ᠣᠷᠣᠨ ᠰᠠᠭᠤᠴᠠ ᠶᠢᠨ ᠬᠡᠷᠡᠭᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠰᠠᠭᠤᠭᠠᠯᠢ | ᠠᠷᠠᠳ ᠤᠨ ᠬᠠᠭᠤᠴᠢᠨ ᠲᠣᠭᠤᠷᠢᠭ ᠤᠨ ᠣᠷᠣᠨ ᠰᠠᠭᠤᠴᠠ ᠶᠢᠨ ᠨᠥᠬᠦᠴᠡᠯ ᠪᠠ ᠬᠥᠮᠥᠰ ᠤᠨ ᠣᠷᠣᠰᠢᠨ ᠰᠠᠭᠤᠬᠤ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠷᠠᠳ ᠢᠷᠭᠡᠳ ᠤᠨ ᠵᠣᠯ ᠵᠢᠷᠭᠠᠯ ᠤᠨ ᠵᠢᠭᠠᠯᠲᠠ | ᠲᠤᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠢᠨᠠᠨ ᠬᠠᠷᠭᠤᠭᠤᠯᠤᠯᠲᠠ ᠶᠢ | ᠥᠩᠭᠡᠷᠡᠭᠡᠭᠰᠡᠨ ᠬᠤᠶᠠᠷ ᠣᠷᠣᠨ ᠰᠠᠭᠤᠴᠠ ᠶᠢᠨ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠠᠵᠢᠯ ᠢ | ᠨᠢᠭᠡᠨᠲᠡ ᠡᠬᠢᠯᠡᠭᠦᠯᠦᠭᠰᠡᠨ ᠪᠠᠶᠢᠨ᠎ᠠ᠃ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠴᠠᠬᠢᠯᠭᠠᠨ ᠱᠠᠲᠤ ᠤᠭᠰᠠᠷᠠᠬᠤ ᠣᠷᠣᠨ ᠰᠠᠭᠤᠴᠠ ᠳᠤ | ᠳᠣᠣᠷᠠᠬᠢ ᠨᠥᠬᠦᠴᠡᠯ ᠢ ᠬᠠᠩᠭᠠᠨ᠎ᠠ᠄ ᠨᠢᠭᠡ ᠳᠤ᠂ 2005 ᠣᠨ ᠠᠴᠠ ᠡᠮᠦᠨ᠎ᠡ ᠬᠡᠷᠡᠭᠯᠡᠭᠦᠯᠬᠦ ᠪᠠᠷ ᠲᠤᠰᠢᠶᠠᠭᠰᠠᠨ | ᠳᠥᠷᠪᠡᠨ ᠳᠠᠪᠬᠤᠷᠭ᠎ᠠ ᠠᠴᠠ ᠳᠡᠭᠡᠭᠰᠢ ᠴᠠᠬᠢᠯᠭᠠᠨ ᠱᠠᠲᠤ ᠤᠭᠰᠠᠷᠠᠭᠰᠠᠨ ᠦᠭᠡᠢ ᠣᠯᠠᠨ ᠳᠠᠪᠬᠤᠷᠭᠠᠲᠤ ᠣᠷᠣᠨ | ᠰᠠᠭᠤᠴᠠ︔ ᠬᠤᠶᠠᠷ ᠲᠤ ᠲᠣᠰ ᠣᠯᠠᠨ ᠳᠠᠪᠬᠤᠷᠭᠠᠲᠤ ᠣᠷᠣᠨ ᠰᠠᠭᠤᠴᠠ ᠶᠢ ᠭᠡᠷ ᠪᠠᠶᠢᠰᠢᠩ ᠲᠠᠲᠠᠪᠤᠷᠢᠯᠠᠬᠤ | ᠬᠡᠪᠴᠢᠶ᠎ᠡ ᠪᠠ ᠲᠠᠲᠠᠪᠤᠷᠢᠯᠠᠬᠤ ᠲᠥᠯᠥᠪᠯᠡᠭᠡ ᠳᠤ ᠣᠷᠣᠭᠤᠯᠤᠭᠰᠠᠨ ᠦᠭᠡᠢ᠂ ᠳᠥᠭᠦᠮ ᠪᠦᠳᠦᠭᠦᠯᠢᠭ ᠣᠷᠣᠨ | ᠰᠠᠭᠤᠴᠠᠲᠤ ᠲᠣᠭᠤᠷᠢᠭ ᠢ ᠥᠭᠡᠷᠡᠴᠢᠯᠡᠬᠦ ᠲᠥᠯᠥᠪᠯᠡᠭᠡ ᠳᠤ ᠣᠷᠣᠭᠤᠯᠤᠭᠰᠠᠨ ᠦᠭᠡᠢ᠃ ᠡᠨᠡ ᠵᠢᠯ ᠤᠨ ᠨᠡᠮᠡᠵᠦ | ᠤᠭᠰᠠᠷᠠᠬᠤ ᠬᠦᠰᠡᠯ ᠲᠠᠢ ᠶᠢᠨ ᠯᠢᠨ ᠴᠡᠴᠡᠷᠯᠢᠭ ᠤᠨ ᠲᠣᠭᠤᠷᠢᠭ ᠪᠠ ᠺᠠᠩ ᠯᠧ ᠲᠣᠭᠤᠷᠢᠭ ᠤᠨ ᠠᠰᠠᠷ ᠲᠠᠭᠲᠤ | ᠴᠥᠮ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠬᠢᠨᠠᠨ ᠬᠠᠷᠭᠤᠭᠤᠯᠤᠯᠲᠠ ᠪᠠ ᠲᠠᠰ ᠳᠠᠷᠠᠭᠠᠯᠠᠯ ᠢ ᠥᠩᠭᠡᠷᠡᠭᠡᠵᠦ᠂ | ᠨᠡᠮᠡᠵᠦ ᠤᠭᠰᠠᠷᠠᠬᠤ ᠱᠠᠭᠠᠷᠳᠠᠯᠭ᠎ᠠ ᠳᠤ ᠨᠡᠶᠢᠴᠡᠨ᠎ᠡ᠃ | ᠨᠢᠭᠡᠨᠲᠡ ᠪᠠᠶᠢᠭ᠎ᠠ ᠣᠷᠣᠨ ᠰᠠᠭᠤᠴᠠ ᠳᠤ ᠴᠠᠬᠢᠯᠭᠠᠨ ᠱᠠᠲᠤ ᠨᠡᠮᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ | ᠴᠢᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠭᠡᠳᠦ ᠱᠠᠲᠤᠨ ᠤ ᠠᠵᠢᠯ ᠲᠥᠷᠥᠯ ᠤᠨ | ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ᠰᠠᠨᠠᠮᠵᠢ ᠶᠢᠨ ᠨᠢᠭᠡᠴᠡ ᠶᠢᠨ ᠥᠮᠴᠢᠲᠡᠨ ᠢ ᠳᠠᠩᠰᠠᠯᠠᠬᠤ ᠵᠡᠷᠭᠡ ᠠᠵᠢᠯ ᠢ ᠤᠷᠢᠳᠴᠢᠯᠠᠨ ᠥᠷᠨᠢᠭᠦᠯᠵᠦ᠂ | ᠢᠷᠡᠭᠡᠳᠦᠢ ᠳᠤ ᠵᠢᠵᠢᠭ ᠬᠠᠭᠤᠴᠢᠨ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠢᠨᠵᠧᠨᠧᠷᠢᠩ ᠢ | ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ | ᠪᠣᠯᠣᠨ᠎ᠠ᠃ | |