ᠯᠢ ᠺᠧ ᠭᠤᠮ ᠰᠦᠯᠢᠶᠥᠦ ᠶᠢᠨ ᠺᠣᠮᠫᠠᠨᠢ 330 ᠲᠦᠮᠡᠨ ᠲᠥᠭᠦᠷᠢᠭ ᠤᠨ ᠲᠣᠨᠤᠭ ᠲᠥᠬᠦᠭᠡᠷᠦᠮᠵᠢ ᠶᠢᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/5/29
      ᠣᠶᠢᠷ᠎ᠠ ᠳᠤ᠂ ᠨᠢᠭᠡᠳᠦᠭᠡᠷ ᠮᠠᠰᠢᠨ ᠦᠢᠯᠡᠳᠬᠦ ᠪᠦᠯᠦᠭᠯᠡᠯ ᠤᠨ ᠯᠢ ᠺᠧ ᠭᠤᠮ ᠰᠦᠯᠢᠶᠥᠦ ᠶᠢᠨ ᠺᠣᠮᠫᠠᠨᠢ ᠶᠠᠮᠠᠷ ᠨᠢᠭᠡᠨ ᠬᠡᠯᠪᠡᠷᠢ ᠶᠢᠨ ᠭᠢᠨᠵᠢᠲᠦ ᠲᠣᠨᠣᠭᠯᠠᠯ ᠤᠨ ᠪᠡᠯᠡᠳᠬᠡᠯ ᠲᠣᠨᠤᠭ ᠢ ᠬᠤᠳᠠᠯᠳᠤᠨ ᠠᠪᠬᠤ ᠲᠥᠷᠥᠯ ᠵᠦᠢᠯ ᠤᠨ ᠳᠠᠭᠠᠭᠠᠴᠢᠯᠠᠯᠲᠠ ᠶᠢ ᠠᠮᠵᠢᠯᠲᠠᠲᠠᠢ ᠣᠯᠵᠤ᠂ ᠭᠡᠷ᠎ᠡ ᠶᠢᠨ ᠵᠣᠭᠤᠰ ᠤᠨ ᠲᠤᠭ᠎ᠠ ᠨᠢ 330 ᠲᠦᠮᠡᠨ ᠲᠥᠭᠦᠷᠢᠭ ᠲᠤ ᠬᠦᠷᠴᠡᠢ᠃      ᠳᠠᠭᠠᠭᠠᠴᠢᠯᠠᠯᠲᠠ ᠥᠷᠢᠰᠦᠯᠳᠦᠬᠦ ᠶᠠᠪᠤᠴᠠ ᠳᠤ᠂ ᠭᠤᠮ ᠰᠦᠯᠢᠶᠥᠦ ᠶᠢᠨ ᠺᠣᠮᠫᠠᠨᠢ ᠬᠠᠲᠠᠭᠤ ᠴᠢᠩᠭ᠎ᠠ ᠮᠡᠷᠭᠡᠵᠢᠯ ᠤᠨ ᠴᠢᠳᠠᠪᠤᠷᠢ᠂ ᠰᠢᠯᠭᠠᠷᠠᠭᠰᠠᠨ ᠦᠢᠯᠡᠳᠬᠦᠨ ᠤ ᠶᠠᠰᠤ ᠴᠢᠨᠠᠷ᠂ ᠪᠦᠷᠢᠨ ᠲᠡᠭᠦᠯᠳᠡᠷ ᠪᠣᠷᠣᠯᠠᠭᠤᠯᠤᠭᠰᠠᠨ ᠤ ᠳᠠᠷᠠᠭᠠᠬᠢ ᠪᠠᠲᠤᠯᠠᠭ᠎ᠠ ᠪᠠ ᠰᠢᠯᠢᠳᠡᠭ ᠰᠠᠶᠢᠨ ᠨᠠᠷᠠᠲᠤ ᠲᠡᠮᠳᠡᠭ ᠤᠨ ᠢᠲᠡᠭᠡᠯ ᠬᠦᠨᠳᠦ ᠪᠠᠷ ᠢᠶᠠᠨ ᠶᠠᠮᠠᠷ ᠨᠢᠭᠡᠨ ᠬᠡᠯᠪᠡᠷᠢ ᠶᠢᠨ ᠭᠢᠨᠵᠢᠲᠦ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠲᠥᠷᠥᠯ ᠵᠦᠢᠯ ᠳᠤ ᠳᠠᠭᠠᠭᠠᠴᠢᠯᠠᠯᠲᠠ ᠣᠯᠵᠤ᠂ ᠪᠥᠬᠦ ᠵᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠡᠨᠡ ᠵᠢᠯ ᠠᠴᠠ ᠨᠠᠰᠢ᠂ ᠯᠢ ᠺᠧ ᠭᠤᠮ ᠰᠦᠯᠢᠶᠥᠦ ᠶᠢᠨ ᠺᠣᠮᠫᠠᠨᠢ ᠴᠡᠷᠢᠭ ᠬᠦᠴᠦᠷᠬᠡᠭᠵᠢᠭᠦᠯᠬᠦ ᠲᠡᠷᠢᠭᠦᠨ ᠬᠠᠷᠢᠭᠤᠴᠠᠯᠭ᠎ᠠ ᠪᠠᠨ ᠡᠷᠡᠰ ᠭᠦᠢᠴᠡᠳᠬᠡᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠳᠬᠦᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠭᠢᠨᠵᠢᠲᠦ ᠲᠣᠨᠣᠭᠯᠠᠯ ᠤᠨ ᠠᠵᠢᠯᠯᠠᠭ᠎ᠠ ᠶᠢᠨ ᠰᠢᠰᠲ᠋ᠧᠮ ᠤᠨ ᠭᠤᠮ ᠡᠯᠭᠦᠬᠦ ᠬᠦᠨᠳᠦ ᠡᠭᠦᠷᠭᠡᠲᠦ ᠬᠦᠷᠳᠦ᠂ ᠭᠤᠮ ᠡᠯᠭᠦᠬᠦ ᠭᠢᠨᠵᠢᠲᠦ ᠬᠠᠪᠲᠠᠰᠤ᠂ ᠭᠤᠮ ᠡᠯᠭᠦᠬᠦ ᠭᠢᠨᠵᠢ ᠶᠢᠨ ᠪᠣᠷᠤᠯᠠᠭᠤᠯᠭ᠎ᠠ ᠶᠢᠨ ︽ᠭᠤᠷᠪᠠᠨ ᠴᠠᠪᠠᠤ︾ ᠪᠦᠲᠦᠭᠡᠭᠳᠡᠬᠦᠨ ᠤ ᠳᠠᠭᠠᠭᠤᠯᠤᠭᠴᠢ ᠪᠠᠶᠢᠷᠢ ᠰᠠᠭᠤᠷᠢ ᠶᠢ ᠪᠠᠬᠢᠵᠢᠭᠦᠯᠵᠡᠢ᠃ 1—4 ᠳ᠋ᠤᠭᠠᠷ ᠰᠠᠷ᠎ᠠ ᠳᠤ᠂ ᠭᠠᠳᠠᠭᠠᠳᠤ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢᠨ ᠬᠠᠭᠤᠳᠠᠰᠤ ᠶᠢ ᠨᠡᠶᠢᠲᠡ 2600 ᠲᠦᠮᠡᠨ ᠲᠥᠭᠦᠷᠢᠭ ᠲᠣᠭᠲᠠᠭᠠᠵᠤ᠂ ᠪᠣᠷᠣᠯᠠᠭᠤᠯᠤᠯᠲᠠ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 14.7%᠎ ᠪᠠᠷ ᠨᠡᠮᠡᠭᠳᠡᠪᠡ᠃      ᠯᠢ ᠺᠧ ᠭᠤᠮ ᠰᠦᠯᠢᠶᠥᠦ ᠶᠢᠨ ᠺᠣᠮᠫᠠᠨᠢ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠤᠨ ᠬᠤᠪᠢᠷᠠᠯᠲᠠ ᠶᠢ ᠠᠷᠭᠠᠴᠠᠵᠤ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠭᠤᠮ ᠤᠨ ᠬᠦᠷᠢᠶᠡᠨ ᠳᠤ ᠬᠤᠪᠢᠷᠠᠯᠲᠠ ᠶᠢ ᠡᠷᠢᠯᠬᠢᠯᠡᠵᠦ᠂ ᠲᠣᠨᠣᠭᠯᠠᠯ ᠰᠡᠯᠪᠢᠨ ᠵᠠᠰᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠬᠡᠪᠡᠷ ᠥᠷᠭᠡᠳᠬᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠯᠬᠤᠴᠠ ᠪᠠᠨ ᠲᠦᠷᠭᠡᠳᠬᠡᠨ᠎ᠡ᠃ ᠡᠭᠦᠨ ᠤ ᠬᠠᠮᠲᠤ᠂ ᠮᠠᠰᠢᠨ ᠲᠡᠷᠭᠡᠨ ᠤ ᠨᠡᠶᠢᠯᠡᠮᠡᠯ ᠮᠠᠲ᠋ᠧᠷᠢᠶᠠᠯ ᠤᠨ ᠦᠢᠯᠡᠳᠬᠦᠨ᠂ ᠳᠣᠲᠣᠷ ᠴᠢᠮᠡᠭᠯᠡᠯ ᠵᠡᠷᠭᠡ ᠰᠢᠨ᠎ᠡ ᠦᠢᠯᠡᠳᠬᠦᠨ ᠪᠠ ᠰᠢᠨ᠎ᠡ ᠵᠠᠬ᠎ᠠ ᠳᠡᠯᠭᠡᠭᠦᠷ ᠲᠤ ᠰᠢᠪᠲᠤᠯᠤᠯᠲᠠ ᠭᠠᠷᠭᠠᠵᠤ᠂ ︽ᠬᠤᠶᠠᠷ ᠢ ᠬᠠᠭᠠᠰ ᠢᠶᠠᠷ ᠥᠩᠭᠡᠷᠡᠭᠦᠯᠬᠦ︾᠎ ᠶᠢ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠨ ᠤ ᠡᠵᠡᠩᠨᠡᠯᠲᠡ ᠶᠢᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠳᠤ ᠰᠠᠭᠤᠷᠢ ᠶᠢ ᠪᠠᠳᠤᠳᠬᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号