ᠪᠧᠢ ᠪᠧᠨ ᠬᠦᠨᠳᠦ ᠮᠠᠰᠢᠨ ᠲᠡᠷᠭᠡᠨ ᠤ ︽ᠲᠣᠭᠠᠴᠢᠯᠠᠭᠰᠠᠨ ᠡᠵᠡᠩᠨᠡᠯᠲᠡ ᠶᠢᠨ ᠵᠠᠳᠠᠯᠤᠯᠲᠠ ᠶᠢᠨ ᠰᠢᠰᠲ᠋ᠧᠮ︾᠎ ᠤᠨ ᠲᠥᠷᠥᠯ ᠵᠦᠢᠯ ︽ᠠᠩᠬᠠᠳᠤᠭᠠᠷ ᠬᠤᠭᠤᠴᠠᠭᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠣᠭᠠᠴᠢᠯᠠᠭᠰᠠᠨ ᠠᠬᠤᠢ ᠲᠠᠯᠠᠪᠠᠶ ᠶᠢᠨ ᠰᠢᠨ᠎ᠡ ᠶᠢ ᠡᠭᠦᠳᠬᠦ ᠲᠤᠰᠬᠠᠢ ᠮᠡᠷᠭᠡᠵᠢᠯ ᠤᠨ ᠤᠷᠤᠯᠳᠤᠭᠠᠨ︾᠎ ᠤ ᠨᠢᠭᠡᠳᠦᠭᠡᠷ ᠳᠡᠰ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2023/5/4
      4 ᠰᠠᠷ᠎ᠠ ᠶᠢᠨ 27᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠭᠤᠣᠯᠯᠠᠨ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠠᠷᠢᠶᠠᠨ ᠤ ᠲᠠᠪᠴᠠᠩ ᠹᠦᠵᠧᠦ ᠳᠤ ᠠᠮᠵᠢᠯᠲᠠ ᠲᠠᠢ ᠶᠠᠪᠤᠭᠳᠠᠵᠤ᠂ ᠠᠩᠬᠠᠳᠤᠭᠠᠷ ᠬᠤᠭᠤᠴᠠᠭᠠᠨ ᠤ ᠤᠯᠤᠰ ᠤᠨ ᠥᠮᠴᠢᠯᠡᠯ ‍ᠦᠨ‌ᠠᠵᠦ ᠠᠬᠤᠶᠢᠯᠠᠯ ᠤᠨ ᠲᠤᠭᠠᠴᠢᠯᠠᠭᠰᠠᠨ ᠠᠬᠤᠢ ᠲᠠᠯᠠᠪᠠᠢ ᠶᠢᠨ ᠰᠢᠨ᠎ᠡ ᠶᠢ ᠡᠭᠦᠳᠬᠦ ᠲᠤᠰᠬᠠᠢ ᠮᠡᠷᠭᠡᠵᠢᠯ ᠤᠨ ᠤᠷᠤᠯᠳᠤᠭᠠᠨ ᠤ ᠱᠠᠩᠨᠠᠯ ᠤᠯᠤᠭᠰᠠᠨ ᠨᠡᠷᠡᠰ ᠢ ᠨᠡᠶᠢᠲᠡᠯᠡᠪᠡ᠃ ᠺᠣᠮᠫᠠᠨᠢ ᠶᠢᠨ ᠮᠡᠳᠡᠭᠦᠯᠦᠭᠰᠡᠨ ︽ᠲᠣᠭᠠᠴᠢᠯᠠᠭᠰᠠᠨ ᠡᠵᠡᠩᠨᠡᠯᠲᠡ ᠶᠢᠨ ᠵᠠᠳᠠᠯᠤᠯᠲᠠ ᠶᠢᠨ ᠰᠢᠰᠲ᠋ᠧᠮ︾᠎ ᠨᠢ ᠦᠢᠯᠡᠳᠪᠦᠷᠢᠯᠡᠯ ᠡᠵᠡᠩᠨᠡᠯᠲᠡ ᠶᠢᠨ ᠲᠥᠷᠥᠯ ᠤᠨ ᠲᠥᠷᠥᠯ ᠵᠦᠢᠯ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃      ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 2007 ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠠᠨᠢᠯᠴᠠᠭᠤᠯᠤᠭᠰᠠᠨ 3277 ᠵᠦᠢᠯ ᠢ ᠵᠢᠩᠬᠢᠨᠢ ᠤᠷᠤᠯᠳᠤᠭᠠᠨ ᠳᠤ ᠤᠷᠤᠭᠤᠯᠵᠦ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ ᠡᠴᠦᠰ ᠲᠡᠭᠡᠨ 1000 ᠲᠠᠯᠠᠪᠤᠷ ᠰᠢᠢᠳᠪᠦᠷᠢᠲᠦ ᠤᠷᠤᠯᠳᠤᠭᠠᠨ ᠳᠤ ᠣᠷᠣᠵᠤ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦᠨ ᠤ ᠴᠠᠬᠢᠯᠭᠠᠨ ᠲᠣᠣᠷ᠂ ᠦᠢᠯᠡᠳᠬᠦ ᠦᠢᠯᠡᠰ᠂ ᠪᠠᠷᠢᠯᠭ᠎ᠠ᠂ ᠴᠠᠬᠢᠯᠭᠠᠨ ᠬᠤᠯᠪᠣᠭ᠎ᠠ᠂ ᠵᠠᠮ ᠲᠡᠭᠡᠭᠡᠪᠦᠷᠢ᠂ ᠠᠭᠤᠷᠬᠠᠢ ᠶᠢᠨ ᠦᠢᠯᠡᠰ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠵᠡᠷᠭᠡ ᠨᠠᠢᠮᠠᠨ ᠠᠵᠢᠯ ᠲᠥᠷᠥᠯ ᠳᠤ ᠬᠤᠯᠪᠣᠭᠳᠠᠵᠤ᠂ ᠣᠯᠠᠨ ᠨᠡᠶᠢᠲᠡ ᠶᠢᠨ ᠰᠢᠯᠭᠠᠷᠠᠭᠤᠯᠤᠯᠲᠠ᠂ ᠰᠦᠯᠵᠢᠶᠡᠨ ᠳᠡᠭᠡᠷᠡᠬᠢ ᠰᠢᠯᠭᠠᠷᠠᠭᠤᠯᠤᠯᠲᠠ ᠵᠡᠷᠭᠡ ᠭᠤᠭᠴᠤᠭ᠎ᠠ ᠪᠠᠷ ᠳᠡᠮᠵᠢᠨ᠂ ᠡᠴᠦᠰ ᠤᠨ ᠰᠢᠢᠳᠪᠦᠷᠢᠲᠦ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠤᠨ ᠲᠠᠯᠠᠪᠠᠶ ᠨᠡᠶᠢᠲᠡ 100 ᠪᠣᠶ ᠪᠣᠯᠵᠤ᠂ ᠪᠧᠢ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠬᠢᠭᠡᠳ ᠤᠮᠠᠷᠠᠲᠤ ᠶᠢᠨ ᠠᠶᠠᠯᠠᠯ ᠵᠠᠯᠠᠬᠤ ᠡᠵᠡᠮᠰᠢᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠪᠦᠯᠦᠭᠯᠡᠯ ᠢ ᠲᠥᠯᠥᠭᠡᠯᠡᠨ ᠲᠣᠰ ᠢᠷᠠᠭᠤ ᠠᠯᠳᠠᠷ ᠢ ᠭᠥᠷᠳᠡᠪᠡ᠃      ᠣᠶᠢᠯᠠᠭᠠᠭᠰᠠᠨ ᠢᠶᠠᠷ᠂ ᠠᠩᠬᠠᠳᠤᠭᠠᠷ ᠬᠤᠭᠤᠴᠠᠭᠠᠨ ᠤ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠣᠭᠠᠴᠢᠯᠠᠭᠰᠠᠨ ᠠᠬᠤᠢ ᠲᠠᠯᠠᠪᠠᠶ ᠶᠢᠨ ᠰᠢᠨ᠎ᠡ ᠶᠢ ᠡᠭᠦᠳᠬᠦ ᠲᠤᠰᠬᠠᠢ ᠮᠡᠷᠭᠡᠵᠢᠯ ᠤᠨ ᠤᠷᠤᠯᠳᠤᠭᠠᠨ︾ ᠪᠣᠯ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃ ᠤᠷᠤᠯᠳᠤᠭᠠᠨ ᠎ ᠨᠢ ︽ᠵᠢᠱᠢᠶ᠎ᠡ ᠦᠵᠡᠭᠦᠯᠬᠦ ᠦᠵᠡᠭᠳᠡᠯ ᠢ ᠪᠣᠶᠢᠵᠢᠭᠤᠯᠵᠤ᠂ ᠲᠣᠭᠠᠴᠢᠯᠠᠭᠰᠠᠨ ᠴᠢᠳᠠᠪᠤᠷᠢ ᠶᠢ ᠳᠡᠭᠡᠭᠰᠢᠯᠡᠭᠦᠯᠬᠦ︾᠎ ᠪᠠᠷ ᠭᠤᠣᠯ ᠰᠡᠳᠦᠪ ᠪᠣᠯᠭᠠᠵᠤ᠂ ᠭᠤᠣᠯᠳᠠᠭᠤ ᠠᠰᠠᠭᠤᠳᠠᠯ ᠢᠶᠠᠷ ᠬᠥᠲᠥᠯᠬᠦ᠂ ᠲᠤᠭ᠎ᠠ ᠪᠠᠷᠢᠮᠲᠠ ᠪᠠᠷ ᠬᠥᠳᠡᠯᠭᠡᠭᠦᠷ ᠪᠣᠯᠭᠠᠬᠤ᠂ ᠬᠡᠪ ᠵᠠᠭᠪᠤᠷ ᠢᠶᠠᠷ ᠰᠢᠨ᠎ᠡ ᠶᠢ ᠡᠭᠦᠳᠬᠦ᠂ ᠮᠡᠷᠭᠡᠵᠢᠯ ᠢᠶᠠᠷ ᠴᠢᠳᠠᠪᠤᠷᠢ ᠣᠯᠭᠤᠬᠤ᠂ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠦᠷᠳᠡᠭ ᠢ ᠲᠠᠬᠢᠨ ᠴᠣᠭᠴᠠᠯᠠᠬᠤ ᠵᠡᠷᠭᠡ 6 ᠶᠡᠭᠡ ᠰᠢᠨ᠎ᠡ ᠶᠢ ᠡᠭᠦᠳᠬᠦ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号