ᠪᠡᠭᠡᠵᠢᠩ ᠵᠦᠴᠦᠭᠡ ᠶᠢᠨ ᠤᠯᠤᠰ ᠤᠨ ᠤᠬᠢ ᠰᠣᠳᠣ ᠶᠢ ᠤᠯᠠᠮ ᠴᠢᠨᠠᠭᠰᠢᠳᠠ ᠪᠠᠳᠠᠷᠠᠭᠤᠯᠵᠤ᠂ ᠰᠢᠯᠢᠳᠡᠭ | ᠰᠣᠶᠣᠯ ᠢ ᠤᠯᠠᠮᠵᠢᠯᠠᠵᠤ᠂ ᠥᠷᠭᠡᠨ ᠤᠯᠠᠨ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠶᠢᠨ ᠲᠥᠯᠥᠭᠡ᠂ 5 ᠰᠠᠷ᠎ᠠ ᠶᠢᠨ 28 ᠤ ᠡᠳᠦᠷ᠂ ᠴᠢᠩᠱᠠᠨ ᠲᠣᠭᠤᠷᠢᠭ ᠤᠨ ᠰᠣᠶᠣᠯ ᠤᠨ | ᠣᠷᠳᠣᠨ ᠪᠣᠯᠣᠨ ᠪᠤᠭᠤᠲᠤ ᠬᠤᠳᠠ ᠶᠢᠨ ᠨᠠᠰᠤᠲᠠᠶᠢᠴᠤᠳ ᠤᠨ ᠤᠷᠠᠯᠢᠭ ᠤᠨ ᠪᠦᠯᠬᠦᠮ ᠤᠨ ᠪᠡᠭᠡᠵᠢᠩ | ᠵᠦᠴᠦᠭᠡ ᠶᠢᠨ ᠪᠦᠯᠬᠦᠮ ᠬᠠᠮᠲᠤᠪᠠᠷ ᠪᠡᠭᠡᠵᠢᠩ ᠵᠦᠴᠦᠭᠡ ᠶᠢᠨ ᠦᠪᠡᠳᠡᠭᠰᠢ ᠨᠠᠶᠢᠷ ᠢ ᠡᠷᠬᠢᠯᠡᠪᠡ᠃ ᠪᠦᠬᠦ ᠬᠤᠳᠠ ᠶᠢᠨ | 50 ᠭᠠᠷᠤᠢ ᠪᠡᠭᠡᠵᠢᠩ ᠵᠦᠴᠦᠭᠡ ᠳᠤ ᠪᠠᠭ᠋ᠠᠲᠠᠢ ᠬᠥᠮᠥᠰ ᠴᠤᠭᠯᠠᠷᠠᠵᠤ᠂ ᠰᠠᠨᠠᠯ ᠢᠶᠠᠨ ᠰᠣᠯᠢᠯᠴᠠᠪᠠ᠃ | ᠲᠤᠬᠠᠢ ᠶᠢᠨ ᠡᠳᠦᠷ ᠲᠤ ᠬᠤᠶᠠᠷ ᠴᠠᠭ ᠭᠠᠷᠤᠢ ᠲᠣᠭᠯᠠᠯᠲᠠ ᠭᠠᠷᠭᠠᠵᠤ᠂ ᠬᠤᠷᠢ ᠭᠠᠷᠤᠢ ᠲᠣᠭᠯᠠᠭᠴᠢ | ︽ᠵᠤᠸᠠᠩᠶᠤᠸᠠᠨ ᠮᠸᠢ︾᠂ ︽ᠪᠠ ᠸᠠᠩ ᠪᠢᠶᠧ ᠵᠢᠢ︾᠂ ︽ᠤᠯᠠᠭᠠᠨ ᠳ᠋ᠧᠩ ᠤᠨ ᠲᠡᠮᠳᠡᠭᠯᠡᠯ︾᠂ ︽ᠱᠠ ᠵᠢᠶᠠ ᠪᠠᠩ︾ ᠪᠠ | ︽ᠬᠦᠶ ᠹᠧᠢ ᠰᠣᠭᠲᠣᠭᠰᠠᠨ ᠨᠢ︾ ᠵᠡᠷᠭᠡ ᠣᠳᠣ ᠦᠶ᠎ᠡ ᠶᠢᠨ ᠪᠠ ᠤᠯᠠᠮᠵᠢᠯᠠᠯᠲᠤ ᠪᠡᠭᠡᠵᠢᠩ ᠵᠦᠴᠦᠭᠡ ᠶᠢᠨ | ᠰᠣᠩᠭᠤᠳᠠᠭ ᠳᠠᠭᠤᠤ ᠶᠢᠨ ᠬᠡᠰᠡᠭ ᠢ ᠲᠣᠭᠯᠠᠪᠠ᠃ ᠲᠣᠭᠯᠠᠯᠲᠠ ᠨᠢ ︽ᠤᠯᠤᠰ ᠤᠨ ᠤᠬᠢ ᠰᠣᠳᠣ ᠶᠢ ᠪᠠᠳᠠᠷᠠᠭᠤᠯᠵᠤ᠂ | ᠰᠣᠩᠭᠤᠳᠠᠭ ᠪᠦᠲᠦᠭᠡᠯ ᠢ ᠤᠯᠠᠮᠵᠢᠯᠠᠬᠤ︾ ᠪᠠᠷ ᠵᠣᠷᠢᠯᠭ᠎ᠠ ᠪᠠᠨ ᠪᠤᠯᠭᠠᠵᠦ᠂ 200 ᠭᠠᠷᠤᠢ ᠵᠢᠯ ᠤᠨ ᠲᠤᠷᠰᠢ᠂ | ᠬᠥᠳᠡᠯᠭᠡᠭᠡᠨ ᠢ ᠪᠥᠵᠢᠭᠵᠢᠭᠦᠯᠬᠦ᠂ ᠦᠭᠡ ᠬᠡᠯᠡ ᠶᠢ ᠬᠥᠭᠵᠢᠮᠵᠢᠭᠦᠯᠬᠦ᠂ ᠲᠠᠶᠢᠰᠠᠨ ᠤ ᠦᠵᠡᠮᠵᠢ ᠶᠢ ᠵᠢᠷᠤᠭᠵᠢᠭᠤᠯᠬᠤ | ᠬᠡᠯᠪᠡᠷᠢ ᠪᠠᠷ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠵᠦ᠂ ᠳᠡᠯᠡᠬᠡᠢ ᠶᠢᠨ ᠲᠠᠪᠴᠠᠩ ᠳᠤ ᠳᠡᠯᠭᠡᠨ | ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠦᠨᠡᠲᠦ ᠡᠷᠳᠡᠨᠢ ᠪᠣᠯᠵᠤ᠂ | ᠦᠵᠡᠭᠴᠢᠳ ᠤᠨ ᠪᠠᠭ᠋ᠠᠷᠬᠠᠯ ᠢ ᠶᠡᠬᠡᠳᠡ ᠲᠠᠲᠠᠵᠠᠢ᠃ | ᠲᠣᠰ ᠤᠳᠠᠭᠠᠨ ᠤ ᠪᠡᠭᠡᠵᠢᠩ ᠵᠦᠴᠦᠭᠡ ᠶᠢᠨ ᠨᠠᠶᠢᠵᠠ ᠨᠠᠷ ᠤᠨ ᠳᠠᠭᠤᠤ ᠶᠢᠨ ᠦᠳᠡᠰᠢᠯᠡᠭᠡ ᠶᠢᠨ | ᠠᠵᠢᠯᠯᠠᠭ᠎ᠠ ᠨᠢ ᠪᠡᠭᠡᠵᠢᠩ ᠵᠦᠴᠦᠭᠡ ᠶᠢᠨ ᠤᠷᠠᠯᠢᠭ ᠢ ᠪᠠᠳᠠᠷᠠᠭᠤᠯᠵᠤ᠂ ᠥᠷᠭᠡᠨ ᠣᠯᠠᠨ ᠪᠡᠭᠡᠵᠢᠩ ᠵᠦᠴᠦᠭᠡ ᠶᠢᠨ | ᠨᠠᠶᠢᠵᠠ ᠨᠠᠷ ᠤᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠪᠡᠭᠡᠵᠢᠩ ᠵᠦᠴᠦᠭᠡ ᠶᠢᠨ ᠨᠠᠶᠢᠵᠠ ᠨᠠᠷ ᠤᠨ | ᠬᠠᠷᠢᠯᠴᠠᠨ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠳᠠᠭᠤᠯᠠᠬᠤ ᠬᠢᠷᠢ ᠲᠦᠪᠰᠢᠨ ᠢᠶᠠᠨ ᠬᠠᠮᠲᠤ ᠪᠠᠷ ᠳᠡᠭᠡᠭᠰᠢᠯᠡᠭᠦᠯᠬᠦ | ᠶᠢ ᠠᠬᠢᠭᠤᠯᠤᠭᠰᠠᠨ ᠪᠠᠶᠢᠨ᠎ᠠ᠃ | |