ᠴᠢᠩᠱᠠᠨ ᠲᠣᠭᠤᠷᠢᠭ ᠰᠣᠶᠣᠯ ᠤᠨ ᠨᠠᠷᠠᠲᠤ ᠲᠡᠮᠳᠡᠭᠲᠦ ᠶᠢ ᠡᠭᠦᠳᠴᠦ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/5/5
      ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠬᠤᠳᠠᠯᠳᠤᠭᠠᠨ ᠤ ᠶᠠᠪᠠᠭᠠᠨ ᠵᠡᠭᠡᠯᠢ ᠳᠤ᠂ ᠰᠢᠨ᠎ᠡ ᠮᠠᠶ᠋ᠢᠭ ᠤᠨ ᠤᠷᠠᠨ ᠰᠠᠶᠢᠬᠠᠨ ᠤ ᠲᠣᠭᠯᠠᠯᠲᠠ ᠵᠤᠭᠠᠴᠠᠭᠰᠠᠳ ᠤᠨ ᠠᠩᠬᠠᠷᠤᠯ ᠢ ᠲᠠᠲᠠᠪᠠ᠃ ᠪᠠᠶᠠᠷ ᠪᠠᠶᠠᠰᠬᠤᠯᠠᠩᠲᠤ ᠠᠷᠠᠯ ᠤᠨ ᠤᠷᠠᠯᠢᠭ ᠤᠨ ᠪᠦᠯᠬᠦᠮ ᠤᠨ ᠲᠣᠭᠯᠠᠭᠴᠢᠳ ᠣᠳᠣ ᠶᠠᠭ ᠵᠢᠩ ᠳ᠋ᠦᠩ ᠬᠡᠩᠭᠡᠷᠭᠡ ᠶᠢᠨ ᠳᠠᠭᠤᠯᠠᠯ ︽ᠬᠠᠮᠤᠭ ᠤᠨ ᠭᠤᠶᠣ ᠭᠡᠷ ᠪᠦᠯᠢ︾᠎ ᠶᠢ ᠲᠣᠭᠯᠠᠵᠤ ᠪᠠᠶᠢᠨ᠎ᠠ᠃ ᠡᠨᠡ ᠪᠣᠯ ᠴᠢᠩᠱᠠᠨ ᠲᠣᠭᠤᠷᠢᠭ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠰᠣᠶᠣᠯ ᠤᠨ ᠠᠵᠢᠯᠯᠠᠭ᠎ᠠ ᠶᠢᠨ ᠲᠣᠭᠤᠷᠢᠨ ᠲᠣᠭᠯᠠᠯᠲᠠ ᠶᠢᠨ ᠠᠩᠬᠠᠨ ᠤ ᠦᠷᠳᠡᠭᠡ᠂ ᠠᠩᠬᠠᠨ ᠤ ᠦᠵᠡᠭᠳᠡᠯ ᠪᠣᠯᠣᠨ᠎ᠠ᠃       2022 ᠣᠨ ᠳᠤ᠂ ᠴᠢᠩᠱᠠᠨ ᠲᠣᠭᠤᠷᠢᠭ ᠤᠨ ᠬᠢᠨ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠤᠳᠬ᠎ᠠ ᠤᠷᠠᠯᠢᠭ ᠤᠨ ᠪᠦᠲᠦᠭᠡᠯ ᠡᠯᠰᠡᠬᠦ ᠠᠵᠢᠯᠯᠠᠭ᠎ᠠ ᠶᠢ ᠡᠬᠢᠯᠡᠭᠦᠯᠵᠦ᠂ ᠲᠤᠰ ᠨᠤᠲᠤᠭ ᠤᠨ ᠤᠯᠠᠨ ᠤᠷᠠᠯᠢᠭᠴᠢᠨ ᠪᠠ ᠤᠳᠬ᠎ᠠ ᠤᠷᠠᠯᠢᠭ ᠤᠨ ᠪᠠᠭ᠋ᠠᠲᠠᠳ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠳᠤ ᠲᠣᠭᠯᠠᠯᠲᠠ ᠡᠷᠭᠦᠵᠦ᠂ ᠣᠬᠤᠷᠬᠠᠨ ᠬᠤᠶᠠᠷ ᠰᠠᠷ᠎ᠠ ᠶᠢᠨ ᠬᠤᠭᠤᠴᠠᠭᠠᠨ ᠳᠤ ᠳᠠᠭᠤᠤ᠂ ᠱᠤᠭ ᠶᠠᠷᠢᠶ᠎ᠠ᠂ ᠴᠠᠷᠭᠢᠯ ᠬᠤᠯᠪᠣᠭ᠎ᠠ᠂ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ᠂ ᠴᠠᠭᠠᠰᠤᠨ ᠬᠠᠶᠢᠴᠢᠯᠠᠮᠠᠯ ᠵᠡᠷᠭᠡ 50 ᠭᠠᠷᠤᠢ ᠤᠳᠬ᠎ᠠ ᠤᠷᠠᠯᠢᠭ ᠤᠨ ᠪᠦᠲᠦᠭᠡᠯ ᠡᠯᠰᠡᠵᠦ᠂ 30 ᠪᠦᠲᠦᠭᠡᠯ ᠨᠢ ︽ᠤᠷᠠᠯᠢᠭ ᠤᠨ ᠦᠯᠢᠭᠡᠷ ᠤᠨ ᠰᠢᠨ᠎ᠡ ᠬᠡᠪ ᠰᠤᠷᠲᠠᠯ ︱ ᠴᠢᠩᠱᠠᠨ ᠲᠣᠭᠤᠷᠢᠭ ᠤᠨ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠤᠳᠬ᠎ᠠ ᠤᠷᠠᠯᠢᠭ ᠤᠨ ᠪᠦᠲᠦᠭᠡᠯ ᠤᠨ ᠲᠡᠭᠦᠪᠦᠷᠢ︾᠎ ᠶᠢ ᠬᠡᠪᠯᠡᠭᠦᠯᠵᠡᠢ᠃ ᠤᠷᠤᠭ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠢ ᠬᠥᠮᠥᠨ ᠤ ᠰᠡᠳᠬᠢᠯ ᠳᠤ ᠬᠠᠳᠠᠩᠰᠢᠭᠤᠯᠵᠤ᠂ ᠬᠥᠮᠥᠨ ᠪᠦᠬᠦᠨ ᠳᠤ ᠮᠡᠳᠡᠭᠦᠯᠵᠦ᠂ ᠪᠦᠬᠦ ᠨᠡᠶᠢᠭᠡᠮ ᠳᠤ ᠳᠤᠮᠳᠠᠳᠤ ᠶᠢᠨ ᠰᠢᠯᠢᠳᠡᠭ ᠤᠷᠤᠭ ᠭᠡᠷ ᠪᠦᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ᠂ ᠵᠥᠪ ᠣᠨᠣᠪᠴᠢᠲᠠᠢ ᠤᠷᠤᠭ ᠭᠡᠷ ᠪᠦᠯᠢ ᠶᠢᠨ ᠦᠷᠳᠡᠭ ᠤᠨ ᠬᠠᠨᠳᠤᠰᠢ ᠶᠢ ᠰᠠᠨᠠᠭᠠᠴᠢᠯᠠᠬᠤ ᠬᠠᠯᠠᠭᠤᠨ ᠥᠷᠨᠢᠯᠲᠡ ᠶᠢ ᠪᠤᠢ ᠪᠣᠯᠭᠠᠬᠤ ᠶᠢᠨ ᠲᠦᠯᠦᠭᠡ᠂ ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠬᠦᠴᠦ ᠪᠠᠨ ᠬᠠᠮᠲᠤᠳᠬᠠᠨ ᠪᠠᠶᠠᠷ ᠪᠠᠶᠠᠰᠬᠤᠯᠠᠩᠲᠠᠢ᠂ ᠭᠤᠶᠢᠳᠠ ᠰᠠᠶᠢᠬᠠᠨ ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠤᠷᠠᠨ ᠰᠠᠶᠢᠬᠠᠨ ᠤ ᠪᠦᠲᠦᠭᠡᠯ ᠢ ᠲᠠᠶᠢᠰᠠᠨ ᠳᠤ ᠭᠠᠷᠭᠠᠵᠤ᠂ 2023 ᠣᠨ ᠤ ᠪᠦᠬᠦ ᠵᠢᠯ ᠳᠤ 15 ᠲᠠᠯᠠᠪᠤᠷ ᠲᠣᠭᠤᠷᠢᠨ ᠲᠣᠭᠯᠠᠯᠲᠠ ᠭᠠᠷᠭᠠᠬᠤ ᠪᠣᠯᠣᠨ᠎ᠠ᠃      ᠡᠭᠦᠨ ᠠᠴᠠ ᠭᠠᠳᠠᠨ᠎ᠠ᠂ ᠴᠢᠩᠱᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠡᠷᠡᠭᠦᠯ ᠡᠩᠬᠡ ᠣᠷᠤᠭ︾᠎ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠥᠷᠲᠡᠭᠡ ᠪᠣᠯ  ᠮᠦᠨᠴᠦ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠰᠣᠶᠣᠯ ᠤᠬᠠᠭᠤᠯᠭ᠎ᠠ ᠶᠢᠨ ᠭᠠᠵᠠᠷ ᠪᠤᠯᠤᠨ᠎ᠠ᠃ ︽ᠤᠷᠤᠭ ᠤᠨ ᠵᠠᠩ ᠰᠢᠨ᠎ᠡ ᠬᠡᠪ ᠰᠤᠷᠲᠠᠯ ᠢ ᠲᠦᠮᠡᠨ ᠡᠷᠦᠭᠡ ᠨᠡᠶᠢᠭᠡᠮ ᠲᠣᠭᠤᠷᠢᠭ ᠲᠤ ᠣᠷᠣᠭᠤᠯᠬᠤ ᠪᠢᠴᠢᠯ ᠺᠢᠨᠣ᠋︾᠎ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠢᠭᠡᠳᠦᠭᠡᠷ ᠦᠶ᠎ᠡ ᠶᠢᠨ ᠴᠡᠷᠢᠭ ᠠᠵᠢᠯᠴᠢᠳ ᠤᠨ ᠴᠡᠷᠢᠭ ᠤᠨ ᠵᠡᠪᠰᠡᠭ ᠤᠨ ᠦᠢᠯᠡᠰ ᠲᠤ ᠬᠠᠷᠠᠮ ᠦᠭᠡᠢ ᠵᠢᠳᠬᠦᠭᠰᠡᠨ ᠵᠢᠴᠢ ᠲᠡᠲᠡᠨᠤᠰ ᠤᠨ ᠪᠣᠷᠣᠭᠵᠢᠭᠤᠨ ᠴᠢᠩ ᠦᠨᠡᠨᠴᠢ ᠬᠠᠶᠢᠷ᠎ᠠ ᠳᠤᠷᠠᠯᠠᠯ ᠤᠨ ᠺᠢᠨᠣ᠋ ︽ᠠᠪᠤ ᠡᠵᠢ ᠶᠢᠨ ᠴᠠᠷᠠᠰᠤᠨ ᠮᠣᠳᠣ︾᠎ ᠶᠢ ᠶᠠᠷᠢᠵᠤ᠂ ᠪᠦᠬᠦ ᠤᠯᠤᠰ ᠤᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠭᠤᠣᠯ ᠰᠡᠳᠦᠪᠲᠦ ᠪᠢᠴᠢᠯ ᠺᠢᠨᠣ᠋ ᠶᠢᠨ ᠰᠢᠯᠢᠳᠡᠭ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠡᠢ᠃ ᠥᠪᠡᠷ ᠎ ᠢᠶᠠᠨ ᠡᠭᠦᠳᠦᠨ ᠥᠪᠡᠷ ᠎ ᠢᠶᠠᠨ ᠵᠢᠯᠣᠭᠤᠳᠤᠭᠰᠠᠨ ᠲᠠᠶᠢᠰᠠᠨ ᠤ ᠵᠦᠴᠦᠭᠡ ︽ᠬᠤᠷᠢᠮᠯᠠᠬᠤ ᠎ ᠠᠴᠠ ᠡᠮᠦᠨ᠎ᠡ ᠬᠤᠷᠢᠮᠯᠠᠭᠰᠠᠨ ᠤ ᠬᠤᠶᠢᠨ᠎ᠠ︾᠂ ︽ᠬᠠᠶᠢᠷ᠎ᠠ ᠰᠠᠨᠠᠭᠠᠨ ᠳᠤ ᠦᠭᠡᠢ︾᠂ ︽ᠭᠤᠶᠣ ᠰᠠᠶᠢᠬᠠᠨ ᠠᠳᠡᠭᠦᠷᠡᠯ︾᠎ ᠨᠢ ᠰᠠᠭᠤᠭᠠᠯᠢ ᠠᠷᠠᠳ ᠤᠨ ᠵᠤᠨ ᠤ ᠠᠮᠠᠷᠠᠯᠲᠠ ᠎ ᠶᠢᠨ ᠦᠳᠡᠰᠢᠯᠡᠭᠡ ᠎ ᠶᠢᠨ ᠠᠯᠲᠠᠨ ᠮᠧᠳᠠᠯ ᠤᠨ ᠲᠣᠭᠯᠠᠯᠲᠠ ᠪᠣᠯᠤᠭᠰᠠᠨ ᠪᠠᠶᠢᠨ᠎ᠠ᠃ ︽ᠵᠣᠯ ᠵᠢᠷᠭᠠᠯᠲᠤ ᠣᠷᠤᠭ ᠬᠤᠷᠢᠮ ᠨᠢ ᠲᠥᠪ ᠴᠢᠩᠭ᠎ᠠ ᠲᠠᠩᠭᠠᠷᠢᠭᠯᠠᠯ ᠠᠴᠠ ᠡᠬᠢᠯᠡᠨ᠎ᠡ︾ ᠴᠢᠩᠱᠠᠨ ᠲᠣᠭᠤᠷᠢᠭ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠢ ᠬᠤᠷᠢᠮ ᠤᠨ ᠶᠣᠰᠣᠯᠠᠯ ᠤᠨ ᠪᠠᠭᠤᠳᠠᠯ ᠤᠳ ᠲᠤ ᠥᠷᠭᠡᠨ ᠢᠶᠠᠷ ᠨᠡᠪᠲᠡᠷᠡᠭᠦᠯᠪᠡ᠃ ᠤᠷᠤᠭ ᠤᠨ ᠶᠠᠪᠤᠳᠠᠯ ᠤᠨ ᠭᠤᠣᠯ ᠰᠡᠳᠦᠪᠲᠦ ᠰᠣᠶᠣᠯ ᠤᠨ ᠭᠠᠷᠠᠭ ᠤᠨ ᠠᠵᠢᠯᠯᠠᠭ᠎ᠠ ᠨᠢ ᠴᠦ ᠥᠷᠭᠡᠨ ᠣᠯᠠᠨ ᠬᠤᠲᠠ ᠶᠢᠨ ᠠᠷᠠᠳ ᠤᠨ ᠢᠳᠡᠪᠬᠢᠲᠡᠢ ᠣᠷᠣᠯᠴᠠᠭ᠎ᠠ ᠪᠠ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃       ᠤᠷᠤᠭ ᠤᠨ ᠵᠠᠩ ᠳᠠᠳᠬᠠᠯ ᠤᠨ ᠥᠭᠡᠷᠡᠴᠢᠯᠡᠯᠲᠡ ᠨᠢ ᠠᠷᠠᠳ ᠤᠨ ᠠᠮᠢᠳᠤᠷᠠᠯ ᠳᠤ ᠬᠤᠯᠪᠣᠭᠳᠠᠵᠤ᠂ ᠭᠡᠷ ᠪᠦᠯᠢ ᠨᠢᠭᠡᠪᠦᠷᠢ ᠲᠠᠢ ᠬᠤᠯᠪᠣᠭᠳᠠᠨ᠎ᠠ᠃ ᠴᠢᠩᠱᠠᠨ ᠲᠣᠭᠤᠷᠢᠭ ᠤᠨ ︽ᠬᠤᠲᠠ ᠬᠥᠳᠡᠭᠡ ᠶᠢ ᠨᠢᠭᠡ ᠴᠣᠭᠴᠠᠵᠢᠭᠤᠯᠬᠤ︾᠎ ᠳᠤ ᠴᠢᠭᠯᠡᠭᠦᠯᠦᠭᠰᠡᠨ ᠣᠨᠴᠠᠯᠢᠭ ᠨᠢ ᠢᠯᠡ ᠲᠣᠳᠣ ᠪᠠᠶᠢᠵᠤ᠂ ︽ᠥᠨᠳᠥᠷ ᠦᠨ᠎ᠡ ᠲᠠᠢ ᠬᠤᠷᠢᠮ ᠤᠨ ᠪᠡᠯᠡᠭ︾᠂ ︽ᠪᠣᠯᠬᠢ ᠪᠦᠳᠦᠭᠦᠯᠢᠭ ᠤᠷᠤᠭ ᠬᠤᠷᠢᠮ︾᠎ ᠤᠨ ᠲᠣᠪᠣᠶᠢᠮ᠎ᠠ ᠪᠤᠰᠤ ᠬᠤᠲᠠ ᠶᠢᠨ ᠣᠨᠴᠠᠯᠢᠭ᠂ ︽ᠪᠠᠶᠠᠷ ᠤᠨ ᠶᠠᠪᠤᠳᠠᠯ ᠎ ᠢ ᠰᠢᠨ᠎ᠡ ᠪᠠᠷ ᠬᠢᠬᠦ᠂ ᠪᠠᠶᠠᠷ ᠤᠨ ᠳᠠᠶᠢᠯᠠᠯᠭ᠎ᠠ ᠎ ᠶᠢ ᠳᠥᠭᠦᠮᠴᠢᠯᠡᠨ ᠬᠢᠬᠦ᠂ ᠶᠣᠰᠣᠯᠠᠯ ᠎ ᠢ ᠬᠡᠮᠵᠢᠶ᠎ᠡ ᠲᠠᠢ ᠪᠣᠯᠭᠠᠬᠤ︾ ᠤᠷᠤᠭ ᠤᠨ ᠵᠠᠩᠰᠢᠯ ᠤᠨ ᠥᠭᠡᠷᠡᠴᠢᠯᠡᠯᠲᠡ ᠎ ᠶᠢᠨ ᠭᠤᠷᠪᠠᠨ ᠵᠦᠢᠯ ᠤᠨ ᠰᠢᠨ᠎ᠡ ᠲᠣᠭᠲᠠᠭᠠᠯ ᠢ ᠲᠤᠭᠲᠠᠭᠠᠵᠤ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠥᠳᠬᠡᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠵᠤ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠬᠤ ᠪᠠᠷ ᠥᠭᠡᠷᠡᠴᠢᠯᠡᠯᠲᠡ ᠶᠢᠨ ᠠᠬᠢᠭᠤᠯᠤᠭᠴᠢ ᠪᠣᠯᠭᠠᠵᠤ᠂ ᠠᠷᠠᠳ ᠣᠯᠠᠨ ᠤ ᠤᠷᠤᠭ ᠤᠨ ᠵᠠᠩ ᠳᠠᠳᠬᠠᠯ ᠤᠨ ᠰᠢᠨ᠎ᠡ ᠬᠡᠪ ᠰᠤᠷᠲᠠᠯ ᠢ ᠮᠡᠳᠡᠷᠡᠬᠦ ᠰᠡᠳᠬᠢᠯᠭᠡ ᠪᠠ ᠣᠷᠣᠯᠴᠠᠬᠤ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠣᠷᠤᠭ ᠭᠡᠷ ᠪᠦᠯᠢ ᠶᠢᠨ ᠵᠥᠪ ᠥᠷᠲᠡᠭ ᠤᠨ ᠬᠠᠨᠳᠤᠰᠢ ᠶᠢ ᠪᠣᠶ ᠪᠣᠯᠭᠠᠬᠤ ᠶᠢ ᠰᠠᠨᠠᠭᠠᠴᠢᠯᠠᠵᠤ᠂ ᠥᠯᠥ ᠮᠡᠳᠡᠭᠳᠡᠮ᠎ᠡ ᠬᠤᠪᠢᠷᠠᠭᠤᠯᠬᠤ ᠶᠢᠨ ᠳᠤᠮᠳᠠ ᠪᠣᠯᠪᠠᠰᠤᠨ ᠥᠭᠡᠳᠡᠷᠬᠡᠭ ᠬᠤᠷᠢᠮ ᠤᠨ ᠵᠠᠩ ᠳᠠᠳᠬᠠᠯ ᠤᠨ ᠰᠣᠶᠣᠯ ᠢ ᠪᠣᠶᠢᠵᠢᠭᠤᠯᠤᠨ᠂ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠬᠦᠴᠦᠨ ᠢᠶᠠᠷ ᠬᠤᠷᠢᠮ ᠤᠨ ᠵᠠᠩ ᠳᠠᠳᠬᠠᠯ ᠤᠨ ᠥᠭᠡᠷᠡᠴᠢᠯᠡᠯᠲᠡ ᠶᠢᠨ ᠰᠢᠨ᠎ᠡ ᠰᠣᠷᠭᠤᠭ ᠥᠯᠢᠭᠡᠷ ᠳᠠᠭᠤᠷᠢᠶᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号