︽ᠦᠨᠳᠦᠰᠦᠲᠡᠨ ᠤ ᠪᠦᠯᠬᠦᠮᠳᠡᠯ ᠳᠠᠪᠰᠢᠯᠲᠠ︾ ᠦᠨᠳᠦᠰᠦᠲᠡᠨ ᠤ ᠠᠵᠢᠯ ᠤᠨ ᠲᠤᠬᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ︵ᠬᠤᠶᠠᠷ︶
ᠨᠡᠶᠢᠲᠡᠯᠡᠭᠰᠡᠨ ᠴᠠᠭ᠄
2023/5/29
      6᠂ ︽ᠲᠠᠪᠤᠨ ᠬᠠᠮᠲᠦ ᠶᠢᠨ ᠲᠠᠨᠢᠯᠲᠠ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖      ᠠᠭᠤᠤ ᠶᠡᠭᠡ ᠡᠬᠡ ᠤᠯᠤᠰ ᠤᠨ ᠲᠤᠬᠠᠢ ᠬᠠᠮᠲᠦ ᠶᠢᠨ ᠲᠠᠨᠢᠯᠲᠠ᠂ ᠳᠤᠮᠳᠠᠳᠤ ᠶᠢᠨ ᠦᠨᠳᠦᠰᠦᠲᠡᠨ ᠤ ᠲᠤᠬᠠᠢ ᠬᠠᠮᠲᠦ ᠶᠢᠨ ᠲᠠᠨᠢᠯᠲᠠ᠂ ᠳᠤᠮᠳᠠᠳᠤ ᠶᠢᠨ ᠰᠣᠶᠣᠯ ᠤᠨ ᠲᠤᠬᠠᠢ ᠬᠠᠮᠲᠦ ᠶᠢᠨ ᠲᠠᠨᠢᠯᠲᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠬᠠᠮᠲᠦ ᠶᠢᠨ ᠲᠠᠨᠢᠯᠲᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠦ ᠶᠢᠨ ᠲᠠᠨᠢᠯᠲᠠ᠃      7᠂ ᠦᠨᠳᠦᠰᠦᠲᠡᠨ ᠤ ᠠᠵᠢᠯ ᠤᠨ ᠳᠤᠮᠳᠠᠬᠢ ︽ᠵᠢᠷᠭᠤᠭᠠᠨ ᠬᠠᠷᠢᠯᠴᠠᠨ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖      ᠦᠨᠳᠦᠰᠦᠲᠡᠨ ᠨᠦᠭᠦᠳ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠠᠨᠠᠷ ᠤᠨ ᠦᠷ᠎ᠡ ᠰᠢᠭ ᠢᠶᠠᠷ ᠨᠢᠭᠲᠠᠷᠠᠨ ᠪᠦᠯᠬᠦᠮᠳᠡᠨ᠎ᠡ᠃       8᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠨᠢ ᠶᠠᠭᠤ ᠪᠤᠢ︖      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠱᠤᠭᠤᠮ ᠪᠤᠯᠭᠠᠨ᠎ᠠ᠃      9᠂ ᠮᠠᠨ ᠤ ᠤᠯᠤᠰ ᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠪᠠᠶᠢᠭᠤᠯᠤᠯ ᠨᠢ ᠶᠠᠭᠤ ᠪᠤᠢ︖      ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ᠃      10᠂ ᠦᠨᠳᠦᠰᠦᠲᠡᠨ ᠤ ᠠᠵᠢᠯ ᠤᠨ ᠴᠢᠬᠤᠯᠠ ᠭᠠᠷᠳᠠᠴᠠ ᠪᠠ ᠠᠴᠢᠶᠠᠯᠠᠪᠤᠷᠢ ᠨᠢ ᠶᠠᠭᠤ ᠪᠣᠢ︖      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号