11᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠶᠠᠭᠤ ᠪᠠᠷ ᠶᠡᠷᠦᠩᠬᠡᠢ ᠬᠠᠷᠠᠯᠲᠠ | ᠪᠣᠯᠭᠠᠬᠤ ᠬᠡᠷᠡᠭᠲᠡᠢ ᠪᠤᠢ︖ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ | ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠨ᠎ᠡ᠃ | 12᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤ | ᠪᠠᠷᠢᠮᠲᠠᠯᠠᠬᠤ ︽ᠳᠥᠷᠪᠡ ᠶᠢ ᠴᠢᠬᠤᠯᠠᠴᠢᠯᠠᠬᠤ︾ ᠣᠶᠢᠯᠠᠭᠠᠭᠳᠠᠬᠤᠨ ᠨᠢ ᠶᠠᠭᠤ ᠪᠤᠢ︖ | ᠡᠩ ᠤᠨ ᠴᠠᠭ ᠢ ᠴᠢᠬᠤᠯᠠᠴᠢᠯᠠᠬᠤ᠂ ᠰᠡᠳᠬᠢᠯ ᠢᠶᠠᠨ ᠰᠣᠯᠢᠯᠴᠠᠬᠤ ᠶᠢ ᠴᠢᠬᠤᠯᠠᠴᠢᠯᠠᠬᠤ᠂ | ᠠᠵᠢᠯᠯᠠᠭ᠎ᠠ ᠶᠢ ᠴᠢᠬᠤᠯᠠᠴᠢᠯᠠᠬᠤ᠂ ᠦᠨᠳᠦᠰᠦᠨ ᠱᠠᠲᠤᠨ ᠢ ᠴᠢᠬᠤᠯᠠᠴᠢᠯᠠᠬᠤ ᠣᠶᠢᠯᠠᠭᠠᠭᠳᠠᠬᠤᠨ᠃ | 13᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ | ᠠᠷᠭ᠎ᠠ ᠵᠠᠮ ᠨᠢ ᠶᠠᠭᠤ ᠪᠣᠢ︖ | ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠴᠢᠩᠭᠠᠳᠬᠠᠨ᠎ᠠ᠃ | 14᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠠᠬᠢᠭᠤᠯᠵᠤ᠂ ᠬᠠᠷᠢᠯᠴᠠᠨ | ᠠᠭᠤᠰᠤᠯᠴᠠᠬᠤ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ | ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ︵ᠶᠠᠮᠠᠷ ᠶᠠᠩᠵᠤ ᠶᠢᠨ︶ ᠨᠡᠶᠢᠭᠡᠮ ᠤᠨ ᠨᠥᠬᠦᠴᠡᠯ ᠢ | ᠡᠭᠦᠳᠴᠦ᠂ ᠦᠨᠳᠦᠰᠦᠲᠡᠨ ᠨᠦᠭᠦᠳ ᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ | ᠳᠡᠭᠦᠦ ᠪᠠᠷ ᠢᠶᠠᠨ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯᠭᠠᠨ᠎ᠠ᠃ | ᠬᠠᠮᠲᠤ ᠰᠠᠭᠤᠬᠤ᠂ ᠬᠠᠮᠲᠤ ᠰᠤᠷᠤᠯᠴᠠᠬᠤ᠂ ᠬᠠᠮᠲᠤ ᠠᠵᠢᠯᠯᠠᠬᠤ᠂ ᠬᠠᠮᠲᠤ ᠴᠡᠩᠭᠡᠬᠦ᠂ ᠬᠠᠮᠲᠤ ᠡᠳ᠋ᠯᠡᠬᠦ᠃ | 15᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠳᠦᠷᠢᠮ︾ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠬᠡᠳᠦᠨ ᠵᠢᠯ ᠳᠤ ᠨᠢᠭᠡ ᠤᠳᠠᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠢ ᠬᠤᠷᠠᠯᠳᠤᠭᠤᠯᠬᠤ ᠪᠤᠢ︖ | 5 ᠵᠢᠯ᠃ |