ᠣᠶᠢᠷ᠎ᠠ ᠳᠤ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ | ᠲᠣᠰᠣ ᠨᠡᠮᠡᠬᠦ ᠥᠷᠲᠡᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠴᠠᠭᠠᠯᠲᠠ ᠬᠢᠵᠦ᠂ ᠲᠣᠰ ᠤᠳᠠᠭᠠᠨ ᠤ | ᠪᠠᠶᠢᠴᠠᠭᠠᠯᠲᠠ ᠳᠤ ᠪᠣᠯᠪᠠᠰᠤᠷᠠᠭᠤᠯᠤᠭᠰᠠᠨ ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ | ᠬᠡᠮ ᠰᠣᠭᠤᠭ ᠢ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠵᠤ᠂ ᠲᠣᠰᠣ ᠨᠡᠮᠡᠬᠦ ᠥᠷᠲᠡᠭᠡ ᠶᠢᠨ ᠠᠶᠤᠯᠭᠦᠢ | ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ | ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠤ ᠳᠣᠲᠣᠷᠠᠬᠢ ᠲᠣᠰᠣ ᠨᠡᠮᠡᠬᠦ ᠦᠷᠳᠡᠭᠡ ᠳᠤ | ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠮᠠᠲ᠋ᠧᠷᠢᠶᠠᠯ ᠢ ᠤᠷᠪᠠᠭᠤᠯᠤᠨ ᠦᠵᠡᠬᠦ᠂ ᠲᠤᠬᠠᠢ ᠶᠢᠨ ᠭᠠᠵᠠᠷ ᠲᠤᠨᠢ | ᠠᠰᠠᠭᠤᠯᠲᠠ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ | ᠬᠦᠷᠦᠭᠰᠡᠨ ᠭᠠᠵᠠᠷ ᠪᠣᠯᠭᠠᠨ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠴᠥᠮ ᠲᠣᠰᠣ ᠨᠡᠮᠡᠬᠦ ᠥᠷᠲᠡᠭᠡ ᠶᠢᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠲᠣᠭᠲᠠᠭᠠᠬᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠥᠷᠨᠢᠭᠦᠯᠬᠦ᠂ ᠠᠵᠢᠯᠲᠠᠨ ᠤ ᠡᠳᠦᠷ ᠲᠤᠲᠤᠮ ᠤᠨ ᠬᠥᠮᠦᠵᠢᠯ ᠪᠣᠯᠪᠠᠰᠤᠷᠠᠭᠤᠯᠤᠯ ᠪᠠ ᠡᠯ᠎ᠡ ᠵᠦᠢᠯ ᠤᠨ ᠠᠮᠤᠷ | ᠲᠦᠪᠰᠢᠨ ᠤ ᠠᠵᠢᠯᠯᠠᠭᠠᠨ ᠤ ᠶᠠᠪᠤᠴᠠ ᠶᠢ ᠴᠢᠩᠭ᠎ᠠ ᠬᠡᠷᠡᠭᠵᠢᠭᠦᠯᠦᠭᠰᠡᠨ ᠡᠰᠡᠬᠦ ᠵᠢᠴᠢ ᠲᠣᠰᠣ ᠨᠡᠮᠡᠬᠦ ᠥᠷᠲᠡᠭᠡ ᠶᠢᠨ | ᠭᠠᠯ ᠤᠨᠲᠠᠷᠠᠭᠠᠬᠤ ᠪᠠᠭᠠᠵᠢ ᠬᠡᠷᠡᠭᠰᠡᠯ ᠵᠢᠴᠢ ᠬᠠᠮᠢᠶ᠎ᠠ ᠪᠦᠬᠦᠢ ᠪᠡᠯᠡᠳᠬᠡᠮᠵᠢ ᠶᠢᠨ ᠬᠡᠪ ᠤᠨ ᠶᠣᠰᠣᠭᠠᠷ ᠠᠵᠢᠯᠯᠠᠵᠤ | ᠪᠠᠶᠢᠬᠤ ᠡᠰᠡᠬᠦ ᠶᠢ ᠨᠠᠷᠢᠨ ᠨᠢᠮᠪᠠᠢ ᠬᠢᠨᠠᠨ ᠬᠠᠷᠭᠤᠭᠤᠯᠵᠠᠢ᠃ ᠪᠠᠶᠢᠴᠠᠭᠠᠯᠲᠠ ᠶᠢᠨ ᠳᠤᠮᠳᠠ 4 ᠠᠮᠤᠷ ᠲᠦᠪᠰᠢᠨ ᠤ | ᠬᠡᠮ ᠰᠣᠭᠤᠭ ᠤᠨ ᠭᠠᠵᠠᠷ ᠢ ᠪᠠᠶᠢᠴᠠᠭᠠᠭᠰᠠᠨ ᠪᠦᠬᠡᠳ ᠲᠤᠬᠠᠢ ᠶᠢᠨ ᠲᠠᠯᠠᠪᠤᠷ ᠲᠤᠨᠢ ᠴᠡᠭᠴᠡᠯᠡᠨ ᠥᠭᠡᠷᠡᠴᠢᠯᠡᠬᠦ | ᠮᠡᠳᠡᠭᠳᠡᠯ ᠪᠠᠭᠤᠯᠭᠠᠵᠤ᠂ ᠡᠵᠡᠩᠨᠡᠯᠲᠡ ᠶᠢᠨ ᠨᠢᠭᠡᠴᠢ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠪᠡ᠃ | ᠪᠠᠶᠢᠴᠠᠭᠠᠬᠤ ᠳᠤᠭᠤᠶᠢᠯᠠᠩ ᠠᠴᠠ᠂ ᠡᠯ᠎ᠡ ᠲᠣᠰᠣ ᠨᠡᠮᠡᠬᠦ ᠥᠷᠲᠡᠭᠡ ᠨᠦᠭᠦᠳ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠲᠣᠰᠣ ᠨᠡᠮᠡᠬᠦ ᠥᠷᠲᠡᠭᠡ ᠶᠢᠨ ᠠᠶᠦᠯᠭᠦᠢ ᠦᠢᠯᠡᠳᠪᠦᠷᠢᠯᠡᠯ ᠳᠤ ᠠᠳᠡᠯ | ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ︽5.1︾ ᠤ ᠬᠤᠭᠤᠴᠠᠭᠠᠨ ᠳᠤ ᠠᠮᠤᠷ ᠲᠦᠪᠰᠢᠨ ᠲᠣᠭᠲᠠᠭᠤᠨ | ᠭᠠᠳᠠᠭᠠᠳᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ |