ᠣᠯᠣᠰ ᠢᠶᠠᠨ ᠬᠠᠶᠢᠷᠠᠯᠠᠬᠤ ᠥᠵᠡᠯ ᠢ ᠬᠥᠮᠥᠵᠢᠬᠦᠯᠵᠣ᠂ ᠥᠨᠳᠥᠰᠥᠳᠡᠨ ᠤ ᠪᠥᠯᠭᠦᠮᠳᠡᠯ ᠤᠨ ᠣᠬᠠᠮᠠᠰᠠᠷ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2023/5/31
      ᠣᠶᠢᠷ᠎ᠡ ᠳᠤ᠂ ᠢᠷᠡᠭᠤ ᠠᠯᠳᠠᠷ ᠪᠠᠭ᠎ᠠ ᠰᠣᠷᠭᠠᠭᠤᠯᠢ  ᠤᠨ ᠬᠢᠨ ︽ᠣᠯᠣᠰ ᠢᠶᠠᠨ ᠬᠠᠶᠢᠷᠠᠯᠠᠬᠤ ᠥᠵᠡᠯ ᠢ ᠬᠥᠮᠥᠵᠢᠬᠦᠯᠵᠣ᠂ ᠥᠨᠳᠥᠰᠥᠳᠡᠨ ᠤ ᠪᠥᠯᠭᠦᠮᠳᠡᠯ ᠤᠨ ᠣᠬᠠᠮᠠᠰᠠᠷ ᠢ ᠴᠢᠩᠭᠠᠳᠬᠠᠬᠤ︾ ᠭᠤᠣᠯ ᠰᠡᠳᠣᠪᠳᠣ ᠥᠢᠯᠡᠳᠣᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠣ ᠥᠷᠨᠢᠬᠦᠯᠪᠠ᠃ ᠠᠵᠢᠯᠯᠠᠭ᠎ᠠ ᠶᠢᠨ ᠶᠠᠪᠣᠴᠨ ᠳᠤ᠂ ᠰᠣᠷᠣᠭᠴᠢᠳ ᠪᠣᠭᠤᠳᠣ ᠬᠤᠳᠠ ᠶᠢᠨ ᠮᠥᠽᠸᠢ᠂ ᠣᠮᠠᠷᠠᠳᠣ ᠶᠢᠨ ᠴᠡᠷᠢᠭ ᠤᠨ ᠵᠡᠪᠰᠡᠭ ᠤᠨ ᠬᠤᠳᠠ᠂ ᠴᠧᠨ ᠷᠥᠸᠧ ᠹᠧᠢ ᠶᠢᠨ ᠬᠤᠪᠢᠰᠬᠠᠯ ᠤᠨ ᠬᠠᠭᠤᠴᠢᠨ ᠰᠠᠭᠤᠴᠨ ᠵᠡᠷᠭᠡ ᠣᠯᠣᠰ ᠢᠶᠠᠨ ᠬᠠᠶᠢᠷᠠᠯᠠᠬᠤ ᠥᠵᠡᠯ ᠤᠨ ᠬᠥᠮᠥᠵᠢᠯ ᠤᠨ ᠰᠠᠭᠤᠷᠢᠨ ᠢᠶᠠᠷ ᠲᠣᠭᠤᠷᠢᠨ ᠥᠵᠡᠵᠣ᠂ ᠪᠣᠭᠤᠳᠣ ᠶᠢᠨ ᠬᠥᠭᠵᠢᠯᠳᠡ ᠶᠢᠨ ᠲᠡᠣᠭᠡ ᠶᠢ ᠣᠶᠢᠯᠠᠭᠠᠵᠣ᠂ ᠥᠷᠡᠭᠳᠡᠭᠰᠡᠨ ᠪᠠᠭᠠᠳᠣᠷᠴᠣᠳ ᠤᠨ ᠠᠮᠢ ᠴᠥᠯᠡᠨ ᠲᠡᠮᠡᠴᠡᠭᠰᠡᠨ ᠵᠣᠷᠢᠭ ᠰᠠᠨᠠᠭ᠎ᠠ ᠶᠢ ᠮᠡᠳᠡᠷᠡᠵᠣ᠂ ᠥᠨᠳᠥᠰᠥᠳᠡᠨ ᠤ ᠪᠥᠯᠭᠦᠮᠳᠡᠯ ᠤᠨ ᠣᠬᠠᠮᠠᠰᠠᠷ ᠢᠶᠠᠨ ᠴᠢᠩᠭᠠᠳᠬᠠᠪᠠ᠃     ᠪᠥᠬᠦᠶᠢᠯᠡ ᠥᠢᠯᠡᠳᠣᠯᠭᠡ ᠶᠢᠨ ᠠᠵᠢᠭᠯᠠᠭ᠎ᠠ ᠳᠤ᠂ ᠰᠣᠷᠣᠭᠴᠢᠳ ᠲᠣᠮᠳᠠᠳᠣ ᠶᠢᠨ ᠥᠨᠳᠥᠰᠥᠳᠡᠨ ᠤ  ᠵᠣᠷᠢᠭ ᠰᠠᠨᠠᠭ᠎ᠠ ᠭᠡᠭᠴᠢ ᠶᠠᠭᠤ ᠪᠣᠯᠬᠤ ᠶᠢ ᠮᠡᠳᠡᠵᠣ᠂ ᠰᠢᠨ᠎ᠡ ᠴᠠᠭ ᠥᠶ᠎ᠡ ᠶᠢᠨ ᠰᠣᠷᠣᠭᠴᠢ ᠪᠣᠯᠣᠭᠰᠠᠨ ᠤ ᠬᠤᠪᠢ ᠳᠤ᠂ ᠬᠡᠷᠬᠢᠨ ᠣᠯᠣᠰ ᠢᠶᠠᠨ ᠬᠠᠶᠢᠷᠠᠯᠠᠬᠤ ᠢ ᠣᠶᠢᠯᠠᠭᠠᠬᠤ ᠶᠢᠨ ᠬᠠᠮᠳᠣ᠂ ᠥᠨᠳᠥᠰᠥᠳᠡᠨ ᠤ ᠵᠣᠷᠢᠭ ᠰᠠᠨᠠᠭᠠᠨ ᠤ ᠲᠣᠳᠣᠭᠠᠳᠣ ᠠᠭᠤᠯᠤᠭᠳᠠᠬᠤᠨ᠄ ᠣᠯᠣᠰ ᠢᠶᠠᠨ ᠬᠠᠶᠢᠷᠠᠯᠠᠬᠤ ᠥᠵᠡᠯ ᠢᠶᠠᠷ ᠭᠤᠣᠯ ᠪᠣᠯᠭᠠᠭᠰᠠᠨ ᠪᠥᠯᠭᠦᠮᠳᠡᠯ ᠨᠢᠬᠡᠳᠣᠯ᠂ ᠡᠩᠬᠡ ᠲᠠᠶᠢᠪᠣᠩ ᠢ ᠡᠷᠭᠢᠮᠯᠡᠬᠦ᠂ ᠭᠥᠳᠡᠯᠮᠣᠷᠢᠴᠢ ᠡᠷᠡᠯᠭᠡᠭ ᠪᠠᠭᠠᠳᠣᠷᠯᠢᠭ᠂ ᠭᠥᠴᠥᠷᠭᠡᠭᠵᠢᠬᠦ ᠪᠠᠷ ᠭᠥᠴᠥᠯᠡᠨ ᠴᠢᠷᠮᠠᠶᠢᠬᠤ ᠶᠢᠨ ᠠᠭᠤᠣ ᠶᠡᠭᠡ ᠥᠨᠳᠥᠰᠥᠳᠡᠨ ᠤ ᠵᠣᠷᠢᠭ ᠰᠠᠨᠠᠭ᠎ᠠ ᠶᠢ ᠨᠡᠩ ᠬᠥᠨᠵᠡᠭᠡᠢ ᠣᠶᠢᠯᠠᠭᠠᠭᠰᠠᠨ ᠪᠠᠶᠢᠨ᠎ᠠ᠃     ᠲᠣᠮᠳᠠᠳᠣ ᠶᠢᠨ ᠥᠨᠳᠥᠰᠥᠳᠡᠨ ᠤ ᠶᠡᠭᠡ ᠪᠥᠯᠬᠦᠮᠳᠡᠯ ᠤᠨ ᠣᠬᠠᠮᠰᠠᠷ ᠤᠨ ᠬᠥᠮᠥᠵᠢᠯ ᠢ ᠪᠠᠳᠣᠳᠬᠠᠬᠤ ᠪᠣᠯ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠣᠶᠣᠨ ᠰᠠᠠᠨᠠᠭᠠᠨ ᠤ ᠭᠡᠷ ᠣᠷᠣᠨ ᠢᠶᠠᠨ ᠴᠣᠭᠴᠠᠯᠠᠨ ᠪᠠᠶᠢᠭᠤᠯᠬᠤ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠪᠠᠶᠢᠭᠤᠯᠣᠯᠳᠠ ᠶᠢ ᠠᠬᠢᠭᠤᠯᠬᠤ ᠴᠢᠬᠤᠯᠨ ᠠᠷᠭ᠎ᠠ ᠵᠠᠮ ᠪᠣᠯᠣᠨ᠎ᠠ᠃ ᠢᠷᠡᠭᠤ ᠠᠯᠳᠠᠷ ᠪᠠᠭ᠎ᠠ ᠰᠣᠷᠭᠠᠭᠤᠯᠢ  ᠤᠨ ᠬᠢᠨ ᠥᠷᠭᠦᠯᠵᠢᠯᠡᠨ ︽ᠲᠣᠮᠳᠠᠳᠣ ᠶᠢᠨ ᠥᠨᠳᠥᠰᠥᠳᠡᠨ ᠤ ᠶᠡᠭᠡ ᠪᠥᠯᠬᠦᠮᠳᠡᠯ︾ ᠤᠨ ᠬᠥᠮᠥᠵᠢᠯ ᠲᠠᠢ ᠣᠶᠠᠯᠳᠣᠭᠤᠯᠵᠣ᠂ ᠣᠯᠠᠨ ᠭᠡᠯᠪᠡᠷᠢ ᠶᠢᠨ ᠭᠤᠣᠯ ᠰᠡᠳᠣᠪᠳᠣ ᠬᠥᠮᠥᠵᠢᠯ ᠤᠨ ᠠᠵᠢᠯᠯᠠᠭ᠎ᠠ ᠥᠷᠨᠢᠬᠦᠯᠬᠦ ᠪᠠᠷ ᠲᠠᠮᠵᠢᠭᠤᠯᠣᠨ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠰᠣᠷᠣᠭᠴᠢᠳ ᠤᠨ ᠣᠶᠣᠨ ᠰᠠᠨᠠᠭᠠᠨ ᠳᠤ ᠬᠥᠨ ᠥᠨᠳᠥᠰᠥᠯᠡᠬᠦᠯᠬᠦ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号