠤᠷ ᠠᠮᠢᠰᠬᠤᠯ ᠤᠨ ᠪᠤᠢ ᠪᠣᠯᠬᠤ ᠶᠢ ᠲᠦᠯᠬᠢᠨ ᠠᠬᠢᠭᠤᠯᠤᠨ᠎ᠠ᠃ ᠵᠠᠭᠤᠴᠢᠯᠠᠭᠤᠷ ᠤᠨ ᠬᠢᠨ ᠤ | ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠢ ᠪᠤᠰᠤᠳᠴᠢ ᠪᠠᠷ᠂ ᠪᠣᠯᠭᠤᠮᠵᠢᠲᠠᠢ᠂ ᠵᠣᠬᠢᠰᠲᠠᠢ ᠪᠠᠷ | ᠰᠤᠷᠪᠤᠯᠵᠢᠯᠠᠬᠤ ᠪᠠ ᠮᠡᠳᠡᠭᠡᠯᠡᠬᠦ ᠶᠢ ᠵᠢᠯᠤᠭᠤᠳᠤᠨ᠎ᠠ᠃ | 8᠂ ᠬᠡᠦᠬᠡᠳ ᠤᠨ ᠢᠷᠭᠡᠨ ᠤ ᠬᠡᠷᠡᠭ ᠤᠨ ᠡᠷᠬᠡ ᠠᠰᠢᠭ ᠢ ᠪᠦᠬᠦ ᠲᠠᠯ᠎ᠠ ᠪᠠᠷ ᠪᠠᠲᠤᠯᠠᠨ᠎ᠠ᠃ ᠬᠡᠦᠬᠡᠳ ᠤᠨ | ᠪᠡᠶ᠎ᠡ ᠶᠢᠨ ᠡᠷᠬᠡ᠂ ᠡᠳ᠋ ᠬᠥᠷᠥᠩᠭᠡ ᠶᠢᠨ ᠡᠷᠬᠡ ᠪᠠ ᠪᠤᠰᠤᠳ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠪᠠᠲᠤᠯᠠᠨ᠎ᠠ᠃ ᠬᠡᠦᠬᠡᠳ ᠤᠨ ᠡᠷᠬᠡ ᠠᠰᠢᠭ ᠲᠤ ᠬᠤᠯᠪᠣᠭᠳᠠᠭᠰᠠᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠢ | ᠥᠷᠨᠢᠭᠦᠯᠵᠦ᠂ ᠡᠴᠢᠭᠡ ᠡᠬᠡ ᠶᠢᠨ ᠤᠷᠤᠭᠯᠠᠬᠤ ᠳᠠᠭᠠᠨ ᠰᠠᠯᠵᠤ ᠰᠠᠭᠤᠭᠰᠠᠨ ᠬᠤᠭᠤᠴᠠᠭᠠᠨ ᠳᠠᠬᠢ ᠨᠠᠰᠤᠨ ᠳᠤ ᠥᠯᠥ | ᠬᠦᠷᠦᠭᠰᠡᠨ ᠦᠷ᠎ᠡ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠴᠢᠭᠡ | ᠡᠬᠡ ᠶᠢᠨ ᠬᠢᠨᠢ ᠣᠷᠤᠭ ᠰᠠᠯᠤᠭᠰᠠᠨ ᠤ ᠳᠠᠷᠠᠭ᠎ᠠ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠤᠨ ᠡᠷᠭᠢᠵᠦ | ᠦᠵᠡᠬᠦ᠂ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠡᠷᠬᠡ ᠶᠢ ᠬᠠᠤᠯᠢ ᠶᠣᠰᠣᠭᠠᠷ ᠪᠠᠲᠤᠯᠠᠨ᠎ᠠ᠃ | ᠬᠡᠦᠬᠡᠳ ᠪᠠ ᠬᠡᠪᠡᠯᠢ ᠳᠠᠬᠢ ᠬᠡᠦᠬᠡᠳ ᠤᠨ ᠥᠪ ᠵᠠᠯᠭᠠᠮᠵᠢᠯᠠᠬᠤ ᠡᠷᠬᠡ ᠪᠠ ᠥᠪ ᠬᠦᠷᠳᠡᠬᠦ ᠡᠷᠬᠡ ᠶᠢ ᠬᠠᠤᠯᠢ | ᠶᠣᠰᠣᠭᠠᠷ ᠪᠠᠲᠤᠯᠠᠨ᠎ᠠ᠃ ᠬᠡᠦᠬᠡᠳ ᠤᠨ ᠨᠡᠷ᠎ᠡ ᠬᠦᠨᠳᠦ᠂ ᠬᠤᠪᠢ ᠶᠢᠨ ᠨᠢᠭᠤᠴᠠ ᠪᠠ ᠬᠤᠪᠢ ᠬᠥᠮᠥᠨ ᠤ ᠮᠡᠳᠡᠭᠡ | ᠵᠠᠩᠭᠢ ᠵᠡᠷᠭᠡ ᠬᠥᠮᠥᠨ ᠤ ᠨᠡᠷ᠎ᠡ ᠬᠦᠨᠳᠦ ᠶᠢᠨ ᠡᠷᠬᠡ ᠶᠢ ᠬᠠᠤᠯᠢ ᠶᠣᠰᠣᠭᠠᠷ ᠬᠠᠮᠠᠭᠠᠯᠠᠨ᠎ᠠ᠃ ᠵᠠᠭᠠᠯᠳᠤᠯᠭ᠎ᠠ ᠶᠢ ᠳᠡᠮᠵᠢᠬᠦ | ᠳᠦᠷᠢᠮ ᠢ ᠨᠠᠶᠢᠲᠠᠪᠦᠷᠢᠵᠢᠭᠤᠯᠤᠨ᠎ᠠ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠦᠢᠯᠡᠳᠬᠦᠨ ᠤ | ᠶᠠᠰᠤ ᠴᠢᠨᠠᠷ᠂ ᠠᠷᠢᠬᠢ ᠲᠠᠮᠠᠬᠢᠨ ᠤ ᠪᠣᠷᠤᠯᠠᠭᠤᠯᠭ᠎ᠠ᠂ ᠰᠣᠶᠣᠯ ᠤᠨ ᠤᠬᠠᠭᠤᠯᠭ᠎ᠠ᠂ ᠰᠦᠯᠵᠢᠶᠡᠨ ᠤ ᠳᠠᠮᠵᠢᠭᠤᠯᠭ᠎ᠠ ᠵᠡᠷᠭᠡ | ᠬᠦᠷᠢᠶᠡᠨ ᠳᠠᠬᠢ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠳᠤ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠠᠵᠢᠯ ᠢ ᠥᠷᠨᠢᠭᠦᠯᠦᠨ᠎ᠡ᠃ | 9᠂ ᠬᠠᠷᠠᠭᠠᠯᠵᠠᠨ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠭᠡᠷ ᠪᠦᠯᠢ ᠶᠢᠨ | ᠬᠠᠷᠠᠭᠠᠯᠵᠠᠨ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠡᠴᠢᠭᠡ ᠡᠬᠡ ᠪᠤᠶᠤ | ᠪᠤᠰᠤᠳ ᠬᠠᠷᠠᠭᠠᠯᠵᠠᠨ ᠬᠠᠮᠠᠭᠠᠯᠠᠭᠴᠢ ᠨᠢ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ᠂ | ᠰᠤᠷᠭᠠᠨ ᠬᠥᠮᠥᠵᠢᠭᠦᠯᠬᠦ ᠪᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠡᠴᠢᠭᠡ | ᠡᠬᠡ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠨᠢ ᠨᠠᠰᠤᠨ ᠳᠤ ᠥᠯᠥ ᠬᠦᠷᠦᠭᠰᠡᠨ ᠦᠷ᠎ᠡ ᠬᠡᠦᠬᠡᠳ ᠢᠶᠠᠨ | ᠪᠤᠰᠤᠳ ᠬᠥᠮᠥᠨ ᠳᠤ ᠨᠠᠶᠢᠳᠠᠵᠤ ᠬᠠᠷᠠᠭᠠᠯᠵᠠᠨ ᠠᠰᠠᠷᠠᠭᠤᠯᠬᠤ ᠦᠶᠯᠡ ᠠᠵᠢᠯᠯᠠᠭ᠎ᠠ ᠶᠢ ᠬᠠᠤᠯᠢ ᠶᠣᠰᠣᠭᠠᠷ | ᠵᠢᠷᠤᠮᠵᠢᠭᠤᠯᠤᠨ᠎ᠠ᠃ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠡᠷᠲᠡ | ᠤᠷᠤᠭᠯᠠᠵᠤ ᠡᠷᠲᠡ ᠬᠡᠦᠬᠡᠳ ᠠᠪᠬᠤ ᠪᠠ ᠡᠷᠲᠡ ᠤᠷᠤᠭᠯᠠᠵᠤ ᠰᠤᠷᠤᠯᠭ᠎ᠠ ᠪᠠᠨ ᠳᠣᠷᠭᠤᠨ ᠵᠣᠭᠰᠣᠬᠤ ᠦᠶᠯᠡ | ᠠᠵᠢᠯᠯᠠᠭ᠎ᠠ ᠶᠢ ᠴᠠᠭᠠᠵᠠᠯᠠᠨ᠎ᠠ᠃ ᠬᠠᠷᠠᠭᠠᠯᠵᠠᠨ ᠬᠠᠮᠠᠭᠠᠯᠠᠬᠤ ᠳᠤ ᠬᠢᠨᠠᠯᠲᠠ ᠲᠠᠯᠪᠢᠬᠤ᠂ ᠵᠢᠯᠤᠭᠤᠳᠬᠤ ᠪᠠ | ᠬᠠᠪᠰᠤᠷᠬᠤ ᠶᠢ ᠴᠢᠩᠭᠠᠳᠬᠠᠵᠤ᠂ ᠠᠯᠪᠠᠳᠠᠯᠭ᠎ᠠ ᠪᠠᠷ ᠭᠡᠷ ᠪᠦᠯᠢ ᠶᠢᠨ ᠰᠤᠷᠭᠠᠨ ᠬᠥᠮᠦᠵᠢᠯ ᠤᠨ ᠳᠦᠷᠢᠮ ᠢ | ᠨᠠᠶᠢᠳᠠᠪᠤᠷᠢᠵᠢᠭᠤᠯᠤᠨ᠎ᠠ᠃ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠤᠨ ᠡᠴᠢᠭᠡ ᠡᠬᠡ ᠪᠤᠶᠤ ᠪᠤᠰᠤᠳ | ᠬᠠᠷᠠᠭᠠᠯᠵᠠᠨ ᠬᠠᠮᠠᠭᠠᠯᠠᠭᠴᠢ ᠶᠢᠨ ᠬᠠᠷᠠᠭᠠᠯᠵᠠᠨ ᠬᠠᠮᠠᠭᠠᠯᠠᠬᠤ ᠪᠠ ᠨᠠᠶᠢᠳᠠᠨ ᠬᠠᠷᠠᠭᠠᠯᠵᠠᠨ ᠬᠠᠮᠠᠭᠠᠯᠠᠭᠤᠯᠬᠤ ᠳᠤ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠣᠰᠬᠤᠨ ︵ᠨᠡᠶᠢᠭᠡᠮ ᠲᠣᠭᠤᠷᠢᠭ︶ ᠤ ᠬᠡᠦᠬᠡᠳ ᠤᠨ | ᠡᠷᠬᠢᠯᠡᠭᠴᠢ ᠠᠴᠠ ᠬᠡᠦᠬᠡᠳ ᠤᠨ ᠬᠠᠷᠠᠭᠠᠯᠵᠠᠨ ᠬᠠᠮᠠᠭᠠᠯᠠᠬᠤ ᠲᠦᠭᠰᠢᠭᠦᠷᠢ ᠳᠤ ᠤᠴᠠᠷᠠᠭᠰᠠᠨ ᠪᠤᠶᠤ ᠬᠠᠷᠠᠭᠠᠯᠵᠠᠨ | ᠬᠠᠮᠠᠭᠠᠯᠠᠯᠲᠠ ᠶᠢᠨ ᠬᠠᠯᠳᠠᠯᠭ᠎ᠠ ᠳᠤ ᠤᠴᠠᠷᠠᠭᠰᠠᠨ ᠪᠠᠶᠢᠳᠠᠯ ᠢ ᠢᠯᠡᠷᠡᠭᠦᠯᠬᠦ᠂ ᠬᠢᠨᠠᠨ ᠬᠠᠷᠭᠤᠭᠤᠯᠬᠤ᠂ ᠮᠡᠳᠡᠭᠦᠯᠬᠦ | ᠠᠵᠢᠯ ᠢ ᠦᠨᠡᠨᠬᠦ ᠰᠠᠶᠢᠲᠤᠷ ᠬᠢᠨ᠎ᠡ᠃ ᠬᠢᠨᠠᠨ ᠬᠠᠮᠠᠭᠠᠯᠠᠬᠤ ᠲᠦᠭᠰᠢᠭᠦᠷᠢ ᠵᠢᠴᠢ ᠬᠡᠪ ᠤᠨ ᠪᠤᠰᠤ ᠪᠠᠶᠢᠳᠠᠯ ᠢ ᠦᠨᠡᠯᠡᠨ | ᠵᠢᠱᠢᠬᠦ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠭᠤᠣᠯᠳᠠᠯᠭ᠎ᠠ ᠲᠠᠢ ᠬᠥᠮᠥᠰ ᠪᠠ ᠲᠦᠭᠰᠢᠭᠦᠷᠢ ᠶᠡᠬᠡᠲᠡᠢ ᠭᠡᠷ | ᠪᠦᠯᠢ ᠶᠢ ᠵᠢᠭᠰᠠᠭᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠠᠷᠠᠭᠠᠯᠵᠠᠨ ᠬᠠᠮᠠᠭᠠᠯᠠᠬᠤ ᠳᠤ ᠭᠠᠷ ᠲᠦᠷᠦᠭᠦ ᠶᠢ | ᠴᠢᠩᠭᠠᠳᠬᠠᠨ᠂ ᠬᠠᠷᠠᠭᠠᠯᠵᠠᠨ ᠬᠠᠮᠠᠭᠠᠯᠠᠭᠴᠢ ᠶᠢᠨ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠡᠷᠡᠭ ᠢ ᠬᠠᠤᠯᠢ | ᠶᠣᠰᠣᠭᠠᠷ ᠵᠠᠯᠠᠷᠠᠭᠤᠯᠬᠤ ᠪᠠ ᠰᠢᠢᠳᠪᠦᠷᠢᠯᠡᠨ᠎ᠡ᠃ ᠬᠠᠤᠯᠢ ᠪᠠᠷ ᠲᠣᠭᠲᠠᠭᠠᠭᠰᠠᠨ ᠪᠠᠶᠢᠳᠠᠯ ᠳᠤ ᠨᠡᠶᠢᠴᠡᠬᠦ ᠬᠡᠦᠬᠡᠳ ᠢ | ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠤᠯᠤᠰ ᠢ ᠲᠥᠯᠥᠭᠡᠯᠡᠨ ᠬᠢᠨᠠᠨ ᠬᠠᠮᠠᠭᠠᠯᠠᠨ᠎ᠠ᠃ | ᠭᠡᠨᠡᠳᠲᠡ ᠶᠢᠨ ᠬᠡᠷᠡᠭ ᠤᠨ ᠪᠠᠶᠢᠳᠠᠯ ᠳᠣᠣᠷ᠎ᠠ ᠬᠠᠷᠠᠭᠠᠯᠵᠠᠬᠤ ᠬᠥᠮᠥᠨ ᠦᠭᠡᠢ ᠬᠡᠦᠬᠡᠳ ᠢ ᠴᠠᠭ ᠲᠤᠬᠠᠢ ᠳᠤᠨᠢ ᠲᠦᠷ | ᠴᠠᠭ ᠤᠨ ᠬᠠᠷᠠᠭᠠᠯᠵᠠᠨ ᠬᠠᠮᠠᠭᠠᠯᠠᠬᠤ ᠶᠢ ᠦᠨᠡᠨᠬᠦ ᠪᠠᠲᠤᠯᠠᠨ᠎ᠠ᠃ | 10᠂ ᠬᠡᠦᠬᠡᠳ ᠠᠵᠢᠯᠴᠢᠨ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ᠬᠡᠦᠬᠡᠳ ᠠᠵᠢᠯᠴᠢᠨ ᠬᠡᠷᠡᠭᠯᠡᠬᠦ ᠦᠶᠯᠡ ᠠᠵᠢᠯᠯᠠᠭ᠎ᠠ ᠶᠢᠨ ᠡᠳᠦᠷ ᠲᠤᠲᠤᠮ ᠤᠨ | ᠲᠣᠭᠤᠷᠢᠨ ᠪᠠᠶᠢᠴᠠᠭᠠᠵᠤ ᠬᠢᠨᠠᠨ ᠪᠠᠶᠢᠴᠠᠭᠠᠬᠤ ᠪᠠ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠴᠢᠩᠭᠠᠳᠬᠠᠨ᠎ᠠ᠃ ᠬᠡᠦᠬᠡᠳ ᠤᠨ ᠲᠣᠭᠯᠠᠯᠲᠠ ᠳᠤ ᠣᠷᠣᠯᠴᠠᠬᠤ᠂ ᠫᠷᠣᠭ᠍ᠷᠠᠮ ᠦᠢᠯᠡᠳᠬᠦ ᠵᠡᠷᠭᠡ | ᠲᠠᠯ᠎ᠠ ᠪᠠᠷ ᠬᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠤ | ᠠᠬᠤᠶᠢᠯᠠᠯ᠂ ᠪᠤᠰᠤᠳ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ᠂ ᠰᠦᠯᠵᠢᠶᠡᠨ ᠤ ᠲᠠᠪᠴᠠᠩ | ᠵᠡᠷᠭᠡ ᠶᠢᠨ ᠬᠡᠦᠬᠡᠳ ᠢ ᠣᠷᠣᠭᠤᠯᠤᠨ ᠠᠪᠴᠤ ᠵᠠᠷ ᠮᠡᠳᠡᠭᠡ ᠰᠡᠭᠦᠳᠡᠷᠯᠡᠬᠦ᠂ ᠬᠤᠳᠠᠯᠳᠤᠭᠠᠨ ᠤ ᠣᠷᠣᠯᠠᠨ ᠥᠭᠦᠯᠡᠭᠴᠢ᠂ | ᠲᠣᠭᠯᠠᠯᠲᠠ᠂ ᠤᠷᠤᠯᠳᠤᠭᠠᠨ᠂ ᠫᠷᠣᠭ᠍ᠷᠠᠮ ᠦᠢᠯᠡᠳᠬᠦ᠂ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠳᠤ | ᠣᠷᠣᠯᠴᠠᠭᠤᠯᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠰᠤᠨ ᠳᠤ ᠥᠯᠥ ᠬᠦᠷᠦᠭᠰᠡᠨ ᠠᠵᠢᠯᠴᠢᠨ ᠤ | ᠣᠨᠴᠠᠭᠠᠶ ᠬᠠᠮᠠᠭᠠᠯᠠᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠥᠮᠥᠨ ᠬᠡᠷᠡᠭᠯᠡᠬᠦ ᠨᠢᠭᠡᠴᠡ ᠠᠴᠠ | ᠨᠠᠰᠤᠨ ᠳᠤ ᠥᠯᠥ ᠬᠦᠷᠦᠭᠰᠡᠨ ᠠᠵᠢᠯᠴᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠦ ᠶᠢᠨ | ᠪᠠᠶᠢᠴᠠᠭᠠᠯᠲᠠ ᠬᠢᠵᠦ᠂ ᠬᠡᠳᠦ ᠬᠦᠨᠳᠦ᠂ ᠬᠤᠣᠷᠲᠠᠢ᠂ ᠬᠥᠨᠥᠭᠡᠯᠲᠡᠢ ᠵᠡᠷᠭᠡ ᠬᠡᠦᠬᠡᠳ ᠤᠨ ᠪᠡᠶ᠎ᠡ ᠮᠠᠬᠠᠪᠤᠳ ᠪᠣᠳᠣᠯ | ᠰᠡᠳᠬᠢᠯ ᠤᠨ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠬᠥᠳᠡᠯᠮᠦᠷᠢ ᠪᠤᠶᠤ ᠠᠶᠤᠯ ᠲᠠᠢ ᠠᠵᠢᠯ ᠬᠢᠯᠭᠡᠬᠦ ᠪᠠᠷ | ᠲᠣᠬᠢᠷᠠᠭᠤᠯᠵᠤ ᠪᠣᠯᠬᠤ ᠦᠭᠡᠢ᠃ | 11᠂ ᠬᠡᠦᠬᠡᠳ ᠲᠤ ᠪᠡᠯᠭᠡ ᠶᠢᠨ ᠬᠠᠯᠳᠠᠯᠭ᠎ᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ ᠬᠡᠦᠬᠡᠳ ᠤᠨ ᠪᠡᠯᠭᠡ ᠶᠢᠨ | ᠬᠠᠯᠳᠠᠯᠭ᠎ᠠ ᠶᠢᠨ ᠬᠥᠮᠦᠵᠢᠯ ᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠬᠡᠦᠬᠡᠳ᠂ ᠭᠡᠷ ᠪᠦᠯᠢ᠂ ᠰᠤᠷᠭᠠᠭᠤᠯᠢ᠂ | ᠨᠡᠶᠢᠭᠡᠮ ᠲᠣᠭᠤᠷᠢᠭ ᠤᠨ ᠢᠯᠭᠠᠨ ᠲᠠᠨᠢᠬᠤ ᠰᠡᠷᠭᠡᠶᠢᠯᠡᠬᠦ ᠪᠡᠯᠭᠡ ᠶᠢᠨ ᠬᠠᠯᠳᠠᠯᠭ᠎ᠠ ᠶᠢ ᠮᠡᠳᠡᠭᠦᠯᠬᠦ ᠦᠵᠡᠯ ᠤᠬᠠᠮᠰᠠᠷ | ᠪᠠ ᠴᠢᠳᠠᠪᠤᠷᠢ ᠶᠢ ᠳᠡᠭᠡᠭᠰᠢᠯᠡᠭᠦᠯᠵᠦ᠂ ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠪᠥᠬᠦ | ᠤᠯᠤᠰ ᠤᠨ ᠨᠢᠭᠡᠳᠦᠯᠲᠡᠢ ᠪᠡᠯᠭᠡ ᠶᠢᠨ ᠬᠠᠯᠳᠠᠯᠭ᠎ᠠ᠂ ᠬᠠᠯᠠ ᠦᠵᠡᠭᠦᠯᠬᠦ᠂ ᠮᠡᠬᠡᠯᠡᠨ ᠬᠤᠳᠠᠯᠳᠤᠬᠤ᠂ ᠬᠦᠴᠦᠷᠬᠡᠭᠯᠡᠯ ᠢᠶᠠᠷ | ᠭᠡᠮᠲᠦᠭᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ | ᠰᠢᠰᠲ᠋ᠧᠮ ᠢ ᠬᠡᠷᠡᠭᠯᠡᠨ᠂ ᠠᠵᠢᠯ ᠳᠤ ᠣᠷᠣᠵᠤ ᠪᠠᠶᠢᠴᠠᠭᠠᠨ ᠯᠠᠪᠯᠠᠬᠤ᠂ ᠠᠵᠢᠯ ᠡᠷᠭᠢᠯᠡᠬᠦ ᠶᠢ ᠴᠠᠭᠠᠵᠠᠯᠠᠬᠤ ᠳᠦᠷᠢᠮ ᠢ | ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠠᠷᠢᠶ᠎ᠠ ᠲᠠᠢ ᠪᠠᠭᠰᠢ ᠶᠢᠨ ᠶᠠᠯ᠎ᠠ ᠬᠢᠭᠰᠡᠨ ᠭᠡᠷᠡᠴᠢ ᠦᠭᠡᠢ ᠪᠠᠷ ᠳᠠᠩᠰᠠᠯᠠᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠡᠦᠬᠡᠳ ᠲᠤ ᠪᠡᠯᠭᠡ ᠶᠢᠨ ᠬᠠᠯᠳᠠᠯᠭ᠎ᠠ ᠬᠢᠭᠰᠡᠨ ᠶᠠᠯ᠎ᠠ ᠬᠢᠭᠰᠡᠳ ᠤᠨ | ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠬᠡᠷᠡᠭ ᠪᠣᠯᠭᠠᠨ ᠳᠠᠩᠰᠠᠯᠠᠬᠤ ᠪᠠ | ᠬᠡᠷᠡᠭ ᠪᠣᠯᠭᠠᠨ ᠳᠡᠩᠰᠡᠯᠡᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠪᠠ | ᠶᠠᠯ᠎ᠠ ᠲᠣᠭᠲᠠᠭᠠᠵᠤ ᠡᠷᠡᠭᠦᠦ ᠰᠢᠳᠬᠡᠯ ᠣᠨᠣᠭᠳᠠᠭᠤᠯᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠡᠦᠬᠡᠳ ᠲᠤ | ᠣᠨᠴᠠᠭᠠᠶ ᠲᠤᠰᠢᠶᠠᠯ ᠬᠠᠷᠢᠭᠤᠴᠠᠯᠭ᠎ᠠ ᠲᠠᠢ ᠬᠥᠮᠥᠰ ᠤᠨ ᠬᠢᠭᠰᠡᠨ ᠪᠡᠯᠭᠡ ᠶᠢᠨ ᠬᠠᠯᠳᠠᠯᠭ᠎ᠠ ᠶᠢᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠵᠦ᠂ ᠨᠠᠰᠤᠨ ᠳᠤ ᠦᠯᠦ ᠬᠦᠷᠦᠭᠰᠡᠳ ᠢ ᠵᠣᠬᠢᠶᠠᠨ ᠪᠠᠶᠢᠭᠤᠯᠵᠤ᠂ | ᠠᠯᠪᠠᠳᠠᠵᠤ᠂ ᠥᠳᠥᠭᠡᠵᠦ᠂ ᠦᠯᠡᠳᠡᠭᠡᠵᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠬᠤ ᠶᠠᠯᠠᠲᠤ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠰᠢᠢᠳᠭᠡᠵᠦ᠂ ᠬᠡᠦᠬᠡᠳ ᠢ ᠠᠯᠪᠠᠳᠠᠯᠭ᠎ᠠ ᠪᠠᠷ ᠥᠳᠥᠭᠡᠨ ᠲᠠᠲᠠᠵᠤ ᠲᠠᠨᠢᠯᠴᠠᠭᠤᠯᠤᠨ | ᠶᠠᠩᠬᠠᠯᠠᠭᠤᠯᠬᠤ ᠶᠢ ᠤᠷᠢᠳᠴᠢᠯᠠᠨ ᠰᠡᠷᠭᠡᠶᠢᠯᠡᠨ᠎ᠡ᠃ ᠨᠠᠰᠤᠨ ᠳᠤ ᠬᠦᠷᠦᠭᠡᠳᠦᠢ ᠬᠤᠣᠷᠯᠠᠭᠳᠠᠭᠴᠢ ᠶᠢᠨ ︽ᠨᠢᠭᠡ ᠯᠡ | ᠥᠷᠲᠡᠭᠡᠨ ᠤ ᠬᠡᠯᠪᠡᠷᠢ︾ ᠶᠢᠨ ᠭᠡᠷᠡᠴᠢ ᠠᠪᠬᠤ ᠲᠣᠭᠲᠠᠴᠠ ᠶᠢ ᠪᠠᠶᠢᠭᠤᠯᠵᠤ᠂ ᠨᠠᠰᠤᠨ ᠳᠤ ᠬᠦᠷᠦᠭᠡᠳᠦᠢ | ᠬᠤᠣᠷᠯᠠᠭᠳᠠᠭᠴᠢ ᠶᠢᠨ ︽ᠬᠤᠶᠠᠳᠠᠭᠢ ᠤᠳᠠᠭᠠᠨ ᠤ ᠭᠡᠮᠲᠦᠯ︾ ᠠᠴᠠ ᠵᠠᠶᠢᠯᠠᠬᠤ ᠶᠢ ᠬᠠᠮᠠᠭᠠᠯᠠᠨ᠎ᠠ᠃ ᠬᠡᠦᠬᠡᠳ ᠲᠤ | ᠪᠡᠯᠭᠡ ᠶᠢᠨ ᠬᠠᠯᠳᠠᠯᠭ᠎ᠠ ᠬᠢᠭᠰᠡᠨ ᠬᠡᠷᠡᠭ ᠤᠨ ᠤᠨᠴᠠᠭᠠᠢ ᠭᠡᠷᠡᠴᠢ ᠪᠠᠷᠢᠮᠲᠠ ᠶᠢᠨ ᠪᠠᠷᠢᠮᠵᠢᠶ᠎ᠠ ᠶᠢ ᠰᠦᠪᠡᠭᠴᠢᠯᠡᠨ | ᠲᠤᠭᠲᠠᠭᠠᠨ᠎ᠠ᠃ ᠪᠡᠯᠭᠡ ᠶᠢᠨ ᠬᠠᠯᠳᠠᠯᠭ᠎ᠠ ᠳᠤ ᠤᠴᠠᠷᠠᠭᠰᠠᠨ ᠪᠤᠶᠤ ᠬᠦᠴᠦᠷᠬᠡᠭᠯᠡᠯ ᠤᠨ ᠬᠤᠣᠷᠯᠠᠯ ᠳᠤ ᠤᠴᠠᠷᠠᠭᠰᠠᠨ | ᠨᠠᠰᠤᠨ ᠳᠤ ᠬᠦᠷᠦᠭᠡᠳᠦᠢ ᠬᠤᠣᠷᠯᠠᠭᠳᠠᠭᠴᠢ ᠵᠢᠴᠢ ᠲᠡᠳᠡᠨᠤᠰ ᠤᠨ ᠭᠡᠷ ᠪᠦᠯᠢ ᠳᠤ ᠴᠢᠬᠤᠯᠠ ᠪᠦᠬᠦᠢ ᠰᠡᠳᠬᠢᠴᠡ ᠶᠢᠨ | ᠲᠠᠯ᠎ᠠ ᠪᠠᠷ ᠭᠠᠷ ᠲᠦᠷᠦᠭᠦ᠂ ᠠᠵᠤ ᠠᠬᠤᠢ ᠶᠢᠨ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ ᠲᠤᠰᠠᠯᠠᠮᠵᠢ | ᠦᠵᠡᠭᠦᠯᠬᠦ᠂ ᠰᠤᠷᠭᠠᠭᠤᠯᠢ ᠰᠢᠯᠵᠢᠵᠦ ᠲᠥᠪᠬᠢᠨᠡᠭᠦᠯᠬᠦ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ | 12᠂ ᠬᠡᠦᠬᠡᠳ ᠲᠤ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ ᠶᠢ ᠴᠢᠩᠭᠠᠳᠬᠠᠵᠤ᠂ ᠬᠡᠦᠬᠡᠳ ᠲᠤ ᠴᠢᠭᠯᠡᠭᠦᠯᠦᠭᠰᠡᠨ ᠭᠡᠷ ᠪᠦᠯᠢ ᠶᠢᠨ | ᠬᠦᠴᠦᠷᠬᠡᠭᠯᠡᠯ ᠵᠢᠴᠢ ᠬᠦᠨᠳᠦ ᠨᠣᠴᠢᠲᠠᠢ ᠤᠮᠳᠤᠭᠠᠶᠢᠯᠠᠬᠤ ᠵᠡᠷᠭᠡ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠳᠤ ᠠᠰᠢᠭ ᠦᠭᠡᠢ ᠦᠶᠯᠡ ᠠᠵᠢᠯᠯᠠᠭ᠎ᠠ ᠶᠢ ᠲᠠᠰᠤ ᠵᠤᠭᠰᠤᠭᠠᠨ᠎ᠠ᠃ ᠠᠯᠪᠠᠳᠠᠯᠭ᠎ᠠ ᠪᠠᠷ ᠮᠡᠳᠡᠭᠦᠯᠬᠦ ᠳᠦᠷᠢᠮ ᠢ | ᠨᠠᠶᠢᠳᠠᠪᠤᠷᠢᠵᠢᠭᠤᠯᠵᠤ᠂ ᠬᠡᠦᠬᠡᠳ ᠤᠨ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠬᠡᠷᠡᠭ ᠢ ᠴᠠᠭ ᠲᠤᠬᠠᠢ | ᠳᠤᠨᠢ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠬᠤ᠂ ᠬᠡᠷᠡᠭ ᠪᠣᠯᠭᠠᠨ ᠳᠠᠩᠰᠠᠯᠠᠬᠤ ᠪᠠ ᠰᠢᠯᠵᠢᠭᠦᠯᠦᠨ | ᠰᠢᠢᠳᠪᠦᠷᠢᠯᠡᠨ᠎ᠡ᠃ ᠰᠡᠷᠡᠮᠵᠢᠯᠡᠭᠦᠯᠬᠦ ᠪᠢᠴᠢᠭ᠂ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ᠂ ᠬᠢᠨᠠᠨ | ᠬᠠᠮᠠᠭᠠᠯᠠᠭᠴᠢ ᠶᠢᠨ ᠬᠢᠷᠢ ᠬᠡᠮ ᠢ ᠬᠠᠰᠤᠬᠤ ᠵᠡᠷᠭᠡ ᠠᠷᠭ᠎ᠠ ᠬᠡᠮᠵᠢᠶ᠎ᠡ ᠶᠢ ᠭᠦᠢᠴᠡᠳ ᠬᠡᠷᠡᠭᠯᠡᠨ᠂ ᠬᠦᠴᠦᠷᠬᠡᠭᠯᠡᠯ | ᠶᠠᠪᠤᠭᠤᠯᠤᠭᠰᠠᠳ ᠢ ᠵᠠᠯᠬᠠᠭᠠᠨ ᠴᠡᠭᠡᠷᠯᠡᠭᠦᠯᠬᠦ ᠪᠠ ᠰᠤᠷᠭᠠᠨ ᠬᠥᠮᠥᠵᠢᠭᠦᠯᠬᠦ ᠶᠢ ᠴᠢᠩᠭᠠᠳᠬᠠᠨ᠎ᠠ᠃ ᠶᠠᠯ᠎ᠠ ᠪᠣᠯᠵᠤ | ᠪᠦᠷᠢᠯᠳᠦᠭᠰᠡᠨ ᠬᠦᠴᠦᠷᠬᠡᠭᠯᠡᠯ ᠶᠠᠪᠤᠭᠤᠯᠤᠭᠴᠢ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ | ᠬᠦᠨᠳᠦ ᠶᠡᠭᠡ ᠬᠦᠨᠳᠦ ᠨᠣᠴᠢᠲᠠᠢ ᠬᠡᠷᠡᠭ ᠢ ᠴᠢᠩᠭ᠎ᠠ ᠰᠢᠢᠳᠪᠦᠷᠢᠯᠡᠨ᠎ᠡ᠃ ᠨᠠᠰᠤᠨ ᠳᠤ ᠥᠯᠥ ᠬᠦᠷᠦᠭᠰᠡᠨ | ᠬᠤᠣᠷᠯᠠᠭᠳᠠᠭᠴᠢ ᠶᠢᠨ ᠬᠤᠪᠢ ᠶᠢᠨ ᠨᠢᠭᠤᠴᠠ ᠪᠠ ᠠᠮᠤᠷ ᠲᠦᠪᠰᠢᠨ ᠢ ᠬᠠᠮᠠᠭᠠᠯᠠᠵᠤ᠂ ᠨᠠᠰᠤᠨ ᠳᠤ ᠥᠯᠥ ᠬᠦᠷᠦᠭᠰᠡᠨ | ᠬᠤᠣᠷᠯᠠᠭᠳᠠᠭᠴᠢ ᠵᠢᠴᠢ ᠭᠡᠷ ᠪᠦᠯᠢ ᠶᠢᠨ ᠬᠦᠴᠦᠷᠬᠡᠭᠯᠡᠯ ᠢ ᠨᠢᠳᠦ ᠪᠠᠷ ᠢᠶᠠᠨ ᠦᠵᠡᠭᠰᠡᠨ ᠬᠡᠦᠬᠡᠳ ᠲᠤ ᠴᠠᠭ ᠲᠤᠬᠠᠢ | ᠳᠤᠨᠢ ᠰᠡᠳᠬᠢᠴᠡ ᠶᠢᠨ ᠵᠢᠯᠣᠭᠤᠳᠤᠯᠭ᠎ᠠ᠂ ᠡᠮᠴᠢᠯᠡᠭᠡᠨ ᠤ ᠠᠪᠤᠷᠠᠯᠳᠠ ᠪᠠ ᠲᠦᠷ ᠴᠠᠭ ᠤᠨ ᠥᠮᠥᠭᠯᠡᠯᠲᠡ ᠬᠠᠩᠭᠠᠨ᠎ᠠ᠃ | 13᠂ ᠬᠡᠦᠬᠡᠳ ᠢ ᠮᠡᠬᠡᠯᠡᠨ ᠬᠤᠳᠠᠯᠳᠤᠬᠤ ᠪᠠ ᠬᠡᠦᠬᠡᠳ ᠢ ᠵᠣᠬᠢᠶᠠᠨ ᠪᠠᠶᠢᠭᠤᠯᠵᠤ᠂ ᠥᠳᠥᠭᠡᠨ ᠲᠠᠲᠠᠵᠤ | ᠰᠦᠷᠳᠡᠭᠦᠯᠦᠨ ᠬᠤᠣᠷ ᠲᠤ ᠬᠤᠯᠪᠣᠭᠳᠠᠭᠤᠯᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠤᠯᠬᠤ | ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠡᠷᠭᠡᠶᠢᠯᠡᠬᠦ᠂ | ᠴᠣᠬᠢᠯᠲᠠ ᠥᠭᠬᠦ᠂ ᠲᠡᠩᠬᠡᠷᠡᠭᠦᠯᠦᠨ ᠲᠤᠰᠠᠯᠠᠬᠤ᠂ ᠲᠥᠪᠬᠢᠨᠡᠭᠦᠯᠬᠦ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ | ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯ ᠤᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠢ ᠲᠣᠭᠲᠠᠴᠠ ᠶᠢ | ᠪᠠᠷᠢᠮᠲᠠᠯᠠᠨ ᠲᠡᠭᠦᠯᠳᠡᠷᠵᠢᠭᠦᠯᠵᠦ᠂ ᠬᠥᠮᠥᠨ ᠠᠮᠠ ᠶᠢ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯᠯᠠᠭ᠎ᠠ ᠶᠢᠨ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠷᠭᠦᠨ ᠲᠡᠵᠢᠭᠡᠬᠦ ᠨᠡᠷ᠎ᠡ ᠪᠠᠷ ᠬᠡᠦᠬᠡᠳ ᠢ ᠬᠤᠳᠠᠯᠳᠤᠭᠠᠯᠠᠬᠤ᠂ | ᠰᠦᠯᠵᠢᠶᠡᠨ ᠤ ᠲᠠᠪᠴᠠᠩ ᠢ ᠠᠰᠢᠭᠯᠠᠨ ᠬᠥᠮᠥᠨ ᠠᠮᠠ ᠶᠢ ᠮᠡᠬᠡᠯᠡᠨ ᠬᠤᠳᠠᠯᠳᠤᠬᠤ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠪᠦᠲᠦᠮᠵᠢᠲᠡᠢ ᠰᠡᠷᠭᠡᠶᠢᠯᠡᠬᠦ ᠪᠠ ᠴᠢᠩᠭ᠎ᠠ ᠴᠣᠬᠢᠯᠲᠠ ᠥᠭᠴᠦ᠂ ᠲᠦᠷᠦᠭᠰᠡᠨ ᠦᠷ᠎ᠡ | ᠬᠡᠦᠬᠡᠳ ᠢᠶᠠᠨ ᠬᠤᠳᠠᠯᠳᠤᠭᠰᠠᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠳᠡᠨᠤᠰ ᠲᠤ ᠴᠣᠬᠢᠯᠲᠠ | ᠥᠭᠬᠦ ᠡᠷᠴᠢᠮ ᠢᠶᠠᠨ ᠴᠢᠩᠭᠠᠷᠠᠭᠤᠯᠵᠤ᠂ ᠵᠢᠷᠮᠦᠰᠦᠨ ᠡᠮᠡᠭᠲᠡᠢ ᠶᠢᠨ ᠡᠪᠡᠳᠴᠢᠨ ᠦᠵᠡᠭᠦᠯᠵᠦ ᠦᠢᠯᠡᠳᠪᠦᠷᠢᠯᠡᠬᠦ ᠪᠡᠶ᠎ᠡ | ᠬᠡᠮ ᠢ ᠬᠢᠨᠠᠨ ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠲᠦᠷᠦᠭᠰᠡᠨ ᠦᠷ᠎ᠡ ᠬᠡᠦᠬᠡᠳ ᠢ ᠬᠢᠨᠠᠨ | ᠲᠣᠭᠲᠠᠭᠠᠭᠰᠠᠨ ᠰᠠᠨᠠᠯ ᠤᠨ ᠪᠢᠴᠢᠭ ᠪᠠ ᠲᠦᠷᠦᠭᠰᠡᠨ ᠠᠨᠠᠭᠠᠬᠤ ᠤᠬᠠᠭᠠᠨ ᠤ ᠭᠡᠷᠡᠴᠢ ᠬᠢᠵᠦ ᠥᠭᠬᠦ ᠳᠦᠷᠢᠮ ᠢ | ᠲᠡᠭᠦᠯᠳᠡᠷᠵᠢᠭᠦᠯᠵᠦ᠂ ᠬᠡᠦᠬᠡᠳ ᠲᠦᠷᠦᠭᠦ ᠳᠠᠩᠰᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠲᠦᠷᠦᠭᠰᠡᠨ | ᠡᠴᠢᠭᠡ ᠡᠬᠡ ᠪᠠ ᠥᠪᠡᠷ ᠢᠶᠠᠨ ᠲᠦᠷᠦᠵᠦ ᠥᠪᠡᠷ ᠢ ᠪᠠᠨ ᠬᠤᠳᠠᠯᠳᠤᠬᠤ ᠲᠦᠷᠦᠯ ᠤᠨ ᠬᠡᠷᠡᠭ ᠤᠨ ᠳᠣᠲᠣᠷᠠᠬᠢ | ᠠᠪᠤᠷᠠᠭᠳᠠᠭᠰᠠᠨ ᠬᠡᠦᠬᠡᠳ ᠢ ᠡᠷᠢᠵᠦ ᠣᠯᠬᠤ ᠦᠭᠡᠢ ᠪᠠᠶᠢᠳᠠᠯ ᠢ ᠲᠣᠬᠢᠲᠠᠢ ᠲᠥᠪᠬᠢᠨᠡᠭᠦᠯᠦᠨ᠎ᠡ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠪᠤᠰᠤᠳ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠤ ᠮᠡᠬᠡᠯᠡᠭᠳᠡᠨ | ᠬᠤᠳᠠᠯᠳᠤᠭᠳᠠᠭᠰᠠᠨ ᠬᠡᠦᠬᠡᠳ᠂ ᠡᠴᠢᠭᠡ ᠡᠬᠡ ᠪᠣᠯᠣᠨ ᠮᠡᠬᠡᠯᠡᠭᠳᠡᠨ ᠬᠤᠳᠠᠯᠳᠤᠭᠳᠠᠭᠰᠠᠨ ᠰᠡᠵᠢᠭᠯᠡᠯᠲᠡᠢ ᠬᠥᠮᠥᠰ ᠤᠨ | DNA ᠶᠢᠨ ᠲᠤᠭ᠎ᠠ ᠪᠠᠷᠢᠮᠲᠠ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠶᠢ ᠴᠠᠭᠠᠵᠠᠯᠠᠨ᠎ᠠ᠃ ᠵᠠᠯᠠᠭᠤᠴᠤᠳ | ᠪᠠᠭᠠᠴᠤᠳ ᠤᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠢ ᠴᠢᠩᠭᠠᠳᠬᠠᠵᠤ᠂ ᠬᠡᠦᠬᠡᠳ ᠢ ᠥᠳᠥᠭᠡᠨ | ᠲᠠᠲᠠᠬᠤ᠂ ᠵᠢᠭᠠᠨ ᠳᠣᠬᠢᠬᠤ᠂ ᠮᠡᠬᠡᠯᠡᠬᠦ᠂ ᠠᠯᠪᠠᠳᠠᠬᠤ᠂ ᠦᠯᠡᠳᠡᠭᠡᠨ ᠠᠪᠴᠤ ᠬᠤᠣᠷᠲᠤ ᠡᠳ᠋ ᠲᠠᠲᠠᠵᠤ ᠫᠠᠨᠽᠠᠯᠠᠬᠤ | ᠶᠠᠯᠠᠲᠤ ᠠᠵᠢᠯᠯᠠᠭ᠎ᠠ ᠳᠤ ᠲᠤᠰᠬᠠᠢ ᠴᠣᠬᠢᠯᠲᠠ ᠥᠭᠬᠦ ᠠᠵᠢᠯᠯᠠᠭ᠎ᠠ ᠶᠢ ᠥᠷᠨᠢᠭᠦᠯᠦᠨ᠎ᠡ᠃ ᠬᠡᠦᠬᠡᠳ ᠢ ᠠᠶᠤᠯᠭᠠᠨ | ᠰᠦᠷᠳᠡᠭᠦᠯᠵᠦ᠂ ᠥᠳᠥᠭᠡᠨ ᠲᠠᠲᠠᠵᠤ᠂ ᠵᠢᠭᠠᠨ ᠳᠣᠬᠢᠵᠤ ᠪᠠᠶᠢᠭᠠᠳ ᠬᠠᠷ᠎ᠠ ᠨᠡᠶᠢᠭᠡᠮ ᠤᠨ ᠰᠢᠨᠵᠢ ᠴᠢᠨᠠᠷ ᠲᠠᠢ ᠵᠣᠬᠢᠶᠠᠨ | ᠪᠠᠶᠢᠭᠤᠯᠤᠯᠲᠠ ᠳᠤ ᠣᠷᠣᠯᠴᠠᠭᠤᠯᠵᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠯᠭᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠨ᠎ᠡ᠃ | 14᠂ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠰᠦᠯᠵᠢᠶ᠎ᠡ ᠪᠠᠷ ᠬᠠᠤᠯᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠦᠯᠵᠢᠶᠡᠨ ᠤ ᠣᠷᠣᠨ ᠵᠠᠢ ᠳᠤ | ᠬᠤᠯᠪᠣᠭᠳᠠᠭᠰᠠᠨ ᠬᠡᠦᠬᠡᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠠᠳᠠᠯᠤᠨ ᠰᠤᠳᠤᠯᠬᠤ ᠶᠢ | ᠴᠢᠩᠭᠠᠳᠬᠠᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠣᠯᠠᠨ ᠨᠡᠶᠢᠲᠡ ᠶᠢᠨ ᠬᠡᠦᠬᠡᠳ ᠤᠨ ᠰᠦᠯᠵᠢᠶ᠎ᠡ ᠶᠢ | ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠰᠤᠨ ᠳᠤ ᠦᠯᠤ ᠬᠥᠷᠦᠭᠰᠡᠳ ᠤᠨ | ᠬᠤᠯᠪᠣᠭᠳᠠᠯ ᠪᠦᠬᠦᠢ ᠱᠠᠯᠢᠭ ᠵᠠᠪᠬᠠᠢ ᠡᠳ᠋ ᠪᠣᠳᠠᠰ ᠪᠠ ᠰᠦᠯᠵᠢᠶᠡᠨ ᠤ ᠮᠡᠳᠡᠭᠡ ᠵᠠᠩᠭᠢ ᠶᠢ ᠦᠢᠯᠡᠳᠬᠦ᠂ ᠪᠠᠭᠤᠯᠭᠠᠬᠤ᠂ | ᠨᠡᠶᠢᠲᠡᠯᠡᠬᠦ᠂ ᠤᠯᠠᠮᠵᠢᠯᠠᠨ ᠲᠠᠷᠬᠠᠭᠠᠬᠤ ᠪᠤᠶᠤ ᠡᠵᠡᠮᠰᠢᠬᠦ ᠶᠢ ᠴᠠᠭᠠᠵᠠᠯᠠᠨ᠎ᠠ᠃ ᠰᠦᠯᠵᠢᠶ᠎ᠡ ᠶᠢ ᠠᠰᠢᠭᠯᠠᠨ ᠬᠡᠦᠬᠡᠳ ᠢ | ᠥᠳᠥᠭᠡᠨ ᠲᠠᠲᠠᠬᠤ᠂ ᠪᠡᠯᠭᠡ ᠶᠢᠨ ᠬᠠᠯᠳᠠᠯᠭ᠎ᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ | ᠶᠣᠰᠣᠭᠠᠷ ᠴᠢᠩᠭ᠎ᠠ ᠵᠠᠯᠬᠠᠭᠠᠨ ᠰᠢᠢᠳᠭᠡᠨ᠎ᠡ᠃ ᠬᠡᠦᠬᠡᠳ ᠢ ᠭᠤᠲᠤᠭᠠᠬᠤ᠂ ᠭᠦᠳᠬᠡᠬᠦ᠂ ᠰᠦᠷᠳᠡᠭᠦᠯᠬᠦ ᠪᠤᠶᠤ ᠮᠠᠭᠤ | ᠰᠠᠨᠠᠭ᠎ᠠ ᠲᠠᠢ ᠪᠠᠷ ᠳᠦᠷᠢ ᠲᠥᠷᠬᠦ ᠶᠢ ᠨᠢ ᠬᠤᠬᠢᠷᠠᠭᠤᠯᠬᠤ ᠵᠡᠷᠭᠡ ᠰᠦᠯᠵᠢᠶᠡᠨ ᠤ ᠳᠣᠷᠣᠮᠵᠢᠯᠠᠯ ᠤᠨ ᠦᠢᠯᠡ | ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠰᠦᠯᠵᠢᠶ᠎ᠡ ᠶᠢ ᠠᠰᠢᠭᠯᠠᠨ ᠬᠡᠦᠬᠡᠳ ᠢ ᠬᠠᠭᠤᠷᠤᠨ ᠮᠡᠬᠡᠯᠡᠵᠦ ᠪᠠᠶᠢᠭᠠᠳ ᠵᠣᠭᠤᠰ | ᠨᠠᠭᠠᠳᠬᠤ ᠳᠤ ᠣᠷᠣᠯᠴᠠᠭᠤᠯᠬᠤ ᠵᠢᠴᠢ ᠬᠢᠬᠠᠵᠤ ᠠᠪᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | 15᠂ ᠨᠠᠰᠤᠨ ᠳᠤ ᠥᠯᠥ ᠭᠦᠷᠦᠭᠰᠡᠳ ᠤᠨ ᠬᠠᠤᠯᠢ ᠠᠴᠠ ᠵᠥᠷᠢᠴᠡᠵᠦ ᠶᠠᠯ᠎ᠠ ᠬᠢᠬᠦ ᠶᠢ ᠪᠦᠲᠦᠮᠵᠢᠲᠡᠢ | ᠰᠡᠷᠭᠡᠶᠢᠯᠡᠨ᠎ᠡ᠃ ᠰᠤᠷᠭᠠᠨ ᠬᠥᠮᠥᠵᠢᠭᠦᠯᠬᠦ ᠪᠠᠷ ᠭᠤᠣᠯ ᠪᠣᠯᠭᠠᠬᠤ᠂ ᠵᠠᠯᠬᠠᠭᠠᠨ ᠰᠢᠢᠳᠭᠡᠬᠦ ᠪᠠᠷ ᠬᠠᠪᠰᠤᠷᠤᠮᠵᠢ | ᠪᠣᠯᠭᠠᠬᠤ ᠶᠢ ᠪᠠᠷᠢᠮᠲᠠᠯᠠᠵᠤ᠂ ᠨᠠᠰᠤᠨ ᠳᠤ ᠦᠯᠤ ᠬᠥᠷᠦᠭᠰᠡᠳ ᠲᠤ ᠬᠠᠤᠯᠢ ᠪᠠᠷ ᠵᠠᠰᠠᠬᠤ ᠪᠠ ᠶᠠᠯ᠎ᠠ ᠬᠢᠬᠦ ᠶᠢ | ᠰᠡᠷᠭᠡᠶᠢᠯᠡᠬᠦ ᠬᠥᠮᠦᠵᠢᠯ ᠬᠢᠬᠦ ᠶᠢ ᠴᠢᠩᠭᠠᠳᠬᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ | ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠪᠠ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠶᠢᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠭᠡᠷ ᠪᠦᠯᠢ ᠶᠢᠨ ᠬᠥᠮᠦᠵᠢᠯ ᠤᠨ | ᠵᠢᠯᠣᠭᠤᠳᠤᠯᠭ᠎ᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠨᠠᠰᠤᠨ ᠳᠤ ᠥᠯᠥ ᠭᠦᠷᠦᠭᠰᠡᠳ ᠤᠨ ᠬᠠᠤᠯᠢ | ᠠᠴᠠ ᠵᠥᠷᠢᠴᠡᠵᠦ ᠶᠠᠯ᠎ᠠ ᠬᠢᠬᠦ ᠳᠤ ᠱᠠᠲᠤ ᠬᠤᠪᠢᠶᠠᠨ ᠭᠠᠷ ᠲᠦᠷᠦᠭᠦ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ | ᠶᠣᠰᠣᠭᠠᠷ ᠰᠤᠷᠭᠠᠨ ᠬᠥᠮᠥᠵᠢᠭᠦᠯᠵᠦ ᠵᠠᠯᠠᠷᠠᠭᠤᠯᠬᠤ ᠠᠷᠭ᠎ᠠ ᠬᠡᠮᠵᠢᠶ᠎ᠡ ᠠᠪᠴᠤ᠂ ᠨᠠᠰᠤᠨ ᠳᠤ ᠥᠯᠥ ᠭᠦᠷᠦᠭᠰᠡᠳ ᠤᠨ | ᠮᠠᠭᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠵᠦ᠂ ᠬᠤᠷᠢᠭᠯᠠᠨ ᠵᠣᠭᠰᠣᠭᠠᠵᠤ᠂ ᠬᠠᠮᠢᠶᠠᠷᠴᠤ | ᠰᠤᠷᠭᠠᠨ᠎ᠠ᠃ ᠨᠠᠰᠤᠨ ᠳᠤ ᠥᠯᠥ ᠭᠦᠷᠦᠭᠰᠡᠳ ᠤᠨ ᠬᠦᠨᠳᠦ ᠨᠣᠴᠢᠲᠠᠢ ᠮᠠᠭᠤ ᠦᠶᠯᠡ ᠠᠵᠢᠯᠯᠠᠭ᠎ᠠ ᠪᠠ ᠡᠷᠡᠭᠦᠦ ᠶᠢᠨ | ᠬᠠᠷᠢᠭᠤᠴᠠᠯᠭ᠎ᠠ ᠡᠭᠦᠷᠭᠡᠯᠡᠬᠦ ᠨᠠᠰᠤᠨ ᠳᠤ ᠥᠯᠥ ᠭᠦᠷᠦᠭᠰᠡᠳ ᠤᠨ ᠪᠤᠰᠤᠳ ᠬᠥᠮᠥᠨ ᠵᠢᠴᠢ ᠨᠡᠶᠢᠭᠡᠮ ᠳᠤ ᠬᠦᠨᠳᠦ | ᠨᠣᠴᠢᠲᠠᠢ ᠬᠤᠣᠷ ᠬᠥᠨᠥᠭᠡᠯ ᠤᠴᠠᠷᠠᠭᠤᠯᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ ᠵᠣᠭᠰᠣᠭᠠᠵᠤ | ᠰᠢᠢᠳᠪᠦᠷᠢᠯᠡᠨ᠎ᠡ᠃ ᠲᠤᠰᠬᠠᠢ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠵᠢᠷᠤᠮ᠂ ᠰᠤᠷᠤᠭᠴᠢ ᠪᠠ | ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠡᠩ ᠤᠨ ᠰᠤᠷᠭᠠᠭᠤᠯᠢ ᠳᠤ ᠰᠢᠯᠵᠢᠭᠦᠯᠬᠦ ᠵᠡᠷᠭᠡ ᠳᠦᠷᠢᠮ ᠢ | ᠲᠡᠭᠦᠯᠳᠡᠷᠵᠢᠭᠦᠯᠦᠨ᠎ᠡ᠃ ᠶᠠᠯ᠎ᠠ ᠳᠤ ᠬᠤᠯᠪᠣᠭᠳᠠᠭᠰᠠᠨ ᠨᠠᠰᠤᠨ ᠳᠤ ᠦᠯᠤ ᠬᠥᠷᠦᠭᠰᠡᠳ ᠲᠤ ᠬᠠᠤᠯᠢ ᠶᠣᠰᠣᠭᠠᠷ | ᠵᠠᠯᠬᠠᠭᠠᠨ ᠴᠡᠭᠡᠷᠯᠡᠭᠦᠯᠬᠦ ᠪᠠ ᠨᠠᠷᠢᠯᠢᠭ ᠤᠨᠤᠪᠴᠢᠲᠠᠢ ᠢᠶᠠᠷ ᠬᠠᠪᠰᠤᠷᠤᠨ ᠰᠤᠷᠭᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠰᠤᠷᠭᠠᠨ ᠬᠥᠮᠥᠵᠢᠭᠦᠯᠵᠦ ᠵᠠᠯᠠᠷᠠᠭᠤᠯᠤᠨ ᠵᠠᠰᠠᠬᠤ ᠦᠷ᠎ᠡ ᠪᠦᠲᠦᠮᠵᠢ ᠶᠢ ᠴᠢᠩᠭᠠᠷᠠᠭᠤᠯᠵᠤ᠂ ᠲᠠᠬᠢᠨ | ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠨ᠎ᠡ᠃ ᠶᠠᠯ᠎ᠠ ᠳᠤ ᠬᠤᠯᠪᠣᠭᠳᠠᠭᠰᠠᠨ ᠨᠠᠰᠤᠨ ᠳᠤ ᠦᠯᠦ ᠬᠦᠷᠦᠭᠰᠡᠳ ᠢ | ᠭᠠᠳᠠᠭᠤᠷᠴᠢᠯᠠᠬᠤ ᠠᠴᠠ ᠬᠡᠯᠲᠦᠷᠢᠭᠦᠯᠬᠦ ᠶᠢ ᠪᠠᠲᠤᠯᠠᠵᠤ᠂ ᠰᠤᠷᠤᠯᠭ᠎ᠠ ᠪᠠᠨ ᠰᠡᠷᠭᠦᠭᠡᠬᠦ᠂ ᠰᠤᠷᠭᠠᠭᠤᠯᠢ ᠳᠡᠪᠰᠢᠬᠦ᠂ ᠠᠵᠢᠯ | ᠣᠯᠬᠤ ᠵᠡᠷᠭᠡ ᠲᠠᠯ᠎ᠠ ᠪᠠᠷ ᠬᠢ ᠠᠳᠠᠯᠢ ᠲᠡᠭᠰᠢ ᠡᠷᠬᠡ ᠶᠢ ᠬᠠᠤᠯᠢ ᠶᠣᠰᠣᠭᠠᠷ ᠪᠡᠶᠡᠯᠡᠭᠦᠯᠦᠨ᠎ᠡ᠃ ᠨᠠᠰᠤᠨ ᠳᠤ ᠦᠯᠦ | ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠦᠨᠳᠦᠰᠦᠨ ᠱᠠᠲᠤᠨ ᠤ ᠰᠠᠭᠤᠷᠢ ᠠᠵᠢᠯ ᠢ | ᠴᠢᠩᠭᠠᠳᠬᠠᠨ᠎ᠠ᠃ | ᠳᠥᠷᠪᠡᠳᠦᠭᠡᠷ ᠪᠦᠯᠦᠭ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠡᠦᠬᠡᠳ ᠤᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠲᠥᠯᠥᠪᠵᠢᠭᠦᠯᠵᠦ ᠵᠣᠬᠢᠶᠠᠨ ᠪᠠᠶᠢᠭᠤᠯᠵᠤ | ᠬᠡᠷᠡᠭᠵᠢᠭᠦᠯᠬᠦ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ | ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠠᠷᠢᠮᠲᠠᠯᠠᠨ | ᠲᠡᠭᠦᠯᠳᠡᠷᠵᠢᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠲᠦᠯᠬᠢᠨ ᠠᠬᠢᠭᠤᠯᠬᠤ ᠳᠤᠮᠳᠠ | ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠤᠨ᠎ᠠ᠃ | ︵ᠬᠤᠶᠠᠷ︶ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ | ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠭᠰᠠᠨ᠂ ᠡᠮᠡᠭᠲᠡᠶᠢᠴᠦᠳ ᠬᠡᠦᠬᠡᠳ ᠤᠨ | ᠠᠵᠢᠯ ᠤᠨ ᠵᠦᠪᠯᠡᠯ ᠵᠣᠬᠢᠴᠠᠭᠤᠯᠤᠭᠰᠠᠨ᠂ ᠤᠯᠠᠨ ᠰᠠᠯᠠᠭ᠎ᠠ ᠮᠥᠴᠢᠷ ᠬᠠᠮᠲᠤᠷᠠᠯᠴᠠᠭᠰᠠᠨ᠂ ᠪᠦᠬᠦ ᠨᠡᠶᠢᠭᠡᠮ ᠢᠶᠠᠷ ᠢᠶᠠᠨ | ᠣᠷᠣᠯᠴᠠᠭᠰᠠᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ | ᠬᠠᠷᠢᠭᠤᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ | ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ ᠠᠵᠢᠯ ᠢ ᠬᠠᠷᠢᠭᠤᠴᠠᠵᠤ᠂ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠪᠣᠳᠠᠲᠠᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠷᠠᠳ ᠤᠨ ᠪᠦᠯᠬᠦᠮ ᠤᠳ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠥᠯᠦᠪᠵᠢᠭᠦᠯᠭᠡ ᠶᠢᠨ ᠬᠠᠮᠢᠶ᠎ᠠ ᠪᠦᠬᠦᠢ ᠬᠠᠷᠠᠯᠲᠠ ᠡᠭᠦᠷᠭᠡ ᠶᠢ | ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃ | ︵ᠭᠤᠷᠪᠠ︶ ᠲᠥᠯᠦᠪᠵᠢᠭᠦᠯᠭᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠲᠠᠢ ᠠᠪᠴᠠᠯᠳᠤᠭᠤᠯᠬᠤ ᠶᠢ ᠴᠢᠩᠭᠠᠳᠬᠠᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ ᠳᠤ ᠬᠡᠦᠬᠡᠳ ᠢ ᠤᠷᠢᠳᠠᠪᠠᠷ | ᠪᠣᠳᠣᠯᠬᠢᠯᠠᠬᠤ ᠵᠠᠷᠴᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠵᠢᠴᠢ | ᠬᠡᠦᠬᠡᠳ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠶᠢᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠲᠠᠢ ᠤᠶᠠᠯᠳᠤᠭᠤᠯᠤᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠠᠬᠢᠭᠤᠯᠵᠤ᠂ ᠬᠡᠦᠬᠡᠳ ᠤᠨ | ᠠᠵᠢᠯ ᠦᠢᠯᠡᠰ ᠤᠨ ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠡᠷᠭᠡ ᠳᠤᠨᠢ | ᠲᠥᠯᠥᠪᠵᠢᠭᠦᠯᠵᠦ᠂ ᠵᠡᠷᠭᠡ ᠳᠤᠨᠢ ᠪᠠᠶᠢᠷᠢᠯᠠᠭᠤᠯᠵᠤ᠂ ᠵᠡᠷᠭᠡ ᠳᠤᠨᠢ ᠠᠬᠢᠭᠤᠯᠵᠤ᠂ ᠵᠡᠷᠭᠡ ᠳᠤᠨᠢ ᠨᠠᠶᠢᠳᠠᠪᠤᠷᠢᠵᠢᠭᠤᠯᠬᠤ ᠶᠢ | ᠪᠡᠶᠡᠯᠡᠭᠦᠯᠦᠨ᠎ᠡ᠃ | ︵ᠳᠥᠷᠪᠡ︶ ᠲᠤᠭᠤᠷᠢᠭ ᠤᠨ ᠱᠠᠲᠤᠨ ᠤ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠨᠢ ᠪᠤᠭᠤᠲᠤ ᠬᠤᠲᠠ ᠶᠢᠨ ᠬᠡᠦᠬᠡᠳ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠱᠠᠲᠤᠨ ᠤ ᠬᠡᠦᠬᠡᠳ ᠤᠨ | ᠬᠥᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠨ᠎ᠠ᠃ | ︵ᠲᠠᠪᠤ︶ ᠰᠠᠯᠠᠭ᠎ᠠ ᠮᠥᠴᠢᠷ ᠤᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃ ᠡᠯ᠎ᠡ ᠱᠠᠲᠤᠨ ᠤ | ᠲᠥᠯᠦᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠬᠠᠮᠢᠶ᠎ᠠ ᠪᠦᠬᠦᠢ ᠪᠠᠶᠢᠭᠤᠯᠤᠮᠵᠢ ᠪᠠ ᠠᠷᠠᠳ ᠤᠨ ᠪᠦᠯᠬᠦᠮ ᠤᠳ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ | ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ | ︵ᠵᠢᠷᠭᠤᠭ᠎ᠠ︶ ᠬᠡᠦᠬᠡᠳ ᠤᠨ ᠬᠥᠭᠵᠢᠯᠲᠡ ᠶᠢᠨ ᠵᠠᠷᠤᠳᠠᠯ ᠤᠨ ᠳᠡᠮᠵᠢᠯᠭᠡ ᠶᠢ ᠴᠢᠩᠭᠠᠳᠬᠠᠨ᠎ᠠ᠃ ᠲᠤᠭᠤᠷᠢᠭ ᠤᠨ | ᠵᠠᠰᠠᠭ ᠤᠨ ᠣᠷᠳᠣᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠡᠳ᠋ ᠤᠨ | ᠵᠠᠰᠠᠭ ᠤᠨ ᠲᠥᠰᠥᠪ ᠲᠤ ᠣᠷᠣᠭᠤᠯᠵᠤ᠂ ᠬᠡᠦᠬᠡᠳ ᠤᠨ ᠠᠵᠢᠯ ᠦᠢᠯᠡᠰ ᠪᠠ ᠠᠵᠤ ᠠᠬᠤᠢ ᠨᠡᠶᠢᠭᠡᠮ ᠤᠨ ᠵᠡᠷᠭᠡᠪᠡᠷ | ᠬᠥᠭᠵᠢᠬᠦ ᠶᠢ ᠪᠡᠶᠡᠯᠡᠭᠦᠯᠦᠨ᠎ᠡ᠃ ᠲᠤᠭᠤᠷᠢᠭ ᠤᠨ ᠡᠳ᠋ ᠤᠨ ᠵᠠᠰᠠᠭ ᠤᠨ ᠬᠡᠦᠬᠡᠳ ᠤᠨ ᠬᠥᠭᠵᠢᠯᠲᠡ ᠶᠢᠨ | ᠭᠤᠣᠯᠳᠠᠯᠭ᠎ᠠ ᠲᠠᠢ ᠬᠦᠷᠢᠶᠡᠨ ᠳᠠᠬᠢ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠦᠨᠡᠨᠬᠦ ᠪᠠᠲᠤᠯᠠᠵᠤ᠂ | ᠡᠳ᠋ ᠤᠨ ᠵᠠᠰᠠᠭ ᠤᠨ ᠪᠡᠯᠡ ᠮᠥᠩᠭᠦ ᠶᠢ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠬᠠᠷᠠᠯᠲᠠ ᠡᠭᠦᠷᠭᠡ ᠶᠢᠨ ᠲᠠᠶᠢᠰᠢ | ᠬᠡᠯᠪᠡᠶᠢᠯᠭᠡᠨ᠎ᠡ᠃ ᠣᠨᠴᠠᠭᠠᠶ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠮᠲᠤᠯᠢᠭ ᠤᠨ ᠬᠥᠭᠵᠢᠯᠲᠡ ᠶᠢ | ᠳᠡᠮᠵᠢᠨ᠎ᠡ᠃ ᠨᠡᠶᠢᠭᠡᠮ ᠤᠨ ᠬᠦᠴᠦᠨ ᠢ ᠳᠠᠶᠢᠴᠢᠯᠠᠵᠤ᠂ ᠤᠯᠠᠨ ᠠᠷᠭ᠎ᠠ ᠵᠠᠮ ᠢᠶᠠᠷ ᠡᠬᠢ ᠪᠠᠶᠠᠯᠢᠭ ᠢ ᠴᠤᠭᠯᠠᠭᠤᠯᠵᠤ᠂ | ᠬᠡᠦᠬᠡᠳ ᠤᠨ ᠦᠢᠯᠡᠰ ᠢ ᠬᠥᠭᠵᠢᠭᠦᠯᠦᠨ᠎ᠡ᠃ | ︵ᠳᠣᠯᠤᠭ᠎ᠠ︶ ᠲᠥᠯᠦᠪᠵᠢᠭᠦᠯᠭᠡ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠵᠠᠰᠠᠭ ᠤᠨ ᠣᠷᠳᠣᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠢᠴᠢ | ᠲᠡᠭᠦᠨ ᠤ ᠠᠯᠪᠠᠨ ᠭᠡᠷ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠡᠭᠦᠷᠭᠡ | ᠴᠢᠳᠠᠪᠬᠢ ᠶᠢ ᠰᠢᠯᠢᠳᠡᠭᠵᠢᠭᠦᠯᠦᠨ ᠥᠨᠳᠥᠷ ᠪᠦᠲᠦᠮᠵᠢᠲᠡᠢ ᠪᠣᠯᠭᠠᠬᠤ ᠶᠢ ᠠᠬᠢᠭᠤᠯᠤᠨ᠎ᠠ᠃ ᠲᠤᠭᠤᠷᠢᠭ ᠤᠨ ᠵᠠᠰᠠᠭ ᠤᠨ | ᠣᠷᠳᠣᠨ ᠨᠢ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ | ᠡᠮᠡᠭᠲᠡᠶᠢᠴᠦᠳ ᠬᠡᠦᠬᠡᠳ ᠤᠨ ᠠᠵᠢᠯ ᠢ ᠥᠷᠨᠢᠭᠦᠯᠬᠦ ᠠᠵᠢᠯ ᠤᠨ ᠬᠦᠴᠦᠨ ᠪᠠ ᠲᠤᠰᠬᠠᠢ ᠵᠦᠢᠯ ᠤᠨ ᠵᠠᠷᠤᠳᠠᠯ ᠲᠠᠢ | ᠪᠠᠶᠢᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠴᠢᠬᠤᠯᠠ ᠪᠦᠬᠦᠢ ᠬᠥᠮᠥᠨ ᠤ ᠬᠦᠴᠦᠨ ᠪᠣᠳᠠᠰ ᠤᠨ ᠬᠦᠴᠦᠨ | ᠡᠳ᠋ ᠤᠨ ᠬᠦᠴᠦᠨ ᠤ ᠳᠡᠮᠵᠢᠯᠭᠡ ᠶᠢ ᠬᠠᠩᠭᠠᠨ᠎ᠠ᠃ | ︵ᠨᠠᠢᠮᠠ︶ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢᠨ | ᠬᠡᠷᠡᠭᠵᠢᠭᠦᠯᠦᠯᠲᠡ ᠶᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠪᠠ ᠰᠢᠯᠭᠠᠨ ᠬᠢᠨᠠᠬᠤ | ᠠᠭᠤᠯᠭ᠎ᠠ ᠳᠤ ᠣᠷᠣᠭᠤᠯᠵᠤ᠂ ᠲᠥᠯᠦᠪᠵᠢᠭᠦᠯᠭᠡ ᠶᠢᠨ ᠬᠠᠷᠠᠯᠲᠠ ᠶᠢ ᠬᠠᠷᠢᠭᠤᠴᠠᠯᠭᠠᠲᠤ ᠨᠢᠭᠡᠴᠡ ᠳᠤ ᠵᠠᠳᠠᠯᠬᠤ ᠶᠢᠨ | ᠬᠠᠮᠲᠤ ᠬᠠᠷᠠᠯᠲᠠᠲᠤ ᠬᠠᠮᠢᠶᠠᠷᠤᠯᠲᠠ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ ᠮᠡᠳᠡᠭᠦᠯᠬᠦ ᠳᠦᠷᠢᠮ ᠢ | ᠪᠦᠷᠢᠨᠰᠢᠭᠦᠯᠵᠦ᠂ ᠬᠠᠷᠢᠭᠤᠴᠠᠯᠭᠠᠲᠤ ᠨᠢᠭᠡᠴᠡ ᠨᠢ ᠵᠢᠯ ᠪᠦᠷᠢ ᠲᠣᠭᠤᠷᠢᠭ ᠤᠨ ᠡᠮᠡᠭᠲᠡᠶᠢᠴᠦᠳ ᠬᠡᠦᠬᠡᠳ ᠤᠨ | ᠠᠵᠢᠯ ᠤᠨ ᠵᠥᠪᠯᠡᠯ ᠳᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠪᠠ ᠳᠠᠷᠠᠭ᠎ᠠ ᠵᠢᠯ ᠤᠨ ᠠᠵᠢᠯ ᠤᠨ | ᠲᠣᠬᠢᠷᠠᠭᠤᠯᠤᠯᠲᠠ ᠪᠠᠨ ᠮᠡᠳᠡᠭᠦᠯᠦᠨ᠎ᠡ᠃ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠢ ᠪᠦᠷᠢᠨᠰᠢᠭᠦᠯᠵᠦ᠂ | ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ ᠠᠵᠢᠯ ᠢ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠠᠴᠠ ᠬᠠᠷᠢᠭᠤᠴᠠᠨ᠎ᠠ᠃ ᠱᠠᠯᠠᠪᠳᠠᠭᠤᠯᠨ ᠵᠢᠯᠤᠭᠤᠳᠴᠤ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ | ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠵᠢᠴᠢ ᠭᠤᠣᠯ ᠬᠠᠷᠠᠯᠲᠠ ᠶᠢ ᠠᠬᠢᠭᠤᠯᠤᠭᠰᠠᠨ ᠪᠠᠶᠢᠳᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠨ ᠪᠠᠶᠢᠴᠠᠭᠠᠬᠤ ᠶᠢ ᠥᠷᠨᠢᠭᠦᠯᠦᠨ᠎ᠡ᠃ ᠪᠠᠶᠢᠴᠠᠭᠠᠨ ᠰᠤᠳᠤᠯᠬᠤ | ᠳᠦᠷᠢᠮ ᠢ ᠪᠦᠷᠢᠨᠰᠢᠭᠦᠯᠦᠨ᠂ ᠬᠡᠦᠬᠡᠳ ᠤᠨ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠰᠤᠳᠤᠯᠭᠠᠨ ᠤ ᠬᠦᠴᠦᠨ ᠢ ᠪᠣᠶᠢᠵᠢᠭᠤᠯᠤᠨ᠂ | ᠰᠤᠳᠤᠯᠭᠠᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠲᠦᠰᠢᠭᠯᠡᠨ ᠬᠡᠦᠬᠡᠳ ᠤᠨ | ᠠᠵᠢᠯ ᠤᠨ ᠣᠶᠤᠨ ᠤ ᠬᠥᠮᠥᠷᠭᠡ ᠶᠢ ᠰᠦᠪᠡᠭᠴᠢᠯᠡᠨ ᠪᠠᠶᠢᠭᠤᠯᠵᠤ᠂ ᠲᠥᠯᠦᠪᠵᠢᠭᠦᠯᠭᠡ ᠶᠢᠨ ᠭᠤᠣᠯ ᠬᠠᠷᠠᠯᠲᠠ ᠶᠢᠨ | ᠣᠨᠣᠯ ᠵᠢᠴᠢ ᠦᠢᠯᠡᠳᠦᠯᠭᠡ ᠶᠢᠨ ᠰᠤᠳᠤᠯᠭᠠᠨ ᠢ ᠥᠷᠨᠢᠭᠦᠯᠦᠨ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠬᠦ ᠳᠤ ᠯᠠᠪᠯᠠᠯᠲᠠ ᠬᠠᠩᠭᠠᠨ᠎ᠠ᠃ | ᠲᠥᠯᠦᠪᠵᠢᠭᠦᠯᠭᠡ ᠶᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠳᠦᠷᠢᠮ ᠢ ᠪᠦᠷᠢᠨᠰᠢᠭᠦᠯᠵᠦ᠂ ᠵᠢᠱᠢᠶ᠎ᠡ ᠦᠵᠡᠭᠦᠯᠬᠦ ᠭᠠᠵᠠᠷ | ᠣᠷᠣᠨ᠂ ᠵᠢᠱᠢᠶ᠎ᠡ ᠦᠵᠡᠭᠦᠯᠬᠦ ᠨᠢᠭᠡᠴᠡ ᠶᠢᠨ ᠴᠡᠭ ᠢᠶᠠᠷ ᠨᠡᠶᠢᠳᠡᠮ ᠢ ᠳᠠᠶᠢᠴᠢᠯᠠᠬᠤ᠂ ᠵᠢᠱᠢᠶ᠎ᠡ ᠦᠵᠡᠭᠦᠯᠦᠨ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠥᠬᠢᠭᠦᠯᠦᠨ ᠰᠠᠶᠢᠰᠢᠶᠠᠬᠤ ᠳᠦᠷᠢᠮ ᠢ ᠪᠦᠷᠢᠨᠰᠢᠭᠦᠯᠵᠦ᠂ | ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃ | ︵ᠶᠢᠰᠦ︶ ᠲᠥᠯᠦᠪᠵᠢᠭᠦᠯᠭᠡ ᠶᠢ ᠬᠡᠷᠡᠭᠵᠢᠭᠦᠯᠬᠦ ᠵᠥᠪᠳᠡᠯᠴᠡᠬᠦ ᠪᠠ ᠬᠡᠷᠡᠭ ᠵᠥᠪᠯᠡᠬᠦ ᠳᠦᠷᠢᠮ ᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠺᠣᠮᠢᠰ ᠤᠨ ᠪᠥᠬᠦᠳᠡ ᠬᠤᠷᠠᠯ ᠢ ᠵᠢᠯ ᠪᠦᠷᠢ ᠨᠢᠭᠡ ᠤᠳᠠᠭ᠎ᠠ | ᠬᠤᠷᠠᠯᠳᠤᠭᠤᠯᠵᠤ᠂ ᠴᠢᠬᠤᠯᠠ ᠲᠠᠢ ᠦᠶ᠎ᠡ ᠳᠤ ᠺᠣᠮᠢᠰ ᠤᠨ ᠡᠷᠬᠢᠯᠡᠭᠴᠢ ᠴᠠᠭ ᠲᠤᠬᠠᠢ ᠳᠤᠨᠢ ᠡᠷᠬᠢᠯᠡᠨ | ᠬᠤᠷᠠᠯᠳᠤᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ᠣᠨ ᠤ | ᠠᠵᠢᠯ ᠤᠨ ᠳ᠋ᠦᠩᠨᠡᠯᠲᠡ ᠪᠠ ᠲᠥᠯᠥᠪᠯᠡᠭᠡ ᠶᠢ ᠬᠢᠨᠠᠨ ᠶᠠᠷᠢᠯᠴᠠᠵᠤ ᠪᠣᠯᠣᠨ᠎ᠠ᠃ ᠬᠡᠷᠡᠭᠴᠡᠭᠡ ᠪᠠᠨ ᠦᠨᠳᠦᠰᠦᠯᠡᠨ | ᠺᠣᠮᠢᠰ ᠤᠨ ᠡᠷᠬᠢᠯᠡᠭᠴᠢ ᠠᠴᠠ ᠺᠣᠮᠢᠰ ᠤᠨ ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠢ ᠴᠠᠭ ᠲᠤᠬᠠᠢ ᠳᠤᠨᠢ | ᠡᠷᠬᠢᠯᠡᠨ ᠬᠤᠷᠠᠯᠳᠤᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠠᠰᠠᠭᠤᠳᠠᠯ ᠪᠤᠶᠤ | ᠴᠢᠬᠤᠯᠠ ᠶᠡᠭᠡ ᠤᠴᠢᠷ ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠤᠨ ᠰᠢᠢᠳᠪᠦᠷᠢᠯᠡᠨ᠎ᠡ᠃ ᠺᠣᠮᠢᠰ ᠤᠨ | ᠬᠤᠯᠪᠣᠭᠠᠴᠢᠨ ᠤ ᠬᠤᠷᠠᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠬᠤᠷᠠᠯᠳᠤᠭᠤᠯᠵᠤ᠂ ᠪᠠᠶᠢᠳᠠᠯ ᠢᠶᠠᠨ ᠮᠡᠳᠡᠭᠳᠡᠨ᠂ | ᠮᠡᠳᠡᠭᠡ ᠵᠠᠩᠭᠢ ᠪᠠᠨ ᠨᠡᠪᠲᠡᠷᠡᠯᠴᠡᠵᠦ᠂ ᠰᠠᠨᠠᠯ ᠰᠣᠨᠣᠰᠬᠤ ᠵᠢᠴᠢ ᠲᠤᠰᠬᠠᠢ ᠠᠵᠢᠯ ᠢ ᠰᠤᠳᠤᠯᠤᠨ ᠪᠠᠶᠢᠷᠢᠯᠠᠭᠤᠯᠤᠨ᠎ᠠ᠃ | ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠬᠤᠷᠠᠯ ᠢ ᠵᠢᠯ ᠪᠦᠷᠢ ᠨᠢᠭᠡ ᠤᠳᠠᠭ᠎ᠠ ᠬᠤᠷᠠᠯᠳᠤᠭᠤᠯᠵᠤ᠂ | ᠴᠢᠬᠤᠯᠠ ᠲᠠᠢ ᠦᠶ᠎ᠡ ᠳᠤ ᠴᠠᠭ ᠲᠤᠬᠠᠢ ᠲᠤᠨᠢ ᠬᠤᠷᠠᠯᠳᠤᠭᠤᠯᠵᠤ᠂ ᠬᠢᠨᠠᠨ ᠬᠡᠮᠵᠢᠬᠦ ᠲᠠᠯ᠎ᠠ ᠠᠴᠠ ᠦᠨᠡᠯᠡᠨ ᠵᠢᠱᠢᠬᠦ | ᠲᠥᠯᠦᠪᠵᠢᠭᠦᠯᠭᠡ ᠶᠢᠨ ᠠᠬᠢᠴᠠ ᠶᠢᠨ ᠪᠠᠶᠢᠳᠠᠯ ᠢ ᠵᠠᠳᠠᠯᠵᠤ᠂ ᠬᠡᠦᠬᠡᠳ ᠤᠨ ᠬᠥᠭᠵᠢᠯᠲᠡ ᠶᠢᠨ ᠬᠠᠨᠳᠤᠰᠢ ᠶᠢ | ᠲᠥᠰᠥᠭᠡᠯᠡᠵᠦ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ | | ︵ᠠᠷᠪᠠ︶ ᠲᠥᠯᠦᠪᠵᠢᠭᠦᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ | ᠰᠢ ᠶᠢᠨ ᠫᠢᠩ ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠶᠡᠭᠡ ᠪᠠᠷ ᠤᠬᠠᠭᠤᠯᠵᠤ᠂ ᠨᠠᠮ ᠤᠨ ᠲᠥᠪ ᠬᠤᠷᠢᠶᠠᠨ ᠤ ᠬᠡᠦᠬᠡᠳ ᠤᠨ ᠦᠢᠯᠡᠰ ᠤᠨ ᠬᠥᠭᠵᠢᠯᠲᠡ ᠶᠢᠨ ᠲᠤᠬᠠᠢ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠭᠤᠯᠵᠦ᠂ ᠨᠠᠮ ᠤᠨ ᠪᠠᠲᠤ ᠴᠢᠩᠭ᠎ᠠ | ᠤᠳᠤᠷᠢᠳᠤᠯᠭ᠎ᠠ ᠳᠣᠣᠷᠠᠬᠢ ᠬᠡᠦᠬᠡᠳ ᠤᠨ ᠠᠵᠢᠯ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ | ᠤᠬᠠᠭᠤᠯᠵᠤ᠂ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠪᠠ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢ ᠤᠬᠠᠭᠤᠯᠵᠤ᠂ ᠲᠥᠯᠦᠪᠵᠢᠭᠦᠯᠭᠡ ᠶᠢᠨ ᠠᠭᠤᠯᠭ᠎ᠠ ᠪᠠ ᠲᠥᠯᠦᠪᠵᠢᠭᠦᠯᠭᠡ ᠶᠢ ᠬᠡᠷᠡᠭᠵᠢᠭᠦᠯᠬᠦ ᠳᠤᠮᠳᠠᠬᠢ | ᠲᠤᠷᠰᠢᠯᠭ᠎ᠠ ᠪᠠ ᠦᠷ᠎ᠡ ᠪᠦᠲᠦᠮᠵᠢ ᠶᠢ ᠤᠬᠠᠭᠤᠯᠵᠤ᠂ ᠬᠡᠦᠬᠡᠳ ᠢ ᠬᠠᠯᠠᠮᠵᠢᠯᠠᠨ ᠬᠠᠶᠢᠷᠠᠯᠠᠬᠤ᠂ ᠬᠡᠦᠬᠡᠳ ᠤᠨ | ᠬᠥᠭᠵᠢᠯᠲᠡ ᠳᠤ ᠠᠰᠢᠭᠲᠠᠢ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠨ᠎ᠠ᠃ ᠰᠢ ᠶᠢᠨ ᠫᠢᠩ | ᠶᠡᠷᠦᠩᠬᠡᠢ ᠱᠦᠵᠢ ᠶᠢᠨ ᠬᠡᠦᠬᠡᠳ ᠪᠠ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠬᠡᠦᠬᠡᠳ ᠢ | ᠤᠷᠢᠳ ᠢᠶᠠᠷ ᠪᠣᠳᠣᠯᠬᠢᠯᠠᠬᠤ ᠵᠠᠷᠴᠢᠮ ᠤᠨ ᠬᠤᠯᠪᠣᠭᠳᠠᠯ ᠪᠦᠬᠦᠢ ᠠᠭᠤᠯᠭ᠎ᠠ ᠵᠢᠴᠢ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠺᠠᠳ᠋ᠷᠴᠤᠳ ᠤᠨ ᠰᠤᠷᠤᠯᠴᠠᠬᠤ ᠠᠭᠤᠯᠭ᠎ᠠ ᠳᠤ | ᠣᠷᠣᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠮᠡᠳᠡᠯᠭᠡ ᠶᠢ ᠪᠣᠯᠪᠠᠰᠤᠷᠠᠭᠤᠯᠤᠯ ᠤᠨ | ᠲᠥᠯᠥᠪᠯᠡᠭᠡ ᠳᠤ ᠣᠷᠣᠭᠤᠯᠵᠤ᠂ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠪᠣᠯᠪᠠᠰᠤᠷᠠᠭᠤᠯᠤᠯ ᠢ ᠡᠷᠭᠢᠯᠡᠨ᠂ | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠵᠢᠯᠲᠠᠨ ᠤ | ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ | ︵ᠠᠷᠪᠠᠨ ᠨᠢᠭᠡ︶ ᠲᠥᠯᠦᠪᠵᠢᠭᠦᠯᠭᠡ ᠶᠢ ᠬᠡᠷᠡᠭᠵᠢᠭᠦᠯᠬᠦ ᠪᠦᠲᠦᠮᠵᠢᠲᠡᠢ ᠠᠷᠭ᠎ᠠ ᠬᠢᠳᠡᠯ ᠢ ᠪᠠᠷᠢᠮᠲᠠᠯᠠᠬᠤ ᠪᠠ | ᠰᠢᠨ᠎ᠡ ᠶᠢ ᠡᠭᠦᠳᠦᠨ᠎ᠡ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠤᠱᠯᠠᠭᠤᠯᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠨ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠬᠡᠦᠬᠡᠳ ᠤᠨ ᠡᠷᠬᠡ ᠠᠰᠢᠭ ᠢ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠲᠥᠷᠥᠯ ᠬᠤᠪᠢᠶᠠᠨ ᠵᠢᠯᠤᠭᠤᠳᠬᠤ᠂ ᠤᠷᠢᠳᠠᠪᠠᠷ | ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠰᠠᠶᠢᠨ ᠠᠷᠭ᠎ᠠ ᠪᠠ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ᠃ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠥᠷᠭᠡᠨ ᠢᠶᠠᠷ ᠣᠷᠣᠯᠴᠠᠬᠤ ᠶᠢ | ᠵᠣᠷᠢᠭᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠨᠢᠭᠦᠯᠡᠰᠦᠩᠭᠦᠢ ᠶᠢᠨ ᠪᠠᠶᠢᠭᠤᠯᠤᠮᠵᠢ ᠪᠠ ᠨᠡᠶᠢᠲᠡ ᠶᠢᠨ ᠠᠰᠠᠷᠠᠮᠵᠢ ᠶᠢᠨ ᠬᠥᠮᠥᠰ ᠤᠨ ᠬᠡᠦᠬᠡᠳ ᠤᠨ ᠡᠷᠬᠡ ᠠᠰᠢᠭ ᠢ | ᠪᠠᠲᠤᠯᠠᠬᠤ᠂ ᠬᠡᠦᠬᠡᠳ ᠤᠨ ᠬᠥᠭᠵᠢᠯᠲᠡ ᠶᠢ ᠠᠬᠢᠭᠤᠯᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ | ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠡᠦᠬᠡᠳ ᠤᠨ | ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠣᠷᠣᠯᠴᠠᠬᠤ ᠶᠢ ᠵᠣᠷᠢᠭᠵᠢᠭᠤᠯᠵᠤ᠂ ᠲᠥᠯᠦᠪᠵᠢᠭᠦᠯᠭᠡ ᠶᠢᠨ | ᠬᠡᠷᠡᠭᠵᠢᠭᠦᠯᠦᠯᠲᠡ ᠳᠤ ᠣᠷᠣᠯᠴᠠᠬᠤ ᠶᠠᠪᠤᠴᠠ ᠳᠤ ᠬᠡᠦᠬᠡᠳ ᠤᠨ ᠲᠣᠰ ᠪᠡᠶ᠎ᠡ ᠶᠢᠨ ᠪᠥᠬᠦ ᠲᠠᠯ᠎ᠠ ᠶᠢᠨ | ᠬᠥᠭᠵᠢᠯᠲᠡ ᠪᠠᠨ ᠪᠡᠶᠡᠯᠡᠭᠦᠯᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤᠳᠤᠭᠠᠷ ᠪᠦᠯᠦᠭ ᠬᠢᠨᠠᠨ ᠬᠡᠮᠵᠢᠵᠦ ᠦᠨᠡᠯᠡᠨ ᠵᠢᠱᠢᠬᠦ | ︵ᠨᠢᠭᠡ︶ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ | ᠦᠨᠡᠯᠡᠨ ᠵᠢᠱᠢᠯᠲᠡ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠨ᠎ᠡ᠃ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠲᠦᠷᠦᠭᠦᠯᠡᠨ ᠣᠨ ᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ | ᠪᠦᠬᠦᠢ ᠪᠠᠶᠢᠭᠤᠯᠤᠮᠵᠢ ᠠᠴᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠣᠨ ᠤ ᠬᠢᠨᠠᠨ ᠬᠡᠮᠵᠢᠯᠲᠡ ᠶᠢᠨ ᠲᠤᠭ᠎ᠠ | ᠪᠠᠷᠢᠮᠲᠠ ᠶᠢ ᠮᠡᠳᠡᠭᠦᠯᠦᠨ ᠬᠦᠷᠭᠡᠵᠦ᠂ ᠬᠡᠦᠬᠡᠳ ᠤᠨ ᠬᠥᠭᠵᠢᠯᠲᠡ ᠶᠢᠨ ᠪᠠᠶᠢᠳᠠᠯ ᠢ ᠲᠤᠰᠬᠠᠭᠰᠠᠨ ᠬᠠᠮᠢᠶ᠎ᠠ ᠪᠦᠬᠦᠢ | ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠤᠨ ᠵᠠᠳᠠᠯᠤᠨ᠎ᠠ᠃ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠠᠴᠠ ᠳᠤᠮᠳᠠ ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ ᠦᠨᠡᠯᠡᠨ | ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ | ᠪᠦᠷᠢᠯᠳᠦᠭᠦᠨ ᠨᠢᠭᠡᠴᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠠᠴᠠ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠳᠤᠮᠳᠠ ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ | ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃ ᠦᠨᠡᠯᠡᠨ ᠵᠢᠱᠢᠬᠦ ᠪᠠᠷ ᠳᠠᠮᠵᠢᠭᠤᠯᠤᠨ᠂ | ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠪᠠ ᠬᠡᠦᠬᠡᠳ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠨ | ᠡᠵᠡᠮᠰᠢᠵᠦ᠂ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠰᠲ᠋ᠧᠮ ᠲᠠᠢ ᠵᠠᠳᠠᠯᠤᠨ | ᠦᠨᠡᠯᠡᠵᠦ᠂ ᠲᠥᠯᠦᠪᠵᠢᠭᠦᠯᠭᠡ ᠶᠢᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ | ᠪᠦᠲᠦᠮᠵᠢ ᠶᠢ ᠦᠨᠡᠯᠡᠨ ᠮᠠᠭᠠᠳᠯᠠᠵᠤ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠲᠣᠪᠣᠶᠢᠮ᠎ᠠ ᠠᠰᠠᠭᠤᠳᠠᠯ ᠢ ᠡᠷᠢᠨ | ᠭᠠᠷᠭᠠᠵᠤ᠂ ᠬᠥᠭᠵᠢᠯᠲᠡ ᠶᠢᠨ ᠬᠠᠨᠳᠤᠰᠢ ᠶᠢ ᠲᠥᠰᠥᠭᠡᠯᠡᠵᠦ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ | ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ | ᠣᠷᠣᠭᠤᠯᠤᠨ᠎ᠠ᠃ | ︵ᠬᠤᠶᠠᠷ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠨ᠎ᠠ᠃ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠬᠢᠨᠠᠨ ᠬᠡᠮᠵᠢᠵᠦ ᠦᠨᠡᠯᠡᠨ ᠵᠢᠱᠢᠬᠦ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠬᠢᠨᠠᠨ ᠬᠡᠮᠵᠢᠵᠦ | ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ᠂ ᠬᠢᠨᠠᠨ ᠬᠡᠮᠵᠢᠵᠦ ᠦᠨᠡᠯᠡᠨ ᠵᠢᠱᠢᠬᠦ ᠲᠥᠰᠥᠯ ᠢ | ᠬᠢᠨᠠᠨ ᠵᠥᠪᠰᠢᠶᠡᠷᠡᠬᠦ᠂ ᠬᠢᠨᠠᠨ ᠬᠡᠮᠵᠢᠵᠦ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠵᠡᠷᠭᠡ ᠶᠢ | ᠬᠠᠷᠢᠭᠤᠴᠠᠨ᠎ᠠ᠃ | ᠬᠢᠨᠠᠨ ᠬᠡᠮᠵᠢᠬᠦ ᠳᠤᠭᠤᠶᠢᠯᠠᠩ ᠨᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ | ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠥᠮᠥᠨ ᠰᠣᠩᠭᠤᠨ ᠲᠣᠮᠢᠯᠠᠵᠤ ᠣᠷᠣᠯᠴᠠᠭᠤᠯᠤᠨ᠂ ᠬᠢᠨᠠᠨ ᠬᠡᠮᠵᠢᠬᠦ ᠠᠵᠢᠯ ᠢ | ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠪᠣᠯᠪᠠᠰᠤᠷᠠᠭᠤᠯᠬᠤ ᠶᠢ ᠬᠠᠷᠢᠭᠤᠴᠠᠵᠤ᠂ ᠬᠢᠨᠠᠨ ᠬᠡᠮᠵᠢᠬᠦ ᠲᠥᠰᠥᠯ ᠪᠠ | ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠵᠤ᠂ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠤᠭᠯᠠᠭᠤᠯᠤᠨ | ᠵᠠᠳᠠᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠣᠨ᠂ ᠳᠤᠮᠳᠠ ᠬᠤᠭᠤᠴᠠᠭ᠎ᠠ ᠪᠠ ᠡᠴᠦᠰ ᠤᠨ | ᠬᠤᠭᠤᠴᠠᠭᠠᠨ ᠤ ᠬᠢᠨᠠᠨ ᠬᠡᠮᠵᠢᠭᠰᠡᠨ ᠮᠡᠳᠡᠭᠦᠯᠦᠯᠲᠡ ᠪᠠᠨ ᠲᠤᠰᠢᠶᠠᠵᠤ᠂ ᠣᠨ ᠤ ᠬᠡᠦᠬᠡᠳ ᠤᠨ ᠲᠤᠭ᠎ᠠ ᠪᠦᠷᠢᠳᠬᠡᠯ ᠤᠨ | ᠮᠠᠲ᠋ᠧᠷᠢᠶᠠᠯ ᠵᠡᠷᠭᠡ ᠶᠢ ᠨᠠᠶᠢᠷᠠᠭᠤᠯᠤᠨ ᠬᠡᠪᠯᠡᠭᠦᠯᠦᠨ᠎ᠡ᠃ ᠬᠢᠨᠠᠨ ᠬᠡᠮᠵᠢᠬᠦ ᠳᠤᠭᠤᠶᠢᠯᠠᠩ ᠤᠨ ᠪᠦᠷᠢᠯᠳᠦᠭᠦᠨ ᠨᠢ ᠲᠣᠰ | ᠰᠠᠯᠠᠭ᠎ᠠ ᠮᠥᠴᠢᠷ ᠤᠨ ᠢᠶᠠᠨ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ᠂ ᠵᠠᠳᠠᠯᠬᠤ᠂ ᠲᠤᠭ᠎ᠠ | ᠪᠠᠷᠢᠮᠲᠠ ᠶᠢ ᠳᠡᠭᠡᠭᠰᠢ ᠮᠡᠳᠡᠭᠦᠯᠬᠦ᠂ ᠬᠦᠢᠰᠦ ᠶᠢᠨ ᠢᠯᠭᠠᠯ ᠪᠠ ᠨᠠᠰᠤ ᠵᠢᠯ ᠤᠨ ᠭᠦᠢᠴᠡᠳᠬᠡᠯ ᠲᠤᠭ᠎ᠠ ᠶᠢ | ᠲᠡᠭᠦᠯᠳᠡᠷᠵᠢᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ᠦᠨᠡᠯᠡᠨ ᠵᠢᠱᠢᠬᠦ ᠳᠤᠭᠤᠶᠢᠯᠠᠩ ᠢ ᠡᠮᠡᠭᠲᠡᠶᠢᠴᠦᠳ ᠬᠡᠦᠬᠡᠳᠤᠨ ᠠᠵᠢᠯ ᠤᠨ ᠺᠣᠮᠢᠰ ᠤᠨ ᠠᠯᠪᠠᠨ ᠭᠡᠷ ᠢᠶᠠᠷ | ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠬᠠᠷᠢᠭᠤᠴᠠᠬᠤ | ᠬᠥᠮᠥᠰ ᠣᠷᠣᠯᠴᠠᠵᠤ᠂ ᠦᠨᠡᠯᠡᠨ ᠵᠢᠱᠢᠬᠦ ᠠᠵᠢᠯ ᠶᠢ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠪᠣᠯᠪᠠᠰᠤᠷᠠᠭᠤᠯᠬᠤ ᠶᠢ | ᠬᠠᠷᠢᠭᠤᠴᠠᠵᠤ᠂ ᠦᠨᠡᠯᠡᠨ ᠵᠢᠱᠢᠬᠦ ᠲᠥᠰᠥᠯ ᠲᠣᠭᠲᠠᠭᠠᠨ᠂ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠤᠰ ᠱᠠᠲᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠺᠣᠮᠢᠰ ᠲᠤ ᠳᠤᠮᠳᠠ ᠬᠤᠭᠤᠴᠠᠭ᠎ᠠ ᠪᠠ | ᠡᠴᠦᠰ ᠤᠨ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠨ᠎ᠠ᠃ ᠦᠨᠡᠯᠡᠨ ᠵᠢᠱᠢᠬᠦ | ᠳᠤᠭᠤᠶᠢᠯᠠᠩ ᠤᠨ ᠪᠦᠷᠢᠯᠳᠦᠭᠦᠨ ᠨᠢ ᠲᠣᠰ ᠰᠠᠯᠠᠭ᠎ᠠ ᠮᠥᠴᠢᠷ ᠤᠨ ᠢᠶᠠᠨ ᠲᠥᠯᠥᠪᠵᠢᠭᠦᠯᠦᠨ ᠬᠡᠷᠡᠭᠵᠢᠭᠦᠯᠬᠦ | ᠥᠪᠡᠷ ᠢ ᠪᠠᠨ ᠦᠨᠡᠯᠡᠨ ᠵᠢᠱᠢᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠮᠡᠭᠲᠡᠶᠢᠴᠦᠳ ᠬᠡᠦᠬᠡᠳ ᠤᠨ | ᠠᠵᠢᠯ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠦᠨᠡᠯᠡᠨ ᠵᠢᠱᠢᠬᠦ ᠠᠵᠢᠯ ᠳᠤ ᠣᠷᠣᠯᠴᠠᠬᠤ ᠶᠢ ᠬᠠᠷᠢᠭᠤᠴᠠᠨ᠎ᠠ᠃ | ᠦᠨᠡᠯᠡᠨ ᠵᠢᠱᠢᠬᠦ ᠳᠤᠭᠤᠶᠢᠯᠠᠩ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠡᠦᠬᠡᠳ ᠤᠨ ᠬᠠᠮᠠᠭᠠᠯᠠᠯᠲᠠ ᠬᠢᠭᠡᠳ | ᠬᠥᠭᠵᠢᠯᠲᠡ ᠶᠢᠨ ᠳᠤᠮᠳᠠᠬᠢ ᠲᠣᠪᠣᠶᠢᠮ᠎ᠠ ᠠᠰᠠᠭᠤᠳᠠᠯ ᠳᠤ ᠲᠤᠰᠬᠠᠢ ᠵᠦᠢᠯ ᠤᠨ ᠪᠠᠶᠢᠴᠠᠭᠠᠯᠲᠠ᠂ ᠦᠨᠡᠯᠡᠨ ᠵᠢᠱᠢᠯᠲᠡ | ᠬᠢᠬᠦ ᠶᠢ ᠳᠡᠮᠵᠢᠵᠦ᠂ ᠦᠷ᠎ᠡ ᠳ᠋ᠦᠩ ᠢ ᠳᠤᠮᠳᠠ ᠬᠤᠭᠤᠴᠠᠭ᠎ᠠ ᠪᠠ ᠡᠴᠦᠰ ᠤᠨ ᠬᠤᠭᠤᠴᠠᠭᠠᠨ ᠤ ᠦᠨᠡᠯᠡᠨ | ᠵᠢᠱᠢᠯᠲᠡ ᠳᠤ ᠯᠠᠪᠯᠠᠯᠲᠠ ᠪᠣᠯᠭᠠᠵᠤ ᠪᠣᠯᠣᠨ᠎ᠠ᠃ | ︵ᠭᠤᠷᠪᠠ︶ ᠬᠡᠦᠬᠡᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠠᠵᠢᠯ ᠢ | ᠴᠢᠩᠭᠠᠳᠬᠠᠨ᠎ᠠ᠃ ᠬᠡᠦᠬᠡᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠭᠦᠢᠴᠡᠳᠬᠡᠬᠦ | ᠲᠤᠭ᠎ᠠ ᠶᠢᠨ ᠰᠢᠰᠲ᠋ᠧᠮ ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠨᠠᠰᠤ ᠵᠢᠯ ᠬᠤᠪᠢᠶᠠᠨ | ᠪᠦᠷᠢᠳᠬᠡᠬᠦ ᠠᠵᠢᠯ ᠢ ᠴᠢᠩᠭᠠᠳᠬᠠᠵᠤ᠂ ᠬᠡᠦᠬᠡᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠬᠢᠨᠠᠨ | ᠬᠡᠮᠵᠢᠯᠲᠡ ᠶᠢ ᠳᠦᠷᠢᠮᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠳᠥᠷᠪᠡ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠪᠣᠯᠪᠠᠰᠤᠷᠠᠭᠤᠯᠤᠯ ᠪᠠ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠵᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠴᠤᠭᠯᠠᠭᠤᠯᠬᠤ ᠠᠷᠭ᠎ᠠ ᠵᠠᠮ᠂ ᠮᠡᠳᠡᠭᠦᠯᠦᠨ | ᠬᠦᠷᠭᠡᠬᠦ ᠠᠷᠭ᠎ᠠ ᠮᠠᠶ᠋ᠢᠭ ᠢ ᠵᠢᠷᠤᠮᠵᠢᠭᠤᠯᠤᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠢᠨᠲ᠋ᠧᠷ | ᠰᠦᠯᠵᠢᠶ᠎ᠡ ᠪᠠ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠬᠡᠷᠡᠭᠯᠡᠨ᠂ ᠨᠠᠰᠤ ᠵᠢᠯ ᠬᠤᠪᠢᠶᠠᠭᠰᠠᠨ ᠪᠦᠷᠢᠳᠬᠡᠯ ᠤᠨ ᠮᠡᠳᠡᠭᠡ | ᠵᠠᠩᠭᠢ ᠶᠢ ᠪᠠᠶᠠᠯᠢᠭᠵᠢᠭᠤᠯᠤᠨ᠎ᠠ᠃ ᠬᠢᠨᠠᠨ ᠬᠡᠮᠵᠢᠵᠦ ᠦᠨᠡᠯᠡᠨ ᠵᠢᠱᠢᠬᠦ ᠲᠥᠰᠥᠯ ᠪᠣᠯᠣᠨ ᠦᠨᠡᠯᠡᠨ ᠵᠢᠱᠢᠬᠦ ᠠᠷᠭ᠎ᠠ ᠶᠢ | ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠦᠯᠦᠪᠯᠡᠭᠦᠯᠦᠨᠡ᠃ | ︵ᠲᠠᠪᠤ︶ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠦᠲᠦᠮᠵᠢᠲᠡᠢ ᠠᠰᠢᠭᠯᠠᠨ᠎ᠠ᠃ ᠬᠢᠨᠠᠨ | ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠤᠨ ᠦᠢᠯᠡᠴᠢᠯᠡᠭᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ | ᠦᠢᠯᠡᠳᠦᠯ ᠢ ᠪᠠᠳᠠᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ | ᠬᠢᠨᠠᠨ ᠬᠡᠮᠵᠢᠵᠦ ᠦᠨᠡᠯᠡᠨ ᠵᠢᠱᠢᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ | ᠮᠡᠳᠡᠭᠦᠯᠦᠯᠲᠡ ᠶᠢ ᠰᠣᠯᠢᠯᠴᠠᠬᠤ᠂ ᠬᠠᠷᠢᠭᠤ ᠲᠤᠰᠬᠠᠬᠤ ᠪᠠ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠬᠢᠨᠠᠨ | ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢ ᠰᠤᠳᠤᠯᠤᠨ ᠮᠠᠭᠠᠳᠯᠠᠬᠤ ᠪᠠ ᠬᠡᠷᠡᠭᠯᠡᠬᠦ ᠶᠢ ᠴᠢᠩᠭᠠᠳᠬᠠᠨ᠂ | ᠪᠡᠶᠡᠯᠡᠭᠦᠯᠬᠦ ᠪᠠᠷ ᠵᠢᠱᠢᠬᠦ ᠳᠤ ᠬᠦᠴᠢᠷᠲᠡᠢ᠂ ᠬᠡᠯᠪᠡᠯᠵᠡᠯ ᠢᠶᠠᠷ ᠨᠡᠯᠢᠶᠡᠳ ᠶᠡᠭᠡ ᠪᠠᠶᠢᠭ᠎ᠠ ᠬᠢᠨᠠᠨ ᠬᠡᠮᠵᠢᠬᠦ ᠭᠦᠢᠴᠡᠳᠬᠡᠬᠦ | ᠲᠤᠭ᠎ᠠ ᠶᠢ ᠴᠠᠭ ᠲᠤᠬᠠᠢ ᠲᠤᠨᠢ ᠰᠡᠷᠡᠮᠵᠢᠯᠡᠭᠦᠯᠵᠦ᠂ ᠦᠨᠡᠯᠡᠨ ᠵᠢᠱᠢᠬᠦ ᠳᠤᠮᠳᠠ ᠢᠯᠡᠷᠡᠭᠦᠯᠦᠭᠰᠡᠨ ᠲᠣᠪᠣᠶᠢᠮ᠎ᠠ | ᠠᠰᠠᠭᠤᠳᠠᠯ ᠪᠠ ᠪᠠᠭᠤᠷᠠᠢ ᠭᠤᠭᠴᠤᠭ᠎ᠠ ᠳᠤ ᠴᠠᠭ ᠲᠤᠬᠠᠢ ᠲᠤᠨᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠴᠤ᠂ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠴᠠᠭ ᠲᠤᠬᠠᠢ ᠲᠤᠨᠢ ᠳ᠋ᠦᠩᠨᠡᠨ ᠳᠡᠯᠭᠡᠷᠡᠭᠦᠯᠦᠨ᠎ᠡ᠃ | ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠲᠠᠷᠠᠭᠠᠴᠢ ᠶᠢᠨ ᠱᠠᠲᠤᠨ ᠤ ᠲᠥᠯᠦᠪᠵᠢᠭᠦᠯᠭᠡ ᠶᠢ | ᠬᠡᠷᠡᠭᠵᠢᠭᠦᠯᠬᠦ ᠠᠵᠢᠯ ᠢ ᠵᠢᠯᠤᠭᠤᠳᠴᠤ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠶᠢᠩᠭᠤᠵᠢᠭᠤᠯᠤᠨ ᠬᠢᠨᠠᠨ | ᠬᠡᠮᠵᠢᠬᠦ᠂ ᠬᠥᠳᠡᠯᠦᠩᠭᠦᠢ ᠪᠠᠷ ᠤᠷᠢᠳᠴᠢᠯᠠᠨ ᠰᠡᠷᠡᠮᠵᠢᠯᠡᠭᠦᠯᠬᠦ᠂ ᠨᠠᠷᠢᠯᠢᠭ ᠤᠨᠤᠪᠴᠢᠲᠠᠢ ᠢᠶᠠᠷ ᠭᠠᠷ ᠲᠦᠷᠦᠭᠦ᠂ ᠴᠢᠨᠠᠷ | ᠰᠠᠶᠢᠲᠠᠢ ᠪᠠᠷ ᠠᠬᠢᠭᠤᠯᠬᠤ ᠶᠢ ᠪᠡᠶᠡᠯᠡᠭᠦᠯᠦᠨ᠎ᠡ᠃ | | | | |