1᠂ ᠦᠨᠳᠦᠰᠦᠲᠡᠨ ᠤ ᠠᠵᠢᠯ ᠤᠨ ︽ᠬᠤᠶᠠᠷ ᠬᠠᠮᠲᠤ ᠪᠠᠷ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠨ᠎ᠡ᠃ | 2᠂ ᠦᠨᠳᠦᠰᠦᠲᠡᠨ ᠤ ᠠᠵᠢᠯ ᠤᠨ ︽ᠭᠤᠷᠪᠠᠨ ᠰᠠᠯᠵᠤ ᠴᠢᠳᠠᠬᠤ ᠦᠭᠡᠢ︾ ᠭᠡᠳᠡᠭ ᠨᠢ ᠶᠠᠭᠤ ᠶᠢ ᠵᠢᠭᠠᠵᠤ | ᠪᠠᠶᠢᠬᠤ ᠪᠤᠢ︖ | ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ | ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ | ᠦᠨᠳᠦᠰᠦᠲᠡᠨ ᠨᠦᠭᠦᠳ ᠬᠤᠭᠤᠷᠣᠨᠳᠤ ᠪᠠᠨ ᠰᠠᠯᠵᠤ ᠴᠢᠳᠠᠬᠤ ᠦᠭᠡᠢ᠃ | 3᠂ ᠦᠨᠳᠦᠰᠦᠲᠡᠨ ᠤ ᠠᠵᠢᠯ ᠤᠨ ᠳᠤᠮᠳᠠᠬᠢ ︽ᠭᠤᠷᠪᠠᠨ ᠬᠠᠷᠢᠯᠴᠠᠭ᠎ᠠ︾ ᠭᠡᠳᠡᠭ ᠨᠢ ᠶᠠᠭᠤ ᠪᠤᠢ︖ | ᠦᠨᠳᠦᠰᠦᠲᠡᠨ ᠨᠦᠭᠦᠳ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠡᠶ᠎ᠡ ᠵᠣᠬᠢᠴᠠᠯ ᠲᠠᠢ ᠪᠠᠷ ᠬᠦᠭᠵᠢᠨ᠎ᠡ᠃ | 4᠂ ᠦᠨᠳᠦᠰᠦᠲᠡᠨ ᠤ ᠠᠵᠢᠯ ᠳᠠᠬᠢ ︽ᠭᠤᠷᠪᠠᠨ ᠬᠠᠮᠲᠤᠷᠠᠯᠴᠠᠭ᠎ᠠ︾ ᠭᠡᠳᠡᠭ ᠨᠢ ᠶᠠᠭᠤ ᠪᠤᠢ︖ | ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠃ | 5᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ︵︶ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠪᠤᠢ︖ | | ᠳᠥᠷᠪᠡ ᠬᠠᠮᠲᠤᠳᠬᠠᠬᠤ᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ | ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ᠃ |