16᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠬᠤ ᠳᠦᠷᠢᠮ︾ ᠳᠤ ᠲᠣᠭᠲᠠᠭᠠᠭᠰᠠᠨ ︽ᠨᠢᠭᠡ ᠭᠠᠷᠠᠭ ᠬᠤᠶᠠᠷ ᠰᠠᠷ᠎ᠠ︾ ᠭᠡᠳᠡᠭ ᠨᠢ ᠶᠠᠭᠤ | ᠪᠤᠢ︖ | ᠵᠢᠯ ᠪᠦᠷᠢ ᠶᠢᠨ 5 ᠳ᠋ᠤᠭᠠᠷ ᠰᠠᠷ᠎ᠠ ᠪᠥᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ᠂ 5 ᠳ᠋ᠤᠭᠠᠷ ᠰᠠᠷ᠎ᠠ ᠶᠢᠨ ᠬᠠᠮᠤᠭ ᠰᠡᠭᠦᠯᠴᠢ ᠶᠢᠨ ᠨᠢᠭᠡ ᠭᠠᠷᠠᠭ ᠦᠨᠳᠦᠰᠦᠲᠡᠨ ᠤ | ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠂ ᠵᠢᠯ ᠪᠦᠷᠢ ᠶᠢᠨ 9 ᠳ᠋ᠦ᠋ᠭᠡᠷ ᠰᠠᠷ᠎ᠠ ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ᠃ | 17᠂ ︽ᠦᠨᠳᠦᠰᠦᠨ ᠬᠠᠤᠯᠢ︾ ᠳᠤ ᠮᠠᠨ ᠤ ᠤᠯᠤᠰ ᠤᠨ ᠤᠯᠠᠨ ᠦᠨᠳᠦᠰᠦᠲᠡᠨ ᠤ ᠤᠯᠤᠰ ᠤᠨ ᠦᠨᠳᠦᠰᠦᠨ | ᠪᠠᠶᠢᠳᠠᠯ ᠢ ᠶᠠᠭᠠᠬᠢᠵᠦ ᠬᠤᠷᠢᠶᠠᠩᠭᠤᠶᠢᠯᠠᠭᠰᠠᠨ ᠪᠤᠢ︖ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠬᠠᠮᠲᠤ ᠪᠠᠷ ᠢᠶᠠᠨ ᠴᠣᠭᠴᠠᠯᠠᠨ ᠪᠠᠶᠢᠭᠤᠯᠤᠭᠰᠠᠨ ᠤᠯᠡᠠ ᠦᠨᠳᠦᠰᠦᠲᠡᠨ ᠪᠦᠬᠦᠢ ᠨᠢᠭᠡᠳᠦᠭᠰᠡᠨ | ᠤᠯᠤᠰ ᠮᠥᠨ᠃ | 18᠂ ᠮᠠᠨ ᠤ ᠤᠯᠤᠰ ᠤᠨ ᠬᠠᠮᠤᠭ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ | ᠣᠷᠣᠨ ᠨᠢ ᠶᠠᠮᠠᠷ ᠭᠠᠵᠠᠷ ᠪᠣᠯᠬᠤ ᠪᠤᠢ︖ ᠪᠠᠶᠢᠭᠤᠯᠤᠭᠳᠠᠭᠰᠠᠨ ᠴᠠᠭ ᠨᠢ ᠬᠡᠵᠢᠶ᠎ᠡ ᠪᠤᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠃ 1947 ᠣᠨ ᠤ 5 ᠰᠠᠷ᠎ᠠ ᠶᠢᠨ 1 ᠤ ᠡᠳᠦᠷ᠃ | 19᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠦᠵᠡᠯ | ᠤᠬᠠᠮᠰᠠᠷ ᠤᠨ ᠤᠬᠠᠭᠤᠯᠭ᠎ᠠ ᠬᠥᠮᠦᠵᠢᠯ ᠢ ᠬᠡᠷᠬᠢᠨ ᠥᠷᠨᠢᠭᠦᠯᠬᠦ ᠪᠤᠢ︖ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ | ᠪᠠᠶᠢᠩᠭᠤᠵᠢᠭᠰᠠᠨ ᠲᠣᠭᠲᠠᠴᠠ ᠶᠢ ᠪᠠᠲᠤ ᠴᠣᠭᠴᠠᠯᠠᠨ ᠪᠠᠶᠢᠭᠤᠯᠵᠤ᠂ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ | ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠨᠡᠶᠢᠭᠡᠮ ᠤᠨ ᠤᠬᠠᠭᠤᠯᠭ᠎ᠠ | ᠬᠥᠮᠦᠵᠢᠯ ᠢ ᠰᠠᠶᠢᠲᠤᠷ ᠬᠢᠨ᠎ᠡ᠃ | 20᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠨᠢ ᠶᠠᠭᠤ ᠪᠤᠢ︖ | ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠴᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠴᠤ᠂ | ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠵᠤ᠂ ᠦᠨᠳᠦᠰᠦᠲᠡᠨ ᠤ ᠠᠵᠢᠯ ᠤᠨ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ | ᠬᠠᠮᠲᠤᠷᠠᠯᠴᠠᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠭᠰᠠᠨ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠪᠠᠶᠢᠷᠢᠰᠢᠯ ᠪᠣᠯᠣᠨ᠎ᠠ᠃ | | | |