ᠡᠨᠡ ᠵᠢᠯ ᠠᠴᠠ ᠨᠠᠰᠢ᠂ ᠪᠥᠬᠦ ᠤᠯᠤᠰ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ | ᠮᠠᠭᠤᠳᠠᠯ ᠤᠨ ᠨᠥᠯᠥᠭᠡ ᠠᠴᠠ ᠪᠣᠯᠵᠤ᠂ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ | ᠣᠷᠣᠭᠤᠯᠤᠯᠲᠠ᠂ ᠪᠣᠷᠤᠯᠠᠭᠤᠯᠭ᠎ᠠ ᠳᠣᠣᠷ᠎ᠠ ᠬᠡᠮᠵᠢᠶᠡᠨ ᠳᠤ ᠬᠥᠷᠪᠡ᠃ ᠮᠠᠨ ᠤ ᠬᠤᠲᠠ ᠶᠢᠨ ᠨᠡᠶᠢᠲᠡᠯᠡᠭᠰᠡᠨ ᠣᠷᠣᠨ | ᠰᠠᠭᠤᠴᠠ ᠶᠢᠨ ᠠᠷᠠᠯᠵᠢᠶᠠᠨ ᠤ ᠴᠤᠭᠯᠠᠭᠠᠨ ᠤ ᠲᠥᠷᠥ ᠶᠢᠨ ᠪᠣᠳᠣᠯᠭ᠎ᠠ ᠶᠢᠨ ᠰᠡᠳᠡᠯᠲᠡ ᠨᠢ ᠦᠷ᠎ᠡ ᠪᠦᠲᠦᠮᠵᠢ | ᠣᠯᠣᠭᠰᠠᠨ ᠪᠣᠯᠪᠠᠴᠤ ᠳᠠᠶᠢᠴᠢᠯᠠᠯᠲᠠ ᠨᠢ ᠬᠢᠵᠠᠭᠠᠷ ᠲᠠᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠡᠯᠡ ᠣᠷᠣᠭᠤᠯᠤᠯᠲᠠ᠂ ᠠᠵᠤ ᠠᠬᠤᠶᠢᠯᠠᠯ ᠤᠨ ᠪᠣᠳᠠᠲᠠᠶᠢᠵᠢᠭᠰᠠᠨ ᠪᠡᠯᠡ ᠮᠥᠩᠭᠦ᠂ | ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠮᠦᠨᠬᠦ ᠪᠠᠭᠤᠷᠠᠬᠤ ᠬᠠᠨᠳᠤᠰᠢ ᠲᠠᠢ ᠪᠠᠶᠢᠭ᠎ᠠ ᠪᠣᠯᠪᠠᠴᠤ ᠪᠠᠭᠤᠷᠠᠯᠲᠠ ᠶᠢᠨ | ᠬᠡᠮᠵᠢᠶ᠎ᠡ ᠨᠢ ᠪᠠᠭ᠎ᠠ ᠰᠠᠭ᠎ᠠ ᠪᠠᠭᠠᠰᠤᠭᠰᠠᠨ ᠪᠠᠶᠢᠨ᠎ᠠ᠃ | ᠨᠢᠭᠡ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ | ᠳᠣᠣᠷ᠎ᠠ ᠪᠠᠶᠢᠷᠢᠨ ᠳᠤ ᠪᠠᠶᠢᠵᠦ᠂ ᠪᠠᠭᠤᠷᠠᠯᠲᠠ ᠶᠢᠨ ᠬᠡᠮᠵᠢᠶ᠎ᠡ ᠪᠠᠭᠠᠰᠬᠤ ᠬᠠᠨᠳᠤᠰᠢ ᠲᠠᠢ ᠪᠠᠶᠢᠨ᠎ᠠ | 1 — 4 ᠳ᠋ᠤᠭᠡᠷ ᠰᠠᠷ᠎ᠠ ᠳᠤ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 70.9% ᠪᠠᠭᠤᠷᠠᠵᠤ᠂ 1 — | 3 ᠳ᠋ᠤᠭᠠᠷ ᠰᠠᠷ᠎ᠠ ᠶᠢᠨ ᠬᠢ ᠠᠴᠠ 7.7 ᠵᠠᠭᠤᠨ ᠤ ᠨᠢᠭᠡᠴᠢ ᠪᠠᠭᠠᠰᠴᠠᠢ᠃ ᠡᠭᠦᠨ ᠳᠤ᠄ ᠪᠠᠷᠢᠯᠭ᠎ᠠ ᠶᠢᠨ | ᠬᠡᠷᠡᠭᠴᠡᠭᠡ ᠠᠴᠠ ᠦᠵᠡᠪᠡᠯ᠂ ᠪᠤᠰᠤᠳ ᠲᠥᠷᠥᠯ ᠤᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ | ᠢᠯᠡᠳᠲᠡ ᠪᠠᠭᠠᠰᠪᠠ᠃ 1 — 4 ᠳ᠋ᠤᠭᠡᠷ ᠰᠠᠷ᠎ᠠ ᠳᠤ᠂ ᠮᠠᠨ ᠤ ᠲᠤᠭᠤᠷᠢᠭ ᠤᠨ ᠣᠷᠣᠨ ᠰᠠᠭᠤᠴᠠ ᠶᠢᠨ ᠲᠥᠷᠥᠯ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 71.9% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | 1 — 3 ᠳ᠋ᠤᠭᠠᠷ ᠰᠠᠷ᠎ᠠ ᠶᠢᠨ ᠬᠢ ᠠᠴᠠ 8.3 ᠵᠠᠭᠤᠨ ᠤ ᠨᠢᠭᠡᠴᠢ ᠪᠠᠭᠠᠰᠴᠠᠢ᠃ ᠪᠤᠰᠤᠳ ᠲᠥᠷᠥᠯ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.0% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — | 3 ᠳ᠋ᠤᠭᠠᠷ ᠰᠠᠷ᠎ᠠ ᠶᠢᠨ ᠬᠢ ᠠᠴᠠ 25.2 ᠵᠠᠭᠤᠨ ᠤ ᠨᠢᠭᠡᠴᠢ ᠪᠠᠭᠠᠰᠴᠠᠢ᠃ ᠪᠦᠲᠦᠴᠡ ᠶᠢᠨ ᠲᠠᠯ᠎ᠠ ᠠᠴᠠ ᠦᠵᠡᠪᠡᠯ᠂ | ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠵᠠᠷᠤᠳᠠᠯ ᠤᠨ ᠪᠠᠭᠤᠷᠠᠯᠲᠠ ᠶᠢᠨ ᠬᠡᠮᠵᠢᠶ᠎ᠡ ᠲᠣᠪᠣᠶᠢᠮ᠎ᠠ | ᠪᠠᠭᠠᠰᠤᠭᠰᠠᠨ ᠪᠠᠶᠢᠨ᠎ᠠ᠃ 4 ᠳ᠋ᠤᠭᠡᠷ ᠰᠠᠷ᠎ᠠ ᠪᠣᠯᠲᠠᠯ᠎ᠠ᠂ ᠪᠠᠷᠢᠯᠭ᠎ᠠ ᠶᠢᠨ ᠤᠭᠰᠠᠷᠠᠭᠤᠯᠬᠤ ᠲᠥᠷᠥᠯ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 60.5% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | ᠲᠦᠷᠦᠭᠦᠸ ᠰᠠᠷ᠎ᠠ ᠶᠢᠨ ᠬᠢ ᠠᠴᠠ 8.4 ᠵᠠᠭᠤᠨ ᠤ ᠨᠢᠭᠡᠴᠢ ᠪᠠᠭᠠᠰᠴᠠᠢ᠃ ᠪᠤᠰᠤᠳ ᠵᠠᠷᠤᠳᠠᠯ ᠤᠨ ᠲᠥᠷᠥᠯ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 89.4% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | ᠲᠦᠷᠦᠭᠦᠸ ᠰᠠᠷ᠎ᠠ ᠶᠢᠨ ᠬᠢ ᠠᠴᠠ 7.5 ᠵᠠᠭᠤᠨ ᠤ ᠨᠢᠭᠡᠴᠢ ᠪᠠᠭᠠᠰᠴᠠᠢ᠃ | ᠬᠤᠶᠠᠷ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠠᠸᠠᠷ ᠤᠨ ᠭᠡᠷ ᠪᠠᠶᠢᠰᠢᠩ ᠤᠨ | ᠪᠣᠷᠣᠯᠠᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠵᠢᠭᠠᠬᠠᠨ ᠪᠠᠭᠠᠰᠴᠠᠢ | ᠡᠨᠡ ᠵᠢᠯ ᠠᠴᠠ ᠨᠠᠰᠢ᠂ ᠮᠠᠨ ᠤ ᠲᠤᠭᠤᠷᠢᠭ ᠤᠨ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠵᠠᠬ᠎ᠠ | ᠳᠡᠯᠭᠡᠭᠦᠷ ᠨᠡᠯᠢᠶᠡᠳ ᠠᠨᠠᠢ ᠪᠠᠶᠢᠵᠤ᠂ ᠪᠣᠷᠤᠯᠠᠭᠤᠯᠭ᠎ᠠ ᠶᠢᠨ ᠨᠡᠮᠡᠭᠳᠡᠯ ᠤᠨ ᠬᠤᠷᠳᠤᠴᠠ ᠶᠡᠷᠦᠩᠬᠡᠢ ᠳᠡᠭᠡᠨ ᠪᠠᠭᠤᠷᠠᠬᠤ | ᠬᠠᠨᠳᠤᠰᠢ ᠲᠠᠢ ᠪᠠᠶᠢᠨ᠎ᠠ᠃ ᠡᠨᠡ ᠵᠢᠯ ᠤᠨ 4 ᠳ᠋ᠤᠭᠡᠷ ᠰᠠᠷ᠎ᠠ ᠪᠣᠯᠲᠠᠯ᠎ᠠ᠂ ᠮᠠᠨ ᠤ ᠬᠤᠲᠠ ᠣᠯᠠᠨ ᠵᠦᠢᠯ ᠤᠨ ᠭᠡᠷ | ᠪᠠᠶᠢᠰᠢᠩ ᠭᠠᠵᠠᠷ ᠬᠥᠷᠥᠩᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠮᠠᠨ ᠤ | ᠲᠤᠭᠤᠷᠢᠭ ᠤᠨ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠪᠠᠭᠤᠷᠠᠯᠲᠠ ᠶᠢᠨ ᠬᠡᠮᠵᠢᠶ᠎ᠡ ᠶᠢ ᠳᠠᠶᠢᠴᠢᠯᠠᠪᠠ᠃ | 1 — 4 ᠳ᠋ᠤᠭᠡᠷ ᠰᠠᠷ᠎ᠠ ᠳᠤ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 11.6 ᠲᠦᠮᠡᠨ | ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.6% ᠪᠠᠷ ᠪᠠᠭᠤᠷᠠᠵᠤ᠂ | ᠪᠠᠭᠤᠷᠠᠯᠲᠠ ᠶᠢᠨ ᠬᠡᠮᠵᠢᠶ᠎ᠡ ᠨᠢ 1 — 3 ᠳ᠋ᠤᠭᠠᠷ ᠰᠠᠷ᠎ᠠ ᠶᠢᠨ ᠬᠢ ᠠᠴᠠ 5.5 ᠵᠠᠭᠤᠨ ᠤ ᠨᠢᠭᠡᠴᠢ ᠪᠠᠭᠠᠰᠴᠠᠢ᠃ | ᠪᠣᠷᠣᠯᠠᠭᠤᠯᠤᠯᠲᠠ ᠶᠢᠨ ᠬᠡᠮᠵᠢᠶ᠎ᠡ ᠠᠴᠠ ᠦᠵᠡᠪᠡᠯ᠂ 1—4 ᠳ᠋ᠤᠭᠡᠷ ᠰᠠᠷ᠎ᠠ ᠳᠤ ᠪᠣᠷᠣᠯᠠᠭᠤᠯᠤᠯᠲᠠ ᠶᠢᠨ ᠬᠡᠮᠵᠢᠶ᠎ᠡ ᠶᠢ | ᠨᠡᠶᠢᠲᠡ 9.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.3% ᠪᠠᠷ | ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1—3 ᠳ᠋ᠤᠭᠠᠷ ᠰᠠᠷ᠎ᠠ ᠶᠢᠨ ᠬᠢ ᠠᠴᠠ 4.3 ᠵᠠᠭᠤᠨ ᠤ ᠨᠢᠭᠡᠴᠢ | ᠪᠠᠭᠠᠰᠴᠠᠢ᠃ | ᠭᠤᠷᠪᠠ᠂ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠬᠠᠵᠤ᠂ ᠪᠡᠯᠡ | ᠮᠥᠩᠭᠦ ᠶᠢᠨ ᠪᠠᠶᠢᠳᠠᠯ ᠵᠣᠬᠢᠬᠤ ᠬᠡᠮᠵᠢᠶ᠎ᠡ ᠪᠠᠷ ᠰᠠᠶᠢᠵᠢᠷᠠᠪᠠ | 1—4 ᠳ᠋ᠤᠭᠡᠷ ᠰᠠᠷ᠎ᠠ ᠳᠤ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠯᠲᠡ ᠶᠢᠨ ᠠᠵᠤ ᠠᠬᠤᠶᠢᠯᠠᠯ ᠤᠨ ᠪᠣᠳᠠᠲᠠᠶᠢᠵᠢᠭᠤᠯᠤᠭᠰᠠᠨ ᠪᠡᠯᠡ ᠮᠥᠩᠭᠦ 7.9 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 10.9% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ | 1—3 ᠳ᠋ᠤᠭᠠᠷ ᠰᠠᠷ᠎ᠠ ᠶᠢᠨ ᠬᠢ ᠠᠴᠠ 16.0 ᠵᠠᠭᠤᠨ ᠤ ᠨᠢᠭᠡᠴᠢ ᠪᠠᠭᠠᠰᠴᠠᠢ᠃ ᠮᠠᠨ ᠤ ᠬᠤᠲᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠ ᠭᠠᠷᠭᠠᠨ ᠠᠪᠬᠤ ᠲᠥᠷᠥ ᠶᠢᠨ ᠪᠣᠳᠣᠯᠭ᠎ᠠ ᠶᠢ | ᠭᠥᠷᠳᠡᠵᠦ᠂ ᠠᠵᠤ ᠠᠬᠤᠶᠢᠯᠠᠯ ᠤᠨ ᠪᠣᠷᠤᠯᠠᠭᠤᠯᠭ᠎ᠠ ᠡᠳᠦᠢ ᠲᠡᠳᠦᠢ ᠳᠡᠭᠡᠭᠰᠢᠯᠡᠵᠦ᠂ ᠪᠠᠩᠬᠢ ᠶᠢᠨ ᠢᠲᠡᠭᠡᠮᠵᠢᠲᠦ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠵᠣᠬᠢᠬᠤ ᠬᠡᠮᠵᠢᠶ᠎ᠡ ᠪᠠᠷ ᠰᠤᠯᠠᠷᠠᠭᠤᠯᠵᠤ᠂ ᠮᠠᠨ ᠤ ᠲᠤᠭᠤᠷᠢᠭ ᠤᠨ ᠣᠷᠣᠨ | ᠰᠠᠭᠤᠴᠠ ᠶᠢᠨ ᠠᠵᠤ ᠠᠬᠤᠶᠢᠯᠠᠯ ᠤᠨ ᠪᠣᠳᠠᠲᠠᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢᠨ ᠪᠠᠭᠤᠷᠠᠯᠲᠠ ᠶᠢᠨ | ᠬᠡᠮᠵᠢᠶ᠎ᠡ ᠪᠠᠭᠠᠰᠪᠠ᠃ | |