ᠴᠢᠩᠱᠠᠨ ᠲᠣᠭᠤᠷᠢᠭ ᠤᠨ ᠬᠢᠨ 2023 ᠣᠨ ᠤ ᠰᠣᠶᠣᠯ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2023/5/4
      ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠬᠥᠭᠵᠢᠭᠡᠵᠦ᠂ ᠬᠤᠳᠠ ᠶᠢᠨ ᠠᠷᠠᠳ ᠤᠨ ᠠᠮᠠᠷᠠᠯᠲᠠ ᠶᠢᠨ ᠡᠳᠦᠷ ᠤᠨ ᠰᠣᠶᠣᠯ ᠵᠢᠭᠤᠯᠴᠢᠯᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ︽5·1︾  ᠤ ᠠᠮᠠᠷᠠᠯᠲᠠ ᠶᠢᠨ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠬᠢᠨ ᠨᠠᠷᠢᠨ ᠶᠠᠪᠠᠭᠠᠨ ᠵᠡᠭᠡᠯᠢ ᠳᠤ ᠴᠢᠩᠱᠠᠨ ᠲᠣᠭᠤᠷᠢᠭ ᠤᠨ 2023 ᠣᠨ ᠤ ᠰᠣᠶᠣᠯ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ ᠢ ᠡᠷᠬᠢᠯᠡᠵᠦ᠂ ᠠᠵᠢᠯᠯᠠᠭ᠎ᠠ ᠨᠢ 5 ᠰᠠᠷ᠎ᠠ ᠶᠢᠨ 3 ᠤ ᠡᠳᠦᠷ ᠪᠣᠯᠲᠠᠯ᠎ᠠ ᠦᠷᠭᠦᠯᠵᠢᠯᠡᠵᠦ᠂ ᠬᠤᠳᠠ ᠶᠢᠨ ᠠᠷᠠᠳ ᠲᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠳᠠᠶᠢᠯᠠᠯᠭ᠎ᠠ ᠡᠷᠭᠦᠬᠦ ᠪᠣᠯᠣᠨ᠎ᠠ᠃      ᠤᠷᠠᠨ ᠰᠠᠶᠢᠬᠠᠨ ᠤ ᠲᠣᠭᠯᠠᠯᠲᠠ ᠶᠢᠨ ᠠᠬᠤᠢ ᠲᠠᠯᠠᠪᠠᠶ ᠳᠤ ᠤᠷᠠᠨ ᠰᠠᠶᠢᠬᠠᠨ ᠤ ᠪᠦᠯᠬᠦᠮ ᠤᠨ ︽ᠬᠥᠯᠥᠨ ᠪᠤᠶᠢᠷ ᠤᠨ ᠲᠠᠯ᠎ᠠ ᠨᠤᠲᠤᠭ︾᠂ ︽ᠬᠡᠨ ᠮᠠᠨ ᠤ ᠨᠤᠲᠤᠭ ᠢ ᠰᠠᠶᠢᠨ ᠭᠡᠵᠦ ᠬᠡᠯᠡᠬᠦ ᠦᠭᠡᠢ︾᠂ ᠪᠥᠵᠢᠭ ︽ᠪᠠᠶᠠᠷᠯᠠᠨ ᠪᠡᠯᠭᠡᠯᠡᠬᠦ︾᠂ ︽ᠪᠤᠭᠤᠲᠤ ᠪᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ︾᠂ ᠮᠠᠨᠵᠤ ᠲᠡᠷᠯᠢᠭ ᠤᠨ ︽ᠳᠤᠮᠳᠠᠳᠤ ᠶᠢᠨ ᠠᠶᠠᠯᠭᠤ︾᠂ ᠴᠠᠷᠭᠢᠯ ᠬᠤᠯᠪᠣᠭ᠎ᠠ ︽ᠨᠠᠮ ᠤᠨ ᠭᠡᠷᠡᠯ ᠭᠢᠯᠪᠠᠭ᠎ᠠ ᠬᠥᠮᠥᠨ ᠤ ᠶᠢᠷᠲᠢᠨᠴᠦ ᠶᠢ ᠭᠡᠶᠢᠭᠦᠯᠬᠦ︾᠂ ︽ᠪᠠᠶᠠᠷᠲᠤ ᠶᠠᠪᠤᠳᠠᠯ ᠢ ᠰᠢᠨ᠎ᠡ ᠪᠠᠷ ᠡᠷᠬᠢᠯᠡᠵᠦ ᠰᠢᠨ᠎ᠡ ᠬᠡᠪ ᠰᠤᠷᠲᠠᠯ ᠢ ᠪᠤᠢ ᠪᠣᠯᠭᠠᠶ᠎ᠠ︾᠂ ᠪᠡᠭᠡᠵᠢᠩ ᠵᠦᠴᠦᠭᠡ ︽ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ︾ ᠵᠡᠷᠭᠡ ᠤᠯᠠᠨ ᠬᠡᠯᠪᠡᠷᠢ ᠶᠢᠨ ᠲᠣᠭᠯᠠᠯᠲᠠ ᠶᠢ ᠵᠠᠯᠭᠠᠭ᠎ᠠ ᠪᠠᠷ ᠦᠵᠡᠭᠦᠯᠵᠦ᠂ ᠴᠥᠭᠡᠨ ᠪᠤᠰᠤ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠠᠯᠠᠭ᠎ᠠ ᠲᠠᠰᠢᠨ ᠮᠠᠭᠲᠠᠨ ᠰᠠᠶᠢᠰᠢᠶᠠᠪᠠ᠃      ᠬᠤᠲᠠ ᠶᠢᠨ ᠠᠷᠠᠳ ᠶᠠᠩ ᠠᠪᠤᠭᠠᠢ᠄ ︽ᠲᠣᠭᠯᠠᠯᠲᠠ ᠮᠠᠰᠢ ᠭᠤᠶᠢᠳᠠ ᠰᠠᠶᠢᠬᠠᠨ᠂ ᠮᠠᠰᠢ ᠣᠯᠠᠨ ᠬᠥᠮᠥᠰ ᠤᠨ ᠠᠩᠬᠠᠷᠤᠯ ᠢ ᠲᠠᠲᠠᠵᠠᠢ᠂ ᠶᠠᠪᠠᠭᠠᠨ ᠵᠡᠭᠡᠯᠢ ᠨᠢᠭᠡ ᠯᠡ ᠳᠡᠭᠡᠷ᠎ᠡ ᠬᠥᠷ ᠬᠥᠭᠵᠢᠶᠡᠨ ᠲᠠᠢ ᠪᠣᠯᠣᠯ᠎ᠠ᠂ ᠬᠤᠶᠢᠰᠢᠳᠠ ᠡᠶᠢᠮᠦ ᠲᠣᠭᠯᠠᠯᠲᠠ ᠢᠯᠡᠭᠦᠬᠡᠨ ᠭᠠᠷᠭᠠᠬᠤ ᠶᠢ ᠬᠦᠰᠡᠵᠦ ᠪᠠᠶᠢᠨ᠎ᠠ︾ ᠭᠡᠵᠡᠢ᠃      ︽ᠬᠡᠦᠬᠡᠳ ᠤᠳ ᠥᠴᠥᠭᠡᠳᠦᠷ ᠨᠢᠭᠡ ᠤᠳᠠᠭ᠎ᠠ ᠲᠤᠭᠯᠠᠯᠲᠠ ᠦᠵᠡᠵᠡᠢ᠂ ᠥᠨᠥᠳᠥᠷ ᠪᠠᠰᠠ ᠢᠷᠡᠨ᠎ᠡ᠂ ᠲᠣᠭᠯᠠᠯᠲᠠ ᠮᠠᠰᠢ ᠰᠠᠶᠢᠬᠠᠨ᠂ ᠠᠮᠠᠷᠠᠯᠲᠠ  ᠶᠢᠨ ᠬᠤᠭᠤᠴᠠᠭᠠᠨ ᠳᠤ ᠠᠳᠡ ᠢᠷᠡᠭᠡᠳ ᠰᠣᠶᠣᠯ ᠤᠷᠠᠯᠢᠭ ᠤᠨ ᠨᠥᠯᠥᠭᠡ  ᠶᠢ ᠭᠥᠷᠳᠡᠭᠰᠡᠨ ᠢᠶᠠᠷ ᠪᠠᠷᠠᠬᠤ ᠦᠭᠡᠢ᠂ ᠪᠠᠰᠠ ᠰᠠᠨᠠᠭ᠎ᠠ ᠠᠮᠤᠷ ᠲᠠᠷᠢᠶᠠᠯᠠᠩ ᠤᠨ ᠪᠦᠲᠦᠭᠡᠭᠳᠡᠬᠦᠨ  ᠢ ᠬᠤᠳᠠᠯᠳᠤᠨ ᠠᠪᠴᠤ ᠪᠣᠯᠣᠨ᠎ᠠ᠂ ᠡᠭᠦᠨ  ᠢ ᠨᠢᠭᠡ ᠯᠡ ᠳᠡᠭᠡᠷ᠎ᠡ ᠣᠯᠠᠨ ᠠᠮᠵᠢᠯᠲᠠ ᠲᠠᠢ ᠭᠡᠵᠦ ᠬᠡᠯᠡᠵᠦ ᠪᠣᠯᠣᠨ᠎ᠠ︾ ᠶᠢᠨ ᠠᠪᠠᠭ᠋ᠠᠢ ᠢᠩᠭᠢᠵᠦ ᠬᠡᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠢᠩᠱᠠᠨ ᠲᠣᠭᠤᠷᠢᠭ ᠤᠨ ᠪᠤᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ ᠳᠡᠯᠭᠡᠨ ᠦᠵᠡᠭᠦᠯᠭᠡ ᠶᠢᠨ ᠪᠣᠷᠤᠯᠠᠭᠤᠯᠭ᠎ᠠ ᠳᠤ ᠣᠷᠣᠯᠴᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠲᠠᠬᠢᠨ ᠢᠯᠡᠷᠡᠭᠦᠯᠵᠦ᠂ ᠬᠤᠳᠠ ᠶᠢᠨ ᠠᠷᠠᠳ ᠤᠨ ᠰᠠᠶᠢᠨ ᠰᠠᠶᠢᠬᠠᠨ ᠰᠡᠯᠡᠭᠦᠴᠡᠯ ᠤᠨ ᠠᠮᠢᠳᠤᠷᠠᠯ ᠢ ᠭᠡᠷᠡᠯᠲᠦᠭᠦᠯᠵᠦ᠂ ᠤᠯᠠᠮᠵᠢᠯᠠᠯᠲᠤ ᠰᠣᠶᠣᠯ ᠪᠣᠯᠣᠨ ᠤᠳᠤ ᠦᠶ᠎ᠡ ᠶᠢᠨ ᠪᠣᠯᠪᠠᠰᠤᠨ ᠢ ᠰᠣᠯᠪᠢᠴᠠᠭᠤᠯᠤᠨ ᠭᠡᠷᠡᠯᠳᠦᠭᠦᠯᠵᠦ᠂ ᠲᠠᠩᠰᠤᠭ ᠰᠠᠶᠢᠬᠠᠨ ᠦᠵᠡᠰᠬᠦᠯᠡᠩᠲᠦ ᠰᠠᠶᠢᠬᠠᠨ ᠠᠭᠤᠯᠠ ᠬᠠᠶᠢᠷᠬᠠᠨ ᠢ ᠭᠠᠶᠢᠬᠠᠭᠤᠯᠪᠠ᠃      ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ︽ᠰᠣᠶᠣᠯ ᠢᠶᠠᠷ ᠬᠤᠳᠠᠯᠳᠤᠭ᠎ᠠ ᠶᠢ ᠠᠬᠢᠭᠤᠯᠵᠤ᠂ ᠰᠣᠶᠣᠯ ᠢᠶᠠᠷ ᠬᠤᠳᠠᠯᠳᠤᠭ᠎ᠠ ᠶᠢ ᠠᠭᠤᠰᠤᠯᠴᠠᠭᠤᠯᠬᠤ︾ ᠣᠶᠢᠯᠠᠭᠠᠭᠳᠠᠬᠤᠨ ᠢ ᠪᠠᠷᠢᠮᠲᠠᠯᠠᠨ᠂ ᠰᠣᠶᠣᠯ ᠢᠶᠠᠷ ᠬᠤᠳᠠᠯᠳᠤᠭ᠎ᠠ ᠳᠤ ᠴᠢᠳᠠᠪᠤᠷᠢ ᠣᠯᠭᠤᠵᠤ᠂ ᠬᠤᠳᠠᠯᠳᠤᠭ᠎ᠠ ᠪᠠᠷ ᠰᠣᠶᠣᠯ ᠳᠤ ᠥᠩᠭᠡ ᠪᠤᠳᠤᠭ ᠨᠡᠮᠡᠷᠢᠯᠡᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠠᠷᠢᠨ ᠬᠤᠳᠠᠯᠳᠤᠭᠠᠨ ᠤ ᠬᠦᠷᠢᠶᠡᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ᠲᠣᠭᠤᠷᠢᠭ ᠤᠨ ᠰᠣᠶᠣᠯ ᠤᠨ ᠣᠷᠳᠣᠨ ᠤ ᠳᠠᠷᠤᠭ᠎ᠠ ᠢᠯᠡᠷᠬᠡᠶᠢᠯᠡᠬᠦ ᠳᠡᠭᠡᠨ᠂ ︽ᠤᠳᠬ᠎ᠠ ᠤᠷᠠᠯᠢᠭ +︾ ᠪᠠᠷ ᠠᠴᠢᠶᠠᠯᠠᠪᠤᠷᠢ ᠪᠣᠯᠭᠠᠵᠤ᠂ ᠬᠤᠳᠠᠯᠳᠤᠭᠠᠨ ᠤ ᠬᠦᠷᠢᠶᠡᠨ ᠳᠤ ᠭᠦᠨᠵᠡᠭᠡᠶᠢᠷᠡᠨ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠩ ᠣᠯᠠᠨ ᠬᠤᠲᠠ ᠶᠢᠨ ᠠᠷᠠᠳ ᠤᠨ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ ᠳᠠᠶᠢᠴᠢᠯᠠᠭᠰᠠᠨ ᠪᠠᠶᠢᠨ᠎ᠠ ᠭᠡᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号