ᠬᠥᠳᠡᠭᠡ ᠲᠣᠰᠬᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠤᠶᠤᠨ ᠤ ᠰᠣᠶᠣᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ | 5 ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠤ | ᠤᠷᠠᠨ ᠰᠠᠶᠢᠬᠠᠨ ᠤ ᠰᠠᠶᠢᠨ ᠳᠤᠷᠠᠴᠤᠤᠯ ᠤᠷᠢᠳ ᠬᠤᠵᠢᠳ ᠳ᠋ᠦᠩ ᠳ᠋ᠡ ᠭᠧᠦ ᠲᠣᠰᠬᠤᠨ᠂ ᠡᠯ ᠬᠠᠢ ᠬᠤᠤ | ᠲᠣᠰᠬᠤᠨ᠂ ᠬᠤᠩ ᠴᠢᠩ ᠳ᠋ᠧ ᠲᠣᠰᠬᠤᠨ ᠵᠡᠷᠭᠡ 5 ᠠᠶᠢᠯ ᠲᠣᠰᠬᠤᠨ ᠳᠤ ᠬᠦᠷᠴᠦ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠭᠠᠷᠭᠠᠪᠠ᠃ | ︽ᠥᠨᠥᠳᠥᠷ ᠪᠢ ᠤᠳᠬ᠎ᠠ ᠤᠷᠠᠯᠢᠭ ᠤᠨ ᠰᠠᠶᠢᠨ ᠳᠤᠷᠠᠴᠤᠤᠯ ᠪᠣᠯᠤᠭᠰᠠᠨ ᠤ ᠬᠤᠪᠢ ᠳᠤ᠂ ᠰᠣᠶᠣᠯ ᠤᠨ | ᠣᠷᠳᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠭᠠᠵᠦ ᠬᠥᠳᠡᠭᠡ ᠲᠣᠰᠬᠤᠨ ᠳᠤ ᠢᠷᠡᠵᠦ᠂ ᠤᠷᠠᠨ | ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠨᠠᠮ ᠤᠨ ᠳᠠᠭᠤᠨ ᠢ ᠦᠨᠳᠦᠰᠦᠨ ᠱᠠᠲᠤᠨ ᠤ ᠤᠯᠠᠨ ᠲᠦᠮᠡᠨ ᠤ | ᠳᠤᠮᠳᠠ ᠳᠠᠮᠵᠢᠭᠤᠯᠵᠤ᠂ ᠠᠭᠤᠯᠠᠷᠬᠠᠭ ᠣᠷᠣᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠡᠢ᠃ ᠵᠠᠯᠭᠠᠭᠠᠪᠡᠷ ᠬᠤᠶᠠᠷ ᠤᠳᠠᠭ᠎ᠠ ᠲᠣᠭᠯᠠᠯᠲᠠ | ᠭᠠᠷᠭᠠᠬᠤ ᠳᠤ ᠬᠡᠳᠦᠶᠢᠪᠡᠷ ᠶᠠᠳᠠᠷᠠᠵᠤ ᠵᠦᠳᠡᠷᠡᠭᠰᠡᠨ ᠪᠣᠯᠪᠠᠴᠤ ᠲᠣᠰᠬᠤᠨ ᠤ ᠠᠷᠠᠳ ᠤᠨ ᠬᠠᠯᠠᠭᠤᠨ ᠠᠯᠠᠭ᠎ᠠ | ᠲᠡᠰᠢᠯᠲᠡ ᠶᠢ ᠰᠣᠨᠣᠰᠤᠭᠠᠳ ᠬᠡᠴᠢᠨᠡᠨ ᠶᠠᠳᠠᠷᠠᠭᠰᠠᠨ ᠴᠤ ᠪᠡᠨᠡᠲᠡᠢ᠃ ᠬᠤᠶᠢᠰᠢᠳᠠ ᠪᠢ ᠪᠠᠰᠠ ᠠᠯᠪᠠᠨ ᠵᠢᠷᠤᠮ ᠤᠨ | ᠲᠣᠭᠯᠠᠯᠲᠠ ᠳᠤ ᠣᠷᠣᠯᠴᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠣᠶᠣᠯ ᠢ ᠬᠥᠳᠡᠭᠡ ᠪᠠᠭᠤᠯᠭᠠᠵᠤ | ᠲᠣᠰᠬᠤᠨ ᠳᠤ ᠣᠴᠢᠬᠤ ᠳᠤ ᠰᠠᠶᠢᠨ ᠳᠤᠷᠠᠴᠤᠤᠯ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠤᠳᠬ᠎ᠠ | ᠤᠷᠠᠯᠢᠭ ᠤᠨ ᠰᠠᠶᠢᠨ ᠳᠤᠷᠠᠴᠤᠤᠯ ᠬᠤ᠋ ᠠᠪᠠᠭ᠋ᠠᠢ ᠬᠡᠯᠡᠪᠡ᠃ | ᠤᠷᠠᠨ ᠰᠠᠶᠢᠬᠠᠨ ᠤ ᠲᠣᠭᠯᠠᠯᠲᠠ᠂ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠨᠢ ᠲᠣᠰᠬᠤᠨ ᠤ | ᠠᠷᠠᠳ ᠲᠤ ᠨᠡᠶᠢᠭᠡᠮ ᠤᠨ ᠰᠣᠶᠣᠯ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠤᠨ | ᠳᠡᠯᠭᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠣᠰᠬᠤᠨ ᠤ ᠠᠷᠠᠳ ᠤᠨ ᠤᠯᠠᠨ ᠨᠡᠶᠢᠲᠡ ᠶᠢᠨ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠤ᠂ ᠦᠨᠳᠦᠰᠦᠨ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠦ᠂ | ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠨᠢ ︽ᠰᠢᠨ᠎ᠡ ᠴᠠᠭ ᠦᠶ᠎ᠡ ᠶᠢᠨ ᠰᠣᠶᠣᠯ ᠤᠨ ᠣᠷᠳᠣᠨ᠄ ᠨᠡᠭᠡᠭᠡᠯᠲᠡ᠂ | ᠠᠭᠤᠰᠤᠯᠴᠠᠯ᠂ ᠰᠢᠨ᠎ᠡ ᠶᠢ ᠡᠭᠦᠳᠬᠦ︾ ᠭᠤᠣᠯ ᠰᠡᠳᠦᠪ ᠤᠨ ᠲᠣᠭᠤᠷᠢᠨ ᠳᠤ᠂ ᠤᠯᠠᠨ ᠲᠦᠮᠡᠨ ᠤ ᠰᠣᠶᠣᠯ ᠤᠨ | ᠠᠮᠢᠳᠤᠷᠠᠯ ᠤᠨ ᠬᠡᠷᠡᠭᠴᠡᠭᠡ ᠶᠢ ᠤᠯᠠᠨ ᠡᠰᠢᠵᠢᠭᠦᠯᠦᠨ ᠬᠠᠩᠭᠠᠵᠤ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ | ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠣᠯᠠᠨ ᠲᠦᠮᠡᠨ ᠤ | ᠳᠡᠷᠭᠡᠳᠡ ᠬᠦᠷᠭᠡᠬᠦ ᠶᠢ ᠦᠨᠡᠨᠬᠦ ᠪᠡᠶᠡᠯᠡᠭᠦᠯᠵᠦ᠂ ᠥᠷᠭᠡᠨ ᠣᠯᠠᠨ ᠲᠦᠮᠡᠨ ᠳᠤ ᠭᠤᠶᠢᠳᠠ ᠰᠠᠶᠢᠬᠠᠨ ᠤᠷᠠᠨ | ᠰᠠᠶᠢᠬᠠᠨ ᠤ ᠲᠣᠭᠯᠠᠯᠲᠠ ᠶᠢ ᠰᠣᠨᠢᠷᠬᠠᠭᠤᠯᠵᠤ᠂ ᠮᠠᠨ ᠤ ᠲᠤᠭᠤᠷᠢᠭ ᠤᠨ ᠰᠣᠶᠣᠯ ᠤᠨ ᠦᠢᠯᠡᠰ ᠤᠨ ᠴᠡᠴᠡᠭᠯᠡᠨ | ᠬᠥᠭᠵᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | | | | | | | | | | | | |